ᠮᠠᠨ ᠤ ᠬᠤᠲᠠ ᠲᠣᠭᠲᠠᠭᠠᠯ ᠠᠴᠠ ᠵᠥᠷᠢᠴᠡᠨ ᠪᠤᠯᠠᠰᠢᠨ ᠭᠠᠵᠠᠷ ᠪᠠᠶᠢᠭᠤᠯᠬᠤ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/10
  8 ᠰᠠᠷ᠎ᠠ ᠶᠢᠨ 30 ᠤ ᠡᠳᠦᠷ᠂ ᠮᠠᠨ ᠤ ᠬᠤᠲᠠ ᠲᠣᠭᠲᠠᠭᠠᠯ ᠠᠴᠠ ᠵᠥᠷᠢᠴᠡᠨ ᠪᠤᠯᠠᠰᠢᠨ ᠭᠠᠵᠠᠷ ᠪᠠᠶᠢᠭᠤᠯᠬᠤ ᠶᠢ ᠲᠤᠰᠬᠠᠶ ᠴᠡᠭᠴᠡᠯᠡᠨ ᠵᠠᠰᠠᠬᠤ ᠠᠵᠢᠯ ᠤᠨ ᠬᠤᠷᠠᠯ ᠬᠤᠷᠠᠯᠳᠤᠭᠤᠯᠵᠤ᠂ ᠬᠤᠲᠠ ᠶᠢᠨ ᠳᠡᠳ᠋ ᠳᠠᠷᠤᠭ᠎ᠠ ᠵᠠᠩ ᠬᠤᠸᠠ ᠬᠤᠷᠠᠯ ᠳᠤ ᠣᠷᠣᠯᠴᠠᠭᠰᠠᠨ ᠪᠥᠭᠡᠳ ᠲᠣᠭᠲᠠᠭᠠᠯ ᠠᠴᠠ ᠵᠥᠷᠢᠴᠡᠨ ᠪᠤᠯᠠᠰᠢᠨ ᠭᠠᠵᠠᠷ ᠪᠠᠶᠢᠭᠤᠯᠬᠤ ᠶᠢ ᠲᠤᠰᠬᠠᠶ ᠴᠡᠭᠴᠡᠯᠡᠨ ᠵᠠᠰᠠᠬᠤ ᠠᠵᠢᠯ ᠳᠤ ᠱᠠᠭᠠᠷᠳᠠᠯᠭ᠎ᠠ ᠳᠤᠷᠠᠳᠪᠠ᠃    ᠵᠠᠩ ᠬᠤᠸᠠ ᠵᠢᠭᠠᠵᠤ ᠭᠠᠷᠭᠠᠭᠰᠠᠨ ᠨᠢ᠂ ᠲᠣᠭᠲᠠᠭᠠᠯ ᠠᠴᠠ ᠪᠤᠯᠠᠰᠢᠨ ᠭᠠᠵᠠᠷ ᠪᠠᠶᠢᠭᠤᠯᠬᠤ ᠶᠢ ᠲᠤᠰᠬᠠᠶ ᠴᠡᠭᠴᠡᠯᠡᠨ ᠵᠠᠰᠠᠬᠤ ᠠᠵᠢᠯ ᠪᠣᠯ ᠨᠢᠭᠡ ᠵᠦᠢᠯ ᠤᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠃ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠤᠯᠤᠰ ᠲᠦᠷᠦ ᠶᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ᠂ ᠬᠥᠭᠵᠢᠭᠦᠯᠬᠦ ᠪᠠᠷ ᠴᠢᠷᠮᠠᠶᠢᠬᠤ᠂ ᠰᠤᠷᠲᠠᠯ ᠢᠶᠠᠨ ᠬᠤᠪᠢᠷᠠᠭᠤᠯᠬᠤ ᠡᠨᠡ ᠬᠦ ᠠᠵᠢᠯ ᠢ ᠳᠡᠭᠡᠳᠦ ᠬᠡᠮᠵᠢᠶ᠎ᠡ ᠪᠠᠷ ᠲᠦᠯᠬᠢᠨ ᠠᠬᠢᠭᠤᠯᠬᠤ ᠬᠡᠷᠡᠭᠲᠡᠶ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠮᠠᠨ ᠤ ᠬᠤᠲᠠ ᠶᠢᠨ ︽ᠭᠤᠷᠪᠠᠨ ᠬᠥᠪᠡᠭᠡ ᠲᠤᠯᠤᠭᠠᠨ ᠲᠣᠭᠤᠷᠢᠭ︾ ᠤᠨ ᠬᠡᠪᠴᠢᠶᠡᠨ ᠳᠣᠲᠣᠷ᠎ᠠ ᠬᠠᠲᠠᠭᠤᠷᠠᠭᠤᠯᠤᠭᠰᠠᠨ ᠲᠣᠮᠣ ᠣᠩᠭᠤᠨ᠂ ᠠᠮᠢᠳᠤ ᠬᠥᠮᠦᠨ ᠤ ᠣᠩᠭᠤᠨ ᠵᠢᠴᠢ ᠰᠤᠯᠠ ᠪᠤᠯᠠᠵᠤ ᠳᠤᠷ᠎ᠠ ᠪᠠᠷ ᠢᠶᠠᠨ ᠣᠷᠣᠰᠢᠭᠤᠯᠬᠤ ᠵᠡᠷᠭᠡ ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠪᠠᠷ ᠭᠤᠤᠯ ᠪᠣᠯᠭᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠰᠠᠶᠢᠲᠤᠷ ᠠᠳᠬᠤᠬᠤ ᠬᠡᠷᠡᠭᠲᠡᠶ᠃ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠲᠤᠰᠬᠠᠶ ᠴᠡᠭᠴᠡᠯᠡᠨ ᠵᠠᠰᠠᠬᠤ ᠠᠵᠢᠯ ᠤᠨ ᠰᠢᠨ᠎ᠡ ᠱᠠᠭᠠᠷᠳᠠᠯᠭ᠎ᠠ᠂ ᠰᠢᠨ᠎ᠡ ᠡᠭᠦᠷᠭᠡ ᠶᠢ ᠣᠨᠣᠪᠴᠢᠲᠠᠶ ᠡᠵᠡᠮᠳᠡᠨ᠂ ᠬᠠᠤᠯᠢ ᠲᠣᠭᠲᠠᠭᠠᠯ ᠶᠣᠰᠣᠭᠠᠷ᠂ ᠦᠨᠡᠨ ᠠᠴᠠ ᠵᠥᠪ ᠢ ᠡᠷᠢᠬᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ ᠶᠢ ᠪᠠᠷᠢᠮᠲᠠᠯᠠᠵᠤ᠂ ᠬᠢᠯᠪᠠᠷᠴᠢᠯᠠᠬᠤ᠂ ︽ᠡᠭᠡᠭᠡ ᠠᠳᠠᠯᠢ ᠪᠠᠶᠢᠯᠭᠠᠬᠤ︾ ᠶᠢ ᠰᠡᠷᠭᠡᠶᠢᠯᠡᠨ᠂ ᠴᠡᠭᠴᠡᠯᠡᠨ ᠵᠠᠰᠠᠬᠤ ᠲᠠᠯ᠎ᠠ ᠪᠠᠷ ᠦᠷ᠎ᠡ ᠪᠦᠲᠦᠮᠵᠢ ᠤᠯᠬᠤ ᠮᠥᠷᠲᠡᠭᠡᠨ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠩᠭᠤ ᠶᠢᠨ ᠵᠠᠰᠠᠯᠲᠠ ᠳᠡᠭᠡᠷ᠎ᠡ ᠬᠦᠴᠦ ᠲᠠᠯᠪᠢᠵᠤ᠂ ᠲᠤᠰᠬᠠᠶ ᠴᠡᠭᠴᠡᠯᠡᠨ ᠵᠠᠰᠠᠬᠤ ᠠᠵᠢᠯ ᠢ ᠦᠨᠡᠨ ᠬᠦ ᠴᠢᠩᠭ᠎ᠠ ᠠᠳᠬᠤᠵᠤ ᠪᠣᠳᠠᠲᠠᠶ ᠠᠳᠬᠤᠵᠤ ᠰᠠᠶᠢᠲᠤᠷ ᠠᠳᠬᠤᠬᠤ ᠬᠡᠷᠡᠭᠲᠡᠶ᠃ ᠠᠰᠠᠭᠤᠳᠠᠯ ᠤᠨ ᠰᠦᠪᠡᠭᠴᠢ ᠶᠢ ᠲᠦᠷᠭᠡᠨ ᠰᠢᠯᠵᠢᠭᠦᠯᠦᠨ ᠬᠦᠷᠭᠡᠬᠦ᠂ ᠬᠠᠷᠢᠭᠤ ᠲᠤᠰᠬᠠᠬᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠰᠢᠢᠳᠪᠦᠷᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠢ᠃ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠪᠠᠷᠢᠮᠲᠠᠯᠠᠵᠤ᠂ ᠣᠷᠣᠰᠢᠭᠤᠯᠭ᠎ᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢ ᠵᠢᠷᠤᠮᠵᠢᠭᠤᠯᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠢᠳᠡᠪᠬᠢᠲᠡᠢ ᠰᠦᠪᠡᠭᠴᠢᠯᠡᠨ ᠪᠠᠶᠢᠭᠤᠯᠤᠨ ᠪᠦᠷᠢᠨᠰᠢᠬᠦᠯᠵᠦ᠂ ᠡᠳᠦᠷ ᠳᠤᠳᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠰᠠᠯᠲᠠ ᠶᠢᠨ ᠠᠷᠭ᠎ᠠ ᠬᠡᠯᠪᠡᠷᠢ ᠶᠢ ᠥᠭᠡᠷᠡᠴᠢᠯᠡᠨ ᠰᠢᠨᠡᠴᠢᠯᠡᠵᠦ᠂ ᠣᠷᠣᠰᠢᠭᠤᠯᠭ᠎ᠠ ᠶᠢᠨ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠵᠤ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠲᠤᠳᠬᠠᠬᠤ ᠪᠠ ᠳᠡᠭᠡᠭᠰᠢᠯᠡᠭᠦᠯᠬᠦ ᠶᠢ ᠪᠠᠲᠤᠯᠠᠬᠤ ᠬᠡᠷᠡᠭᠲᠡᠢ᠃ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠵᠤ᠂ ᠤᠯᠠᠨ ᠵᠦᠢᠯ ᠤᠨ ᠬᠡᠯᠪᠡᠷᠢ ᠪᠠᠷ ᠦᠨᠳᠦᠰᠦᠨ ᠱᠠᠲᠤᠨ ᠳᠤ ᠬᠦᠷᠴᠦ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠪᠦᠬᠦ ᠨᠡᠶᠢᠭᠡᠮ ᠳᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠮᠠᠨ ᠤ ᠬᠤᠳᠠ ᠶᠢᠨ ᠣᠷᠣᠰᠢᠭᠤᠯᠭ᠎ᠠ ᠶᠢᠨ ᠦᠢᠯᠡᠰ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃    
 
ᠢᠷᠡᠯᠲᠡ᠄ ᠭᠡᠭᠡᠨ ᠭᠤᠤᠯ ᠬᠤᠳᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号