ᠣᠯᠭᠤᠶᠠ ᠡᠸᠡᠩᠬᠢ ᠦᠨᠳᠦᠰᠦᠲᠡᠨ ᠤ ᠰᠢᠶᠠᠩ 2021 ᠣᠨ ᠤ ᠲᠥᠪ ᠤᠨ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠤᠨ ᠠᠬᠢᠭᠤᠯᠬᠤ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ︶ ᠶᠢᠨ ᠨᠥᠬᠦᠪᠥᠷᠢ ᠪᠠᠯᠠ ᠮᠥᠩᠭᠦ ᠶᠢᠨ ᠲᠥᠷᠥᠯ ᠵᠦᠢᠯ ᠢ ᠵᠠᠷᠯᠠᠨ ᠨᠡᠶᠢᠲᠡᠯᠡᠪᠡ
ᠨᠡᠶᠢᠲᠡᠯᠡᠭᠰᠡᠨ ᠴᠠᠭ᠄
2021/8/9
   ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠠᠯᠠ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ᠶᠢᠨ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠡᠳᠦᠭᠡ ᠣᠯᠭᠤᠶᠠ ᠡᠸᠡᠩᠬᠢ ᠦᠨᠳᠦᠰᠦᠲᠡᠨ ᠤ ᠰᠢᠶᠠᠩ 2021 ᠣᠨ ᠤ ᠬᠤᠶᠠᠳᠤᠭᠠᠷ ᠪᠦᠯᠦᠭ᠂ ᠭᠤᠷᠪᠠᠳᠤᠭᠠᠷ ᠪᠦᠯᠦᠭ ᠤᠨ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠪᠠᠯᠠ ᠮᠥᠩᠭᠦ ᠶᠢᠨ ᠲᠥᠷᠥᠯ ᠵᠦᠢᠯ ᠢ ᠬᠡᠷᠡᠭᠵᠢᠭᠦᠯᠬᠦ ᠪᠠᠷ ᠪᠠᠶᠢᠭ᠎ᠠ ᠪᠠᠶᠢᠳᠠᠯ ᠢ ᠢᠯᠡ ᠨᠡᠶᠢᠲᠡᠯᠡᠵᠦ᠂ ᠨᠡᠶᠢᠭᠡᠮ ᠤᠨ ᠥᠷᠭᠡᠨ ᠳᠡᠯᠭᠡᠷ ᠬᠢᠨᠠᠯᠲᠠ ᠶᠢ ᠬᠦᠯᠢᠶᠡᠪᠡ᠃    ᠨᠢᠭᠡ᠂ ᠬᠡᠭᠡᠨ ᠭᠤᠤᠯ ᠬᠤᠲᠠ ᠶᠢᠨ ᠣᠯᠭᠤᠶᠠ‌ᠡᠸᠡᠩᠬᠢ ᠦᠨᠳᠦᠰᠦᠲᠡᠨ ᠤ ᠰᠢᠶᠠᠩ ᠢᠳᠡᠭᠡᠨ ᠤ ᠮᠥᠭᠦ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ    1. ᠲᠥᠷᠥᠯ ᠵᠦᠢᠯ ᠢ ᠬᠡᠷᠡᠭᠵᠢᠭᠦᠯᠬᠦ ᠭᠠᠵᠠᠷ᠄ ᠬᠡᠭᠡᠨ ᠭᠤᠤᠯ ᠬᠤᠲᠠ ᠶᠢᠨ ᠣᠯᠭᠤᠶᠠ ᠡᠸᠡᠩᠬᠢ ᠦᠨᠳᠦᠰᠦᠲᠡᠨ ᠤ ᠰᠢᠶᠠᠩ    2. ᠲᠥᠷᠥᠯ ᠵᠦᠢᠯ ᠢ ᠬᠡᠷᠡᠭᠵᠢᠭᠦᠯᠬᠦ ᠬᠤᠭᠤᠴᠠᠭ᠎ᠠ ᠬᠢᠵᠠᠭᠠᠷ᠄ 2021 ᠣᠨ ᠤ 8 ᠳ᠋ᠤᠭᠠᠷ ᠰᠠᠷ᠎ᠠ — 2021 ᠣᠨ ᠤ 11 ᠳ᠋ᠦᠭᠡᠷ ᠰᠠᠷ᠎ᠠ ᠶᠢᠨ 15 ᠤ ᠡᠳᠦᠷ    3. ᠲᠥᠷᠥᠯ ᠵᠦᠢᠯ ᠤᠨ ᠪᠠᠯᠠ ᠮᠥᠩᠭᠦ ᠵᠢᠴᠢ ᠢᠷᠡᠯᠲᠡ᠄    ᠪᠠᠯᠠ ᠮᠥᠩᠭᠦ᠄ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠠᠯᠠ ᠮᠥᠩᠭᠦ 300 ᠲᠦᠮᠡᠨ ᠲᠥᠭᠦᠷᠢᠭ᠃    ᠢᠷᠡᠯᠲᠡ᠄ 2021 ᠣᠨ ᠤ ᠲᠥᠪ ᠤᠨ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ︶ ᠶᠢ ᠵᠣᠯᠭᠠᠭᠤᠯᠤᠨ ᠠᠬᠢᠭᠤᠯᠬᠤ ᠨᠥᠬᠦᠪᠥᠷᠢ ᠪᠠᠯᠠ ᠮᠥᠩᠭᠦ ︵ᠬᠤᠶᠠᠳᠤᠭᠠᠷ ᠪᠦᠯᠦᠭ︶    4. ᠭᠤᠤᠯ ᠪᠣᠯᠬᠤ ᠪᠥᠲᠥᠭᠡᠨ ᠪᠠᠶᠢᠭᠤᠯᠬᠤ ᠠᠭᠤᠯᠭ᠎ᠠ᠄  ᠮᠦᠭᠦ ᠶᠢᠨ ᠦᠷ᠎ᠡ ᠬᠢᠭᠡᠳ ᠮᠦᠭᠦ ᠶᠢᠨ ᠪᠣᠭᠤᠳᠠᠯ ᠦᠢᠯᠡᠳᠪᠦᠷᠢᠯᠡᠵᠦ ᠪᠤᠶᠢᠵᠢᠭᠤᠯᠬᠤ ᠦᠢᠯᠡᠳᠪᠦᠷᠢ ᠶᠢᠨ ᠬᠡᠷ ᠪᠠᠶᠢᠰᠢᠩ ᠢ 1361.7 ᠲᠡᠭᠰᠢ ᠳᠥᠷᠪᠡᠯᠵᠢᠨ ᠮᠧᠲᠷ ᠪᠥᠲᠥᠭᠡᠨ ᠪᠠᠶᠢᠭᠤᠯᠵᠤ᠂ ᠪᠤᠰᠤᠳ ᠢᠵᠢ ᠪᠥᠷᠢᠳᠦᠭᠦᠯᠬᠦ ᠪᠡᠯᠡᠳᠬᠡᠮᠵᠢ ᠵᠢᠴᠢ ᠮᠦᠭᠦ ᠶᠢᠨ ᠪᠣᠭᠤᠳᠠᠯ ᠦᠢᠯᠡᠳᠪᠦᠷᠢᠯᠡᠬᠦ ᠲᠡᠵᠢᠭᠡᠯ ᠪᠣᠷᠳᠤᠭ᠎ᠠ ᠬᠤᠳᠠᠯᠳᠤᠨ ᠠᠪᠤᠨ᠎ᠠ᠃    5. ᠲᠥᠷᠥᠯ ᠵᠦᠶ᠋ᠯ ᠢ ᠬᠡᠷᠡᠭᠵᠢᠭᠦᠯᠬᠦ ᠨᠢᠭᠡᠴᠡ᠄ ᠬᠡᠭᠡᠨ ᠭᠤᠤᠯ ᠬᠤᠲᠠ ᠶᠢᠨ ᠣᠯᠭᠤᠶᠠ ᠡᠸᠡᠩᠬᠢ ᠦᠨᠳᠦᠰᠦᠲᠡᠨ ᠤ ᠰᠢᠶᠠᠩ ᠤᠨ ᠠᠷᠠᠳ ᠤᠨ ᠵᠠᠰᠠᠭ ᠤᠨ ᠣᠷᠳᠣᠨ    6. ᠲᠥᠷᠥᠯ ᠵᠦᠶ᠋ᠯ ᠤᠨ ᠬᠠᠷᠢᠭᠤᠴᠠᠯᠭᠠᠲᠠᠨ᠄ ᠵᠠᠩ ᠸᠠᠨ ᠵᠢᠶᠦ᠋ᠨ    7. ᠠᠮᠵᠢᠯᠲᠠ ᠪᠦᠲᠦᠮᠵᠢ ᠶᠢᠨ ᠬᠠᠷᠠᠯᠲᠠ᠄ ᠲᠣᠰ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠬᠥᠯᠥᠨ ᠪᠤᠶᠢᠷ ᠬᠤᠲᠠ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢᠨ ᠵᠣᠯᠭᠠᠯᠴᠠᠭ᠎ᠠ ᠶᠢ ᠨᠠᠩ ᠤᠷᠤᠭᠰᠢᠲᠠᠶ ᠪᠣᠯᠭᠠᠵᠤ᠂ ᠣᠷᠣᠯᠭ᠎ᠠ ᠪᠠᠭᠠᠲᠠᠶ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠲᠠᠢ ᠠᠰᠢᠭ ᠲᠤᠰᠠ ᠶᠢ ᠬᠤᠯᠪᠣᠬᠤ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠣᠯᠭᠤᠶᠠ ᠰᠢᠶᠠᠩ ᠤᠨ ᠣᠷᠣᠯᠭ᠎ᠠ ᠪᠠᠭᠠᠲᠠᠶ ᠬᠠᠮᠲᠤᠯᠢᠭ ᠲᠤ ᠳᠠᠬᠢᠨ ᠠᠵᠢᠯ ᠣᠯᠭᠤᠬᠤ ᠠᠰᠠᠭᠤᠳᠠᠯ ᠢ ᠲᠦᠷᠭᠡᠪᠴᠢᠯᠡᠨ ᠰᠢᠢᠳᠪᠦᠷᠢᠯᠡᠵᠦ᠂ ᠣᠯᠭᠤᠶᠠ ᠰᠢᠶᠠᠩ ᠤᠨ ᠣᠷᠣᠯᠭ᠎ᠠ ᠪᠠᠭᠠᠲᠠᠶ ᠬᠠᠮᠲᠤᠯᠢᠭ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠨ᠂ ᠨᠡᠶᠢᠭᠡᠮ ᠤᠨ ᠲᠣᠭᠲᠠᠭᠤᠨ ᠪᠠᠶᠢᠳᠠᠯ ᠢ ᠠᠬᠢᠭᠤᠯᠵᠤ ᠪᠣᠯᠤᠨ᠎ᠠ᠃    ᠬᠤᠶᠠᠷ᠂ ᠭᠡᠭᠡᠨ ᠭᠤᠤᠯ ᠬᠤᠲᠠ ᠶᠢᠨ ᠦᠨᠳᠦᠰᠦᠲᠡᠨ ᠤ ᠤᠯᠠᠮᠵᠢᠯᠠᠯᠲᠤ ᠭᠠᠷ ᠦᠢᠯᠡᠳᠪᠦᠷᠢ ᠶᠢ ᠤᠯᠠᠮᠵᠢᠯᠠᠨ ᠬᠥᠭᠵᠢᠭᠦᠯᠬᠦ ᠲᠥᠷᠥᠯ ᠵᠦᠢᠯ    1. ᠲᠥᠷᠥᠯ ᠵᠦᠢᠯ ᠢ ᠬᠡᠷᠡᠭᠵᠢᠭᠦᠯᠬᠦ ᠭᠠᠵᠠᠷ᠄ ᠬᠡᠭᠡᠨ ᠭᠤᠤᠯ ᠬᠤᠲᠠ ᠶᠢᠨ ᠣᠯᠭᠤᠶᠠ ᠡᠸᠡᠩᠬᠢ ᠦᠨᠳᠦᠰᠦᠲᠡᠨ ᠤ ᠰᠢᠶᠠᠩ    2. ᠲᠥᠷᠥᠯ ᠵᠦᠢᠯ ᠢ ᠬᠡᠷᠡᠭᠵᠢᠭᠦᠯᠬᠦ ᠬᠤᠭᠤᠴᠠᠭ᠎ᠠ ᠬᠢᠵᠠᠭᠠᠷ᠄ 2021 ᠣᠨ ᠤ 8 ᠳ᠋ᠤᠭᠠᠷ ᠰᠠᠷ᠎ᠠ — 2021 ᠣᠨ ᠤ 11 ᠳ᠋ᠦᠭᠡᠷ ᠰᠠᠷ᠎ᠠ ᠶᠢᠨ 15 ᠤ ᠡᠳᠦᠷ    3. ᠲᠥᠷᠥᠯ ᠵᠦᠢᠯ ᠤᠨ ᠪᠠᠯᠠ ᠮᠥᠩᠭᠦ ᠵᠢᠴᠢ ᠢᠷᠡᠯᠲᠡ᠄    ᠪᠠᠯᠠ ᠮᠥᠩᠭᠦ᠄ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ ᠶᠢᠨ ᠪᠠᠯᠠ ᠮᠥᠩᠭᠦ 40.59 ᠲᠦᠮᠡᠨ ᠲᠥᠭᠦᠷᠢᠭ᠃    ᠢᠷᠡᠯᠲᠡ᠄ 2021 ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ︶ ᠶᠢ ᠵᠣᠯᠭᠠᠭᠤᠯᠤᠨ ᠠᠬᠢᠭᠤᠯᠬᠤ ᠨᠥᠬᠦᠪᠥᠷᠢ ᠪᠠᠯᠠ ᠮᠥᠩᠭᠦ ︵ᠭᠤᠷᠪᠠᠳᠤᠭᠠᠷ ᠪᠦᠯᠦᠭ︶    4. ᠪᠥᠲᠥᠭᠡᠨ ᠪᠠᠶᠢᠭᠤᠯᠬᠤ ᠠᠭᠤᠯᠭ᠎ᠠ᠄ ᠪᠣᠳᠠᠰ ᠤᠨ ᠪᠤᠰᠤ ᠰᠣᠶᠣᠯ ᠤᠨ ᠤᠯᠠᠮᠵᠢᠯᠠᠭᠴᠢ᠂ ᠤᠯᠠᠮᠵᠢᠯᠠᠯᠲᠤ ᠦᠨᠳᠦᠰᠦᠲᠡᠨ ᠤ ᠭᠠᠷ ᠦᠢᠯᠡᠳᠪᠦᠷᠢ ᠶᠢᠨ ᠪᠠᠭᠰᠢ ᠶᠢ ᠤᠷᠢᠵᠤ ᠭᠡᠭᠡᠨ ᠭᠤᠤᠯ ᠬᠤᠲᠠ ᠶᠢᠨ ᠣᠷᠣᠯᠭ᠎ᠠ ᠪᠠᠭᠠᠲᠠᠶ ᠬᠠᠮᠲᠤᠯᠢᠭ ᠵᠢᠴᠢ ᠳᠣᠲᠣᠭᠠᠳᠤ ᠶᠢᠨ ᠪᠣᠯᠪᠠᠰᠤᠷᠠᠭᠤᠯᠤᠯ ᠳᠤ ᠣᠷᠣᠯᠴᠠᠬᠤ ᠰᠠᠨᠠᠭ᠎ᠠ ᠲᠠᠢ ᠬᠥᠮᠦᠰ ᠲᠤ ᠦᠨᠳᠦᠰᠦᠲᠡᠨ ᠤ ᠤᠯᠠᠮᠵᠢᠯᠠᠯᠲᠤ ᠭᠠᠷ ᠦᠢᠯᠡᠳᠪᠦᠷᠢ ᠶᠢᠨ ᠪᠣᠯᠪᠠᠰᠤᠷᠠᠭᠤᠯᠤᠯ᠂ ᠪᠣᠯᠪᠠᠰᠤᠷᠠᠭᠤᠯᠤᠯ ᠤᠨ ᠲᠦᠭᠦᠬᠡᠶ ᠮᠠᠲ᠋ᠧᠷᠢᠶᠠᠯ ᠬᠤᠳᠠᠯᠳᠤᠨ ᠠᠪᠬᠤ᠂ ᠵᠢᠭᠠᠨ ᠰᠤᠷᠭᠠᠯᠲᠠ ᠶᠢᠨ ᠹᠢᠯᠢᠮ ᠰᠢᠩᠭᠡᠭᠡᠨ ᠦᠢᠯᠡᠳᠬᠦ ᠵᠡᠷᠭᠡ ᠶᠢ ᠶᠠᠪᠤᠭᠳᠠᠭᠤᠯᠤᠨ᠎ᠠ᠃    5. ᠲᠥᠷᠥᠯ ᠵᠦᠢᠯ ᠢ ᠬᠡᠷᠡᠭᠵᠢᠭᠦᠯᠬᠦ ᠨᠢᠭᠡᠴᠡ᠄ ᠬᠡᠭᠡᠨ ᠭᠤᠤᠯ ᠬᠤᠲᠠ ᠶᠢᠨ ᠣᠯᠭᠤᠶᠠ ᠡᠸᠡᠩᠬᠢ ᠦᠨᠳᠦᠰᠦᠲᠡᠨ ᠤ ᠰᠢᠶᠠᠩ ᠤᠨ ᠠᠷᠠᠳ ᠤᠨ ᠵᠠᠰᠠᠭ ᠤᠨ ᠣᠷᠳᠣᠨ    6. ᠲᠥᠷᠥᠯ ᠵᠦᠢᠯ ᠤᠨ ᠬᠠᠷᠢᠭᠤᠴᠠᠯᠭᠠᠲᠠᠨ᠄ ᠵᠠᠩ ᠸᠠᠨ ᠵᠢᠶᠦ᠋ᠨ    7. ᠠᠮᠵᠢᠯᠲᠠ ᠪᠦᠲᠦᠮᠵᠢ ᠶᠢᠨ ᠬᠠᠷᠠᠯᠲᠠ᠄ ᠨᠢᠭᠡ ᠲᠠᠯ᠎ᠠ ᠪᠠᠷ ᠣᠷᠣᠯᠭ᠎ᠠ ᠪᠠᠭᠠᠲᠠᠶ ᠬᠠᠮᠲᠤᠯᠢᠭ ᠢ ᠪᠣᠯᠪᠠᠰᠤᠷᠠᠭᠤᠯᠬᠤ ᠪᠠᠷ ᠳᠡᠮᠵᠢᠨ᠂ ᠲᠡᠳᠡᠨ ᠳᠤ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠢ ᠦᠢᠯᠡᠳᠬᠦ ᠤᠷ᠎ᠠ ᠴᠢᠳᠠᠪᠤᠷᠢ ᠶᠢ ᠡᠵᠡᠮᠰᠢᠭᠦᠯᠵᠦ᠂ ᠬᠤᠵᠢᠮ ᠭᠠᠷ ᠤᠷᠠᠯᠠᠯ ᠤᠨ ᠪᠦᠲᠦᠭᠡᠭᠳᠡᠬᠦᠨ ᠢ ᠦᠢᠯᠡᠳᠬᠦ ᠶᠢᠨ ᠬᠠᠮᠲᠤ ᠬᠤᠳᠠᠯᠳᠤᠬᠤ ᠪᠠᠷ ᠳᠡᠮᠵᠢᠨ ᠣᠷᠣᠯᠭ᠎ᠠ ᠶᠢ ᠳᠠᠶᠢᠴᠢᠯᠠᠨ᠎ᠠ᠂ ᠨᠥᠭᠦᠭᠡ ᠲᠠᠯ᠎ᠠ ᠪᠠᠷ ᠦᠨᠳᠦᠰᠦᠲᠡᠨ ᠤ ᠤᠯᠠᠮᠵᠢᠯᠠᠯᠲᠤ ᠭᠠᠷ ᠦᠢᠯᠡᠳᠪᠦᠷᠢ ᠶᠢᠨ ᠰᠣᠶᠣᠯ ᠢ ᠪᠠᠳᠠᠷᠠᠭᠤᠯᠵᠤ᠂ ᠦᠨᠳᠦᠰᠦᠲᠡᠨ ᠤ ᠰᠣᠶᠣᠯ ᠢ ᠤᠯᠠᠮᠵᠢᠯᠠᠬᠤ ᠳᠤ ᠠᠬᠢᠭᠤᠯᠬᠤ ᠦᠶ᠋ᠯᠡᠳᠦᠯ ᠲᠠᠢ᠃    ᠥᠨᠥᠳᠦᠷ ᠠᠴᠠ ᠡᠬᠢᠯᠡᠨ 10 ᠠᠵᠢᠯᠯᠠᠬᠤ ᠡᠳᠦᠷ ᠤᠨ ᠳᠣᠲᠣᠷ᠎ᠠ ᠣᠨᠳᠣᠣ ᠰᠠᠨᠠᠯ ᠲᠠᠢ ᠪᠣᠯ ᠭᠡᠭᠡᠨ ᠭᠤᠣᠯ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠪᠤᠶᠤ ᠤᠯᠭᠤᠶᠠ ᠡᠸᠡᠩᠬᠢ ᠦᠨᠳᠦᠰᠦᠲᠡᠨ ᠤ ᠰᠢᠶᠠᠩ ‍ᠤᠨ‌ᠵᠠᠰᠠᠭ ᠤᠨ ᠣᠷᠳᠣᠨ ᠤ ᠬᠤᠶᠠᠳᠤᠭᠠᠷ  ᠲᠠᠪᠬᠤᠷᠭ᠎ᠠ ᠤᠨ ᠬᠤᠲᠠ ᠶᠢᠨ ᠬᠠᠮᠢᠶᠠᠷᠤᠯᠲᠠ ᠶᠢᠨ ᠠᠯᠪᠠᠨ ᠭᠡᠷ ᠲᠤ ᠣᠴᠢᠵᠤ ᠲᠤᠰᠬᠠᠬᠤ ᠪᠣᠯᠪᠠᠤ᠃    ᠬᠢᠨᠠᠯᠲᠠ ᠲᠠᠯᠪᠢᠬᠤ ᠤᠲᠠᠰᠤ᠄ 0470 — 5222987  0470 — 5418908    ᠬᠠᠶ᠋ᠢᠭ᠄ ᠬᠡᠭᠡᠨ ᠭᠤᠤᠯ ᠬᠤᠲᠠ ᠶᠢᠨ ᠣᠯᠭᠤᠶᠠ ᠡᠸᠡᠩᠬᠢ ᠦᠨᠳᠦᠰᠦᠲᠡᠨ ᠤ ᠰᠢᠶᠠᠩ ᠤᠨ ᠠᠷᠠᠳ ᠤᠨ ᠵᠠᠰᠠᠭ ᠤᠨ ᠣᠷᠳᠣᠨ᠂ 022364    ᠢᠮᠧᠯ᠄ axzfrtt@163.com    2021 ᠣᠨ ᠤ 8 ᠰᠠᠷ᠎ᠠ ᠶᠢᠨ 2 ᠤ ᠡᠳᠦᠷ    ᠣᠯᠭᠤᠶᠠ‌ᠡᠸᠡᠩᠬᠢ ᠦᠨᠳᠦᠰᠦᠲᠡᠨ ᠤ ᠰᠢᠶᠠᠩ ᠤᠨ ᠠᠷᠠᠳ ᠤᠨ ᠵᠠᠰᠠᠭ ᠤᠨ ᠣᠷᠳᠣᠨ      
 
ᠢᠷᠡᠯᠲᠡ᠄ ᠭᠡᠭᠡᠨ ᠭᠤᠤᠯ ᠬᠤᠳᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号