︽ᠭᠡᠭᠡᠨ ᠭᠤᠤᠯ ᠬᠤᠲᠠ ᠶᠢᠨ ᠭᠡᠷᠡᠴᠢᠯᠡᠬᠦ ᠵᠦᠢᠯᠡᠰ ᠢ ᠪᠥᠬᠦ ᠲᠠᠯ᠎ᠠ ᠪᠠᠷ ᠬᠡᠷᠡᠭᠵᠢᠭᠦᠯᠬᠦ ᠶᠢ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ ︵ᠬᠤᠶᠡᠷ︶
ᠨᠡᠶᠢᠲᠡᠯᠡᠭᠰᠡᠨ ᠴᠠᠭ᠄
2021/9/17
   ᠬᠤᠶᠠᠷ᠂ ᠠᠵᠢᠯ ᠤᠨ ᠬᠡᠪᠴᠢᠶ᠎ᠡ ᠪᠠ ᠬᠡᠷᠡᠭᠯᠡᠬᠦ ᠡᠲᠡᠭᠡᠳ    ︵ᠨᠢᠭᠡ︶ ᠬᠡᠷᠡᠭᠵᠢᠭᠦᠯᠬᠦ ᠪᠠᠶᠢᠭᠤᠯᠭ᠎ᠠ᠃ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠳᠦᠷᠢᠮ ᠢ ᠪᠦᠬᠦ ᠬᠤᠲᠠ ᠶᠢᠨ ᠬᠡᠪᠴᠢᠶᠡᠨ ᠳᠤ ᠠᠯᠬᠤᠮ ᠳᠠᠷᠠᠭ᠎ᠠ ᠲᠠᠢ ᠪᠠᠷ ᠪᠦᠬᠦᠨ ᠢ ᠪᠦᠷᠬᠦᠬᠦᠯᠦᠨ ᠶᠠᠪᠤᠭᠳᠠᠭᠤᠯᠪᠠ᠃ ᠬᠡᠷᠡᠭᠵᠢᠭᠦᠯᠬᠦ ᠪᠠᠶᠢᠭᠤᠯᠭ᠎ᠠ ᠳᠤ ᠡᠯ᠎ᠡ ᠵᠠᠰᠠᠭ ᠵᠠᠬᠢᠷᠭᠠᠨ ᠤ ᠪᠠᠶᠢᠭᠤᠯᠭ᠎ᠠ ᠪᠠᠭᠲᠠᠨ᠎ᠠ᠃    ︵ᠬᠤᠶᠠᠷ︶ ᠲᠣᠮᠢᠶᠠᠯᠠᠯ ᠪᠠ ᠬᠦᠷᠢᠶ᠎ᠡ ᠬᠡᠪᠴᠢᠶ᠎ᠡ᠃ ᠲᠤᠰ ᠲᠥᠰᠦᠯ ᠳᠤ ᠬᠡᠯᠡᠵᠦ ᠪᠠᠶᠢᠭ᠎ᠠ ᠭᠡᠷᠡᠴᠢᠯᠡᠯ ᠭᠡᠳᠡᠭ ᠪᠣᠯ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠬᠠᠤᠯᠢ ᠶᠣᠰᠣᠭᠠᠷ ᠵᠠᠰᠠᠭ ᠵᠠᠬᠢᠷᠭᠠᠨ ᠤ ᠪᠠᠶᠢᠭᠤᠯᠭ᠎ᠠ ᠳᠤ ᠵᠠᠰᠠᠭ ᠵᠠᠬᠢᠷᠭᠠᠨ ᠤ ᠬᠡᠷᠡᠭ ᠶᠠᠪᠤᠳᠠᠯ ᠢ ᠰᠢᠢᠳᠪᠦᠷᠢᠯᠡᠭᠦᠯᠬᠦ ᠪᠠᠷ ᠭᠤᠶᠤᠴᠢᠯᠠᠬᠤ ᠦᠶ᠎ᠡ ᠳᠤ᠂ ᠬᠠᠩᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠪᠤᠰᠤᠳ ᠪᠠᠶᠢᠭᠤᠯᠤᠮᠵᠢ ᠠᠴᠠ ᠭᠠᠷᠭᠠᠵᠤ ᠥᠭᠬᠦ ᠴᠢᠬᠤᠯᠠᠲᠠᠶ ᠪᠥᠭᠡᠳ ᠪᠤᠰᠤᠳᠴᠢ ᠪᠣᠳᠠᠲᠤ ᠶᠠᠪᠤᠳᠠᠯ ᠢ ᠳᠦᠷᠰᠦᠯᠡᠬᠦ ᠪᠤᠶᠤ ᠣᠨᠴᠠᠭᠠᠶ ᠨᠥᠬᠦᠴᠡᠯ ᠳᠤ ᠨᠡᠶᠢᠴᠡᠬᠦ ᠶᠢ ᠢᠯᠡᠳᠬᠡᠬᠦ ᠳᠤ ᠬᠡᠷᠡᠭᠯᠡᠬᠦ ᠮᠠᠲ᠋ᠧᠷᠢᠶᠠᠯ ᠢ ᠵᠢᠭᠠᠵᠤ ᠪᠠᠶᠢᠨ᠎ᠠ᠃ ᠭᠡᠷᠡᠴᠢᠯᠡᠬᠦ ᠤᠴᠢᠷ ᠶᠠᠪᠤᠳᠠᠯ ᠤᠨ ᠠᠮᠠᠯᠠᠯᠲᠠ ᠶᠢᠨ ᠳᠦᠷᠢᠮ ᠢ ᠬᠡᠯᠡᠵᠦ ᠥᠭᠭᠦᠨ᠎ᠡ᠂ ᠠᠷᠠᠳ ᠢᠷᠭᠡᠨ᠂ ᠬᠠᠤᠯᠢ ᠶᠢᠨ ᠬᠥᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠠᠴᠠ ᠵᠠᠰᠠᠭ ᠵᠠᠬᠢᠷᠭᠠᠨ ᠤ ᠪᠠᠶᠢᠭᠤᠯᠭ᠎ᠠ ᠳᠤ ᠵᠠᠰᠠᠭ ᠵᠠᠬᠢᠷᠭᠠᠨ ᠤ ᠬᠡᠷᠡᠭ ᠶᠠᠪᠤᠳᠠᠯ ᠢ ᠰᠢᠢᠳᠪᠦᠷᠢᠯᠡᠭᠦᠯᠬᠦ ᠪᠠᠷ ᠭᠤᠶᠤᠴᠢᠯᠠᠬᠤ ᠦᠶ᠎ᠡ ᠳᠤ᠂ ᠵᠠᠰᠠᠭ ᠵᠠᠬᠢᠷᠭᠠᠨ ᠤ ᠪᠠᠶᠢᠭᠤᠯᠭ᠎ᠠ ᠪᠢᠴᠢᠭ ᠤᠨ ᠬᠡᠯᠪᠡᠷᠢ ᠪᠠᠷ ︵ᠡᠯᠧᠺᠲᠷᠣᠨ ᠲᠤᠪᠬᠢᠮᠠᠯ ᠪᠠᠭᠲᠠᠨ᠎ᠠ᠂ ᠳᠣᠷᠣᠭᠰᠢ ᠠᠳᠠᠯᠢ︶ ᠭᠡᠷᠡᠴᠢᠯᠡᠬᠦ ᠡᠭᠦᠷᠭᠡ᠂ ᠭᠡᠷᠡᠴᠢᠯᠡᠬᠦ ᠠᠭᠤᠯᠭ᠎ᠠ ᠵᠢᠴᠢ ᠦᠨᠡᠨ ᠪᠣᠳᠠᠲᠠᠶ ᠪᠤᠰᠤ ᠠᠮᠠᠯᠠᠯᠲᠠ ᠶᠢᠨ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠭᠤᠶᠤᠴᠢᠯᠠᠭᠴᠢ ᠳᠤ ᠨᠢᠭᠡ ᠯᠡ ᠤᠳᠠᠭ᠎ᠠ ᠶᠢᠨ ᠴᠢᠨᠠᠷᠲᠠᠶ ᠪᠠᠷ ᠮᠡᠳᠡᠭᠳᠡᠨ᠎ᠡ᠃ ᠭᠤᠶᠤᠴᠢᠯᠠᠭᠴᠢ ᠶᠢᠨ ᠪᠢᠴᠢᠭ ᠤᠨ ᠠᠮᠠᠯᠠᠯᠲᠠ ᠨᠢ ᠨᠢᠭᠡᠨᠲᠡ ᠮᠡᠳᠡᠭᠳᠡᠬᠦ ᠬᠤᠯᠪᠣᠭᠳᠠᠯ ᠪᠦᠬᠦᠢ ᠱᠠᠭᠠᠷᠳᠠᠯᠭ᠎ᠠ ᠳᠤ ᠨᠡᠶᠢᠴᠡᠭᠰᠡᠨ ᠪᠥᠭᠡᠳ ᠦᠨᠡᠨ ᠪᠣᠳᠠᠲᠠᠶ ᠪᠤᠰᠤ ᠠᠮᠠᠯᠠᠯᠲᠠ ᠶᠢᠨ ᠬᠠᠤᠯᠢ ᠶᠢᠨ ᠬᠠᠷᠢᠭᠤᠴᠠᠯᠭ᠎ᠠ ᠶᠢ ᠡᠭᠦᠷᠭᠡᠯᠡᠬᠦ ᠳᠤᠷᠠᠲᠠᠶ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠬᠤᠯᠪᠣᠭᠳᠠᠯ ᠪᠦᠬᠦᠢ ᠭᠡᠷᠡᠴᠢ ᠶᠢ ᠳᠠᠬᠢᠵᠤ ᠠᠪᠬᠤ ᠦᠭᠡᠢ ᠪᠥᠭᠡᠳ ᠪᠢᠴᠢᠭ ᠤᠨ ᠠᠮᠠᠯᠠᠯᠲᠠ ᠶᠢ ᠦᠨᠳᠦᠰᠦᠯᠡᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠵᠦᠢᠯᠡᠰ ᠢ ᠰᠢᠢᠳᠪᠦᠷᠢᠯᠡᠬᠦ ᠠᠵᠢᠯ ᠤᠨ ᠲᠣᠭᠲᠠᠴᠠ ᠶᠢ ᠭᠦᠢᠴᠡᠳᠬᠡᠨ᠎ᠡ᠃    ᠮᠡᠳᠡᠭᠳᠡᠬᠦ ᠠᠮᠠᠯᠠᠯᠲᠠ ᠶᠢᠨ ᠳᠦᠷᠢᠮ ᠢ ᠬᠡᠷᠡᠭᠯᠡᠬᠦ ᠭᠡᠷᠡᠴᠢᠯᠡᠬᠦ ᠵᠦᠢᠯᠡᠰ ᠤᠨ ᠬᠡᠪᠴᠢᠶ᠎ᠡ ᠳᠤ ᠬᠠᠮᠤᠭ ᠤᠨ ᠶᠡᠭᠡ ᠬᠡᠮᠵᠢᠶ᠎ᠡ ᠪᠠᠷ ᠠᠷᠠᠳ ᠲᠤ ᠠᠰᠢᠭᠲᠠᠶ ᠠᠷᠠᠳ ᠲᠤ ᠳᠥᠭᠦᠮ ᠦᠵᠡᠭᠦᠯᠬᠦ ᠵᠠᠷᠴᠢᠮ ᠶᠣᠰᠣᠭᠠᠷ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ᠂ ᠬᠡᠷᠡᠭᠯᠡᠬᠦ ᠤᠳᠠᠭ᠎ᠠ ᠪᠠᠷ ᠨᠡᠯᠢᠶᠡᠳ ᠥᠨᠳᠥᠷ ᠪᠤᠶᠤ ᠤᠯᠬᠤ ᠳᠤ ᠨᠡᠯᠢᠶᠡᠳ ᠬᠦᠴᠢᠷᠲᠡᠶ ᠭᠡᠷᠡᠴᠢᠯᠡᠬᠦ ᠵᠦᠢᠯᠡᠰ ᠤᠨ ᠳᠣᠲᠣᠷ᠎ᠠ ᠠᠴᠠ ᠲᠣᠭᠲᠠᠭᠠᠨ᠎ᠠ᠂ ᠢᠯᠠᠩᠭᠤᠶ᠎ᠠ ᠡᠷᠦᠭᠡ ᠠᠮᠠ ᠶᠢᠨ ᠲᠠᠩᠰᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠡᠵᠡᠩᠨᠡᠯᠲᠡ ᠶᠢ ᠵᠥᠪᠰᠢᠶᠡᠷᠡᠬᠦ᠂ ᠬᠢᠷᠢ ᠬᠡᠮ ᠤᠨ ᠰᠢᠯᠭᠠᠯᠲᠠ᠂ ᠨᠡᠶᠢᠭᠡᠮ ᠤᠨ ᠳᠠᠭᠠᠳᠬᠠᠯ᠂ ᠨᠡᠶᠢᠭᠡᠮ ᠤᠨ ᠠᠪᠤᠷᠠᠨ ᠲᠤᠰᠠᠯᠠᠯᠲᠠ᠂ ᠡᠷᠡᠭᠦᠯ ᠮᠡᠨᠳᠤ ᠶᠢᠨ ᠪᠠᠶᠢᠴᠠᠭᠠᠯᠲᠠ᠂ ᠬᠠᠤᠯᠢ ᠴᠠᠭᠠᠵᠠ ᠶᠢᠨ ᠦᠢᠯᠡᠴᠢᠯᠡᠭᠡ ᠵᠡᠷᠭᠡ ᠲᠠᠯ᠎ᠠ ᠪᠠᠷ ᠱᠠᠯᠠᠪᠳᠠᠨ ᠬᠡᠷᠡᠭᠵᠢᠭᠦᠯᠵᠦ᠂ ᠲᠦᠷᠭᠡᠬᠡᠨ ᠨᠠᠶᠢᠳᠠᠪᠤᠷᠢᠵᠢᠭᠤᠯᠬᠤ ᠬᠡᠷᠡᠭᠲᠡᠶ᠃ ᠤᠯᠤᠰ ᠤᠨ ᠠᠮᠤᠷ ᠲᠦᠪᠰᠢᠨ᠂ ᠤᠯᠤᠰ ᠤᠨ ᠨᠢᠭᠤᠴᠠ᠂ ᠣᠯᠠᠨ ᠨᠡᠶᠢᠲᠡ ᠶᠢᠨ ᠠᠮᠤᠷ ᠲᠦᠪᠰᠢᠨ᠂ ᠮᠥᠩᠭᠦᠨ ᠭᠦᠢᠯᠭᠡᠭᠡᠨ ᠤ ᠦᠢᠯᠡᠰ ᠤᠨ ᠬᠢᠨᠠᠭᠤᠷ ᠪᠣᠯᠭᠤᠮᠵᠢᠲᠠᠶ ᠬᠢᠨᠠᠯᠲᠠ ᠬᠠᠮᠢᠶᠠᠷᠤᠯᠲᠠ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠰᠢᠭᠤᠳ ᠬᠤᠯᠪᠣᠭᠳᠠᠵᠤ᠂ ᠬᠥᠮᠦᠨ ᠤ ᠪᠡᠶ᠎ᠡ ᠶᠢᠨ ᠡᠷᠡᠭᠦᠯ ᠮᠡᠨᠳᠦ᠂ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠰᠢᠭᠤᠳ ᠬᠤᠯᠪᠣᠭᠳᠠᠬᠤ ᠵᠢᠴᠢ ᠴᠢᠬᠤᠯᠠ ᠭᠠᠳᠠᠭᠠᠳᠤ ᠳᠤ ᠬᠤᠯᠪᠣᠭᠳᠠᠬᠤ ᠵᠡᠷᠭᠡ ᠲᠦᠭᠰᠢᠭᠦᠷᠢ ᠪᠠᠷ ᠨᠡᠯᠢᠶᠡᠳ ᠶᠡᠭᠡ ᠪᠠᠶᠢᠵᠤ᠂ ᠵᠠᠯᠠᠷᠠᠭᠤᠯᠬᠤ ᠥᠪᠡᠷ ᠤᠨ ᠥᠷᠲᠡᠭ ᠨᠢ ᠨᠡᠯᠢᠶᠡᠳ ᠥᠨᠳᠥᠷ᠂ ᠬᠤᠬᠢᠷᠠᠯ ᠢ ᠡᠭᠡᠭᠦᠯᠵᠦ ᠠᠪᠴᠢᠷᠠᠬᠤᠶ᠎ᠠ ᠪᠡᠷᠬᠡ ᠭᠡᠷᠡᠴᠢᠯᠡᠬᠦ ᠵᠦᠢᠯᠡᠰ ᠲᠤ  ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠯᠡᠬᠦ ᠥᠬᠡᠶ᠃    ︵ᠭᠤᠷᠪᠠ︶ ᠬᠡᠷᠡᠭᠯᠡᠬᠦ ᠡᠲᠡᠭᠡᠳ᠃ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠭᠡᠷᠡᠴᠢᠯᠡᠬᠦ ᠵᠦᠢᠯᠡᠰ ᠢ ᠭᠤᠶᠤᠴᠢᠯᠠᠭᠴᠢ ᠨᠢ ᠮᠡᠳᠡᠭᠳᠡᠬᠦ ᠠᠮᠠᠯᠠᠯᠲᠠ ᠶᠢᠨ ᠲᠦᠷᠢᠮ ᠤᠨ ᠠᠷᠭ᠎ᠠ ᠮᠠᠶ᠋ᠢᠭ ᠢ ᠬᠡᠷᠡᠭᠯᠡᠬᠦ ᠡᠰᠡᠬᠦ ᠪᠠᠨ ᠥᠪᠡᠰᠦᠪᠡᠨ ᠡᠵᠡᠨ ᠮᠡᠳᠡᠵᠤ  ᠰᠢᠢᠳᠪᠦᠷᠢᠯᠡᠵᠦ ᠪᠣᠯᠤᠨ᠎ᠠ᠃ ᠭᠤᠶᠤᠴᠢᠯᠠᠭᠴᠢ ᠠᠮᠠᠯᠠᠬᠤ ᠳᠤᠷ᠎ᠠ ᠦᠭᠡᠢ ᠪᠤᠶᠤ ᠠᠮᠠᠯᠠᠬᠤ ᠶᠢᠨ ᠠᠷᠭ᠎ᠠ ᠦᠭᠡᠢ ᠪᠠᠶᠢᠪᠠᠯ᠂ ᠬᠠᠤᠯᠢ ᠴᠠᠭᠠᠵᠠ ᠬᠠᠤᠯᠢ ᠲᠣᠭᠲᠠᠭᠠᠯ ᠪᠤᠶᠤ ᠲᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ ᠳᠤ ᠱᠠᠭᠠᠷᠳᠠᠭᠰᠠᠨ ᠭᠡᠷᠡᠴᠢ ᠶᠢ ᠲᠤᠰᠢᠶᠠᠬᠤ ᠬᠡᠷᠡᠭᠲᠡᠢ᠃ ᠭᠤᠶᠤᠴᠢᠯᠠᠭᠴᠢ ᠨᠢ ᠨᠡᠯᠢᠶᠡᠳ ᠬᠦᠨᠳᠦ ᠨᠣᠴᠢᠲᠠᠶ ᠢᠲᠡᠭᠡᠮᠵᠢ ᠶᠢᠨ ᠮᠠᠭᠤ ᠲᠡᠮᠳᠡᠭᠯᠡᠯ ᠲᠠᠢ ᠪᠤᠶᠤ ᠬᠤᠳᠠᠯ ᠬᠠᠭᠤᠷᠮᠠᠭ ᠠᠮᠠᠯᠠᠯᠲᠠ ᠬᠢᠵᠦ ᠥᠩᠭᠡᠷᠡᠭᠰᠡᠨ ᠵᠡᠷᠭᠡ ᠪᠠᠶᠢᠳᠠᠯ ᠲᠠᠢ ᠪᠠᠶᠢᠪᠠᠯ᠂ ᠢᠲᠡᠭᠡᠮᠵᠢ ᠶᠢ ᠰᠡᠷᠭᠦᠭᠡᠬᠦ ᠠᠴᠠ ᠡᠮᠦᠨ᠎ᠡ ᠬᠡᠯᠡᠵᠦ ᠥᠭᠬᠦ ᠠᠮᠠᠯᠠᠯᠲᠠ ᠶᠢᠨ ᠲᠦᠷᠢᠮ ᠢ ᠬᠡᠷᠡᠭᠯᠡᠬᠦ ᠦᠭᠡᠢ᠃    ᠭᠤᠷᠪᠠ᠂ ᠭᠤᠣᠯ ᠡᠭᠦᠷᠭᠡ    ︵ᠨᠢᠭᠡ︶ ᠮᠡᠳᠡᠭᠳᠡᠬᠦ ᠠᠮᠠᠯᠠᠯᠲᠠ ᠶᠢᠨ ᠲᠦᠷᠢᠮ ᠤᠨ ᠭᠡᠷᠡᠴᠢᠯᠡᠬᠦ ᠵᠦᠢᠯᠡᠰ ᠢ ᠲᠣᠭᠲᠠᠭᠠᠬᠤ᠃ ᠬᠥᠯᠥᠨ ᠪᠤᠶᠢᠷ ᠬᠤᠲᠠ ᠬᠤᠲᠠ ᠶᠢᠨ ᠵᠠᠰᠠᠭ ᠤᠨ ᠣᠷᠳᠣᠨ ᠤ ᠬᠡᠷᠡᠭᠵᠢᠭᠦᠯᠬᠦ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠤᠨ ᠭᠡᠷᠡᠴᠢᠯᠡᠬᠦ ᠵᠦᠢᠯᠡᠰ ᠤᠨ ᠭᠠᠷᠴᠠᠭ ᠢ ᠨᠡᠶᠢᠲᠡᠯᠡᠭᠰᠡᠨ ᠤ ᠳᠠᠷᠠᠭ᠎ᠠ᠂ ᠬᠤᠲᠠ ᠶᠢᠨ ᠡᠯ᠎ᠡ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠲᠣᠰ ᠱᠠᠲᠤᠨ ᠤ ᠬᠡᠷᠡᠭᠵᠢᠭᠦᠯᠬᠦ ᠭᠡᠷᠡᠴᠢᠯᠡᠬᠦ ᠵᠦᠶ᠋ᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠤᠨ ᠭᠡᠷᠡᠴᠢᠯᠡᠬᠦ ᠵᠦᠶ᠋ᠯᠡᠰ ᠤᠨ ᠭᠠᠷᠴᠠᠭ ᠢ ᠬᠢᠨᠠᠮᠠᠭᠠᠶ ᠰᠤᠳᠤᠯᠬᠤ ᠶᠢᠨ ᠬᠠᠮᠲᠤ ᠲᠣᠭᠲᠠᠭᠠᠨ᠎ᠠ᠃ ᠡᠯ᠎ᠡ ᠰᠠᠯᠠᠭ᠎ᠠ ᠮᠥᠴᠢᠷ ᠤᠳ ᠬᠠᠤᠯᠢ ᠴᠠᠭᠠᠵᠠ ᠬᠠᠤᠯᠢ ᠲᠣᠭᠲᠠᠭᠠᠯ ᠢ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠥᠬᠡᠶ ᠪᠣᠯᠭᠠᠭᠰᠠᠨ ᠪᠠᠶᠢᠳᠠᠯ ᠪᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠣᠰ ᠰᠢᠰᠲ᠋ᠧᠮ ᠤᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠭᠡᠷᠡᠴᠢᠯᠡᠬᠦ ᠵᠦᠢᠯᠡᠰ ᠲᠤ ᠤᠤᠯ ᠤᠨ ᠬᠢᠨᠠᠨ ᠬᠠᠷᠭᠤᠭᠤᠯᠤᠭᠰᠠᠨ ᠲᠠᠰ ᠳᠠᠷᠠᠭᠠᠯᠠᠯ ᠢᠶᠠᠷ ᠴᠠᠭ ᠲᠤᠬᠠᠶ ᠳᠤᠨᠢ ᠬᠥᠳᠡᠯᠦᠩᠭᠦᠶ ᠲᠣᠬᠢᠷᠠᠭᠤᠯᠤᠯᠲᠠ ᠬᠢᠬᠦ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠶ᠃   ︵ᠬᠤᠶᠠᠷ︶ ᠠᠮᠠᠯᠠᠯᠲᠠ ᠶᠢᠨ ᠲᠦᠷᠢᠮ ᠤᠨ ᠠᠵᠢᠯ ᠤᠨ ᠴᠤᠪᠤᠷᠠᠯ ᠢ ᠵᠢᠷᠤᠮᠵᠢᠭᠤᠯᠬᠤ ᠬᠡᠷᠡᠭᠲᠡᠶ᠃ ᠡᠯ᠎ᠡ ᠵᠠᠰᠠᠭ ᠵᠠᠬᠢᠷᠭᠠᠨ ᠤ ᠪᠠᠶᠢᠭᠤᠯᠭ᠎ᠠ ᠨᠢ ᠪᠥᠬᠦ ᠲᠠᠯ᠎ᠠ ᠪᠠᠷ ᠣᠨᠣᠪᠴᠢᠲᠠᠶ᠂ ᠡᠷᠬᠡ ᠬᠠᠷᠢᠭᠤᠴᠠᠯᠭ᠎ᠠ ᠨᠢ ᠲᠣᠳᠣᠷᠬᠠᠶ᠂ ᠬᠢᠯᠪᠠᠷ ᠣᠶᠢᠯᠠᠭᠠᠮᠵᠢᠲᠠᠶ ᠪᠠᠶᠢᠬᠤ ᠱᠠᠭᠠᠷᠳᠠᠯᠭ᠎ᠠ ᠶᠣᠰᠣᠭᠠᠷ᠂ ᠠᠮᠠᠯᠠᠯᠲᠠ ᠶᠢᠨ ᠲᠦᠷᠢᠮ ᠤᠨ ᠠᠵᠢᠯ ᠤᠨ ᠲᠦᠷᠢᠮ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠲᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠠᠮᠠᠯᠠᠯᠲᠠ ᠶᠢᠨ ᠪᠢᠴᠢᠭ ᠤᠨ ᠵᠠᠭᠪᠤᠷ ᠤᠨ ᠲᠣᠪᠬᠢᠮᠠᠯ ᠢ ᠵᠣᠬᠢᠶᠠᠬᠤ ᠬᠡᠷᠡᠭᠲᠡᠶ᠃ ᠠᠮᠠᠯᠠᠯᠲᠠ ᠶᠢᠨ ᠲᠦᠷᠢᠮ ᠤᠨ ᠠᠵᠢᠯ ᠶᠠᠪᠤᠳᠠᠯ ᠭᠦᠢᠴᠡᠳᠭᠡᠬᠦ ᠵᠦᠭᠯᠡᠭᠦᠷ ᠢ ᠮᠡᠳᠡᠭᠳᠡᠵᠦ᠂ ᠠᠮᠠᠯᠠᠯᠲᠠ ᠶᠢᠨ ᠪᠢᠴᠢᠭ ᠤᠨ ᠵᠠᠭᠪᠤᠷ ᠤᠨ ᠲᠣᠪᠬᠢᠮᠠᠯ ᠢ ᠬᠠᠮᠢᠶ᠎ᠠ ᠪᠥᠬᠦᠶ ᠦᠢᠯᠡᠴᠢᠯᠡᠭᠡᠨ ᠤ ᠲᠠᠯᠠᠪᠤᠷ ᠭᠠᠵᠠᠷ᠂ ᠰᠦᠯᠵᠢᠶᠡᠨ ᠥᠷᠲᠡᠭᠡ ᠪᠠ ᠪᠥᠬᠦ ᠤᠯᠤᠰ ᠤᠨ ᠨᠢᠭᠡ ᠴᠤᠭᠴᠠᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠵᠡᠷᠭᠡ ᠠᠷᠭ᠎ᠠ ᠵᠠᠮ ᠢᠶᠠᠷ ᠳᠠᠮᠵᠢᠭᠤᠯᠤᠨ ᠨᠡᠶᠢᠲᠡᠯᠡᠵᠦ᠂ ᠭᠤᠶᠤᠴᠢᠯᠠᠭᠴᠢ ᠶᠢᠨ ᠪᠠᠶᠢᠴᠠᠭᠠᠨ ᠦᠵᠡᠬᠦ᠂ ᠨᠡᠬᠡᠵᠦ ᠠᠪᠬᠤ ᠪᠤᠶᠤ ᠪᠠᠭᠤᠯᠭᠠᠨ ᠠᠪᠬᠤ ᠳᠤ ᠲᠥᠬᠦᠮ ᠦᠵᠡᠭᠦᠯᠦᠨ᠎ᠡ᠃ ᠪᠢᠴᠢᠭ ᠢᠶᠠᠷ ᠮᠡᠳᠡᠭᠳᠡᠬᠦ ᠠᠭᠤᠯᠭ᠎ᠠ ᠳᠤ ᠵᠦᠢᠯᠡᠰ ᠤᠨ ᠨᠡᠷᠡᠶᠢᠳᠦᠯ ᠂ ᠲᠣᠭᠲᠠᠭᠠᠭᠰᠠᠨ ᠦᠨᠳᠦᠰᠦᠯᠡᠯ᠂ ᠭᠡᠷᠡᠴᠢᠯᠡᠬᠦ ᠠᠭᠤᠯᠭ᠎ᠠ ᠪᠤᠶᠤ ᠵᠥᠪᠰᠢᠶᠡᠷᠡᠬᠦ ᠨᠥᠬᠦᠴᠡᠯ ᠪᠠ ᠮᠠᠲ᠋ᠧᠷᠢᠶᠠᠯ ᠤᠨ ᠱᠠᠭᠠᠷᠳᠠᠯᠭ᠎ᠠ᠂ ᠠᠮᠠᠯᠠᠯᠲᠠ ᠶᠢᠨ ᠠᠷᠭ᠎ᠠ ᠮᠠᠶ᠋ᠢᠭ᠂ ᠦᠨᠡᠨ ᠪᠣᠳᠠᠲᠠᠶ ᠪᠤᠰᠤ ᠠᠮᠠᠯᠠᠯᠲᠠ ᠶᠢᠨ ᠡᠭᠦᠷᠭᠡᠯᠡᠵᠦ ᠮᠡᠳᠡᠬᠦ ᠢᠷᠭᠡᠨ ᠤ ᠬᠡᠷᠡᠭ᠂ ᠵᠠᠰᠠᠭ ᠵᠠᠬᠢᠷᠭᠠᠨ᠂ ᠡᠷᠡᠭᠦᠦ ᠶᠢᠨ ᠬᠠᠷᠢᠭᠤᠴᠠᠯᠭ᠎ᠠ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠢᠨᠠᠨ ᠪᠠᠶᠢᠴᠠᠭᠠᠬᠤ ᠡᠷᠬᠡ᠂ ᠠᠮᠠᠯᠠᠯᠲᠠ ᠶᠢᠨ ᠪᠢᠴᠢᠭ ᠢ ᠢᠯᠡ ᠪᠣᠯᠭᠠᠭᠰᠠᠨ ᠡᠰᠡᠬᠦ᠂ ᠢᠯᠡ ᠪᠣᠯᠭᠠᠭᠰᠠᠨ ᠬᠡᠪᠴᠢᠶ᠎ᠡ ᠵᠢᠴᠢ ᠴᠠᠭ ᠤᠨ ᠬᠢᠵᠠᠭᠠᠷ ᠵᠡᠷᠭᠡ ᠶᠢ ᠪᠠᠭᠲᠠᠭᠠᠬᠤ ᠬᠡᠷᠡᠭᠲᠡᠶ᠃ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠬᠠᠮᠢᠶ᠎ᠠ ᠪᠥᠬᠦᠶ ᠱᠠᠭᠠᠷᠳᠠᠯᠭ᠎ᠠ ᠶᠢ ᠬᠡᠮᠵᠢᠶᠡᠵᠢᠭᠦᠯᠵᠦ ᠪᠣᠯᠬᠤ᠂ ᠬᠡᠷᠡᠭᠵᠢᠭᠦᠯᠬᠦ ᠳᠤ ᠲᠥᠬᠦᠮ ᠪᠠᠶᠢᠯᠭᠠᠬᠤ ᠬᠡᠷᠡᠭᠲᠡᠶ᠂ ᠪᠠᠯᠠᠷᠬᠠᠶ ᠲᠣᠭᠠᠴᠢᠯᠲᠠ ᠪᠤᠶᠤ ᠪᠦᠬᠦᠨ ᠢ ᠪᠠᠲᠤᠯᠠᠬᠤ ᠵᠦᠢᠯ ᠵᠤᠷᠪᠤᠰ ᠢ ᠪᠠᠭᠲᠠᠭᠠᠬᠤ ᠥᠬᠡᠶ ᠪᠠᠶᠢᠬᠤ ᠬᠡᠷᠡᠭᠲᠡᠶ᠃ ᠪᠢᠴᠢᠭ ᠤᠨ ᠠᠮᠠᠯᠠᠯᠲᠠ ᠶᠢᠨ ᠠᠭᠤᠯᠭ᠎ᠠ ᠳᠤ ᠭᠤᠶᠤᠴᠢᠯᠠᠭᠴᠢ ᠶᠢᠨ ᠮᠡᠳᠡᠭᠳᠡᠭᠰᠡᠨ ᠵᠦᠢᠯᠡᠰ ᠢ ᠨᠢᠭᠡᠨᠲᠡ ᠮᠡᠳᠡᠭᠰᠡᠨ᠂ ᠬᠤᠯᠪᠣᠭᠳᠠᠯ ᠪᠦᠬᠦᠢ ᠨᠥᠬᠦᠴᠡᠯ ᠳᠤ ᠨᠢᠭᠡᠨᠲᠡ ᠨᠡᠶᠢᠴᠡᠭᠰᠡᠨ᠂ ᠦᠨᠡᠨ ᠪᠣᠳᠠᠲᠠᠶ ᠪᠤᠰᠤ ᠠᠮᠠᠯᠠᠯᠲᠠ ᠶᠢᠨ ᠬᠠᠤᠯᠢ ᠶᠢᠨ ᠬᠠᠷᠢᠭᠤᠴᠠᠯᠭ᠎ᠠ ᠶᠢ ᠳᠤᠷᠠᠲᠠᠶ᠎ᠠ ᠡᠭᠦᠷᠭᠡᠯᠡᠬᠦ ᠵᠢᠴᠢ ᠠᠮᠠᠯᠠᠯᠲᠠ ᠶᠢᠨ ᠰᠠᠨᠠᠭᠠᠨ ᠤ ᠢᠯᠡᠳᠬᠡᠯᠲᠡ ᠨᠢ ᠦᠨᠡᠨ ᠪᠣᠳᠠᠲᠠᠶ ᠪᠠᠶᠢᠬᠤ ᠵᠡᠷᠭᠡ ᠶᠢ ᠪᠠᠭᠲᠠᠭᠠᠬᠤ ᠬᠡᠷᠡᠭᠲᠡᠶ᠃    ᠭᠤᠶᠤᠴᠢᠯᠠᠭᠴᠢ ᠭᠤᠶᠤᠴᠢᠯᠠᠯ ᠢᠶᠠᠨ ᠨᠢᠭᠤᠷᠳᠡᠨ ᠲᠤᠰᠢᠶᠠᠭᠰᠠᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠮᠡᠳᠡᠭᠳᠡᠬᠦ ᠠᠮᠠᠯᠠᠯᠲᠠ ᠶᠢᠨ ᠪᠢᠴᠢᠭ ᠢ ᠲᠤᠬᠠᠶ ᠶᠢᠨ ᠲᠠᠯᠠᠪᠤᠷ ᠲᠤᠨᠢ ᠣᠯᠭᠤᠬᠤ ᠬᠡᠷᠡᠭᠲᠡᠶ︔ ᠭᠤᠶᠤᠴᠢᠯᠠᠭᠴᠢ ᠵᠠᠬᠢᠳᠠᠯ ᠂ ᠹᠠᠺᠰ ᠪᠠ ᠡᠯᠧᠺᠲᠷᠣᠨ ᠰᠢᠦᠳᠠᠨ ᠤ ᠵᠦᠢᠯ ᠵᠡᠷᠭᠡ ᠠᠷᠭ᠎ᠠ ᠮᠠᠶ᠋ᠢᠭ ᠢᠶᠠᠷ ᠭᠤᠶᠤᠴᠢᠯᠠᠯ ᠭᠠᠷᠭᠠᠭᠰᠠᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠭᠤᠶᠤᠴᠢᠯᠠᠯ ᠢ ᠣᠯᠤᠭᠰᠠᠨ ᠤ ᠲᠠᠷᠠᠭ᠎ᠠ 3 ᠠᠵᠢᠯᠯᠠᠬᠤ ᠡᠳᠦᠷ ᠤᠨ ᠳᠣᠲᠣᠷ᠎ᠠ ᠮᠡᠳᠡᠭᠳᠡᠬᠦ ᠠᠮᠠᠯᠠᠯᠲᠠ ᠶᠢᠨ ᠪᠢᠴᠢᠭ ᠢᠶᠠᠨ ᠭᠤᠶᠤᠴᠢᠯᠠᠭᠴᠢ ᠳᠤ ᠬᠦᠷᠭᠡᠵᠦ ᠥᠭᠬᠦ ᠬᠡᠷᠡᠭᠲᠡᠶ᠃ ᠭᠤᠶᠤᠴᠢᠯᠠᠭᠴᠢ ᠨᠢ ᠮᠡᠳᠡᠭᠳᠡᠬᠦ ᠠᠮᠠᠯᠠᠯᠲᠠ ᠶᠢᠨ ᠪᠢᠴᠢᠭ ᠢ ᠣᠯᠤᠭᠰᠠᠨ ᠤ ᠲᠠᠷᠠᠭ᠎ᠠ᠂ ᠠᠮᠠᠯᠠᠯᠲᠠ ᠬᠢᠬᠦ ᠳᠤᠷᠠᠲᠠᠶ ᠪᠠᠶᠢᠪᠠᠯ᠂ ᠮᠡᠳᠡᠭᠳᠡᠭᠰᠡᠨ ᠬᠤᠭᠤᠴᠠᠭᠠᠨ ᠳᠤ ᠱᠠᠭᠠᠷᠳᠠᠯᠭ᠎ᠠ ᠶᠣᠰᠣᠭᠠᠷ ᠠᠮᠠᠯᠠᠯᠲᠠ ᠶᠢᠨ ᠪᠢᠴᠢᠭ ᠢ ᠲᠠᠭᠯᠠᠨ ᠪᠢᠴᠢᠬᠦ ᠶᠢᠨ ᠬᠠᠮᠲᠤ ᠭᠠᠷ ᠤᠨ ᠦᠰᠦᠭ ᠵᠢᠷᠤᠵᠤ ᠲᠠᠮᠠᠭ᠎ᠠ ᠳᠠᠷᠤᠭᠰᠠᠨ ᠤ ᠲᠠᠷᠠᠭ᠎ᠠ᠂ ᠠᠮᠠᠯᠠᠯᠲᠠ ᠶᠢᠨ ᠪᠢᠴᠢᠭ ᠢᠶᠠᠨ ᠵᠠᠰᠠᠭ ᠵᠠᠬᠢᠷᠭᠠᠨ ᠤ ᠪᠠᠶᠢᠭᠤᠯᠭ᠎ᠠ ᠳᠤ ᠲᠤᠰᠢᠶᠠᠬᠤ ᠬᠡᠷᠡᠭᠲᠡᠶ᠃ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠪᠠᠶᠢᠭᠤᠯᠭ᠎ᠠ ᠨᠢ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠶᠢ ᠰᠢᠢᠳᠪᠦᠷᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠬᠤᠯᠪᠣᠭᠳᠠᠯ ᠪᠥᠬᠦᠶ ᠮᠡᠳᠡᠭᠳᠡᠬᠦ ᠠᠮᠠᠯᠠᠯᠲᠠ ᠶᠢᠨ ᠲᠦᠷᠢᠮ ᠤᠨ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠵᠠᠭᠠᠯᠳᠤᠯᠭ᠎ᠠ ᠶᠢ ᠭᠥᠯᠢᠶᠡᠨ ᠠᠪᠤᠭᠰᠠᠨ ᠡᠳᠦᠷ ᠠᠴᠠ ᠡᠬᠢᠯᠡᠨ 5 ᠠᠵᠢᠯᠯᠠᠬᠤ ᠡᠳᠦᠷ ᠤᠨ ᠳᠣᠲᠣᠷ᠎ᠠ ᠪᠠᠶᠢᠴᠠᠭᠠᠨ  ᠰᠢᠢᠳᠪᠦᠷᠢᠯᠡᠬᠦ ᠶᠢᠨ ᠬᠠᠮᠲᠤ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠶᠢ ᠪᠠᠶᠢᠴᠠᠭᠠᠨ ᠰᠢᠢᠳᠪᠦᠷᠢᠯᠡᠭᠰᠡᠨ ᠦᠷ᠎ᠡ ᠳ᠋ᠦᠩ ᠢᠶᠠᠨ ᠢᠯᠡᠴᠢᠯᠡᠨ ᠮᠡᠳᠡᠭᠦᠯᠦᠭᠴᠢ ᠳᠤ ᠮᠡᠳᠡᠭᠳᠡᠬᠦ ᠬᠡᠷᠡᠭᠲᠡᠶ᠃
 
ᠢᠷᠡᠯᠲᠡ᠄ ᠭᠡᠭᠡᠨ ᠭᠤᠤᠯ ᠬᠤᠳᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号