ᠭᠡᠭᠡᠨ ᠭᠤᠣᠯ ᠬᠤᠳᠠ ᠠᠴᠠ ᠮᠠᠡᠭᠦ᠋ᠢ ᠪᠠᠯᠭᠠᠰᠤ ᠬᠦᠷᠬᠦ ᠵᠠᠰᠠᠮᠠᠯ ᠵᠠᠮ ︵  ᠠᠯᠦ᠋ᠩᠱᠠᠨ ᠪᠠᠯᠭᠠᠰᠤ ᠠᠴᠠ ᠮᠠᠡᠭᠦ᠋ᠢ  ᠪᠠᠯᠭᠠᠰᠤ ᠬᠦᠷᠬᠦ ᠬᠡᠰᠡᠭ︶ ᠤᠨ ᠵᠠᠮ ᠬᠠᠷᠢᠯᠴᠠᠭ᠎ᠠ ᠶᠢ ᠦᠷᠭᠦᠯᠵᠢᠯᠡᠨ ᠪᠢᠲᠡᠭᠦᠮᠵᠢᠯᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2021/8/9
   ᠭᠡᠭᠡᠨ ᠭᠤᠣᠯ ᠬᠤᠳᠠ ᠠᠴᠠ ᠮᠠᠡᠭᠦ᠋ᠢ ᠪᠠᠯᠭᠠᠰᠤ ᠬᠦᠷᠬᠦ ᠵᠠᠰᠠᠮᠠᠯ ᠵᠠᠮ ᠤᠨ K102+400-K98+400 ︵ ᠠᠯᠦ᠋ᠩᠱᠠᠨ ᠪᠠᠯᠭᠠᠰᠤᠨ ᠤ ᠬᠡᠰᠡᠭ︶ ᠤᠨ ᠪᠠᠴᠢᠮ ᠪᠠᠶᠢᠳᠠᠯ ᠢ ᠠᠷᠭᠠᠴᠠᠵᠤ ᠰᠡᠯᠪᠢᠨ ᠵᠠᠰᠠᠬᠤ ᠢᠨᠵᠧᠨᠧᠷᠢᠩ ᠤᠨ ᠬᠡᠷᠡᠭᠴᠡᠭᠡ ᠠᠴᠠ ᠪᠣᠯᠵᠣ᠂ ᠣᠲᠣ ᠦᠷᠭᠦᠯᠵᠢᠯᠡᠨ ᠠᠯᠦ᠋ᠩᠱᠠᠨ‌‍ᠪᠠᠯᠭᠠᠰᠤ ᠠᠴᠠ ᠮᠠᠡᠭᠦ᠋ᠢ ᠪᠠᠯᠭᠠᠰᠤ ᠬᠥᠷᠬᠦ ᠵᠠᠰᠠᠮᠠᠯ ᠵᠠᠮ ᠢ ᠲᠦᠷ ᠪᠢᠲᠡᠭᠦᠮᠵᠢᠯᠡᠨ᠎ᠡ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠪᠣᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠲᠦᠷᠢᠮ ᠤᠨ ᠬᠤᠯᠪᠣᠭᠳᠠᠯ ᠪᠥᠬᠦᠶ ᠲᠣᠭᠲᠠᠭᠠᠯ︾ ᠢ ᠦᠨᠳᠦᠰᠦᠯᠡᠪᠡᠯ᠂ ᠭᠡᠭᠡᠨ ᠭᠤᠤᠯ ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ 2021 ᠣᠨ ᠤ 8 ᠰᠠᠷ᠎ᠠ ᠶᠢᠨ 11 ᠤ ᠡᠳᠦᠷ ᠠᠴᠠ 8 ᠰᠠᠷ᠎ᠠ ᠶᠢᠨ 31 ᠤ ᠡᠳᠦᠷ ᠪᠣᠯᠲᠠᠯ᠎ᠠ ᠵᠠᠮ ᠬᠠᠷᠢᠯᠴᠠᠭ᠎ᠠ ᠶᠢ ᠦᠷᠭᠦᠯᠵᠢᠯᠡᠨ ᠪᠢᠲᠡᠭᠦᠮᠵᠢᠯᠡᠨ᠎ᠡ    ᠪᠠᠷᠢᠯᠭ᠎ᠠ ᠶᠢᠨ ᠠᠵᠢᠯ ᠢ ᠪᠢᠲᠡᠭᠦᠮᠵᠢᠯᠡᠬᠦ ᠬᠤᠭᠤᠴᠠᠭᠠᠨ ᠳᠤ᠄ 8 ᠰᠠᠷ᠎ᠠ ᠶᠢᠨ 11 ᠤ ᠡᠳᠦᠷ ᠠᠴᠠ 8 ᠰᠠᠷ᠎ᠠ ᠶᠢᠨ 15 ᠤ ᠡᠳᠦᠷ ᠪᠣᠯᠲᠠᠯ᠎ᠠ ᠪᠦᠬᠦᠯᠢ ᠡᠳᠦᠷ ᠢᠶᠠᠷ ᠪᠢᠲᠡᠭᠦᠮᠵᠢᠯᠡᠵᠦ᠂ 8 ᠰᠠᠷ᠎ᠠ ᠶᠢᠨ 16 ᠤ ᠡᠳᠦᠷ ᠠᠴᠠ 8 ᠰᠠᠷ᠎ᠠ ᠶᠢᠨ 31 ᠤ ᠡᠳᠦᠷ ᠤᠨ ᠥᠷᠯᠥᠭᠡ ᠶᠢᠨ 7᠄ 00 — ᠣᠷᠣᠶ ᠶᠢᠨ 18᠄ 00︔ ᠣᠷᠣᠶ ᠶᠢᠨ 19᠄ 00 — ᠥᠷᠯᠥᠭᠡ ᠶᠢᠨ 6᠄ 00᠃    ᠪᠠᠷᠢᠯᠭ᠎ᠠ ᠶᠢᠨ ᠠᠵᠢᠯ ᠬᠢᠬᠦ ᠳᠤ ᠳᠥᠭᠦᠮ ᠦᠭᠡᠢ ᠪᠣᠯᠤᠭᠰᠠᠨ ᠤᠴᠢᠷ ᠠᠴᠠ ᠥᠷᠭᠡᠨ ᠤᠯᠠᠨ ᠬᠤᠳᠠ ᠶᠢᠨ ᠠᠷᠠᠳ ᠠᠭᠤᠴᠢᠯᠠᠬᠤ ᠪᠣᠯᠪᠠᠤ᠃ ᠡᠭᠦᠨ ᠤ ᠵᠡᠷᠭᠡ ᠳᠤ ᠥᠷᠭᠡᠨ ᠣᠯᠠᠨ ᠬᠥᠮᠦᠰ ᠠᠯᠪᠠᠨ ᠵᠠᠷ ᠤᠨ ᠱᠠᠭᠠᠷᠳᠠᠯᠭ᠎ᠠ ᠶᠢ ᠤᠬᠠᠮᠰᠠᠷ ᠠᠴᠠ ᠪᠠᠨ ᠵᠢᠷᠤᠮᠯᠠᠵᠤ᠂ ᠭᠠᠳᠠᠭᠰᠢ ᠭᠠᠷᠬᠤ ᠪᠠᠨ ᠤᠷᠢᠳᠴᠢᠯᠠᠨ ᠲᠦᠯᠦᠪᠯᠡᠭᠡᠷᠡᠢ᠃                                      ᠭᠡᠭᠡᠨ ᠭᠤᠣᠯ ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ                                      2021 ᠣᠨ ᠤ 8 ᠰᠠᠷ᠎ᠠ ᠶᠢᠨ 9 ᠤ ᠡᠳᠤᠷ    
 
ᠢᠷᠡᠯᠲᠡ᠄ ᠭᠡᠭᠡᠨ ᠭᠤᠤᠯ ᠬᠤᠳᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号