ᠵᠢᠷᠭᠤᠳᠤᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/11
  7 ᠤ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠰᠦᠨ ᠱᠠᠩ ᠭᠦᠸᠧ ᠵᠢᠷᠭᠤᠳᠤᠭᠠᠷ ᠬᠤᠭᠤᠴᠠᠭᠠᠨ ᠤ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠥᠷᠪᠡᠳᠦᠭᠡᠷ ᠬᠤᠷᠠᠯᠳᠤᠭᠠᠨ ᠢ ᠡᠷᠭᠢᠯᠡᠨ ᠬᠤᠷᠠᠯᠳᠤᠭᠤᠯᠵᠤ᠂ ᠬᠡᠷ ᠲᠡᠭᠡᠨ ᠪᠠᠶᠢᠭ᠎ᠠ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃   ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠪᠠ︔ ᠱᠢ ᠲᠠᠢ ᠹᠧᠩ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ᠂ ᠨᠡᠭᠦᠷᠡᠰᠦᠲᠥ᠋ᠷᠥᠭᠴᠢ ᠶᠢᠨ ᠳᠤᠮᠳᠠ ᠪᠠ ᠠᠬᠤᠢ ᠪᠠᠶᠢᠳᠠᠯ ᠳᠣᠣᠷᠠᠬᠢ ᠰᠢᠨ᠎ᠡ ᠡᠨᠧᠷᠭᠢ ᠶᠢᠨ ᠬᠥᠭᠵᠢᠯᠲᠡ ᠶᠢᠨ ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ︔ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠡᠷᠦᠩᠬᠡᠶ ᠱᠦᠵᠢ ᠰᠢ ᠶᠢᠨ ᠫᠢᠩ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ ᠰᠢᠨ᠎ᠡ ᠠᠶᠠᠨ ᠵᠠᠮ ᠳᠠᠭᠠᠨ ᠥᠪᠥᠷ ᠮᠣᠩᠭᠤᠯ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠣᠭᠲᠠᠭᠠᠯ︾︔ ᠬᠥᠬᠡᠬᠤᠲᠠ ᠶᠢᠨ ᠰᠠᠬᠢᠯᠭ᠎ᠠ ᠪᠠᠲᠤ ᠶᠢᠨ ᠠᠯᠪᠠᠨ ᠬᠡᠷ ᠠᠴᠠ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠬᠤᠬᠢᠷᠠᠭᠤᠯᠤᠭᠰᠠᠨ ᠭᠤᠷᠪᠠᠨ ᠨᠡᠶᠢᠲᠡᠯᠢᠭ ᠬᠡᠷᠡᠭ ᠤᠨ ᠵᠢᠱᠢᠶ᠎ᠡ ᠶᠢᠨ ᠲᠤᠬᠠᠶ ᠵᠠᠷᠯᠠᠯ︾ ᠢ ᠵᠠᠷᠯᠠᠪᠠ︔ ︽ᠰᠢᠨ᠎ᠡ ᠠᠶᠤᠯᠭᠦᠶ ᠦᠢᠯᠡᠳᠪᠦᠷᠢᠯᠡᠯ ᠤᠨ ᠬᠠᠤᠯᠢ︾ ᠪᠠ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 — 2025 ᠣᠨ︶︾ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ᠃ ᠬᠤᠷᠠᠯ ᠠᠴᠠ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠳᠡ ᠢ  ᠰᠤᠨᠤᠰᠪᠠ᠃    ᠮᠠᠨ ᠤ ᠬᠤᠲᠠ ᠶᠢᠨ ᠨᠠᠰᠤᠨ ᠳᠤ ᠥᠯᠥ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠰᠦᠨ ᠱᠠᠩ ᠭᠦᠸᠧ ᠱᠠᠭᠠᠷᠳᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠮᠲᠤ ᠪᠠᠷ ᠣᠷᠣᠯᠴᠠᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠨᠠᠰᠤᠨ ᠳᠤ ᠥᠯᠥ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠢ ᠦᠨᠡᠨ ᠬᠦ ᠴᠢᠩᠭ᠎ᠠ ᠠᠳᠬᠤᠵᠤ᠂ ᠨᠠᠰᠤᠨ ᠳᠤ ᠥᠯᠥ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠤᠨ ᠨᠡᠶᠢᠯᠡᠮᠡᠯ ᠬᠦᠴᠦᠨ ᠢ ᠴᠢᠷᠮᠠᠶᠢᠨ ᠪᠦᠷᠢᠯᠳᠦᠭᠦᠯᠬᠦ ᠬᠡᠷᠡᠭᠲᠡᠶ᠃ ᠦᠢᠯᠡᠳᠦᠯᠭᠡ ᠶᠢᠨ ᠠᠵᠢᠯᠯᠠᠭ᠎ᠠ ᠶᠢ ᠨᠠᠷᠢᠨ ᠨᠢᠮᠪᠠᠶ ᠵᠣᠬᠢᠶᠠᠨ ᠪᠠᠶᠢᠭᠤᠯᠤᠨ ᠥᠷᠨᠢᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠰᠤᠨ ᠳᠤ ᠦᠯᠤ ᠬᠥᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠭᠦᠨ ᠵᠤᠵᠠᠭᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠤᠢ ᠪᠣᠯᠭᠠᠬᠤ ᠬᠡᠷᠡᠭᠲᠡᠶ᠃ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠰᠤᠨ ᠳᠤ ᠦᠯᠤ ᠬᠥᠷᠦᠭᠰᠡᠳ ᠢ ᠤᠯᠠᠮ ᠨᠢᠭᠡ ᠠᠯᠬᠤᠮ ᠤᠬᠠᠭᠤᠯᠤᠨ ᠬᠥᠲᠥᠯᠥᠨ ᠵᠢᠯᠣᠭᠤᠳᠴᠤ ᠪᠠᠶᠢᠭᠠᠳ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠬᠦᠰᠡᠯᠡᠩ ᠢᠲᠡᠭᠡᠯ ᠵᠣᠷᠢᠭ ᠪᠠ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠶ ᠶᠢᠨ ᠦᠵᠡᠯᠲᠡ᠂ ᠦᠷᠳᠡᠭ ᠤᠨ ᠦᠵᠡᠯᠲᠡ ᠲᠠᠢ ᠪᠣᠯᠭᠠᠵᠤ᠂ ᠡᠷᠬᠢᠮ ᠳᠡᠭᠡᠳᠦ ᠦᠵᠡᠯ ᠰᠠᠨᠠᠭ᠎ᠠ ᠵᠠᠩ ᠴᠢᠨᠠᠷ ᠪᠠ ᠰᠠᠶᠢᠨ ᠰᠠᠶᠢᠬᠠᠨ ᠶᠣᠰᠣ ᠮᠣᠷᠠᠯ ᠦᠵᠡᠯ ᠰᠡᠳᠬᠢᠯᠭᠡ ᠲᠠᠢ ᠪᠣᠯᠭᠠᠬᠤ ᠬᠡᠷᠡᠭᠲᠡᠶ᠃ ᠪᠣᠯᠪᠠᠰᠤᠨ ᠰᠤᠷᠭᠠᠭᠤᠯᠢ ᠶᠢᠨ ᠬᠦᠷᠢᠶ᠎ᠠ ᠪᠣᠯᠤᠨ ᠬᠥᠳᠡᠭᠡ ᠲᠣᠰᠬᠤᠨ ᠤ ᠰᠤᠷᠭᠠᠭᠤᠯᠢ ᠶᠢᠨ ᠪᠠᠭᠠᠴᠤᠳ ᠤᠨ ᠣᠷᠳᠣᠨ ᠢ ᠬᠤᠣᠰᠯᠠᠭᠤᠯᠤᠨ ᠬᠠᠮᠲᠤᠪᠠᠷ ᠪᠠᠶᠢᠭᠤᠯᠬᠤ ᠶᠢ ᠠᠬᠢᠭᠤᠯᠵᠤ᠂ ᠨᠠᠰᠤᠨ ᠳᠤ ᠦᠯᠦ ᠬᠦᠷᠦᠭᠰᠡᠳ ᠢ ᠬᠦᠳᠦᠯᠦᠨ ᠵᠢᠯᠣᠭᠤᠳᠴᠤ ᠶᠣᠰᠣ ᠰᠤᠷᠲᠠᠬᠤᠨ ᠤ ᠮᠡᠳᠡᠯᠭᠡ ᠶᠢ ᠰᠤᠷᠤᠯᠴᠠᠬᠤ ᠶᠢᠨ ᠬᠠᠮᠲᠤ ᠤᠬᠠᠮᠰᠠᠷ ᠠᠴᠠ ᠪᠠᠨ ᠶᠣᠰᠣ ᠰᠤᠷᠲᠠᠬᠤᠨ ᠤ ᠵᠢᠷᠤᠮᠵᠢᠯ ᠢ ᠵᠢᠷᠤᠮᠯᠠᠭᠤᠯᠵᠤ᠂ ᠪᠣᠯᠪᠠᠰᠤᠨ ᠰᠤᠷᠭᠠᠭᠤᠯᠢ ᠶᠢᠨ ᠬᠦᠷᠢᠶ᠎ᠠ ᠶᠢ ᠡᠭᠦᠳᠦᠨ ᠪᠠᠶᠢᠭᠤᠯᠬᠤ ᠶᠢ ᠭᠦᠨᠵᠡᠭᠡᠶᠢᠷᠡᠭᠦᠯᠦᠨ ᠥᠷᠭᠡᠳᠬᠡᠬᠦ ᠶᠢ ᠠᠬᠢᠭᠤᠯᠬᠤ ᠬᠡᠷᠡᠭᠲᠡᠢ᠃    ᠬᠤᠷᠠᠯ ᠠᠴᠠ ᠪᠠᠰᠠ ︽ᠬᠥᠯᠥᠨ ᠪᠤᠶᠢᠷ ᠬᠤᠳᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠬᠡᠯ ︵ᠰᠠᠨᠠᠯ ᠬᠤᠷᠢᠶᠠᠬᠤ ᠨᠤᠤᠷᠠᠭ︶︾ ᠢ ᠰᠤᠳᠤᠯᠤᠨ ᠶᠠᠷᠢᠯᠴᠠᠪᠠ    
 
ᠢᠷᠡᠯᠲᠡ᠄ ᠭᠡᠭᠡᠨ ᠭᠤᠤᠯ ᠬᠤᠳᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号