ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠰᠢᠯᠭᠠᠨ ᠲᠣᠭᠲᠠᠭᠠᠬᠤ ᠳᠤᠭᠤᠶᠢᠯᠠᠩ ᠮᠠᠨ ᠤ ᠬᠤᠲᠠ ᠳᠤ ᠢᠷᠡᠵᠦ ᠨᠠᠰᠤᠨ ᠳᠤ ᠥᠯᠥ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠪᠠ ᠪᠥᠬᠦ ᠤᠯᠤᠰ ᠤᠨ ᠪᠣᠯᠪᠠᠰᠤᠨ ᠰᠤᠷᠭᠠᠭᠤᠯᠢ ᠶᠢᠨ ᠬᠦᠷᠢᠶᠡᠨ ᠤ ᠠᠵᠢᠯ ᠢ ᠬᠢᠪᠡ
ᠨᠡᠶᠢᠲᠡᠯᠡᠭᠰᠡᠨ ᠴᠠᠭ᠄
2021/9/11
  9 ᠳ᠋ᠦ᠋ᠭᠡᠷ ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠭᠠᠵᠠᠷ ᠤᠨ ᠳᠠᠷᠤᠭ᠎ᠠ ᠯᠢ ᠸᠧᠨ ᠵᠢᠶᠠᠩ ᠨᠠᠷ ᠮᠠᠨ ᠤ ᠬᠤᠲᠠ ᠳᠤ ᠢᠷᠡᠵᠦ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠬᠤ ᠶᠢᠨ ᠬᠠᠮᠲᠤ ᠪᠥᠬᠦ ᠤᠯᠤᠰ ᠤᠨ ᠪᠣᠯᠪᠠᠰᠤᠨ ᠰᠤᠷᠭᠠᠭᠤᠯᠢ ᠶᠢᠨ ᠬᠦᠷᠢᠶᠡᠨ ᠳᠤ ᠰᠢᠯᠭᠠᠨ ᠲᠣᠭᠲᠠᠭᠠᠯᠲᠠ ᠬᠢᠵᠦ᠂ ᠬᠥᠯᠥᠨ ᠪᠤᠶᠢᠷ ᠬᠤᠲᠠ ᠪᠣᠯᠤᠨ ᠮᠠᠨ ᠤ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠪᠠ᠃    ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠳᠤ᠂ ᠰᠢᠯᠭᠠᠨ ᠲᠣᠭᠲᠠᠭᠠᠬᠤ ᠳᠤᠭᠤᠶᠢᠯᠠᠩ ᠤᠨ ᠬᠢᠨ ᠰᠤᠷᠭᠠᠭᠤᠯᠢ ᠶᠢᠨ ᠪᠣᠯᠪᠠᠰᠤᠨ ᠰᠤᠷᠭᠠᠭᠤᠯᠢ ᠶᠢᠨ ᠬᠦᠷᠢᠶᠡᠨ ᠤ ᠡᠭᠦᠳᠦᠨ ᠪᠠᠶᠢᠭᠤᠯᠤᠯᠲᠠ ᠵᠢᠴᠢ ᠣᠨᠴᠠᠯᠢᠭ ᠲᠠᠢ ᠬᠢᠯᠠᠰ ᠴᠡᠭ ᠤᠨ ᠠᠵᠢᠯ ᠵᠡᠷᠭᠡ ᠠᠭᠤᠯᠭ᠎ᠠ ᠶᠢᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠤᠷᠭᠠᠭᠤᠯᠢ ᠶᠢᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ᠂ ᠤᠳᠤᠷᠢᠳᠬᠤ ᠪᠠᠭ ᠤᠨ ᠪᠠᠶᠢᠭᠤᠯᠤᠯᠲᠠ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ᠂ ᠭᠤᠶᠢᠳᠠ ᠰᠠᠶᠢᠬᠠᠨ ᠣᠷᠴᠢᠨ ᠲᠣᠭᠤᠷᠢᠨ ᠤ ᠪᠠᠶᠢᠭᠤᠯᠤᠯᠲᠠ᠂ ᠠᠵᠢᠯᠯᠠᠭᠠᠨ ᠤ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠵᠡᠷᠭᠡ ᠲᠠᠯ᠎ᠠ ᠶᠢᠨ ᠠᠭᠤᠯᠭ᠎ᠠ ᠶᠢ ᠭᠦᠨᠵᠡᠭᠡᠶ ᠣᠶᠢᠯᠠᠭᠠᠵᠤ᠂ ᠰᠤᠷᠭᠠᠭᠤᠯᠢ ᠶᠢᠨ ᠪᠥᠬᠦ ᠤᠯᠤᠰ ᠤᠨ ᠪᠣᠯᠪᠠᠰᠤᠨ ᠰᠤᠷᠭᠠᠭᠤᠯᠢ ᠶᠢᠨ ᠬᠦᠷᠢᠶᠡᠨ ᠤ ᠡᠭᠦᠳᠦᠨ ᠪᠠᠶᠢᠭᠤᠯᠤᠭᠰᠠᠨ ᠲᠠᠩᠰᠠ ᠡᠪᠬᠡᠮᠡᠯ ᠤᠨ ᠮᠠᠲ᠋ᠧᠷᠢᠶᠠᠯ ᠢ ᠨᠠᠷᠢᠨ ᠨᠢᠮᠪᠠᠶ ᠪᠠᠶᠢᠴᠠᠭᠠᠨ ᠦᠵᠡᠵᠦ᠂ ᠪᠣᠯᠪᠠᠰᠤᠨ ᠰᠤᠷᠭᠠᠭᠤᠯᠢ ᠶᠢᠨ ᠬᠦᠷᠢᠶᠡᠨ ᠤ ᠠᠰᠠᠭᠤᠯᠲᠠ ᠶᠢᠨ ᠬᠠᠭᠤᠳᠠᠰᠤ ᠶᠢ ᠰᠢᠯᠭᠠᠨ ᠦᠨᠡᠯᠡᠪᠡ᠃ ᠰᠢᠯᠭᠠᠨ ᠲᠣᠭᠲᠠᠭᠠᠬᠤ ᠳᠤᠭᠤᠶᠢᠯᠠᠩ ᠤᠨ ᠬᠢᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠠᠵᠢᠯ᠂ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ ᠡᠭᠦᠳᠦᠨ ᠪᠠᠶᠢᠭᠤᠯᠬᠤ ᠠᠵᠢᠯ ᠳᠤ ᠬᠠᠨᠳᠤᠯᠭᠠᠲᠤ ᠴᠢᠨᠠᠷᠲᠠᠶ ᠵᠢᠯᠣᠭᠤᠳᠬᠤ ᠰᠠᠨᠠᠯ ᠪᠠ ᠰᠠᠨᠠᠭᠤᠯᠭ᠎ᠠ ᠳᠤᠷᠠᠳᠪᠠ᠃    ᠬᠤᠲᠠ ᠶᠢᠨ ᠣᠯᠭᠤᠶᠠ ᠶᠢᠨ ᠡᠸᠡᠩᠬᠢ ᠦᠨᠳᠦᠰᠦᠲᠡᠨ ᠤ ᠪᠠᠭ᠎ᠠ ᠰᠤᠷᠭᠠᠭᠤᠯᠢ ᠳᠤ᠂ ᠰᠢᠯᠭᠠᠨ ᠲᠣᠭᠲᠠᠭᠠᠬᠤ ᠳᠤᠭᠤᠶᠢᠯᠠᠩ ᠤᠨ ᠬᠢᠨ ᠬᠤᠰᠤᠨ ᠮᠣᠳᠣᠨ ᠤ ᠬᠠᠯᠢᠰᠤᠨ ᠤ ᠵᠢᠵᠢᠭ ᠦᠢᠯᠡᠳᠬᠡᠯ᠂ ᠴᠢᠮᠡᠭᠯᠡᠯ ᠤᠨ ᠵᠢᠷᠤᠭ ᠤᠨ ᠵᠢᠵᠢᠭ ᠦᠢᠯᠡᠳᠬᠡᠯ ᠵᠡᠷᠭᠡ ᠥᠪᠡᠷᠮᠢᠴᠡ ᠣᠨᠴᠠᠯᠢᠭ ᠲᠠᠢ ᠬᠢᠴᠢᠶᠡᠯ ᠢ ᠲᠣᠭᠤᠷᠢᠨ ᠦᠵᠡᠵᠦ᠂ ᠰᠤᠷᠭᠠᠭᠤᠯᠢ ᠶᠢᠨ ᠪᠠᠭᠠᠴᠤᠳ ᠤᠨ ᠣᠷᠳᠣᠨ ᠤ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ ᠪᠠ ᠠᠵᠢᠯᠯᠠᠭᠠᠨ ᠵᠡᠷᠭᠡ ᠪᠠᠶᠢᠳᠠᠯ ᠢ ᠤᠶᠢᠯᠠᠭᠠᠨ᠂ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢ ᠭᠦᠢᠴᠡᠳ ᠨᠤᠲᠠᠯᠠᠪᠠ᠃ ᠬᠤᠶᠢᠰᠢᠳᠠ ᠤᠬᠠᠭᠤᠯᠬᠤ᠂ ᠣᠨᠴᠠᠯᠢᠭ ᠢ ᠳᠡᠯᠭᠡᠷᠡᠭᠦᠯᠬᠦ᠂ ᠳᠠᠪᠠᠭᠤᠯᠢᠭ ᠢ ᠠᠰᠢᠭᠯᠠᠬᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠨᠠᠰᠤᠨ ᠳᠤ ᠥᠯᠥ ᠬᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠦᠨᠡᠨᠬᠦ ᠴᠢᠩᠭᠠᠳᠬᠠᠨ ᠰᠠᠶᠢᠵᠢᠷᠠᠭᠤᠯᠵᠤ᠂ ᠰᠤᠷᠤᠭᠴᠢᠳ ᠤᠨ ᠦᠵᠡᠯ ᠰᠠᠨᠠᠭᠠᠨ ᠤ ᠬᠡᠪ ᠴᠢᠨᠠᠷ ᠪᠣᠯᠤᠨ ᠶᠣᠰᠣ ᠮᠣᠷᠠᠯ ᠦᠵᠡᠯ ᠰᠡᠳᠬᠢᠯᠭᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ ᠭᠡᠵᠡᠶ᠃    
 
ᠢᠷᠡᠯᠲᠡ᠄ ᠭᠡᠭᠡᠨ ᠭᠤᠤᠯ ᠬᠤᠳᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号