ᠭᠡᠭᠡᠨ ᠭᠤᠣᠯ ᠬᠤᠳᠠ 2021 ᠣᠨ ᠤ ᠨᠠᠮᠤᠷ ᠤᠨ ᠤᠯᠠᠷᠢᠯ ᠤᠨ ᠴᠡᠷᠢᠭ ᠤᠨ ᠠᠯᠪᠠ ᠲᠠᠲᠠᠬᠤ ᠠᠴᠠ ᠡᠮᠦᠨᠡᠬᠢ ᠬᠥᠮᠦᠵᠢᠯ ᠪᠣᠯᠪᠠᠰᠤᠷᠠᠯ ᠤᠨ ᠲᠠᠶᠢᠴᠢᠯᠠᠯᠳᠠ ᠶᠢᠨ ᠶᠡᠭᠡ ᠬᠤᠷᠠᠯ ᠬᠢᠪᠡ
ᠨᠡᠶᠢᠲᠡᠯᠡᠭᠰᠡᠨ ᠴᠠᠭ᠄
2021/9/11
  7 ᠤ ᠡᠳᠦᠷ ᠤᠨ ᠦᠳᠡ ᠶᠢᠨ ᠡᠮᠦᠨ᠎ᠡ᠂ ᠮᠠᠨ ᠤ ᠬᠤᠲᠠ 2021 ᠣᠨ ᠤ ᠨᠠᠮᠤᠷ ᠤᠨ ᠤᠯᠠᠷᠢᠯ ᠤᠨ ᠴᠡᠷᠢᠭ ᠤᠨ ᠠᠯᠪᠠ ᠲᠠᠲᠠᠪᠤᠷᠢᠯᠠᠬᠤ ᠠᠴᠠ ᠡᠮᠦᠨᠡᠬᠢ ᠬᠥᠮᠦᠵᠢᠯ ᠰᠤᠷᠭᠠᠭᠤᠯᠢᠯᠠᠯ ᠤᠨ ᠳᠠᠶᠢᠴᠢᠯᠠᠯᠲᠠ ᠶᠢᠨ ᠶᠡᠭᠡ ᠬᠤᠷᠠᠯ ᠬᠢᠪᠠ᠃    ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠯᠢᠦ ᠳ᠋ᠦᠩ ᠬᠤᠷᠠᠯ ᠳᠤ ᠣᠷᠣᠯᠴᠠᠭᠰᠠᠨ ᠪᠥᠭᠡᠳ ᠴᠡᠷᠢᠭ ᠤᠨ ᠠᠯᠪᠠᠨ ᠠᠴᠠ ᠡᠮᠦᠨᠡᠬᠢ ᠬᠥᠮᠦᠵᠢᠯ ᠰᠤᠷᠭᠠᠭᠤᠯᠢᠯᠠᠯ ᠳᠤ ᠳᠠᠶᠢᠴᠢᠯᠠᠯᠲᠠ ᠪᠠᠶᠢᠷᠢᠯᠠᠭᠤᠯᠤᠯᠲᠠ ᠬᠢᠵᠡᠶ᠃ ᠲᠡᠷᠡ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠣᠪᠣᠷ ᠢᠶᠠᠨ ᠲᠥᠪ ᠪᠣᠯᠭᠠᠵᠤ᠂ ᠣᠷᠭᠢᠯᠤᠮ᠎ᠠ ᠬᠠᠯᠠᠭᠤᠨ ᠰᠡᠳᠬᠢᠯᠭᠡ᠂ ᠣᠷᠭᠢᠯᠤᠮ᠎ᠠ ᠬᠠᠯᠠᠭᠤᠨ ᠵᠣᠷᠢᠭ ᠰᠠᠨᠠᠭ᠎ᠠ᠂ ᠯᠠᠪᠳᠠᠭᠤᠨ ᠪᠠᠲᠤᠲᠠᠶ ᠣᠪᠣᠷ ᠰᠤᠷᠲᠠᠯ ᠢᠶᠠᠷ ᠬᠥᠮᠦᠵᠢᠯ ᠰᠤᠷᠭᠠᠭᠤᠯᠢᠯᠠᠯ ᠳᠤ ᠣᠷᠣᠯᠴᠠᠬᠤ ᠬᠡᠷᠡᠭᠲᠡᠶ᠃  ᠰᠡᠳᠬᠢᠯ ᠰᠠᠨᠠᠭ᠎ᠠ ᠪᠠᠨ ᠲᠥᠪᠯᠡᠷᠡᠭᠦᠯᠦᠨ᠂ ᠰᠠᠶᠢᠨ ᠰᠠᠶᠢᠬᠠᠨ ᠪᠠᠶᠢᠳᠠᠯ ᠢᠶᠠᠨ ᠪᠠᠲᠤᠯᠠᠬᠤ ᠬᠡᠷᠡᠭᠲᠡᠶ᠃ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠷᠭᠠᠭᠤ ᠪᠣᠯᠪᠠᠰᠤᠷᠠᠵᠤ᠂ ᠡᠷᠡᠯᠬᠡᠭᠯᠡᠨ ᠲᠡᠮᠡᠴᠡᠵᠦ᠂ ᠰᠥᠰᠥ ᠵᠣᠷᠢᠭ ᠢᠶᠠᠨ ᠳᠠᠪᠲᠠᠨ ᠪᠣᠯᠪᠠᠰᠤᠷᠠᠭᠤᠯᠵᠤ᠂ ᠤᠬᠠᠮᠰᠠᠷ ᠠᠴᠠ ᠪᠠᠨ ᠵᠠᠷᠯᠢᠭ ᠢ ᠲᠠᠭᠠᠵᠤ ᠵᠢᠯᠤᠭᠤᠳᠤᠯᠭ᠎ᠠ ᠶᠢ ᠳᠠᠭᠠᠬᠤ ᠬᠡᠷᠡᠭᠲᠡᠶ︔ ᠲᠥᠪᠯᠡᠷᠡᠭᠦᠯᠦᠨ ᠪᠣᠯᠪᠠᠰᠤᠷᠠᠭᠤᠯᠬᠤ ᠳᠤ ᠲᠣᠭᠲᠠᠭᠠᠭᠰᠠᠨ ᠡᠯ᠎ᠡ ᠵᠦᠢᠯ ᠤᠨ ᠲᠦᠷᠢᠮ ᠲᠣᠭᠲᠠᠭᠠᠯ ᠢ ᠴᠢᠩᠭ᠎ᠠ ᠵᠢᠷᠤᠮᠯᠠᠵᠤ᠂ ᠪᠣᠯᠪᠠᠰᠤᠷᠠᠭᠤᠯᠤᠯ ᠤᠨ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠦᠨ᠂ ᠴᠡᠷᠢᠭ ᠤᠨ ᠠᠯᠪᠠᠨ ᠠᠴᠠ ᠡᠮᠦᠨᠡᠬᠢ ᠬᠥᠮᠦᠵᠢᠯ ᠪᠣᠯᠪᠠᠰᠤᠷᠠᠭᠤᠯᠤᠯ ᠤᠨ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠦᠨᠡᠨᠬᠦ ᠪᠠᠲᠤᠯᠠᠬᠤ ᠬᠡᠷᠡᠭᠲᠡᠶ᠃    ᠲᠣᠰ ᠤᠳᠠᠭᠠᠨ ᠤ ᠴᠡᠷᠢᠭ ᠤᠨ ᠠᠯᠪᠠ ᠠᠴᠠ ᠡᠮᠦᠨᠡᠬᠢ ᠬᠥᠮᠦᠵᠢᠯ ᠰᠤᠷᠭᠠᠭᠤᠯᠢᠯᠠᠯ ᠨᠢ 10 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ 18 ᠰᠢᠨ᠎ᠡ ᠴᠡᠷᠢᠭ  ᠪᠡᠯᠡᠳᠬᠡᠯ ᠴᠡᠷᠢᠭ ᠲᠤ ᠣᠷᠣᠯᠴᠠᠵᠤ᠂ ᠴᠡᠷᠢᠭᠵᠢᠭᠦᠯᠦᠭᠰᠡᠨ ᠬᠠᠮᠢᠶᠠᠷᠤᠯᠲᠠ ᠶᠢ ᠬᠡᠷᠡᠭᠯᠡᠨ᠂ ᠪᠡᠯᠡᠳᠬᠡᠯ ᠴᠡᠷᠢᠭ ᠤᠨ ᠵᠢᠭᠰᠠᠭᠠᠯ ᠤᠨ ᠪᠣᠯᠪᠠᠰᠤᠷᠠᠯ᠂ ᠪᠡᠶ᠎ᠡ ᠶᠢᠨ ᠴᠢᠳᠠᠪᠤᠷᠢ ᠶᠢᠨ ᠪᠣᠯᠪᠠᠰᠤᠷᠠᠯ᠂ ᠤᠯᠤᠰ ᠲᠥᠷᠥ ᠶᠢᠨ ᠣᠨᠣᠯ ᠵᠡᠷᠭᠡ ᠬᠢᠴᠢᠶᠡᠯ ᠲᠥᠷᠥᠯ ᠤᠨ ᠰᠤᠷᠤᠯᠴᠠᠯᠭ᠎ᠠ ᠬᠢᠵᠦ᠂ ᠪᠡᠯᠡᠳᠬᠡᠯ ᠴᠡᠷᠢᠭ ᠢ ᠬᠠᠪᠰᠤᠷᠤᠨ ᠴᠡᠷᠢᠭ ᠤᠨ ᠬᠤᠸᠠᠷᠠᠨ ᠤ ᠠᠮᠢᠳᠤᠷᠠᠯ ᠢ ᠤᠷᠢᠳᠴᠢᠯᠠᠨ ᠣᠶᠢᠯᠭᠠᠭᠤᠯᠵᠤ᠂ ᠪᠣᠯᠪᠠᠰᠤᠷᠠᠯ ᠤᠨ ᠬᠠᠮᠢᠶᠠᠷᠤᠯᠲᠠ ᠶᠢᠨ ᠠᠭᠤᠷ ᠠᠮᠢᠰᠬᠤᠯ ᠢ ᠣᠶᠢᠯᠭᠠᠭᠤᠯᠵᠤ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠣᠶᠢᠯᠭᠠᠭᠤᠯᠵᠤ ᠂ ᠰᠢᠯᠢᠳᠡᠭ ᠴᠡᠷᠢᠭ ᠢ ᠬᠦᠷᠭᠡᠬᠦ ᠶᠢ ᠦᠨᠡᠨ ᠬᠦ ᠪᠠᠲᠤᠯᠠᠨ᠎ᠠ᠃    ᠬᠤᠷᠠᠯ ᠳᠡᠭᠡᠷ᠎ᠡ᠂ ᠪᠣᠯᠪᠠᠰᠤᠷᠠᠯ ᠳᠤ ᠣᠷᠣᠯᠴᠠᠭᠰᠠᠨ ᠰᠤᠷᠭᠠᠭᠴᠢ᠂ ᠪᠡᠯᠡᠳᠬᠡᠯ ᠰᠢᠨ᠎ᠡ ᠴᠡᠷᠢᠭ ᠤᠨ ᠲᠥᠯᠥᠭᠡᠯᠡᠭᠴᠢ ᠲᠤᠰ ᠲᠤᠰ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠨᠠᠷᠢᠨ ᠬᠢᠨᠠᠮᠠᠭᠠᠢ ᠬᠠᠨᠳᠤᠵᠤ᠂ ᠴᠡᠷᠢᠭ ᠤᠨ ᠠᠯᠪᠠᠨ ᠠᠴᠠ ᠡᠮᠦᠨᠡᠬᠢ ᠪᠣᠯᠪᠠᠰᠤᠷᠠᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠠ ᠭᠡᠵᠦ ᠢᠯᠡᠳᠬᠡᠪᠡ᠃    ᠬᠤᠷᠠᠯ ᠨᠢ ᠴᠡᠷᠢᠭ ᠤᠨ ᠳᠠᠭᠤᠤ ᠶᠢᠨ ᠠᠶᠠᠰ ᠳᠤᠮᠳᠠ ᠥᠨᠳᠥᠷᠯᠡᠪᠡ᠃    
 
ᠢᠷᠡᠯᠲᠡ᠄ ᠭᠡᠭᠡᠨ ᠭᠤᠤᠯ ᠬᠤᠳᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号