ᠭᠡᠭᠡᠨ ᠭᠤᠤᠯ ᠬᠤᠲᠠ ᠶᠢᠨ 2021 ᠣᠨ ᠤ ᠠᠯᠪᠠᠲᠠᠨ ᠤ ᠰᠢᠨᠡᠴᠢᠯᠡᠯᠲᠡ ᠶᠢᠨ ᠮᠡᠳᠡᠯᠭᠡ ᠶᠢᠨ ᠪᠣᠯᠪᠠᠰᠤᠷᠠᠯ ᠤᠨ ᠠᠩᠭᠢ ᠡᠬᠢᠯᠡᠪᠡ
ᠨᠡᠶᠢᠲᠡᠯᠡᠭᠰᠡᠨ ᠴᠠᠭ᠄
2021/9/11
   ᠪᠥᠬᠦ ᠬᠤᠲᠠ ᠶᠢᠨ ᠠᠯᠪᠠᠲᠠᠨ ᠤ ᠤᠯᠤᠰ ᠲᠥᠷᠥ ᠶᠢᠨ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠡᠳᠡᠯᠭᠡ ᠶᠢᠨ ᠪᠦᠲᠦᠴᠡ ᠶᠢ ᠰᠢᠨᠡᠴᠢᠯᠡᠬᠦ ᠶᠢᠨ ᠲᠤᠰᠠᠳᠠ᠂ ᠢᠲᠡᠭᠡᠯ ᠵᠣᠷᠢᠭ ᠪᠠᠲᠤ ᠴᠢᠩᠭ᠎ᠠ᠂ ᠠᠷᠠᠳ ᠲᠦᠮᠡᠨ ᠳᠤ ᠦᠢᠯᠡᠴᠢᠯᠡᠳᠡᠭ᠂ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠵᠤ ᠪᠣᠳᠠᠲᠠᠶ ᠶᠢ ᠡᠷᠬᠢᠮᠯᠡᠳᠡᠭ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠳᠡᠭ᠂ ᠠᠷᠢᠭᠤᠨ ᠴᠢᠬᠡᠴᠢ ᠪᠠᠶᠢᠳᠠᠭ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠠᠯᠪᠠᠲᠠᠨ ᠤ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠶ᠃ ᠲᠦᠷᠦᠭᠦᠬᠡᠨ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠬᠤᠲᠠ ᠶᠢᠨ ᠵᠠᠰᠠᠭ ᠵᠠᠬᠢᠷᠭᠠᠨ ᠤ ᠰᠤᠷᠭᠠᠭᠤᠯᠢ ᠲᠠᠢ ᠬᠠᠮᠲᠤᠷᠠᠨ 2021 ᠣᠨ ᠤ ᠠᠯᠪᠠᠲᠠᠨ ᠤ ᠰᠢᠨᠡᠴᠢᠯᠡᠯᠲᠡ ᠶᠢᠨ ᠮᠡᠳᠡᠯᠭᠡ ᠶᠢᠨ ᠪᠣᠯᠪᠠᠰᠤᠷᠠᠯ ᠤᠨ ᠠᠩᠭᠢ ᠡᠷᠭᠢᠯᠡᠪᠡ᠃    ᠰᠢ ᠶᠢᠨ ᠫᠢᠩ ᠶᠡᠷᠦᠩᠬᠡᠶ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠠᠯᠪᠠᠲᠠᠨ ᠤ ᠬᠠᠮᠢᠶ᠎ᠠ ᠪᠥᠬᠦᠶ ᠬᠠᠤᠯᠢ ᠴᠠᠭᠠᠵᠠ ᠶᠢᠨ ᠮᠡᠳᠡᠯᠭᠡ ᠶᠢ ᠰᠤᠷᠤᠯᠴᠠᠨ ᠲᠤᠤᠱᠯᠠᠭᠤᠯᠬᠤ ᠵᠡᠷᠭᠡ ᠠᠭᠤᠯᠭ᠎ᠠ ᠶᠢᠨ ᠲᠣᠭᠤᠷᠢᠨ ᠳᠤ ᠭᠤᠤᠯᠳᠠᠯᠭ᠎ᠠ ᠲᠠᠢ ᠪᠠᠷ ᠬᠢᠴᠢᠶᠡᠯ ᠣᠷᠣᠨ᠎ᠠ᠃ ᠡᠭᠦᠨ ᠤ ᠬᠠᠮᠲᠤ᠂ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠢ ᠨᠡᠩ ᠰᠠᠶᠢᠨ ᠰᠤᠷᠴᠤ ᠡᠵᠡᠮᠰᠢᠭᠦᠯᠬᠦ ᠶᠢᠨ ᠲᠥᠯᠥᠭᠡ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠪᠣᠯᠤᠨ ᠬᠤᠲᠠ ᠶᠢᠨ ᠵᠠᠰᠠᠭ ᠵᠠᠬᠢᠷᠭᠠᠨ ᠤ ᠰᠤᠷᠭᠠᠭᠤᠯᠢ ᠨᠠᠷᠢᠨ ᠨᠢᠮᠪᠠᠶ ᠪᠡᠯᠡᠳᠬᠡᠯ ᠬᠢᠵᠦ᠂ ᠬᠢᠴᠢᠶᠡᠯᠯᠡᠬᠦ ᠬᠡᠯᠪᠡᠷᠢ ᠪᠣᠯᠤᠨ ᠬᠢᠴᠢᠶᠡᠯ ᠤᠨ ᠲᠣᠬᠢᠷᠠᠭᠤᠯᠤᠯᠲᠠ ᠶᠢᠨ ᠲᠠᠯ᠎ᠠ ᠪᠠᠷ᠂ ᠮᠠᠨ ᠤ ᠬᠤᠲᠠ ᠶᠢᠨ ᠪᠣᠳᠠᠲᠤ ᠪᠠᠶᠢᠳᠠᠯ ᠪᠠ ᠠᠵᠢᠯ ᠢᠶᠠᠨ ᠠᠬᠢᠭᠤᠯᠬᠤ ᠱᠠᠭᠠᠷᠳᠠᠯᠭ᠎ᠠ ᠲᠠᠢ ᠤᠶᠠᠯᠳᠤᠭᠤᠯᠤᠨ ᠰᠢᠨ᠎ᠡ ᠶᠢ ᠡᠭᠦᠳᠬᠦ ᠪᠠ ᠰᠢᠯᠢᠳᠡᠭᠵᠢᠭᠦᠯᠵᠦ᠂ ᠲᠤᠰ ᠤᠳᠠᠭᠠᠨ ᠤ ᠪᠣᠯᠪᠠᠰᠤᠷᠠᠯ ᠢᠶᠠᠷ ᠳᠠᠮᠵᠢᠨ ᠰᠤᠷᠤᠭᠴᠢᠳ ᠤᠨ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠵᠤ᠂ ᠲᠤᠰ ᠪᠡᠶ᠎ᠡ ᠶᠢᠨ ᠴᠢᠳᠠᠪᠤᠷᠢ ᠬᠡᠪ ᠴᠢᠨᠠᠷ ᠢ ᠳᠡᠭᠡᠭᠰᠢᠯᠡᠭᠦᠯᠵᠦ᠂ ᠰᠤᠷᠤᠭᠰᠠᠨ ᠢᠶᠠᠨ ᠬᠡᠷᠡᠭᠯᠡᠬᠦ ᠂ ᠮᠡᠳᠡᠬᠦᠶ ᠬᠢᠬᠦᠶ ᠪᠠᠨ ᠨᠢᠭᠡᠳᠬᠡᠬᠦ ᠶᠢ ᠪᠡᠶᠡᠯᠡᠭᠦᠯᠵᠦ᠂ ᠡᠭᠦᠨ ᠢᠶᠠᠷ ᠮᠠᠨ ᠤ ᠬᠤᠲᠠ ᠶᠢᠨ ᠡᠯ᠎ᠡ ᠵᠦᠢᠯ ᠤᠨ ᠠᠵᠢᠯ ᠤᠨ ᠰᠢᠨ᠎ᠡ ᠠᠬᠢᠴᠠ ᠲᠠᠢ ᠪᠣᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠨᠠᠮ ᠪᠠ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠣᠯᠭᠠᠬᠤ ᠶᠢᠨ ᠲᠥᠯᠥᠭᠡ ᠶᠤᠮ᠃    ᠲᠣᠰ ᠤᠳᠠᠭᠠᠨ ᠤ ᠪᠣᠯᠪᠠᠰᠤᠷᠠᠭᠤᠯᠤᠯ ᠢ ᠨᠡᠶᠢᠲᠡ 7 ᠬᠤᠭᠤᠴᠠᠭ᠎ᠠ ᠬᠤᠪᠢᠶᠠᠵᠤ᠂ ᠮᠠᠨ ᠤ ᠬᠤᠲᠠ ᠶᠢᠨ 800 ᠭᠠᠷᠤᠶ ᠠᠯᠪᠠᠲᠠᠨ ᠵᠢᠴᠢ ᠠᠯᠪᠠᠨ ᠳᠤ ᠣᠷᠣᠯᠴᠠᠭᠴᠢ ᠪᠣᠯᠪᠠᠰᠤᠷᠠᠭᠤᠯᠤᠯ ᠳᠤ ᠣᠷᠣᠯᠴᠠᠵᠠᠶ᠃    
 
ᠢᠷᠡᠯᠲᠡ᠄ ᠭᠡᠭᠡᠨ ᠭᠤᠤᠯ ᠬᠤᠳᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号