ᠮᠠᠨ ᠤ ᠬᠤᠲᠠ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢᠨ ᠲᠤᠰᠬᠠᠶ ᠰᠡᠳᠦᠪᠲᠦ ᠰᠤᠷᠤᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/11
   ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠤᠱᠯᠠᠭᠤᠯᠬᠤ ᠶᠢᠨ ᠲᠥᠯᠥᠭᠡ᠂ ᠰᠢ ᠶᠢᠨ ᠫᠢᠩ ᠶᠡᠷᠦᠩᠬᠡᠶ ᠱᠦᠵᠢ ᠶᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠪᠠ᠃ 9 ᠰᠠᠷ᠎ᠠ ᠶᠢᠨ 7 ᠤ ᠡᠳᠦᠷ᠂ ᠮᠠᠨ ᠤ ᠬᠤᠲᠠ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠲᠤᠰᠬᠠᠶ ᠰᠡᠳᠦᠪ ᠢᠶᠠᠷ ᠰᠤᠷᠤᠯᠴᠠᠬᠤ ᠬᠤᠷᠠᠯ ᠬᠤᠷᠠᠯᠳᠤᠭᠤᠯᠪᠠ᠃ ᠬᠤᠳᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠴᠠᠢ ᠸᠧᠢ ᠫᠢᠩ᠂ ᠬᠤᠳᠠ ᠶᠢᠨ ᠠᠷᠠᠳ ᠤᠨ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠤᠳᠠ ᠶᠢᠨ ᠠᠷᠠᠳ ᠤᠨ ᠵᠥᠪᠯᠡᠯ ᠤᠨ ᠭᠡᠰᠢᠭᠦᠨ ᠨᠢᠭᠡᠴᠡ ᠶᠢᠨ ᠲᠤᠰᠢᠶᠠᠯ ᠬᠠᠪᠰᠤᠷᠭᠠᠭᠰᠠᠨ ᠭᠡᠰᠢᠭᠦᠨ ᠵᠢᠴᠢ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠡᠩ ᠲᠡᠷᠢᠭᠦᠨ ᠳᠤ ᠲᠥᠪ ᠤᠨ ᠦᠨᠳᠦᠰᠦᠲᠡᠨ ᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃    ᠴᠠᠢ ᠸᠧᠶ ᠫᠢᠩ ᠱᠠᠭᠠᠷᠳᠠᠭᠰᠠᠨ ᠨᠢ᠂ ᠡᠯ᠎ᠡ ᠭᠡᠰᠢᠭᠦᠨ ᠨᠢᠭᠡᠴᠡ ᠶᠢᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠮᠥᠨ ᠴᠢᠨᠠᠷ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠣᠶᠢᠯᠭᠠᠵᠤ᠂ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠣᠶᠢᠯᠭᠠᠬᠤ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠵᠢᠴᠢ ᠲᠤᠰ ᠰᠠᠯᠠᠭ᠎ᠠ ᠮᠥᠴᠢᠷ ᠤᠨ ᠢᠶᠠᠨ ᠪᠣᠳᠠᠲᠠᠢ ᠠᠵᠢᠯ ᠲᠠᠢ ᠤᠶᠠᠯᠳᠤᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠡᠨᠡᠬᠦ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠭᠦᠨ ᠭᠦᠨᠵᠡᠭᠡᠶ ᠤᠳᠠᠭᠠᠨ ᠳᠠᠭᠠᠭᠠᠮᠠᠭᠠᠶ ᠪᠠᠷ ᠰᠠᠶᠢᠲᠤᠷ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠢ ᠪᠠᠶᠢᠩᠭᠤᠵᠢᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠦᠨᠳᠦᠰᠦᠲᠡᠨ ᠤ ᠠᠵᠢᠯ ᠢ ᠥᠷᠨᠢᠭᠦᠯᠬᠦ ᠶᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠢ ᠶᠢ ᠡᠭᠦᠳᠦᠨ ᠪᠠᠶᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠶ᠃ ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠵᠤ᠂ ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠬᠡᠷᠡᠭᠲᠡᠶ᠃ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦᠲᠡᠨ ᠤ ᠠᠵᠢᠯ ᠢ ᠥᠷᠨᠢᠭᠦᠯᠬᠦ ᠦᠶ᠎ᠡ ᠶᠢᠨ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠣᠨᠣᠪᠴᠢᠲᠠᠢ ᠵᠠᠳᠠᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠴᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠦᠨᠳᠦᠰᠦᠲᠡᠨ ᠤ ᠠᠵᠢᠯ ᠢ ᠴᠢᠨᠠᠭᠰᠢᠳᠠ ᠰᠠᠶᠢᠲᠤᠷ ᠬᠢᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ᠃ ᠡᠯ᠎ᠡ ᠭᠡᠰᠢᠭᠦᠨ ᠨᠢᠭᠡᠴᠡ ᠶᠢᠨ ᠬᠢᠨ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠲᠤᠰ ᠤᠳᠠᠭ᠎ᠠ ᠶᠢᠨ ᠬᠤᠷᠠᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠦᠨᠡᠨᠬᠦ ᠨᠠᠷᠢᠨ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠦᠨᠳᠦᠰᠦᠲᠡᠨ ᠤ ᠠᠵᠢᠯ ᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠪᠠᠲᠤ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠤᠱᠯᠠᠭᠤᠯᠵᠤ᠂ ᠮᠠᠨ ᠤ ᠬᠤᠲᠠ ᠶᠢᠨ ᠦᠨᠳᠦᠰᠦᠲᠡᠨ ᠤ ᠠᠵᠢᠯ ᠤᠨ ᠪᠦᠬᠦᠯᠢ ᠴᠣᠭᠴᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃
 
ᠢᠷᠡᠯᠲᠡ᠄ ᠭᠡᠭᠡᠨ ᠭᠤᠤᠯ ᠬᠤᠳᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号