| — 2021 ᠣᠨ ᠤ 3 ᠰᠠᠷ᠎ᠠ ᠶᠢᠨ 9 ᠤ ᠡᠳᠦᠷ ᠭᠡᠭᠡᠨ ᠭᠤᠣᠯ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ | ᠲᠠᠪᠤᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ | ᠭᠡᠭᠡᠨ ᠭᠤᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠸᠠᠩ ᠴᠧᠩ ᠱᠢ | ᠲᠥᠯᠥᠭᠡᠯᠡᠭᠴᠢᠳ ᠡ᠄ | ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ | ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠴᠦ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2020 ᠣᠨ ᠵᠢᠴᠢ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠢᠯ ᠤᠨ ᠡᠷᠭᠢᠴᠡᠭᠦᠯᠦᠯ | 2020 ᠣᠨ ᠪᠣᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰᠬᠡᠯ ᠤᠨ ᠵᠢᠯ ᠪᠣᠯᠤᠨ᠎ᠠ᠂ ᠮᠥᠨᠴᠦ ᠮᠠᠨ ᠤ ᠬᠤᠲᠠ ᠶᠢᠨ | ᠬᠥᠭᠵᠢᠯᠲᠡ ᠶᠢᠨ ᠶᠠᠪᠤᠴᠠ ᠳᠠᠬᠢ ᠲᠦᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠪᠢᠳᠡ ᠬᠤᠲᠠ ᠶᠢᠨ ᠨᠠᠮ ᠤᠨ ᠬᠤᠷᠢᠶᠠᠨ ᠤ | ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ | ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ︽ᠵᠢᠷᠭᠤᠭ᠎ᠠ ᠶᠢ | ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠶᠢᠨ ᠡᠭᠦᠷᠭᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠠᠴᠠ ᠪᠣᠯᠤᠭᠰᠠᠨ ᠠᠰᠢᠭ ᠦᠭᠡᠢ ᠨᠥᠯᠥᠭᠡ ᠶᠢ ᠴᠢᠷᠮᠠᠶᠢᠨ ᠲᠡᠪᠴᠢᠵᠦ | ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠶᠢ | ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ | ᠦᠭᠡᠢ ᠵᠠᠮᠨᠠᠵᠤ᠂ ᠬᠢᠮᠤᠷᠠᠯ ᠤᠨ ᠳᠤᠮᠳᠠ ᠰᠢᠨ᠎ᠡ ᠪᠠᠶᠢᠳᠠᠯ ᠢ ᠪᠤᠢ ᠪᠣᠯᠭᠠᠵᠤ᠂ ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠡᠭᠦᠳᠴᠦ᠂ ᠪᠦᠬᠦ ᠬᠤᠳᠠ ᠶᠢᠨ ᠠᠵᠤ | ᠠᠬᠤᠢ ᠲᠣᠭᠲᠠᠭᠤᠨ ᠤ ᠳᠤᠮᠳᠠ ᠰᠠᠶᠢᠵᠢᠷᠠᠵᠤ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠩᠭᠤᠢ ᠪᠠᠷ ᠲᠣᠭᠲᠠᠭᠤᠨ ᠪᠣᠯᠪᠠ᠃ ᠪᠥᠬᠦ ᠬᠤᠲᠠ ᠶᠢᠨ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ 32.56 ᠳ᠋ᠦᠩᠰᠢᠭᠤᠷ ᠲᠥᠭᠦᠷᠢᠭ ᠲᠤ ᠬᠥᠷᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ | ᠶᠡᠷᠦᠩᠬᠡᠶ ᠲᠤᠭ᠎ᠠ 11.98 ᠳ᠋ᠦᠩᠰᠢᠭᠤᠷ ᠲᠥᠭᠦᠷᠢᠭ ᠲᠤ ᠬᠥᠷᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 8107 ᠲᠦᠮᠡᠨ ᠲᠥᠭᠦᠷᠢᠭ | ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 14% ᠪᠠᠷ ᠨᠡᠮᠡᠭᠳᠡᠪᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠦᠷᠦᠩᠭᠡ ᠶᠢᠨ ᠪᠡᠯᠡ | ᠣᠷᠣᠭᠤᠯᠤᠯᠲᠠ ᠶᠢ 4.18 ᠳ᠋ᠦᠩᠰᠢᠭᠤᠷ ᠲᠥᠭᠦᠷᠢᠭ ᠪᠡᠶᠡᠯᠡᠭᠦᠯᠵᠦ᠂ 18.2% ᠢᠶᠠᠷ ᠨᠡᠮᠡᠭᠳᠡᠭᠦᠯᠪᠡ︔ ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 2.9% ᠪᠠᠷ ᠨᠡᠮᠡᠭᠳᠡᠪᠡ᠃ ᠪᠣᠬᠢᠷᠲᠤᠯ ᠦᠭᠡᠢ ᠭᠦᠢᠴᠡᠳᠬᠡᠬᠦ ᠲᠣᠭᠠᠨ ᠤ ᠰᠢᠰᠲ᠋ᠧᠮ ᠢ ᠪᠦᠬᠦ | ᠴᠢᠷᠮᠠᠶᠢᠨ ᠲᠡᠮᠡᠴᠡᠬᠦ ᠪᠠᠷ ᠳᠡᠮᠵᠢᠨ᠂ ᠳᠡᠭᠡᠳᠦ ᠱᠠᠲᠤᠨ ᠤ ᠡᠯ᠎ᠡ ᠲᠥᠷᠥᠯ ᠤᠨ ᠨᠥᠬᠦᠪᠥᠷᠢ ᠪᠠᠯᠠ ᠮᠥᠩᠭᠦ ᠶᠢ 17.81 ᠳ᠋ᠦᠩᠰᠢᠭᠤᠷ ᠲᠥᠭᠦᠷᠢᠭ ᠣᠯᠵᠤ᠂ | ᠲᠡᠤᠬᠡ ᠶᠢᠨ ᠰᠢᠨ᠎ᠡ ᠲᠡᠮᠳᠡᠭᠯᠡᠯ ᠢ ᠳᠠᠬᠢᠨᠲᠠ ᠡᠭᠦᠳᠪᠡ᠃ | ︵ᠨᠢᠭᠡ︶ ᠴᠢᠬᠤᠯᠠ ᠶᠡᠭᠡ ᠪᠡᠷᠬᠡ ᠰᠡᠳᠦᠪ ᠢ ᠰᠢᠢᠳᠪᠦᠷᠢᠯᠡᠬᠦ ᠠᠵᠢᠯ ᠤᠨ ᠦᠷ᠎ᠡ ᠪᠦᠲᠦᠮᠵᠢ ᠢᠯᠡᠳᠲᠡ ᠪᠣᠯᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠬᠤᠷᠢᠭᠯᠠᠨ ᠴᠣᠬᠢᠬᠤ ᠲᠠᠶᠢᠨ ᠤ ᠢᠯᠠᠯᠲᠠ ᠶᠢ ᠡᠷᠡᠰ ᠲᠡᠮᠡᠴᠡᠨ ᠣᠯᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ | ᠮᠠᠬᠠᠪᠣᠳ ᠤᠨ ᠡᠷᠡᠭᠦᠯ ᠮᠡᠨᠳᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠪᠦᠬᠦ ᠬᠤᠳᠠ ᠶᠢᠨ ᠬᠦᠴᠦᠨ ᠢ ᠲᠠᠶᠢᠴᠢᠯᠠᠨ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠠᠵᠢᠯ ᠢ ᠥᠷᠨᠢᠭᠦᠯᠵᠦ᠂ ᠨᠡᠶᠢᠳᠡ 3.8 ᠲᠦᠮᠡᠨ ᠬᠥᠮᠦᠨ ᠤᠳᠠᠭ᠎ᠠ ᠶᠢᠨ ᠬᠥᠮᠦᠰ ᠢ ᠬᠥᠳᠡᠯᠭᠡᠵᠦ᠂ ᠰᠡᠷᠭᠡᠶᠢᠯᠡᠨ ᠬᠢᠵᠠᠭᠠᠷᠯᠠᠬᠤ ᠪᠡᠯᠡ ᠮᠥᠩᠭᠦ 709 | ᠲᠦᠮᠡᠨ ᠲᠥᠭᠦᠷᠢᠭ ᠣᠷᠣᠭᠤᠯᠵᠤ᠂ ᠪᠦᠬᠦ ᠬᠤᠳᠠ ᠶᠢᠨ ᠴᠥᠬᠦᠷᠡᠰᠢ ᠦᠭᠡᠢ ᠴᠢᠷᠮᠠᠶᠢᠯᠭ᠎ᠠ ᠪᠠᠷ ᠲᠠᠮᠵᠢᠨ᠂ ᠬᠢᠵᠢᠭ ᠤᠨ ᠪᠠᠶᠢᠳᠠᠯ ᠢ ᠦᠯᠦ ᠣᠷᠣᠭᠤᠯᠬᠤ᠂ ᠦᠯᠦ | ᠬᠠᠯᠳᠠᠪᠤᠷᠢᠯᠠᠬᠤ ᠶᠢ ᠦᠨᠡᠨ ᠬᠦ ᠪᠠᠲᠤᠯᠠᠪᠠ᠃ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠤᠷᠤᠭᠰᠠᠨ ᠤ ᠳᠠᠷᠠᠭ᠎ᠠ᠂ ᠠᠵᠤ | ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ ᠦᠢᠯᠡᠳᠪᠦᠷᠢᠯᠡᠯ ᠠᠮᠢᠳᠤᠷᠠᠯ ᠤᠨ ᠡᠮᠬᠢ ᠵᠢᠷᠤᠮ ᠢᠶᠠᠨ ᠡᠮᠬᠢ ᠵᠢᠷᠤᠮ ᠲᠠᠢ | ᠰᠡᠷᠭᠦᠭᠡᠬᠦ ᠶᠢ ᠪᠥᠬᠦ ᠬᠦᠴᠦᠨ ᠢᠶᠠᠷ ᠳᠥᠯᠭᠢᠨ ᠠᠬᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠪᠠᠲᠤᠯᠠᠭ᠎ᠠ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠨ᠂ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ | ᠥᠷᠨᠢᠭᠦᠯᠵᠦ᠂ ᠭᠤᠤᠯᠳᠠᠯᠭ᠎ᠠ ᠲᠠᠢ ᠬᠥᠮᠦᠰ ᠲᠤ ᠸᠠᠺᠼᠢᠨ ᠤ 6873 ᠲᠦᠮᠡᠨ ᠲᠥᠭᠦᠷᠢᠭ ᠤᠨ ᠪᠠᠯᠠ ᠮᠥᠩᠭᠦ ᠤᠯᠬᠤ ᠪᠠᠷ ᠴᠢᠷᠮᠠᠶᠢᠵᠤ᠂ ᠪᠥᠭᠡᠮ ᠬᠦᠴᠢᠯ ᠤᠨ | ᠲᠤᠷᠰᠢᠯᠲᠠ ᠶᠢᠨ ᠲᠠᠰᠤᠭ᠂ ᠪᠠᠷᠢᠮᠵᠢᠶᠠᠲᠤ ᠬᠠᠯᠳᠠᠪᠤᠷᠢᠲᠤ ᠡᠪᠡᠳᠴᠢᠨ ᠤ ᠥᠷᠥᠭᠡ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠬᠠᠯᠳᠠᠪᠤᠷᠢᠲᠤ | ᠡᠪᠡᠳᠴᠢᠨ ᠢ ᠰᠢᠭᠰᠢᠨ ᠪᠠᠶᠢᠴᠠᠭᠠᠬᠤ ᠴᠢᠭ ᠵᠡᠷᠭᠡ ᠡᠮᠴᠢᠯᠡᠭᠡᠨ ᠤ ᠪᠡᠯᠡᠳᠬᠡᠮᠵᠢ ᠶᠢ ᠳᠡᠭᠡᠭᠰᠢᠯᠡᠭᠦᠯᠦᠨ ᠥᠭᠡᠷᠡᠴᠢᠯᠡᠵᠦ᠂ ᠪᠥᠭᠡᠮ ᠬᠦᠴᠢᠯ ᠤᠨ ᠪᠠᠶᠢᠴᠠᠭᠠᠨ ᠰᠢᠯᠭᠠᠬᠤ | ᠴᠢᠳᠠᠪᠤᠷᠢ ᠶᠢ ᠡᠳᠦᠷ ᠪᠦᠷᠢ 2 ᠲᠦᠮᠡᠨ ᠬᠥᠮᠦᠨ ᠤᠳᠠᠭ᠎ᠠ ᠳᠤ ᠬᠦᠷᠦᠭᠦᠯᠵᠦ᠂ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠰᠢᠢᠳᠪᠦᠷᠢᠲᠦ ᠴᠢᠨᠠᠷᠲᠠᠢ ᠢᠯᠠᠯᠲᠠ ᠣᠯᠵᠤ᠂ | ᠨᠠᠮ ᠤᠨ ᠲᠥᠪ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠡᠷᠡᠰ | ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠺᠠᠳ᠋ᠷ ᠤᠨ ᠶᠠᠳᠠᠭᠤ ᠬᠦᠴᠢᠷᠳᠡᠯᠲᠡᠢ ᠤᠯᠠᠨ ᠲᠦᠮᠡᠨ ᠲᠠᠢ ᠬᠠᠷᠢᠯᠴᠠᠵᠤ ᠬᠠᠪᠰᠤᠷᠬᠤ ᠰᠢᠷᠢᠰ ᠠᠵᠢᠯᠯᠠᠭ᠎ᠠ ᠶᠢ | ᠥᠷᠨᠢᠭᠦᠯᠵᠦ᠂ ᠬᠤᠳᠠ ᠪᠠᠯᠭᠠᠰᠤᠨ ᠤ ᠶᠠᠳᠠᠭᠤ ᠬᠦᠴᠢᠷᠳᠡᠯᠲᠡᠢ ᠭᠡᠷ ᠪᠦᠯᠢ ᠶᠢᠨ ᠦᠨᠳᠦᠰᠦᠨ ᠠᠮᠢᠳᠤᠷᠠᠯ ᠢ ᠪᠦᠬᠦ ᠬᠦᠴᠦᠨ ᠢᠶᠠᠷ ᠢᠶᠠᠨ ᠪᠠᠲᠤᠯᠠᠪᠠ᠃ ᠲᠥᠪ | ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠵᠢᠴᠢ ︽ᠡᠷᠬᠢᠨ ᠬᠠᠷᠠᠬᠤ︾ ᠠᠵᠢᠯᠯᠠᠭ᠎ᠠ ᠶᠢᠨ | ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠵᠠᠰᠠᠵᠤ ᠳ᠋ᠤᠭᠠᠷ ᠢ ᠨᠢ ᠬᠠᠰᠤᠪᠠ᠃ ᠪᠠᠶᠢᠭᠤᠯᠤᠭᠰᠠᠨ ᠲᠣᠭᠤᠷᠢᠭ ᠤᠨ ᠨᠡᠭᠦᠷᠡᠰᠦ ᠰᠢᠲᠠᠭᠠᠬᠤ 6 | ᠵᠢᠵᠢᠭ ᠭᠦᠸᠧᠯᠦ ᠶᠢ ᠰᠢᠭᠰᠢᠭᠳᠡᠭᠦᠯᠵᠦ᠂ ᠠᠭᠠᠷ ᠤᠨ ᠶᠠᠰᠤ ᠴᠢᠨᠠᠷ ᠤᠨ ᠪᠦᠲᠦᠮᠵᠢᠲᠡᠶ ᠰᠢᠯᠢᠳᠡᠭ ᠡᠳᠦᠷ ᠤᠨ ᠲᠤᠭ᠎ᠠ ᠶᠢᠨ ᠬᠠᠷᠢᠴᠠᠯ ᠢ 100% ᠳᠤ ᠬᠦᠷᠦᠭᠦᠯᠦᠨ᠎ᠡ | ᠃ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠹᠣᠰᠹᠣᠷ ᠥᠬᠡᠶᠢᠳᠡᠭᠦᠯᠬᠦ ᠠᠽᠣᠲ ᠥᠬᠡᠶᠢᠳᠡᠭᠦᠯᠬᠦ ᠡᠨᠧᠷᠭᠢ ᠶᠢ ᠠᠷᠪᠢᠯᠠᠬᠤ ᠥᠭᠡᠷᠡᠴᠢᠯᠡᠯᠲᠡ ᠶᠢᠨ | ᠢᠨᠵᠧᠨᠧᠷᠢᠩ ᠢ ᠬᠡᠷᠡᠭᠵᠢᠭᠦᠯᠵᠦ᠂ ᠰᠢᠶᠠᠩ ᠪᠠᠯᠭᠠᠰᠤᠨ ᠤ ᠬᠤᠭ ᠨᠣᠪᠰᠢ ᠪᠠ ᠪᠣᠬᠢᠷ ᠤᠰᠤ ᠰᠢᠢᠳᠪᠦᠷᠢᠯᠡᠬᠦ ᠵᠦᠢᠯᠡᠰ ᠤᠨ ᠳᠠᠭᠠᠭᠠᠴᠢᠯᠠᠯᠲᠠ ᠵᠠᠷᠯᠠᠬᠤ ᠪᠠ | ᠳᠠᠭᠠᠭᠠᠴᠢᠯᠠᠯᠲᠠ ᠬᠦᠯᠢᠶᠡᠬᠦ ᠶᠢ ᠪᠡᠶᠡᠯᠡᠭᠦᠯᠦᠨ᠎ᠡ᠃ 906 ᠲᠦᠮᠡᠨ ᠲᠥᠭᠦᠷᠢᠭ ᠤᠨ ᠤᠯᠤᠰ ᠤᠨ ᠥᠮᠴᠢᠯᠡᠯᠲᠦ ᠡᠬᠢ ᠪᠠᠶᠠᠯᠢᠭ ᠡᠳ᠋ ᠬᠥᠷᠥᠩᠭᠡ ᠶᠢ ᠢᠯᠭᠠᠷᠠᠭᠤᠯᠤᠨ | ᠳᠢᠭᠯᠡᠵᠦ ᠠᠮᠢᠳᠤᠯᠢᠭ ᠪᠣᠯᠭᠠᠵᠤ᠂ ᠵᠠᠰᠠᠭ ᠤᠨ ᠣᠷᠳᠣᠨ ᠤ ᠳᠠᠯᠳᠠ ᠥᠭᠴᠡᠭᠡ ᠶᠢ ᠠᠷᠢᠯᠭᠠᠨ ᠰᠢᠢᠳᠪᠦᠷᠢᠯᠡᠵᠦ ᠣᠨ ᠤ ᠡᠭᠦᠷᠭᠡ ᠶᠢᠨ 102.74% ᠶᠢ | ᠪᠡᠶᠡᠯᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠵᠣᠭᠤᠰ ᠢ ᠵᠤᠷᠪᠤᠰ | ᠳᠠᠷᠠᠭᠠᠯᠠᠨ ᠪᠠᠶᠢᠴᠠᠭᠠᠵᠤ᠂ ᠣᠨ ᠤ ᠳᠥᠯᠥᠬᠦ ᠡᠭᠦᠷᠭᠡ ᠪᠠᠨ 100% ᠪᠠᠷ ᠪᠡᠶᠡᠯᠡᠭᠦᠯᠪᠡ᠃ | ︵ᠬᠤᠶᠠᠷ︶ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠡᠯᠪᠡᠭ ᠳᠡᠯᠪᠡᠭ᠃ ᠰᠢ ᠶᠢᠨ ᠫᠢᠩ ᠤ ᠠᠮᠢ ᠠᠬᠤᠶ ᠶᠢᠨ ᠪᠣᠯᠪᠠᠰᠤᠨ ᠤ | ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢᠨ ᠦᠷ᠎ᠡ | ᠪᠦᠲᠦᠭᠡᠯ ᠢ ᠪᠠᠬᠢᠵᠢᠭᠦᠯᠦᠨ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠶᠢᠨ ᠦᠢᠯᠡᠳᠦᠯᠭᠡ ᠶᠢᠨ ᠰᠢᠨ᠎ᠡ ᠶᠢ ᠡᠭᠦᠳᠬᠦ | ᠰᠠᠭᠤᠷᠢᠨ ᠭᠠᠵᠠᠷ ᠢ ᠡᠭᠦᠳᠦᠨ ᠪᠠᠶᠢᠭᠤᠯᠵᠤ᠂ ᠰᠢᠶᠠᠨ ᠤ ᠬᠡᠪᠴᠢᠶᠡᠨ ᠤ ᠠᠮᠢ ᠠᠬᠤᠶ ᠶᠢᠨ ᠰᠢᠯᠵᠢᠭᠦᠯᠦᠨ ᠥᠭᠬᠦ ᠪᠡᠯᠡ ᠮᠥᠩᠭᠦ ᠶᠢ 1 .26 ᠳ᠋ᠦᠩᠰᠢᠭᠤᠷ | ᠲᠥᠭᠦᠷᠢᠭ ᠤᠯᠬᠤ ᠪᠠᠷ ᠴᠢᠷᠮᠠᠶᠢᠨ᠎ᠠ᠃ ᠪᠢᠯᠢᠭ ᠬᠦᠴᠢᠯᠲᠥ᠋ᠷᠥᠭᠴᠢᠲᠦ ᠢᠶᠣᠨ ᠤ ᠲᠤᠭ᠎ᠠ ᠪᠠᠷᠢᠮᠲᠠ ᠶᠢᠨ ᠬᠢᠨᠠᠨ ᠬᠡᠮᠵᠢᠯᠲᠡ ᠶᠢ ᠥᠷᠨᠢᠭᠦᠯᠵᠦ᠂ ︽ᠳᠤᠮᠳᠠᠳᠤ | ᠤᠯᠤᠰ ᠤᠨ ᠣᠶ ᠰᠢᠭᠤᠶ ᠶᠢᠨ ᠬᠦᠴᠢᠯᠲᠥ᠋ᠷᠥᠭᠴᠢ ᠶᠢᠨ ᠪᠠᠭᠠᠷ︾ ᠤᠨ ᠭᠡᠷᠡᠴᠢᠯᠡᠯᠲᠡ ᠶᠢ ᠡᠬᠢᠯᠡᠭᠦᠯᠵᠦ᠂ ︽ᠪᠥᠬᠦ ᠤᠯᠤᠰ ᠤᠨ ᠣᠶ ᠰᠢᠭᠤᠶ ᠶᠢᠨ ᠡᠷᠡᠭᠦᠯᠵᠢᠯ | ᠰᠤᠪᠢᠯᠠᠯᠲᠠ ᠶᠢᠨ ᠰᠠᠭᠤᠷᠢᠨ ᠭᠠᠵᠠᠷ ᠤᠨ ᠲᠤᠷᠰᠢᠯᠲᠠ ᠶᠢᠨ ᠴᠢᠭ ᠤᠨ ᠪᠥᠲᠥᠭᠡᠨ ᠪᠠᠶᠢᠭᠤᠯᠤᠯᠲᠠ ᠶᠢᠨ ᠬᠤᠲᠠ︾ ᠶᠢᠨ ᠢᠷᠠᠭᠤ ᠠᠯᠳᠠᠷ ᠢ ᠭᠥᠷᠳᠡᠵᠦ᠂ 2020 | ᠣᠨ ᠤ ᠳᠤᠮᠳᠠᠳᠤ ᠤᠯᠤᠰ ᠤᠨ ᠰᠢᠶᠠᠨ ᠤ ᠬᠡᠪᠴᠢᠶᠡᠨ ᠤ ᠪᠥᠬᠦ ᠠᠮᠢ ᠠᠬᠤᠶ ᠶᠢᠨ ᠵᠠᠭᠤᠨ ᠰᠢᠯᠢᠳᠡᠭ ᠤᠨ ᠨᠡᠷᠡᠰ ᠲᠤ ᠰᠣᠩᠭᠤᠭᠳᠠᠪᠠ᠃ ︽ᠳᠥᠷᠪᠡᠨ ᠡᠮᠬᠢ | ᠵᠠᠮᠪᠠᠷᠠᠭ᠎ᠠ ᠥᠬᠡᠶ︾ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠭᠤᠤᠯ ᠤᠨ ᠵᠠᠮ ᠠᠴᠠ ᠡᠯᠡᠰᠦ ᠮᠠᠯᠲᠠᠬᠤ ᠲᠥᠯᠥᠪᠵᠢᠭᠦᠯᠭᠡ ᠶᠢ ᠵᠠᠰᠠᠨ ᠨᠠᠶᠢᠷᠠᠭᠤᠯᠵᠤ᠂ 130 | ᠭᠤᠤᠯ ᠮᠥᠷᠡᠨ ᠤ ᠵᠠᠭᠠᠭᠯᠠᠯ ᠢ ᠪᠡᠶᠡᠯᠡᠭᠦᠯᠦᠨ᠂ ᠭᠠᠵᠠᠷ ᠣᠷᠣᠨ ᠤ ᠤᠰᠤᠨ ᠤ ᠣᠷᠴᠢᠨ ᠲᠣᠭᠤᠷᠢᠨ ᠤ ᠠᠮᠤᠷ ᠲᠦᠪᠰᠢᠨ ᠢ ᠦᠨᠡᠨᠬᠦ ᠬᠠᠮᠠᠭᠠᠯᠠᠵᠤ᠂ ᠮᠠᠨ ᠤ ᠬᠤᠲᠠ | ᠤᠰᠤᠨ ᠠᠰᠢᠭᠯᠠᠯᠲᠠ ᠶᠢᠨ ᠶᠠᠮᠤᠨ ᠳᠤ ᠭᠤᠷᠪᠠᠳᠤᠭᠠᠷ ᠪᠦᠯᠦᠭ ᠤᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ | ᠬᠦᠷᠦᠭᠰᠡᠨ ᠬᠤᠲᠠ ᠪᠠᠷ ᠦᠨᠡᠯᠡᠭᠳᠡᠪᠡ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠯᠬᠤᠴᠠ ᠲᠦᠷᠭᠡᠳᠴᠦ᠂ ᠪᠥᠬᠦ ᠬᠤᠲᠠ ᠶᠢᠨ 4 | ᠠᠭᠤᠷᠬᠠᠶ ᠶᠢ ᠲᠣᠰ ᠲᠣᠰ ᠤᠯᠤᠰ ᠤᠨ ᠲᠠᠰ ᠤᠨ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ ᠠᠭᠤᠷᠬᠠᠶ ᠶᠢᠨ ᠡᠩᠨᠡᠭᠡᠨ ᠳᠤ ᠣᠷᠣᠭᠤᠯᠪᠠ᠃ | ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠵᠤᠰᠠᠯᠠᠩ ᠢ ᠲᠤᠰᠬᠠᠶ ᠴᠡᠭᠴᠡᠯᠡᠨ ᠵᠠᠰᠠᠬᠤ ᠠᠵᠢᠯ ᠱᠠᠳᠤ ᠦᠶ᠎ᠡ ᠶᠢᠨ ᠴᠢᠨᠠᠷᠲᠠᠶ ᠠᠬᠢᠴᠠ ᠲᠠᠢ ᠪᠣᠯᠪᠠ᠃ ᠪᠥᠬᠦ | ᠵᠢᠯ ᠳᠤ 5.75 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠳᠠᠷᠢᠬᠤ ᠶᠢ ᠪᠡᠶᠡᠯᠡᠭᠦᠯᠵᠦ᠂ ᠭᠤᠤᠯᠳᠠᠯᠭ᠎ᠠ ᠲᠠᠢ ᠣᠷᠣᠨ ᠪᠦᠰᠡ ᠳᠤ 900 ᠮᠥ ᠮᠣᠳᠣ | ᠨᠣᠭᠤᠭᠠᠷᠠᠭᠤᠯᠵᠤ᠂ 100 ᠲᠦᠮᠡᠨ ᠰᠠᠭᠤᠷᠢ ᠵᠢᠭᠠᠷᠲᠤ ᠨᠠᠷᠠᠰᠤᠨ ᠤ ᠰᠠᠶᠢᠨ ᠡᠭᠦᠯᠳᠡᠷ ᠤᠨ ᠴᠢᠬᠢ ᠪᠤᠶᠢᠵᠢᠭᠤᠯᠬᠤ ᠶᠢ ᠪᠡᠶᠡᠯᠡᠭᠦᠯᠪᠡ᠃ | ︵ᠭᠤᠷᠪᠠ︶ ᠠᠵᠤ ᠦᠢᠯᠡᠰ ᠤᠨ ᠲᠠᠰ ᠳᠡᠪᠰᠢᠬᠦ ᠶᠢ ᠯᠠᠪᠳᠠᠭᠤᠨ ᠢᠶᠠᠷ ᠠᠬᠢᠭᠤᠯᠪᠠ᠃ ᠠᠮᠢ ᠠᠬᠤᠢ ᠶᠢ ᠠᠵᠤ ᠦᠢᠯᠡᠰᠵᠢᠭᠦᠯᠬᠦ᠂ ᠠᠵᠤ ᠦᠢᠯᠡᠰ ᠢ ᠠᠮᠢ | ᠠᠬᠤᠢᠢᠵᠢᠭᠤᠯᠬᠤ ᠬᠠᠷᠠᠯᠲᠠ ᠶᠢᠨ ᠤᠳᠤᠷᠢᠳᠤᠮᠵᠢ ᠶᠣᠰᠣᠭᠠᠷ᠂ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠬᠠᠷᠢᠴᠠᠭᠤᠯᠤᠭᠰᠠᠨ ᠳᠠᠪᠠᠭᠤᠯᠢᠭ ᠢᠶᠠᠨ | ᠶᠡᠬᠡᠰᠬᠡᠵᠦ᠂ ᠨᠢᠭᠡ ᠦᠢᠯᠡᠰ ᠢᠶᠠᠷ ᠬᠦᠴᠦᠷᠬᠡᠭᠵᠢᠭᠦᠯᠬᠦ ᠪᠠᠷ ᠤᠯᠠᠨ ᠦᠢᠯᠡᠰ ᠢᠶᠠᠷ ᠮᠠᠨᠳᠤᠭᠤᠯᠬᠤ ᠶᠢ ᠲᠠᠶᠢᠴᠢᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ | ᠪᠣᠬᠢᠷᠲᠤᠯ ᠦᠭᠡᠢ ᠬᠥᠭᠵᠢᠭᠦᠯᠬᠦ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠲᠣᠳᠣᠷᠬᠠᠶᠢᠯᠠᠪᠠ᠃ |