ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ 2021 ᠣᠨ ᠤ ᠠᠷᠪᠠᠨ ᠬᠤᠶᠠᠳᠤᠭᠠᠷ ᠤᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/18
 
   9 ᠰᠠᠷ᠎ᠠ ᠶᠢᠨ 13 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠴᠧᠩ ᠱᠢ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ ᠠᠷᠪᠠᠨ ᠬᠤᠶᠠᠳᠤᠭᠠᠷ ᠤᠳᠠᠭ᠎ᠠ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    ᠭᠡᠷ ᠲᠡᠭᠡᠨ ᠪᠠᠶᠢᠭᠰᠠᠨ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠭᠦᠳ ᠰᠤᠷᠤᠯᠴᠠᠯᠭ᠎ᠠ ᠶᠢᠨ ᠬᠤᠷᠠᠯ ᠳᠤ ᠣᠷᠣᠯᠴᠠᠵᠤ᠂ ᠯᠦᠸᠧ ᠵᠢᠢ ᠹᠠᠩ ᠢᠶᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠪᠤᠳᠤᠭᠠᠷ ᠲᠣᠭᠤᠷᠢᠨ ᠵᠢᠯᠣᠭᠤᠳᠬᠤ ᠳᠤᠭᠤᠶᠢᠯᠠᠩ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ    ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ᠬᠤᠳᠠ ᠶᠢᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠨᠡᠷ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠲᠠᠨᠢᠯᠲᠠ ᠪᠠᠨ ᠶᠠᠷᠢᠵᠤ᠂ ᠣᠯᠤᠯᠲᠠ ᠪᠠᠨ ᠶᠠᠷᠢᠵᠤ᠂ ᠶᠡᠷᠦᠩᠬᠡᠢ ᠱᠦᠵᠢ ᠰᠢ ᠶᠢᠨ ᠫᠢᠩ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠰᠡᠳᠬᠢᠴᠡ ᠠᠷᠭ᠎ᠠ  ᠬᠡᠮᠵᠢᠶ᠎ᠠ ᠶᠢ ᠳᠤᠷᠠᠳᠴᠠᠢ᠃    ᠯᠦᠸᠧ ᠵᠢᠶ ᠹᠠᠩ ᠲᠤᠰ ᠤᠳᠠᠭᠠᠨ ᠤ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠭᠦᠢᠴᠡᠳ ᠨᠤᠲᠠᠯᠠᠵᠤ᠂ ᠲᠡᠷᠡᠴᠢᠯᠡᠨ ᠳᠠᠷᠠᠭᠠᠴᠢ ᠶᠢᠨ ᠠᠯᠬᠤᠮ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠬᠦ ᠱᠠᠭᠠᠷᠳᠠᠯᠭ᠎ᠠ ᠳᠤ᠂ ᠭᠡᠭᠡᠨ ᠭᠤᠣᠯ ᠬᠤᠲᠠ ᠶᠢᠨ ᠨᠠᠮ ᠤᠨ ᠬᠤᠷᠢᠶ᠎ᠠ ᠶᠡᠷᠦᠩᠬᠡᠶ ᠱᠦᠵᠢ ᠰᠢ ᠶᠢᠨ ᠫᠢᠩ ᠶᠢᠨ ︽ᠳᠣᠯᠣᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠶᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠰᠤᠷᠤᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠪᠠᠲᠤ ᠪᠠᠬᠢ ᠪᠤᠢ ᠪᠣᠯᠭᠠᠵᠤ᠂ ᠨᠠᠮ ᠤᠨ ᠲᠡᠦᠬᠡ ᠶᠢ ᠰᠤᠷᠤᠯᠴᠠᠬᠤ ᠶᠢ ᠲᠤᠷᠰᠢᠯᠭ᠎ᠠ ᠪᠠᠨ ᠳ᠋ᠦᠩᠨᠡᠬᠦ᠂ ᠪᠣᠳᠠᠲᠤ ᠪᠠᠶᠢᠳᠠᠯ ᠢ ᠠᠵᠢᠭᠯᠠᠬᠤ᠂ ᠠᠵᠢᠯ ᠢᠶᠠᠨ ᠠᠬᠢᠭᠤᠯᠬᠤ ᠲᠠᠢ ᠤᠶᠠᠯᠳᠤᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠥᠨᠳᠥᠷ ᠪᠠᠷᠢᠮᠵᠢᠶ᠎ᠠ ᠪᠠᠷ ᠠᠬᠢᠭᠤᠯᠬᠤ ᠬᠡᠷᠡᠭᠲᠡᠢ᠃    ᠸᠠᠩ ᠴᠧᠩ ᠱᠢ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠰᠠᠶᠢᠲᠤᠷ ᠲᠤᠤᠱᠯᠠᠭᠤᠯᠬᠤ ᠶᠠᠪᠤᠳᠠᠯ ᠢ ᠦᠷᠭᠦᠯᠵᠢᠯᠡᠨ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠰᠤᠷᠤᠯᠴᠠᠨ ᠮᠡᠳᠡᠵᠦ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠭᠦᠨᠵᠡᠭᠡᠢ ᠠᠬᠢᠭᠤᠯᠵᠤ᠂ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠦᠨᠡᠨᠬᠦ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢ᠊ ᠡᠶ᠎ᠡ ᠪᠠ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠵᠤ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠢ᠃ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢ ᠮᠠᠨ ᠤ ᠬᠤᠳᠠ ᠶᠢᠨ ᠲᠥᠪ ᠤᠨ ᠭᠤᠣᠯᠳᠠᠯᠭ᠎ᠠ ᠲᠠᠢ ᠠᠵᠢᠯ ᠢ ᠠᠬᠢᠭᠤᠯᠬᠤ ᠲᠠᠢ ᠨᠢᠭᠲᠠ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠦᠨᠡᠨᠬᠦ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ ᠠᠵᠢᠯ ᠬᠢᠵᠦ ᠦᠢᠯᠡᠰ ᠪᠤᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠰᠤᠷᠤᠭᠰᠠᠨ ᠢᠶᠠᠨ ᠬᠡᠷᠡᠭᠯᠡᠵᠦ᠂ ᠮᠠᠨ ᠤ ᠬᠤᠳᠠ ᠶᠢᠨ ᠦᠨᠳᠦᠰᠦᠲᠡᠨ ᠤ ᠠᠵᠢᠯ ᠢ ᠨᠡᠩ ᠦᠷ᠎ᠡ ᠪᠦᠲᠦᠮᠵᠢᠲᠡᠢ ᠪᠠᠷ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ ︾ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠪᠠᠶᠢᠴᠠᠭᠠᠨ ᠰᠤᠳᠤᠯᠵᠤ ᠵᠢᠭᠰᠠᠭᠠᠨ ᠪᠠᠶᠢᠴᠠᠭᠠᠬᠤ ᠶᠢ ᠭᠦᠨᠵᠡᠭᠡᠢ ᠰᠠᠶᠢᠲᠤᠷ ᠬᠢᠵᠦ᠂ ᠨᠠᠷᠢᠨ ᠳᠠᠩᠰᠠ ᠭᠠᠷᠭᠠᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃    
 
ᠢᠷᠡᠯᠲᠡ᠄ ᠭᠡᠭᠡᠨ ᠭᠤᠤᠯ ᠬᠤᠳᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号