ᠲᠦᠷᠦᠭᠦᠬᠡᠨ᠂ ᠬᠥᠯᠥᠨ ᠪᠤᠶᠢᠷ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠪᠠᠶᠢᠴᠠᠭᠠᠨ | ᠰᠤᠳᠤᠯᠤᠭᠴᠢ ᠰᠥᠩ ᠬᠠᠨ ᠴᠧᠨ᠂ ᠠᠮᠤᠷ ᠢ ᠬᠠᠮᠠᠭᠠᠯᠠᠬᠤ ᠰᠠᠯᠪᠤᠷᠢ ᠠᠩᠭᠢ ᠶᠢᠨ ᠳᠡᠳ᠋ ᠳᠠᠷᠤᠭ᠎ᠠ ᠮᠠ ᠯᠸᠢ᠂ | ᠰᠢᠤᠢ ᠭᠦᠸᠧ ᠯᠢᠩ ᠲᠣᠪᠴᠢᠶᠠᠨ ᠳᠠᠷᠤᠭ᠎ᠠ᠂ ᠸᠠᠩ ᠵᠠᠨ ᠵᠢᠶᠦ᠋ᠨ ᠳᠡᠳ᠋ ᠲᠣᠪᠴᠢᠶᠠᠨ ᠳᠠᠷᠤᠭ᠎ᠠ ᠶᠢᠨ ᠪᠠᠷ᠎ᠠ | ᠪᠤᠯᠤᠯᠭ᠎ᠠ ᠲᠠᠢ ᠪᠠᠷ ᠤᠯᠠᠭᠠᠨ ᠲᠤᠭ ᠵᠠᠮ ᠤᠨ ᠲᠣᠮᠢᠯᠠᠭᠰᠠᠨ ᠰᠠᠯᠪᠤᠷᠢ ᠳᠤ ᠭᠦᠨᠵᠡᠭᠡᠶᠢᠷᠡᠵᠦ᠂ ᠰᠤᠳᠤᠯᠭᠠᠨ ᠤ | ᠭᠠᠵᠠᠷ ᠤᠨ ᠳᠣᠲᠣᠷᠠᠬᠢ ︽ᠨᠢᠭᠡ ᠥᠷᠥᠭᠡ ᠬᠤᠶᠠᠷ ᠠᠩᠭᠢ︾ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ | ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠴᠤ ᠪᠠᠶᠢᠴᠠᠭᠠᠪᠠ᠃ | ᠪᠠᠶᠢᠴᠠᠭᠠᠨ ᠰᠤᠳᠤᠯᠤᠭᠴᠢ ᠰᠥᠩ ᠬᠠᠨ ᠴᠧᠨ ᠤᠯᠠᠭᠠᠨ ᠲᠤᠭ ᠵᠠᠮ ᠤᠨ ᠲᠣᠮᠢᠯᠠᠭᠰᠠᠨ ᠰᠠᠯᠪᠤᠷᠢ ᠶᠢᠨ ᠬᠡᠷᠡᠭ | ᠰᠢᠢᠳᠪᠦᠷᠢᠯᠡᠬᠦ ᠲᠣᠭᠤᠷᠢᠭ᠂ ᠬᠡᠷᠡᠭ ᠰᠢᠢᠳᠪᠦᠷᠢᠯᠡᠬᠦ ᠠᠩᠭᠢ᠂ ᠨᠡᠶᠢᠭᠡᠮ ᠲᠣᠭᠤᠷᠢᠭ ᠤᠨ ᠴᠠᠭᠳᠠᠭᠠᠨ ᠤ ᠶᠠᠪᠤᠳᠠᠯ ᠤᠨ | ᠠᠩᠭᠢ᠂ ᠶᠡᠷᠦᠩᠬᠡᠶᠢᠯᠡᠭᠰᠡᠨ ᠵᠢᠯᠣᠭᠤᠳᠬᠤ ᠲᠠᠰᠤᠭ ᠵᠡᠷᠭᠡ ᠴᠢᠳᠠᠮᠵᠢᠳᠤ ᠣᠷᠣᠨ ᠢ ᠲᠣᠭᠤᠷᠢᠨ ᠦᠵᠡᠪᠡ᠃ ᠡᠭᠦᠨ ᠤ | ᠬᠠᠮᠲᠤ ᠰᠤᠳᠤᠯᠭᠠᠨ ᠤ ᠭᠠᠵᠠᠷ ᠤᠨ ᠳᠣᠲᠣᠷᠠᠬᠢ ᠲᠦᠷᠢᠮ ᠤᠨ ᠬᠡᠷᠡᠮ᠂ ᠲᠠᠩᠰᠠ ᠡᠪᠬᠡᠮᠡᠯ ᠤᠨ ᠺᠠᠷᠲ ᠤᠨ | ᠪᠠᠶᠢᠭᠤᠯᠤᠯᠲᠠ᠂ ᠳᠥᠷᠪᠡᠨ ᠱᠠᠲᠤᠨ ᠤ ᠸᠢᠴᠠᠲ ᠤᠨ ᠪᠦᠯᠦᠭᠯᠡᠯ ᠢ ᠪᠠᠶᠢᠭᠤᠯᠬᠤ ᠵᠡᠷᠭᠡ ᠠᠵᠢᠯ ᠢ ᠪᠠᠶᠢᠴᠠᠭᠠᠨ | ᠦᠵᠡᠭᠰᠡᠨ ᠪᠥᠭᠡᠳ ᠤᠯᠠᠭᠠᠨ ᠲᠤᠭ ᠵᠠᠮ ᠤᠨ ᠲᠣᠮᠢᠯᠠᠭᠰᠠᠨ ᠰᠠᠯᠪᠤᠷᠢ ᠶᠢᠨ ︽ᠨᠢᠭᠡ ᠥᠷᠥᠭᠡ ᠬᠤᠶᠠᠷ ᠠᠩᠭᠢ︾ | ᠶᠢᠨ ᠠᠵᠢᠯᠯᠠᠭᠠᠨ ᠤ ᠵᠠᠭᠪᠤᠷ ᠵᠢᠴᠢ ᠲᠤᠰᠠᠯᠠᠬᠤ ᠴᠠᠭᠳᠠᠭ᠎ᠠ ᠶᠢᠨ ᠡᠳᠦᠷ ᠲᠤᠲᠤᠮ ᠤᠨ ᠠᠵᠢᠯ ᠤᠨ ᠪᠠᠶᠢᠳᠠᠯ ᠤᠨ | ᠲᠤᠬᠠᠶ ᠯᠠᠨ ᠬᠤᠩ ᠰᠢᠩ ᠳᠠᠷᠤᠭ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠶ᠃ ᠣᠶᠢᠯᠠᠭᠠᠭᠰᠠᠨ ᠤ | ᠳᠠᠷᠠᠭ᠎ᠠ᠂ ᠰᠦᠩ ᠬᠠᠨ ᠴᠧᠨ ᠤ ᠲᠤᠰᠠᠯᠠᠭᠴᠢ ᠤᠯᠠᠭᠠᠨ ᠲᠤᠭ ᠵᠠᠮ ᠤᠨ ᠲᠣᠮᠢᠯᠠᠭᠰᠠᠨ ᠰᠠᠯᠪᠤᠷᠢ ᠶᠢᠨ ︽ᠨᠢᠭᠡ | ᠥᠷᠥᠭᠡ ᠬᠤᠶᠠᠷ ᠠᠩᠭᠢ︾ ᠶᠢᠨ ᠪᠦᠲᠦᠭᠡᠨ ᠪᠠᠶᠢᠭᠤᠯᠤᠯᠲᠠ ᠳᠤ ᠮᠠᠰᠢ ᠬᠠᠨᠤᠮᠵᠢᠲᠠᠶ ᠪᠠᠶᠢᠬᠤ ᠪᠠᠨ ᠢᠯᠡᠳᠬᠡᠵᠦ᠂ | ᠡᠭᠦᠨ ᠤ ᠵᠡᠷᠭᠡᠴᠡᠭᠡᠪᠡᠷ ︽ᠨᠢᠭᠡ ᠦᠷᠦᠭᠡ ᠬᠤᠶᠠᠷ ᠠᠩᠭᠢ︾ ᠶᠢᠨ ᠪᠠᠶᠢᠭᠤᠯᠤᠯᠲᠠ ᠳᠤ ᠱᠠᠭᠠᠷᠳᠠᠯᠭ᠎ᠠ ᠳᠤᠷᠠᠳᠴᠠᠶ᠄ | ︽ᠨᠢᠭᠡ ᠦᠷᠦᠭᠡ ᠬᠤᠶᠠᠷ ᠠᠩᠭᠢ︾ ᠶᠢ ᠪᠠᠶᠢᠭᠤᠯᠬᠤ ᠶᠠᠪᠤᠴᠠ ᠳᠤ᠂ ᠨᠠᠷᠢᠨ ᠨᠢᠮᠪᠠᠶ ᠪᠥᠭᠡᠳ ᠨᠠᠷᠢᠯᠢᠭ ᠬᠢᠵᠦ᠂ | ᠲᠤᠰ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠢᠨ᠎ᠡ ᠠᠵᠢᠯᠯᠠᠭᠠᠨ ᠤ ᠬᠡᠪ ᠵᠠᠭᠪᠤᠷ ᠢ ᠪᠤᠢ | ᠪᠣᠯᠭᠠᠵᠤ᠂ ᠠᠷᠠᠳ ᠤᠨ ᠲᠥᠯᠥᠭᠡ ᠪᠣᠳᠠᠲᠠᠶ ᠠᠵᠢᠯ ᠬᠢᠬᠦ ᠶᠢ ᠠᠩᠬᠠᠷᠴᠤ᠂ ᠠᠷᠠᠳ ᠲᠦᠮᠡᠨ ᠤ ᠬᠦᠷᠲᠡᠮᠵᠢ ᠶᠢᠨ | ᠰᠡᠳᠬᠢᠯᠭᠡ ᠶᠢ ᠨᠡᠮᠡᠭᠳᠡᠭᠦᠯᠬᠦ ᠳᠡᠭᠡᠷ᠎ᠡ ᠬᠦᠴᠦ ᠲᠠᠯᠪᠢᠵᠤ᠂ ᠦᠨᠳᠦᠰᠦᠨ ᠱᠠᠲᠤᠨ ᠤ ᠲᠣᠮᠢᠯᠠᠭᠰᠠᠨ ᠰᠠᠯᠪᠤᠷᠢ ᠶᠢᠨ | ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠶ᠃ ᠳᠡᠳ᠋ ᠰᠠᠯᠪᠤᠷᠢ ᠠᠩᠭᠢ ᠶᠢᠨ ᠳᠠᠷᠤᠭ᠎ᠠ ᠮᠠ ᠯᠸᠢ ᠶᠡᠷᠦᠩᠬᠡᠶᠢᠯᠡᠨ | ᠵᠢᠯᠣᠭᠤᠳᠬᠤ ᠲᠠᠰᠤᠭ ᠤᠨ ᠬᠤᠶᠠᠷ ᠠᠩᠭᠢ ᠲᠠᠢ ᠬᠡᠷᠬᠢᠨ ᠠᠵᠢᠯᠯᠠᠬᠤ᠂ ᠨᠡᠶᠢᠯᠡᠭᠦᠯᠦᠨ ᠪᠠᠶᠢᠯᠳᠤᠬᠤ ᠲᠤᠬᠠᠶ | ᠰᠤᠳᠤᠯᠤᠨ ᠮᠠᠭᠠᠳᠯᠠᠵᠤ᠂ ᠶᠡᠷᠦᠩᠬᠡᠶᠢᠯᠡᠨ ᠵᠢᠯᠣᠭᠤᠳᠬᠤ ᠲᠠᠰᠤᠭ ᠤᠨ ᠬᠢᠨ ᠬᠡᠷᠡᠭ ᠢ ᠰᠢᠢᠳᠪᠦᠷᠢᠯᠡᠬᠦ ᠠᠩᠭᠢ ᠪᠠ | ᠨᠡᠶᠢᠭᠡᠮ ᠲᠣᠭᠤᠷᠢᠭ ᠤᠨ ᠴᠠᠭᠳᠠᠭᠠᠨ ᠤ ᠶᠠᠪᠤᠳᠠᠯ ᠤᠨ ᠠᠩᠭᠢ ᠶᠢᠨ ᠠᠵᠢᠯ ᠤᠨ ᠦᠷ᠎ᠡ ᠪᠦᠲᠦᠭᠡᠯ ᠢ ᠴᠠᠭ | ᠲᠤᠬᠠᠶ ᠳᠤᠨᠢ ᠬᠤᠷᠢᠶᠠᠩᠭᠤᠶᠢᠯᠠᠵᠤ᠂ ᠨᠢᠭᠡᠳᠦᠯᠲᠡᠶ ᠲᠥᠯᠥᠪᠵᠢᠭᠦᠯᠵᠦ᠂ ᠬᠠᠷᠢᠶ᠎ᠠ ᠣᠷᠣᠨ ᠤ ᠴᠠᠭᠳᠠᠭᠠᠨ ᠤ | ᠪᠠᠶᠢᠳᠠᠯ ᠤᠨ ᠵᠢᠮ᠎ᠡ ᠶᠣᠰᠣ ᠣᠨᠴᠠᠯᠢᠭ ᠢ ᠰᠤᠳᠤᠯᠤᠨ ᠮᠠᠭᠠᠳᠯᠠᠵᠤ ᠵᠠᠳᠠᠯᠤᠨ᠂ ᠬᠠᠷᠢᠶ᠎ᠠ ᠣᠷᠣᠨ ᠤ ᠪᠣᠳᠠᠲᠠᠶ | ᠪᠠᠶᠢᠳᠠᠯ ᠲᠠᠢ ᠪᠠᠨ ᠤᠶᠠᠯᠳᠤᠭᠤᠯᠤᠨ᠂ ᠲᠣᠮᠢᠯᠠᠭᠰᠠᠨ ᠰᠠᠯᠪᠤᠷᠢ ᠶᠢᠨ ᠡᠯ᠎ᠡ ᠵᠦᠢᠯ ᠤᠨ ᠠᠵᠢᠯ ᠤᠨ ᠲᠥᠰᠦᠯ ᠢ | ᠲᠣᠭᠲᠠᠭᠠᠬᠤ ᠬᠡᠷᠡᠭᠲᠡᠶ᠃ ᠭᠠᠵᠠᠷ ᠤᠨ ᠳᠠᠷᠤᠭ᠎ᠠ ᠯᠠᠨ ᠬᠤᠩ ᠰᠢᠩ ᠢᠯᠡᠷᠬᠡᠶᠢᠯᠡᠬᠦ ᠳᠡᠭᠡᠨ᠂ ᠤᠯᠠᠭᠠᠨ ᠲᠤᠭ | ᠵᠠᠮ ᠤᠨ ᠲᠣᠮᠢᠯᠠᠭᠰᠠᠨ ᠰᠠᠯᠪᠤᠷᠢ ᠨᠢ ᠯᠠᠪᠲᠠᠶ ᠰᠥᠩ ᠬᠠᠨ ᠴᠧᠨ ᠤ ᠲᠤᠰᠠᠯᠠᠭᠴᠢ ᠪᠣᠯᠤᠨ ᠮᠠ ᠯᠸᠢ ᠳᠡᠳ᠋ ᠰᠠᠯᠪᠤᠷᠢ | ᠠᠩᠭᠢ ᠶᠢᠨ ᠳᠠᠷᠤᠭ᠎ᠠ ᠶᠢᠨ ᠵᠢᠭᠠᠪᠤᠷᠢ ᠪᠠᠷ ᠰᠤᠳᠤᠯᠭᠠᠨ ᠤ ᠭᠠᠵᠠᠷ ᠤᠨ ᠳᠣᠲᠣᠷᠠᠬᠢ ︽ᠨᠢᠭᠡ ᠥᠷᠥᠭᠡ ᠬᠤᠶᠠᠷ | ᠠᠩᠭᠢ︾ ᠶᠢ ᠨᠠᠷᠢᠨ ᠬᠢᠨᠠᠮᠠᠭᠠᠶ ᠰᠠᠶᠢᠵᠢᠷᠠᠭᠤᠯᠵᠤ᠂ ︽ ᠹᠧᠩ ᠴᠢᠶᠣᠤ ᠶᠢᠨ ᠲᠤᠷᠰᠢᠯᠭ᠎ᠠ︾ ᠶᠢ ᠤᠯᠠᠮᠵᠢᠯᠠᠨ | ᠪᠠᠳᠠᠷᠠᠭᠤᠯᠵᠤ᠂ ᠨᠠᠷᠢᠯᠢᠬᠵᠢᠭᠤᠯᠬᠤ᠂ ᠲᠤᠰᠬᠠᠶᠢᠵᠢᠭᠤᠯᠬᠤ᠂ ᠵᠢᠷᠤᠮᠵᠢᠭᠤᠯᠬᠤ᠂ ᠥᠨᠳᠥᠷ ᠦᠷ᠎ᠡ ᠪᠦᠲᠦᠮᠵᠢᠲᠡᠶ | ᠪᠣᠯᠭᠠᠬᠤ ᠬᠠᠷᠠᠯᠲᠠ ᠶᠢ ᠦᠨᠡᠨ ᠬᠦ ᠪᠡᠶᠡᠯᠡᠭᠦᠯᠵᠦ᠂ ︽ᠨᠢᠭᠡ ᠥᠷᠥᠭᠡ ᠬᠤᠶᠠᠷ ᠠᠩᠭᠢ︾ ᠶᠢᠨ ᠵᠢᠩᠬᠢᠨᠢ ᠦᠷ᠎ᠡ | ᠪᠦᠲᠦᠮᠵᠢ ᠶᠢ ᠭᠠᠷᠭᠠᠬᠤ ᠪᠣᠯᠤᠨ᠎ᠠ ᠭᠡᠵᠡᠶ᠃ |