ᠰᠦᠨ ᠱᠠᠩ ᠭᠦᠸᠧ ᠮᠠᠨ ᠤ ᠬᠤᠲᠠ ᠶᠢᠨ ᠬᠤᠪᠢᠶᠠᠷᠢ ᠬᠤᠷᠠᠯ ᠤᠨ ᠲᠠᠯᠠᠪᠠᠢ ᠳᠤ ᠬᠥᠯᠥᠨ ᠪᠤᠶᠢᠷ ᠬᠤᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ  ᠸᠢᠳᠢᠣ᠋ ᠲᠣᠬᠢᠷᠠᠭᠤᠯᠤᠯᠲᠠ ᠶᠢᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2021/9/11
   9 ᠰᠠᠷ᠎ᠠ ᠶᠢᠨ 7 ᠤ ᠡᠳᠦᠷ᠂ ᠬᠥᠯᠥᠨ ᠪᠤᠶᠢᠷ ᠬᠤᠲᠠ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠸᠢᠳᠢᠣ᠋ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠰᠦᠨ ᠱᠠᠩ ᠭᠦᠸᠧ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠶᠢᠨ ᠸᠧᠶ ᠢ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ  ᠬᠡᠦ ᡁᠢ ᠸᠧᠨ᠂ ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠰᠢᠤᠢ ᠭᠦᠸᠧ ᠯᠢᠩ᠂ ᠬᠤᠲᠠ ᠶᠢᠨ ᠳᠡᠳ᠋ ᠳᠠᠷᠤᠭ᠎ᠠ ᠴᠠᠢ ᠸᠧᠶ ᠫᠢᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠮᠠᠨ ᠤ ᠬᠤᠲᠠ ᠶᠢᠨ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃    ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠭᠤᠤ ᠷᠦᠨ ᠰᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠲᠡᠷᠡ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠣᠳᠣᠬᠠᠨ ᠤ ᠠᠵᠤ ᠠᠬᠤᠢ ᠶᠢᠨ ᠪᠠᠶᠢᠳᠠᠯ ᠳᠤ ᠵᠥᠪ ᠢᠶᠠᠷ ᠬᠠᠨᠳᠤᠬᠤ ᠬᠡᠷᠡᠭᠲᠡᠢ᠃ ᠣᠶᠢᠯᠠᠭᠠᠭᠳᠠᠬᠤᠨ ᠢᠶᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠬᠥᠭᠵᠢᠯᠲᠡ ᠶᠢᠨ ᠢᠯᠡ ᠲᠣᠳᠣ ᠤᠳᠤᠷᠢᠳᠤᠮᠵᠢ ᠶᠢ ᠪᠠᠲᠤ ᠪᠠᠬᠢ ᠪᠤᠢ ᠪᠣᠯᠭᠠᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠵᠦᠢᠯᠡᠰ ᠤᠨ ᠪᠦᠳᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠤᠨ᠎ᠠ᠃ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠪᠦᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ ᠰᠢᠯᠢᠳᠡᠭᠵᠢᠭᠦᠯᠦᠨ᠎ᠡ᠃ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠵᠦ᠂ ᠨᠡᠬᠡᠬᠡᠯᠳᠡ ᠬᠢᠵᠦ ᠬᠠᠮᠲᠤᠷᠠᠯᠴᠠᠬᠤ ᠲᠦᠪᠰᠢᠨ ᠢ ᠴᠢᠷᠮᠠᠶᠢᠨ ᠳᠡᠭᠡᠭᠰᠢᠯᠡᠭᠦᠯᠦᠨ᠎ᠡ᠃ ᠠᠷᠠᠳ ᠤᠨ ᠠᠮᠢᠳᠤᠷᠠᠯ ᠤᠨ ᠦᠷ᠎ᠡ ᠪᠦᠲᠦᠭᠡᠯ ᠢ ᠬᠠᠮᠲᠤᠪᠠᠷ ᠡᠳ᠋ᠯᠡᠵᠦ᠂ ᠰᠠᠭᠤᠷᠢ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠦᠨᠡᠨᠬᠦ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤᠳᠬᠠᠵᠤ᠂ ᠠᠮᠤᠷ ᠲᠦᠪᠰᠢᠨ ᠲᠣᠭᠲᠠᠭᠤᠨ ᠤ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠨ᠎ᠠ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠥᠯᠭᠢᠨ ᠠᠬᠢᠭᠤᠯᠬᠤ ᠠᠵᠢᠯ ᠢ ᠡᠷᠡᠰ ᠭᠤᠶᠢᠪᠢᠰᠢ ᠥᠬᠡᠶ ᠰᠠᠶᠢᠲᠤᠷ ᠠᠳᠬᠤᠵᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠬᠡᠪᠡᠷ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠪᠥᠭᠡᠳ ᠪᠣᠳᠠᠲᠠᠶ ᠪᠠᠷ ᠰᠠᠶᠢᠲᠤᠷ ᠠᠳᠬᠤᠵᠤ᠂ ᠪᠥᠬᠦ ᠵᠢᠯ ᠤᠨ ᠬᠠᠷᠠᠯᠲᠠ ᠶᠢᠨ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠶ᠃    ᠬᠤᠷᠠᠯ ᠠᠴᠠ ᠬᠥᠯᠥᠨ ᠪᠤᠶᠢᠷ ᠬᠤᠲᠠ ᠶᠢᠨ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠪᠣᠯᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠪᠥᠬᠦ ᠬᠤᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠰᠢᠪᠠᠳᠠᠨ ᠪᠠᠶᠢᠴᠠᠭᠠᠯᠲᠠ ᠶᠢᠨ ᠪᠠᠶᠢᠳᠠᠯ ᠢ ᠮᠡᠳᠡᠭᠳᠡᠵᠦ᠂ ᠬᠡᠰᠡᠭ ᠬᠤᠰᠢᠭᠤ ᠬᠤᠲᠠ ᠲᠣᠭᠤᠷᠢᠭ ᠤᠨ ᠬᠢᠨ ᠶᠠᠷᠢᠶ᠎ᠠ ᠲᠠᠯᠪᠢᠪᠠ᠃    
 
ᠢᠷᠡᠯᠲᠡ᠄ ᠭᠡᠭᠡᠨ ᠭᠤᠤᠯ ᠬᠤᠳᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号