【 ᠡᠭᠦᠳᠡ ᠪᠠᠨ ᠨᠡᠭᠡᠭᠡᠨ ᠴᠡᠭᠴᠡᠯᠡᠬᠦ 】 ᠾᠧ ᠰᠢ ᠬᠠᠤᠯᠢ ᠴᠠᠭᠠᠵᠠ ᠶᠢᠨ ᠭᠠᠵᠠᠷ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠰᠠᠨᠠᠯ ᠬᠤᠷᠢᠶᠠᠪᠠ
ᠨᠡᠶᠢᠲᠡᠯᠡᠭᠰᠡᠨ ᠴᠠᠭ᠄
2021/9/11
   ᠪᠥᠬᠦ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠬᠤᠶᠠᠳᠤᠭᠠᠷ ᠪᠦᠯᠦᠭ ᠤᠨ ᠡᠩᠨᠡᠭᠡ ᠶᠢ ᠬᠥᠮᠦᠵᠢᠭᠦᠯᠦᠨ ᠴᠡᠭᠴᠡᠯᠡᠬᠦ ︽ᠡᠭᠦᠳᠡ ᠪᠠᠨ ᠨᠡᠭᠡᠭᠡᠨ ᠴᠡᠭᠴᠡᠯᠡᠬᠦ︾ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠬᠤᠶᠠᠳᠤᠭᠠᠷ ᠪᠦᠯᠦᠭ ᠤᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠩᠨᠡᠭᠡ ᠶᠢ ᠬᠥᠮᠦᠵᠢᠭᠦᠯᠦᠨ ᠴᠡᠭᠴᠡᠯᠡᠬᠦ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠠᠷᠠᠳ ᠤᠨ ᠲᠠᠭᠤᠨ ᠢ ᠰᠣᠨᠣᠰᠴᠤ᠂ ᠠᠷᠠᠳ ᠤᠨ ᠪᠠᠶᠢᠳᠠᠯ ᠢ ᠤᠶᠢᠯᠠᠭᠠᠨ᠂ ᠠᠷᠠᠳ ᠤᠨ ᠰᠠᠨᠠᠭ᠎ᠠ ᠶᠢ ᠲᠤᠰᠬᠠᠵᠤ᠂ ᠠᠷᠠᠳ ᠤᠨ ᠵᠣᠪᠠᠨᠢᠯ ᠢ ᠠᠷᠢᠯᠭᠠᠨ᠎ᠠ᠃ 9 ᠰᠠᠷ᠎ᠠ ᠶᠢᠨ 8 ᠤ ᠡᠳᠦᠷ᠂ ᠾᠧ ᠰᠢ ᠬᠠᠤᠯᠢ ᠴᠠᠭᠠᠵᠠ ᠶᠢᠨ ᠭᠠᠵᠠᠷ ᠺᠠᠳ᠋ᠷ ᠴᠠᠭᠳᠠᠭ᠎ᠠ ᠶᠢ ᠵᠣᠬᠢᠶᠠᠨ ᠪᠠᠶᠢᠭᠤᠯᠤᠨ ᠨᠡᠶᠢᠭᠡᠮ ᠲᠣᠭᠤᠷᠢᠭ ᠲᠤ ᠣᠴᠢᠭᠤᠯᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠰᠠᠨᠠᠯ ᠬᠤᠷᠢᠶᠠᠬᠤ ᠬᠦᠰᠦᠨᠦᠭᠲᠦ ᠶᠢ ᠤᠯᠠᠨ ᠲᠦᠮᠡᠨ ᠳᠤ ᠲᠠᠷᠬᠠᠭᠠᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠠᠵᠢᠯ ᠤᠨ ᠲᠤᠬᠠᠶ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠵᠤ᠂ ᠤᠯᠠᠨ ᠲᠦᠮᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠪᠡ᠃   ᠠᠵᠢᠯᠲᠠᠳ ᠬᠤᠶᠠᠳᠤᠭᠠᠷ ᠪᠦᠯᠦᠭ ᠤᠨ ᠬᠠᠤᠯᠢ ᠪᠠᠷᠢᠬᠤ ᠵᠠᠰᠠᠭ ᠵᠠᠬᠢᠷᠭᠠᠨ ᠤ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠦᠨᠳᠦᠰᠦᠨ ᠠᠭᠤᠯᠭ᠎ᠠ᠂ ᠬᠠᠷᠠᠯᠲᠠ ᠡᠭᠦᠷᠭᠡ ᠵᠡᠷᠭᠡ ᠠᠭᠤᠯᠭ᠎ᠠ ᠶᠢ ᠤᠯᠠᠨ ᠲᠦᠮᠡᠨ ᠳᠤ ᠤᠬᠠᠭᠤᠯᠬᠤ ᠶᠢᠨ ᠬᠠᠮᠲᠤ ᠬᠠᠤᠯᠢ ᠪᠠᠷᠢᠬᠤ ᠭᠠᠵᠠᠷ ᠤᠨ ᠠᠵᠢᠯ ᠤᠨ ᠡᠭᠦᠷᠭᠡ ᠴᠢᠳᠠᠪᠤᠷᠢ ᠲᠠᠢ ᠤᠶᠠᠯᠳᠤᠭᠤᠯᠤᠨ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ᠂ ᠬᠠᠤᠯᠢ ᠪᠠᠷ ᠵᠠᠰᠠᠬᠤ ᠤᠬᠠᠭᠤᠯᠭ᠎ᠠ ᠶᠢ ᠴᠢᠩᠭᠠᠳᠬᠠᠬᠤ ᠵᠡᠷᠭᠡ ᠲᠤᠬᠠᠶᠢᠯᠠᠭᠰᠠᠨ ᠠᠵᠢᠯ ᠤᠨ ᠡᠭᠦᠷᠭᠡ ᠴᠢᠳᠠᠪᠤᠷᠢ ᠶᠢᠨ ᠠᠵᠢᠯ ᠤᠨ ᠲᠠᠯ᠎ᠠ ᠪᠠᠷ ᠤᠯᠠᠨ ᠲᠦᠮᠡᠨ ᠤ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠨ ᠲᠥᠭᠡᠷᠢᠭᠳᠡᠯ ᠢ ᠨᠢ ᠲᠠᠶᠢᠯᠵᠤ᠂ ᠰᠠᠨᠠᠯ ᠬᠤᠷᠢᠶᠠᠪᠠ᠃ ᠨᠡᠶᠢᠭᠡᠮ ᠲᠣᠭᠤᠷᠢᠭ ᠤᠨ ᠤᠯᠠᠨ ᠲᠦᠮᠡᠨ ᠢᠳᠡᠪᠬᠢᠲᠡᠶ ᠪᠠᠷ ᠵᠣᠬᠢᠴᠠᠵᠤ᠂ ᠰᠠᠨᠠᠯ ᠬᠤᠷᠢᠶᠠᠬᠤ ᠬᠦᠰᠦᠨᠦᠭᠲᠦ ᠳᠠᠬᠢ ᠡᠯ᠎ᠡ ᠵᠦᠢᠯ ᠤᠨ ᠠᠭᠤᠯᠭ᠎ᠠ ᠳᠤ ᠰᠠᠨᠠᠯ ᠰᠠᠨᠠᠭᠤᠯᠭ᠎ᠠ ᠳᠤᠷᠠᠳᠪᠠ᠃    ᠲᠣᠰ ᠤᠳᠠᠭᠠᠨ ᠤ ᠰᠠᠨᠠᠯ ᠬᠤᠷᠢᠶᠠᠬᠤ ᠵᠣᠷᠢᠯᠭ᠎ᠠ ᠪᠣᠯ ᠠᠷᠠᠳ ᠣᠯᠠᠨ ᠤ ᠬᠠᠤᠯᠢ ᠪᠠᠷᠢᠬᠤ ᠵᠠᠰᠠᠭ ᠵᠠᠬᠢᠷᠭᠠᠨ ᠤ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠵᠢᠯ ᠳᠤ ᠬᠠᠨᠤᠮᠵᠢᠲᠠᠶ ᠪᠠᠶᠢᠬᠤ ᠬᠡᠮᠵᠢᠶ᠎ᠡ ᠵᠢᠴᠢ ᠬᠠᠤᠯᠢ ᠪᠠᠷᠢᠬᠤ ᠵᠠᠰᠠᠭ ᠵᠠᠬᠢᠷᠭᠠᠨ ᠤ ᠠᠵᠢᠯ ᠤᠨ ᠲᠤᠬᠠᠶ ᠰᠠᠨᠠᠯ ᠰᠠᠨᠠᠭᠤᠯᠭ᠎ᠠ ᠶᠢ ᠣᠨᠣᠪᠴᠢᠲᠠᠶ᠂ ᠪᠤᠰᠤᠳᠴᠢ ᠪᠠᠷ ᠡᠵᠡᠮᠰᠢᠬᠦ ᠶᠢᠨ ᠲᠥᠯᠥᠭᠡ ᠶᠤᠮ᠃ ᠨᠡᠶᠢᠭᠡᠮ ᠪᠠ ᠣᠯᠠᠨ ᠲᠦᠮᠡᠨ ᠤ ᠬᠢᠨᠠᠯᠲᠠ ᠶᠢ ᠬᠦᠯᠢᠶᠡᠬᠦ ᠪᠠᠷ ᠳᠠᠮᠵᠢᠭᠤᠯᠤᠨ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠩᠨᠡᠭᠡ ᠶᠢᠨ ᠲᠣᠰ ᠪᠡᠶ᠎ᠡ ᠳᠤ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠬᠦ ᠣᠨᠣᠪᠴᠢᠲᠠᠶ ᠡᠷᠢᠨ ᠣᠯᠵᠤ᠂ ᠭᠡᠭᠡᠨ ᠭᠤᠤᠯ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠩᠨᠡᠭᠡ ᠶᠢᠨ ᠣᠯᠠᠨ ᠲᠦᠮᠡᠨ ᠳᠤ ᠦᠢᠯᠡᠴᠢᠯᠡᠬᠦ ᠪᠠᠶᠢᠭᠤᠯᠤᠯ ᠲᠣᠭᠲᠠᠴᠠ ᠪᠠᠨ ᠲᠠᠰᠤᠷᠠᠯᠲᠠ ᠥᠬᠡᠶ ᠲᠡᠭᠦᠯᠳᠡᠷᠵᠢᠭᠦᠯᠬᠦ ᠶᠢ ᠯᠠᠪᠳᠠᠭᠤᠨ ᠪᠠᠲᠤᠲᠠᠶ ᠰᠢᠪᠠᠳᠠᠵᠤ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠦᠨ᠎ᠡ᠃    
 
ᠢᠷᠡᠯᠲᠡ᠄ ᠭᠡᠭᠡᠨ ᠭᠤᠤᠯ ᠬᠤᠳᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号