︽ᠭᠡᠭᠡᠨ ᠭᠤᠤᠯ ᠬᠤᠲᠠ ᠶᠢᠨ ᠭᠡᠷᠡᠴᠢᠯᠡᠬᠦ ᠵᠦᠢᠯᠡᠰ ᠢ ᠪᠥᠬᠦ ᠲᠠᠯ᠎ᠠ ᠪᠠᠷ ᠬᠡᠷᠡᠭᠵᠢᠭᠦᠯᠬᠦ ᠶᠢ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ ︵ᠲᠦᠷᠪᠡ︶
ᠨᠡᠶᠢᠲᠡᠯᠡᠭᠰᠡᠨ ᠴᠠᠭ᠄
2021/9/17
  ︵ᠬᠤᠶᠠᠷ︶ ᠭᠠᠷᠴᠠᠭ ᠢ ᠡᠮᠬᠢᠯᠡᠬᠦ ᠱᠠᠲᠤ ᠦᠶ᠎ᠡ᠃ ᠠᠵᠢᠯ ᠤᠨ ᠲᠣᠬᠢᠷᠠᠭᠤᠯᠤᠯᠲᠠ ᠶᠢᠨ ᠶᠣᠰᠣᠭᠠᠷ᠂ ᠬᠥᠯᠥᠨ ᠪᠤᠶᠢᠷ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠠᠴᠠ ︽ᠬᠥᠯᠥᠨ ᠪᠤᠶᠢᠷ ᠬᠤᠲᠠ ᠶᠢᠨ ᠲᠣᠰ ᠱᠠᠲᠤᠨ ᠳᠤ ᠦᠯᠡᠳᠡᠭᠡᠭᠰᠡᠨ ᠭᠡᠷᠡᠴᠢᠯᠡᠬᠦ ᠵᠦᠢᠯᠡᠰ ᠤᠨ ᠭᠠᠷᠴᠠᠭ ︵ᠯᠠᠪᠯᠠᠬᠤ ᠬᠦᠰᠦᠨᠦᠭᠲᠦ︶︾ ︽ᠬᠥᠯᠥᠨ ᠪᠤᠶᠢᠷ ᠬᠤᠲᠠ ᠶᠢᠨ ᠲᠣᠰ ᠱᠠᠲᠤᠨ ᠳᠤ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠭᠡᠷᠡᠴᠢᠯᠡᠬᠦ  ᠵᠦᠢᠯᠡᠰ ᠤᠨ ᠭᠠᠷᠴᠠᠭ ︵ᠯᠠᠪᠯᠠᠬᠤ ᠬᠦᠰᠦᠨᠦᠭᠲᠦ︶︾ ᠢ ᠲᠤᠭᠤᠷᠪᠢᠨ ᠲᠣᠭᠲᠠᠭᠠᠪᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠠᠵᠢᠯᠲᠠᠨ ᠰᠢᠤᠳᠠᠨ ᠤ ᠬᠠᠶᠢᠷᠴᠠᠭ ᠲᠤ ᠭᠠᠷᠤᠭᠠᠷᠠᠶ᠄   hlbesfjjdk@163.com᠂ ᠨᠢᠭᠤᠴᠠ ᠨᠣᠮᠧᠷ jdk8217521᠂ ᠥᠪᠡᠷᠲᠡᠭᠡᠨ ᠪᠠᠶᠢᠴᠠᠭᠠᠨ ᠦᠵᠡᠬᠦ ᠪᠠᠷ ᠯᠠᠪᠯᠠᠯᠲᠠ ᠪᠣᠯᠭᠠᠨ᠎ᠠ᠃ ᠬᠥᠯᠥᠨ ᠪᠤᠶᠢᠷ ᠬᠤᠲᠠ ᠬᠤᠲᠠ ᠶᠢᠨ ᠵᠠᠰᠠᠭ ᠤᠨ ᠣᠷᠳᠣᠨ ᠤ ᠬᠡᠷᠡᠭᠵᠢᠭᠦᠯᠬᠦ ᠭᠡᠷᠡᠴᠢᠯᠡᠬᠦ ᠵᠦᠢᠯ ᠢ ᠮᠡᠳᠡᠭᠳᠡᠬᠦ ᠠᠮᠠᠯᠠᠯᠲᠠ ᠶᠢᠨ ᠳᠦᠷᠢᠮ ᠤᠨ ᠭᠡᠷᠡᠴᠢᠯᠡᠬᠦ ᠵᠦᠢᠯ ᠤᠨ ᠭᠠᠷᠴᠠᠭ ᠢ ᠨᠡᠶᠢᠲᠡᠯᠡᠭᠰᠡᠨ ᠤ ᠳᠠᠷᠠᠭ᠎ᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠤᠰ ᠰᠢᠰᠲ᠋ᠧᠮ᠂ ᠰᠠᠯᠠᠭ᠎ᠠ ᠮᠥᠴᠢᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠭᠡᠷᠡᠴᠢᠯᠡᠬᠦ ᠵᠦᠢᠯᠡᠰ ᠤᠨ ᠭᠠᠷᠴᠠᠭ ᠵᠢᠴᠢ ᠮᠡᠳᠡᠭᠳᠡᠬᠦ ᠠᠮᠠᠯᠠᠯᠲᠠ ᠶᠢᠨ ᠲᠦᠷᠢᠮ ᠢ ᠬᠡᠷᠡᠭᠵᠢᠭᠦᠯᠬᠦ ᠭᠡᠷᠡᠴᠢᠯᠡᠬᠦ ᠵᠦᠢᠯᠡᠰ ᠤᠨ ᠭᠠᠷᠴᠠᠭ ᠤᠨ ᠪᠣᠳᠠᠲᠠᠶ ᠵᠦᠢᠯᠡᠰ ᠢ ᠪᠠᠶᠢᠭᠤᠯᠬᠤ ᠦᠨᠳᠦᠰᠦᠯᠡᠯ᠂ ᠬᠡᠷᠡᠭᠵᠢᠭᠦᠯᠬᠦ ᠠᠷᠭ᠎ᠠ ᠮᠠᠶ᠋ᠢᠭ᠂ ᠬᠠᠷᠭᠤᠭᠤᠯᠤᠨ ᠪᠠᠶᠢᠴᠠᠭᠠᠬᠤ ᠠᠷᠭ᠎ᠠ ᠮᠠᠶ᠋ᠢᠭ ᠵᠡᠷᠭᠡ ᠠᠭᠤᠯᠭ᠎ᠠ ᠶᠢ ᠬᠢᠨᠠᠮᠠᠭᠠᠶ ᠰᠤᠳᠤᠯᠵᠤ᠂ ᠨᠡᠮᠡᠵᠦ ᠬᠠᠰᠤᠬᠤ᠂ ᠵᠠᠰᠠᠪᠤᠷᠢ ᠣᠷᠣᠭᠤᠯᠬᠤ᠂ ᠲᠡᠭᠦᠯᠳᠡᠷᠵᠢᠭᠦᠯᠬᠦ ᠵᠡᠷᠭᠡ ᠰᠠᠨᠠᠯ ᠰᠠᠨᠠᠭᠤᠯᠭ᠎ᠠ ᠶᠢ ᠳᠤᠷᠠᠳᠴᠤ᠂ ᠭᠤᠣᠯ ᠬᠠᠷᠢᠭᠤᠴᠠᠯᠭᠠᠲᠠᠨ ᠢᠶᠠᠷ ᠭᠠᠷ ᠤᠨ ᠦᠰᠦᠭ ᠵᠢᠷᠤᠭᠤᠯᠬᠤ ᠶᠢᠨ ᠬᠠᠮᠲᠤ ᠠᠯᠪᠠᠨ ᠲᠠᠮᠠᠭ᠎ᠠ ᠳᠠᠷᠤᠭᠤᠯᠤᠭᠰᠠᠨ ᠤ ᠲᠠᠷᠠᠭ᠎ᠠ᠂ ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠤᠭᠰᠠᠨ ᠰᠠᠨᠠᠯ ᠲᠠᠢ ᠬᠠᠮᠲᠤ ᠳᠤᠨᠢ ᠬᠤᠳᠠ ᠶᠢᠨ ᠬᠠᠤᠯᠢ ᠴᠠᠭᠠᠵᠠ ᠶᠢᠨ ᠲᠣᠪᠴᠢᠶ᠎ᠠ ᠳᠤ ᠮᠡᠳᠡᠭᠦᠯᠦᠨ᠎ᠡ ︵ᠡᠯᠧᠺᠲᠷᠣᠨ ᠬᠡᠪᠯᠡᠯ ᠢ ᠬᠠᠮᠲᠤ ᠳᠤᠨᠢ ᠮᠡᠳᠡᠭᠦᠯᠦᠨ ᠬᠦᠷᠭᠡᠨ᠎ᠡ︶᠃ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠠᠴᠠ ᠨᠢᠭᠡᠳᠦᠯᠲᠡᠶ ᠬᠤᠷᠢᠶᠠᠩᠭᠤᠶᠢᠯᠠᠭᠰᠠᠨ ᠤ ᠳᠠᠷᠠᠭ᠎ᠠ᠂ ᠭᠡᠭᠡᠨ ᠭᠤᠤᠯ ᠬᠤᠲᠠ ᠶᠢᠨ ᠵᠠᠰᠠᠭ ᠤᠨ ᠣᠷᠳᠣᠨ ᠤ ᠡᠭᠦᠳᠡᠨ ᠰᠦᠯᠵᠢᠶᠡᠨ ᠳᠡᠭᠡᠷ᠎ᠡ ᠬᠤᠲᠠ ᠶᠢᠨ ᠵᠠᠰᠠᠭ ᠤᠨ ᠣᠷᠳᠣᠨ ᠤ ᠬᠡᠷᠡᠭᠵᠢᠭᠦᠯᠵᠦ ᠪᠠᠶᠢᠭ᠎ᠠ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠤᠨ ᠭᠡᠷᠡᠴᠢᠯᠡᠬᠦ ᠵᠦᠢᠯᠡᠰ ᠤᠨ ᠭᠠᠷᠴᠠᠭ ᠢ ᠨᠡᠶᠢᠲᠡᠯᠡᠨ᠎ᠡ᠃ ︵ᠪᠣᠳᠠᠲᠠᠢ ᠮᠡᠳᠡᠭᠦᠯᠦᠨ ᠬᠦᠷᠭᠡᠬᠦ ᠴᠠᠭ ᠢ ᠲᠣᠭᠲᠠᠭᠠᠭᠠᠳᠤᠢ︶    ︵ᠭᠤᠷᠪᠠ︶ ᠪᠥᠬᠦ ᠲᠠᠯ᠎ᠠ ᠪᠠᠷ ᠬᠡᠷᠡᠭᠵᠢᠭᠦᠯᠬᠦ ᠱᠠᠲᠤ ᠦᠶ᠎ᠡ᠃ ᠬᠤᠲᠠ ᠶᠢᠨ ᠵᠠᠰᠠᠭ ᠤᠨ ᠣᠷᠳᠣᠨ ᠠᠴᠠ ᠭᠡᠷᠡᠴᠢᠯᠡᠬᠦ ᠵᠦᠢᠯᠡᠰ ᠢ ᠬᠡᠯᠡᠵᠦ ᠠᠮᠠᠯᠠᠭᠤᠯᠬᠤ ᠲᠦᠷᠢᠮ ᠤᠨ ᠭᠡᠷᠡᠴᠢᠯᠡᠬᠦ ᠵᠦᠢᠯᠡᠰ ᠤᠨ ᠭᠠᠷᠴᠠᠭ ᠢ ᠨᠡᠶᠢᠲᠡᠯᠡᠭᠰᠡᠨ ᠤ ᠳᠠᠷᠠᠭ᠎ᠠ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠡᠷᠡᠭᠵᠢᠭᠦᠯᠬᠦ ᠲᠥᠰᠦᠯ ᠤᠨ ᠶᠣᠰᠣᠭᠠᠷ ᠢᠳᠡᠪᠬᠢᠲᠡᠶ ᠪᠥᠭᠡᠳ ᠡᠮᠬᠢ ᠵᠢᠷᠤᠮ ᠲᠠᠢ ᠪᠥᠬᠦ ᠲᠠᠯ᠎ᠠ ᠪᠠᠷ ᠠᠵᠢᠯ ᠢᠶᠠᠨ ᠥᠷᠨᠢᠭᠦᠯᠵᠦ᠂ ᠬᠠᠮᠢᠶ᠎ᠠ ᠪᠥᠬᠦᠶ ᠲᠦᠷᠢᠮ ᠤᠨ ᠵᠢᠷᠤᠮᠵᠢᠯ ᠵᠢᠴᠢ ᠡᠯ᠎ᠡ ᠲᠥᠷᠥᠯ ᠤᠨ ᠨᠠᠷᠢᠨ ᠬᠠᠭᠤᠳᠠᠰᠤ᠂ ᠦᠢᠯᠡᠴᠢᠯᠡᠭᠡᠨ ᠤ ᠵᠦᠭᠯᠡᠭᠦᠷ ᠪᠠ ᠴᠤᠪᠤᠷᠠᠯ ᠵᠢᠷᠤᠭ ᠵᠡᠷᠭᠡ ᠶᠢ ᠪᠠᠶᠢᠭᠤᠯᠤᠨ ᠲᠡᠭᠦᠯᠳᠡᠷᠵᠢᠭᠦᠯᠵᠦ᠂ ᠭᠡᠷᠡᠴᠢᠯᠡᠬᠦ ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠤᠨ ᠠᠵᠢᠯ ᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ    ᠮᠡᠳᠡᠭᠳᠡᠬᠦ ᠠᠮᠠᠯᠠᠯᠲᠠ ᠶᠢᠨ ᠲᠦᠷᠢᠮ ᠤᠨ ᠰᠤᠷᠤᠯᠴᠠᠯᠭ᠎ᠠ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠬᠠᠶᠢᠯᠠᠭᠰᠠᠨ ᠠᠵᠢᠯ ᠤᠨ ᠰᠣᠯᠢᠯᠴᠠᠭ᠎ᠠ ᠶᠢ ᠴᠢᠩᠭᠠᠳᠬᠠᠨ᠎ᠠ᠃ ᠮᠡᠳᠡᠭᠳᠡᠵᠦ ᠠᠮᠠᠯᠠᠯᠲᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠤᠬᠠᠭᠤᠯᠭ᠎ᠠ ᠶᠢ ᠴᠢᠩᠭᠠᠳᠬᠠᠵᠤ᠂ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ ᠢᠨᠲ᠋ᠧᠷ ᠰᠦᠯᠵᠢᠶ᠎ᠡ ᠵᠡᠷᠭᠡ ᠠᠷᠭ᠎ᠠ ᠵᠠᠮ ᠢᠶᠠᠷ ᠳᠠᠮᠵᠢᠭᠤᠯᠤᠨ᠂ ᠮᠡᠳᠡᠭᠳᠡᠵᠦ ᠠᠮᠠᠯᠠᠯᠲᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ᠂ ᠭᠤᠣᠯ ᠠᠷᠭ᠎ᠠ ᠬᠢᠳᠡᠯ᠂ ᠨᠡᠶᠢᠲᠡᠯᠢᠭ ᠲᠤᠷᠰᠢᠯᠭ᠎ᠠ ᠪᠣᠯᠤᠨ ᠬᠡᠷᠡᠭᠵᠢᠭᠦᠯᠦᠭᠰᠡᠨ ᠦᠷ᠎ᠡ ᠪᠦᠲᠦᠮᠵᠢ ᠵᠡᠷᠭᠡ ᠶᠢ ᠪᠦᠬᠦ ᠲᠠᠯ᠎ᠠ ᠪᠠᠷ ᠤᠬᠠᠭᠤᠯᠵᠤ᠂  ᠵᠢᠱᠢᠶ᠎ᠠ ᠦᠵᠡᠭᠦᠯᠵᠦ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠨᠡᠶᠢᠭᠡᠮ ᠤᠨ ᠵᠢᠱᠢᠯᠲᠡ ᠶᠢ ᠵᠦᠢ ᠵᠣᠬᠢᠰᠲᠠᠢ ᠬᠦᠳᠦᠯᠦᠨ ᠵᠢᠯᠣᠭᠤᠳᠴᠤ᠂ ᠨᠡᠶᠢᠭᠡᠮ ᠤᠨ ᠠᠩᠬᠠᠷᠤᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠮᠡᠳᠡᠭᠳᠡᠵᠦ ᠠᠮᠠᠯᠠᠯᠲᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠳᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃    ᠮᠠᠨ ᠤ ᠬᠤᠲᠠ 2021 ᠣᠨ ᠤ 7 ᠰᠠᠷ᠎ᠠ ᠠᠴᠠ ᠡᠮᠦᠨ᠎ᠡ ᠬᠡᠷᠡᠭᠵᠢᠭᠦᠯᠬᠦ ᠠᠵᠢᠯ ᠢᠶᠠᠨ ᠪᠥᠬᠦ ᠲᠠᠯ᠎ᠠ ᠪᠠᠷ ᠥᠷᠨᠢᠭᠦᠯᠵᠦ᠂ ᠪᠣᠳᠠᠲᠠᠶ ᠴᠠᠭ ᠪᠠ ᠠᠵᠢᠯ ᠤᠨ ᠲᠣᠬᠢᠷᠠᠭᠤᠯᠤᠯᠲᠠ ᠶᠢ ᠠᠰ ᠲᠤᠨᠢ ᠮᠡᠳᠡᠭᠳᠡᠨ᠎ᠡ᠃    ᠲᠠᠪᠤ᠂ ᠠᠵᠢᠯ ᠤᠨ ᠱᠠᠭᠠᠷᠳᠠᠯᠭ᠎ᠠ    ᠬᠥᠯᠥᠨ ᠪᠤᠶᠢᠷ ᠠᠮᠠᠯᠠᠯᠲᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠶᠢ ᠳᠥᠯᠭᠢᠨ ᠠᠬᠢᠭᠤᠯᠤᠭᠰᠠᠨ ᠪᠠᠶᠢᠳᠠᠯ ᠢ ᠬᠠᠤᠯᠢ ᠶᠣᠰᠣᠭᠠᠷ ᠬᠤᠲᠠ ᠪᠠᠨ ᠵᠠᠰᠠᠬᠤ ︵ᠬᠤᠰᠢᠭᠤ ᠬᠤᠲᠠ ᠲᠣᠭᠤᠷᠢᠭ︶ ᠶᠢ ᠰᠢᠯᠭᠠᠨ ᠦᠨᠡᠯᠡᠬᠦ  ᠭᠦᠢᠴᠡᠳᠬᠡᠯ ᠲᠤᠭ᠎ᠠ ᠶᠢᠨ ᠰᠢᠰᠲ᠋ᠧᠮᠵᠢ ᠳᠤ ᠣᠷᠣᠭᠤᠯᠤᠨ᠎ᠠ᠃ ᠠᠵᠢᠯ ᠤᠨ ᠳᠤᠮᠳᠠ ᠢᠯᠡᠷᠡᠯ ᠢᠶᠠᠷ ᠲᠣᠪᠤᠶᠢᠮ᠎ᠠ᠂ ᠠᠵᠤ ᠠᠬᠤᠶᠢᠯᠠᠯ ᠪᠠ ᠣᠯᠠᠨ ᠲᠦᠮᠡᠨ ᠤ ᠦᠨᠡᠯᠡᠯᠲᠡ ᠶᠢᠨ ᠬᠠᠨᠤᠮᠵᠢ ᠶᠢᠨ ᠬᠡᠮᠵᠢᠶ᠎ᠡ ᠪᠠᠷ ᠥᠨᠳᠥᠷ ᠨᠢᠭᠡᠴᠡ ᠵᠢᠴᠢ ᠠᠵᠢᠯᠲᠠᠨ ᠢ ᠤᠯᠤᠰ ᠤᠨ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠰᠠᠶᠢᠰᠢᠶᠠᠨ ᠬᠥᠬᠢᠭᠦᠯᠬᠦ ᠪᠠ ᠱᠠᠩᠨᠠᠨ᠎ᠠ᠃ ᠱᠠᠯᠠᠪᠳᠠᠭᠤᠯᠤᠨ ᠪᠠᠶᠢᠴᠠᠭᠠᠭᠰᠠᠨ ᠪᠠᠶᠢᠳᠠᠯ ᠢ ᠮᠡᠳᠡᠭᠡᠯᠡᠬᠦ ᠲᠦᠷᠢᠮ ᠢ ᠪᠠᠶᠢᠭᠤᠯᠵᠤ᠂ ᠠᠵᠢᠯ ᠤᠨ ᠳᠤᠮᠳᠠᠬᠢ ᠬᠠᠤᠯᠢ ᠴᠠᠭᠠᠵᠠ ᠰᠠᠬᠢᠯᠭ᠎ᠠ ᠪᠠᠲᠤ ᠠᠴᠠ ᠵᠥᠷᠢᠴᠡᠭᠰᠡᠨ ᠨᠢᠭᠡᠴᠡ ᠵᠢᠴᠢ ᠠᠵᠢᠯᠳᠠᠨ ᠠᠴᠠ ᠬᠠᠤᠯᠢ ᠴᠠᠭᠠᠵᠠ ᠰᠠᠬᠢᠯᠭ᠎ᠠ ᠪᠠᠲᠤ ᠶᠢᠨ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ︽ᠡᠷᠬᠡ ᠬᠠᠷᠢᠭᠤᠴᠠᠯᠭ᠎ᠠ ᠶᠢ ᠨᠢᠭᠡᠳᠬᠡᠬᠦ᠂ ᠲᠤᠰᠢᠶᠠᠯ ᠢᠶᠠᠨ ᠭᠦᠢᠴᠡᠳᠬᠡᠪᠡᠯ ᠬᠠᠷᠢᠭᠤᠴᠠᠯᠭ᠎ᠠ ᠠᠴᠠ ᠬᠡᠯᠲᠦᠷᠢᠭᠦᠯᠬᠦ᠂ ᠬᠠᠷᠢᠭᠤᠴᠠᠯᠭ᠎ᠠ ᠪᠠᠨ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠵᠠᠷᠴᠢᠮ ᠶᠣᠰᠣᠭᠠᠷ᠂ ᠪᠤᠷᠤᠭᠤ ᠶᠢ ᠠᠭᠤᠴᠢᠯᠠᠨ ᠪᠠᠭᠲᠠᠭᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠤᠷᠤᠭᠤ ᠶᠢ ᠵᠦᠢ ᠵᠣᠬᠢᠰᠲᠠᠶ ᠠᠭᠤᠴᠢᠯᠠᠨ ᠪᠠᠭᠲᠠᠭᠠᠬᠤ ᠪᠠᠶᠢᠳᠠᠯ ᠳᠤ ᠲᠣᠭᠠᠴᠠᠭᠳᠠᠪᠠᠯ᠂ ᠬᠤᠯᠪᠣᠭᠳᠠᠯ ᠪᠦᠬᠦᠢ ᠨᠢᠭᠡᠴᠢ ᠵᠢᠴᠢ ᠠᠵᠢᠯᠳᠠᠨ ᠢ ᠬᠠᠤᠯᠢ ᠰᠠᠬᠢᠯᠭ᠎ᠠ ᠶᠣᠰᠣᠭᠠᠷ ᠬᠤᠯᠪᠣᠭᠳᠠᠯ ᠪᠦᠬᠦᠢ ᠬᠠᠷᠢᠭᠤᠴᠠᠯᠭ᠎ᠠ ᠠᠴᠠ ᠨᠢ ᠬᠡᠯᠲᠦᠷᠢᠭᠦᠯᠬᠦ ᠪᠤᠶᠤ ᠬᠥᠩᠭᠡᠷᠡᠭᠦᠯᠵᠦ᠂ ᠬᠦᠡᠭᠭᠡᠨ ᠢᠶᠠᠷ  ᠰᠢᠢᠳᠪᠦᠷᠢᠯᠡᠨ᠎ᠠ᠃    ᠡᠯ᠎ᠡ ᠰᠠᠯᠠᠭ᠎ᠠ ᠮᠥᠴᠢᠷ ᠤᠳ ᠭᠡᠷᠡᠴᠢᠯᠡᠬᠦ ᠵᠦᠢᠯᠡᠰ ᠢ ᠮᠡᠳᠡᠭᠳᠡᠵᠦ ᠠᠮᠠᠯᠠᠭᠤᠯᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠪᠠᠷ ᠴᠢᠬᠤᠯᠠ ᠭᠠᠷᠳᠠᠴᠠ ᠪᠣᠯᠭᠠᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠲᠦᠷᠢᠮ ᠤᠨ ᠴᠢᠨᠠᠷᠲᠠᠶ ᠠᠷᠠᠯᠵᠢᠶ᠎ᠠ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠠᠵᠤ ᠠᠬᠤᠶᠢᠯᠠᠯ ᠪᠠ ᠣᠯᠠᠨ ᠲᠦᠮᠡᠨ ᠤ ᠳᠠᠷᠤᠭᠠᠰᠤ ᠶᠢ ᠬᠥᠩᠭᠡᠷᠡᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠶ᠃ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠳᠠᠭᠠᠨ ᠴᠢᠭᠯᠡᠯ ᠢᠶᠠᠨ ᠲᠣᠳᠣᠷᠬᠠᠶ ᠪᠣᠯᠭᠠᠵᠤ᠂ ᠠᠯᠬᠤᠮ ᠲᠠᠷᠠᠭ᠎ᠠ ᠪᠠᠨ ᠯᠠᠪᠳᠠᠭᠤᠨ ᠪᠠᠲᠤᠲᠠᠶ ᠪᠠᠶᠢᠯᠭᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠨ ᠬᠢᠨ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠢ ᠳᠤᠨᠢ ᠬᠤᠳᠠ ᠶᠢᠨ ᠬᠠᠤᠯᠢ ᠴᠠᠭᠠᠵᠠ ᠶᠢᠨ ᠲᠤᠪᠴᠢᠶ᠎ᠠ ᠳᠤ ᠮᠡᠳᠡᠭᠦᠯᠬᠦ ᠬᠡᠷᠡᠭᠲᠡᠢ᠃ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠠᠴᠠ ᠭᠡᠷᠡᠴᠢᠯᠡᠬᠦ ᠵᠦᠢᠯᠡᠰ ᠢ ᠮᠡᠳᠡᠭᠳᠡᠬᠦ ᠠᠮᠠᠯᠠᠯᠲᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠶᠢ ᠵᠢᠯᠣᠭᠤᠳᠤᠨ ᠵᠣᠬᠢᠴᠠᠭᠤᠯᠬᠤ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠢᠨᠠᠯᠲᠠ ᠲᠠᠯᠪᠢᠵᠤ ᠪᠠᠶᠢᠴᠠᠭᠠᠬᠤ ᠪᠠ ᠮᠥᠷᠳᠡᠨ ᠦᠨᠡᠯᠡᠨ ᠵᠢᠱᠢᠵᠦ᠂ ᠴᠢᠬᠤᠯᠠ ᠪᠠᠶᠢᠳᠠᠯ ᠢ ᠴᠠᠭ ᠲᠤᠬᠠᠶ ᠳᠤᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ᠃    ᠬᠠᠷᠢᠯᠴᠠᠬᠤ ᠬᠥᠮᠦᠨ᠄ ᠼᠠᠢ ᠸᠧᠶ ᠲᠢᠩ    ᠬᠠᠷᠢᠯᠴᠠᠬᠤ ᠤᠲᠠᠰᠤ᠄ 5228148    ᠰᠢᠦᠳᠠᠨ ᠬᠠᠶᠢᠷᠴᠠᠭ᠄ ghyfzs123@163.com    ᠳᠠᠭᠠᠯᠳᠤᠭᠤᠯᠤᠯ᠄ ᠭᠡᠷᠡᠴᠢᠯᠡᠬᠦ ᠵᠦᠢᠯ ᠢ ᠮᠡᠳᠡᠭᠳᠡᠬᠦ ᠠᠮᠠᠯᠠᠯᠲᠠ ᠶᠢᠨ ᠪᠢᠴᠢᠭ ︵ᠦᠯᠢᠭᠡᠷ ᠳᠡᠪᠲᠡᠷ︶
 
ᠢᠷᠡᠯᠲᠡ᠄ ᠭᠡᠭᠡᠨ ᠭᠤᠤᠯ ᠬᠤᠳᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号