ᠰᠣᠶᠣᠯ ᠵᠢᠭᠤᠯᠴᠢᠯᠠᠯ ᠤᠨ ᠦᠢᠯᠡᠰ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠪᠥᠬᠦ ᠣᠷᠣᠨ ᠪᠦᠰᠡ ᠶᠢᠨ ᠵᠢᠭᠤᠯᠴᠢᠯᠠᠯ ᠢ ᠶᠡᠬᠡᠪᠡᠷ ᠬᠥᠭᠵᠢᠭᠦᠯᠦᠨ᠂ ᠬᠡᠭᠡᠨ | ᠭᠤᠤᠯ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠯᠠᠪᠯᠠᠯᠭ᠎ᠠ ᠶᠢᠨ ᠦᠢᠯᠡᠴᠢᠯᠡᠭᠡᠨ ᠤ ᠲᠥᠪ ᠢ ᠠᠰᠢᠭᠯᠠᠯᠲᠠ ᠳᠤ ᠣᠷᠣᠭᠤᠯᠵᠤ᠂ ᠤᠯᠭᠤᠶᠠ ᠶᠢᠨ | ᠦᠵᠡᠮᠵᠢ ᠶᠢᠨ ᠣᠷᠣᠨ ᠪᠠ ᠬᠡᠭᠡᠨ ᠭᠤᠤᠯ ᠤᠨ ᠡᠬᠢ ᠶᠢᠨ ᠤᠯᠤᠰ ᠤᠨ ᠨᠤᠭᠤ ᠭᠠᠵᠠᠷ ᠤᠨ ᠴᠡᠴᠡᠷᠯᠢᠭ ᠲᠤ ᠬᠤᠯᠪᠣᠭᠠᠲᠤ ᠪᠢᠯᠧᠲ ᠤᠨ ᠲᠦᠷᠢᠮ ᠢ ᠬᠡᠷᠡᠭᠵᠢᠭᠦᠯᠦᠨ᠎ᠡ | ᠃ ᠬᠡᠭᠡᠨ ᠭᠤᠤᠯ ᠤᠨ ᠣᠯᠭᠤᠶᠠ ᠵᠢᠭᠤᠯᠴᠢᠯᠠᠯ ᠤᠨ ᠺᠣᠮᠫᠠᠨᠢ ᠶᠢ ᠳᠠᠬᠢᠨ ᠰᠢᠨ᠎ᠡ ᠪᠠᠷ ᠪᠠᠶᠢᠭᠤᠯᠵᠤ᠂ ᠬᠡᠭᠡᠨ ᠭᠤᠤᠯ ᠤᠨ ᠵᠢᠭᠤᠯᠴᠢᠯᠠᠯ ᠤᠨ ᠬᠥᠲᠥᠴᠢ ᠠᠵᠤ | ᠠᠬᠤᠶᠢᠯᠠᠯ ᠢ ᠪᠠᠶᠢᠭᠤᠯᠤᠨ᠎ᠠ᠃ 580 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ ᠪᠠᠶᠢᠭᠠᠳ ᠣᠯᠭᠤᠶᠠ ᠦᠵᠡᠮᠵᠢ ᠶᠢᠨ ᠣᠷᠣᠨ ᠢ ᠲᠡᠰ ᠳᠡᠪᠰᠢᠭᠦᠯᠦᠨ | ᠥᠭᠡᠷᠡᠴᠢᠯᠡᠵᠦ᠂ ᠤᠨᠴᠠᠯᠢᠬᠳᠤ ᠵᠤᠭᠠᠴᠠᠯ ᠤᠨ ᠪᠦᠲᠦᠭᠡᠭᠳᠡᠬᠦᠨ ᠢ ᠭᠠᠷᠭᠠᠵᠤ᠂ ᠴᠠ ᠪᠤᠭᠤ ᠶᠢᠨ ᠰᠢᠶᠤᠤ ᠶᠠ ᠬᠤᠭᠤᠯᠠᠨ ᠲᠢᠩᠬᠢᠮ᠂ ᠬᠤᠷᠢᠮ ᠤᠨ ᠰᠡᠭᠦᠳᠡᠷ | ᠲᠠᠲᠠᠬᠤ ᠰᠠᠭᠤᠷᠢᠨ ᠭᠠᠵᠠᠷ ᠪᠣᠯᠤᠨ ᠮᠥᠰᠥ ᠴᠠᠰᠤᠨ ᠤ ᠴᠡᠩᠭᠡᠯ ᠤᠨ ᠬᠦᠷᠢᠶᠡᠯᠡᠩ ᠢ ᠪᠠᠶᠢᠭᠤᠯᠵᠤ᠂ ᠴᠠ ᠪᠤᠭᠤ ᠶᠢᠨ ᠨᠡᠭᠦᠳᠡᠯ ᠪᠣᠳᠠᠲᠤ ᠦᠵᠡᠮᠵᠢ ᠶᠢᠨ ᠲᠣᠭᠯᠠᠯᠲᠠ | ᠭᠠᠷᠭᠠᠵᠤ᠂ ᠣᠯᠭᠤᠶᠠ ᠦᠵᠡᠮᠵᠢ ᠶᠢᠨ ᠣᠷᠣᠨ ᠢ ᠡᠪᠦᠯ ᠤᠨ ᠤᠯᠠᠷᠢᠯ ᠤᠨ ᠪᠠᠶᠢᠩᠭᠤ ᠶᠢᠨ ᠡᠵᠡᠩᠨᠡᠯᠲᠡ ᠲᠠᠢ ᠪᠣᠯᠭᠠᠪᠠ᠃ 1195 ᠲᠦᠮᠡᠨ ᠲᠥᠭᠦᠷᠢᠭ ᠤᠨ ᠪᠡᠯᠡ | ᠮᠥᠩᠭᠦ ᠣᠷᠣᠭᠤᠯᠵᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠬᠥᠭᠦᠷᠭᠡ ᠶᠢ ᠪᠠᠶᠢᠭᠤᠯᠵᠤ᠂ ᠼᠠᠩ ᠯᠠᠩ ᠱᠠᠨ ᠠᠭᠤᠯᠠᠨ ᠤ ᠵᠤᠭᠠᠴᠠᠯ ᠤᠨ ᠦᠵᠡᠮᠵᠢ ᠶᠢᠨ | ᠣᠷᠣᠨ ᠢ ᠨᠡᠪᠲᠡᠷᠡᠭᠦᠯᠪᠡ᠃ ᠳ᠋ᠧᠯᠪᠤᠷ ᠤᠨ ᠺᠠ ᠯᠦ ᠪᠠᠨ᠂ ᠤᠯᠭᠤᠶᠠ ᠶᠢᠨ ᠰᠠᠷᠠᠨ ᠠᠭᠤᠯᠠ᠂ ᠡᠸᠡᠩᠬᠢ ᠦᠨᠳᠦᠰᠦᠲᠡᠨ ᠤ ᠴᠠ ᠪᠤᠭᠤ ᠶᠢᠨ ᠰᠣᠶᠣᠯ ᠤᠨ | ᠮᠦᠽᠧᠶ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ᠂ ᠨᠠᠷᠮᠠᠶ ᠤᠮᠠᠷᠠᠲᠤ ᠲᠦᠢᠯ ᠤᠨ ᠴᠠᠭᠠᠷᠢᠭ ᠤᠨ ᠰᠣᠶᠣᠯ ᠤᠨ ᠰᠤᠳᠤᠯᠭᠠᠨ ᠤ ᠲᠥᠪ᠂ ᠬᠤᠰᠤ ᠮᠣᠳᠣᠨ ᠤ | ᠬᠠᠯᠢᠰᠤᠨ ᠤ ᠤᠷ᠎ᠠ ᠮᠡᠷᠭᠡᠵᠢᠯ ᠢ ᠤᠯᠠᠮᠵᠢᠯᠠᠨ ᠵᠠᠯᠭᠠᠮᠵᠢᠯᠠᠬᠤ ᠲᠥᠪ᠂ ᠵᠢᠭᠤᠯᠴᠢᠯᠠᠭᠴᠢᠳ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠥᠪ᠂ ᠤᠷᠠᠨ ᠰᠠᠶᠢᠬᠠᠨ ᠤ | ᠲᠥᠪ ᠵᠡᠷᠭᠡ ᠵᠢᠭᠤᠯᠴᠢᠯᠠᠯ ᠤᠨ ᠵᠦᠢᠯᠡᠰ ᠢ ᠤᠷᠤᠭᠰᠢᠲᠠᠶ ᠠᠬᠢᠭᠤᠯᠪᠠ᠃ ᠪᠥᠬᠦ ᠵᠢᠯ ᠳᠤ ᠵᠤᠭᠠᠴᠠᠭᠰᠠᠳ ᠢ 70.9 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ | ᠵᠢᠭᠤᠯᠴᠢᠯᠠᠯ ᠤᠨ ᠣᠷᠣᠯᠭ᠎ᠠ 8.44 ᠳ᠋ᠦᠩᠰᠢᠭᠤᠷ ᠲᠥᠭᠦᠷᠢᠭ ᠲᠤ ᠬᠥᠷᠪᠡ᠃ ᠤᠨᠴᠠᠯᠢᠭᠳᠤ ᠠᠵᠤ ᠦᠢᠯᠡᠰ ᠢ ᠲᠠᠰᠤᠷᠠᠯᠲᠠ ᠥᠬᠡᠶ ᠪᠤᠵᠠᠭᠠᠶᠢᠷᠠᠭᠤᠯᠤᠨ᠂ | ᠬᠢᠲᠠᠳ ᠡᠪᠡᠰᠦᠨ ᠡᠮ ᠳᠠᠷᠢᠬᠤ ᠰᠠᠭᠤᠷᠢᠨ ᠭᠠᠵᠠᠷ ᠤᠨ ᠴᠠᠨ᠎ᠠ ᠡᠮ ᠳᠠᠷᠢᠬᠤ ᠲᠥᠷᠥᠯ ᠵᠦᠢᠯ ᠢ ᠡᠮᠬᠢ ᠵᠢᠷᠤᠮ ᠲᠠᠢ ᠠᠬᠢᠭᠤᠯᠵᠤ᠂ ᠣᠯᠭᠤᠶᠠ ᠰᠢᠶᠠᠩ᠂ | ᠠᠯᠦ᠋ᠩᠱᠠᠨ ᠪᠠᠯᠭᠠᠰᠤᠨ ᠳᠤ ᠥᠨᠳᠥᠷ ᠬᠦᠢᠳᠡᠨ ᠰᠢᠭᠤᠶᠢᠲᠤ ᠣᠷᠣᠨ ᠤ ᠬᠤᠨᠢᠨ ᠴᠦᠨᠳᠦᠭᠦᠷ ᠮᠥᠭᠦ ᠶᠢ ᠳᠠᠷᠢᠵᠤ ᠲᠤᠷᠰᠢᠨ ᠳᠠᠷᠢᠬᠤ ᠠᠵᠢᠯ ᠢ ᠥᠷᠨᠢᠭᠦᠯᠪᠡ᠃ | ᠳᠤᠮᠳᠠᠳᠤ ᠤᠯᠤᠰ ᠤᠨ ᠬᠦᠢᠳᠡᠨ ᠲᠦᠢᠯ ᠤᠨ ᠪᠢᠯᠢᠭᠲᠦ ᠳᠡᠯᠳᠡᠦ ᠶᠢᠨ ᠰᠠᠭᠤᠷᠢᠨ ᠭᠠᠵᠠᠷ ᠤᠨ ᠣᠯᠭᠤᠶᠠ ᠬᠦᠷᠢᠶᠡᠯᠡᠩ ᠢ ᠬᠤᠯᠪᠣᠭᠰᠠᠨ ᠬᠦᠯᠡᠮᠵᠢ ᠶᠢᠨ ᠲᠥᠷᠥᠯ | ᠵᠦᠢᠯ ᠢ ᠬᠡᠷᠡᠭᠵᠢᠭᠦᠯᠵᠦ᠂ ︽ᠲᠠᠷᠢᠶᠠᠯᠠᠩ ᠵᠢᠭᠤᠯᠴᠢᠯᠠᠯ ᠤᠨ ᠬᠤᠤᠰ ᠬᠡᠯᠬᠢᠶᠡᠵᠢᠯ︾ ᠤᠨ ᠡᠵᠡᠩᠨᠡᠯᠲᠡ ᠶᠢᠨ ᠵᠠᠭᠪᠤᠷ ᠢ ᠬᠡᠷᠡᠭᠯᠡᠨ᠂ ︽ᠺᠣᠮᠫᠠᠨᠢ + ᠬᠤᠷᠰᠢᠶ᠎ᠠ + | ᠰᠠᠭᠤᠷᠢᠨ ᠭᠠᠵᠠᠷ + ᠣᠷᠣᠯᠭ᠎ᠠ ᠪᠠᠭᠠᠲᠠᠶ ᠬᠠᠮᠲᠤᠯᠢᠭ︾ ᠤᠨ ᠠᠰᠢᠭ ᠲᠤᠰᠠ ᠶᠢᠨ ᠬᠤᠯᠪᠣᠭ᠎ᠠ ᠶᠢᠨ ᠲᠣᠭᠲᠠᠴᠠ ᠶᠢ ᠪᠡᠶᠡᠯᠡᠭᠦᠯᠦᠨ᠎ᠡ᠃ ᠪᠦᠬᠦ ᠵᠢᠯ ᠳᠤ ᠪᠢᠯᠢᠭᠲᠦ | ᠳᠡᠯᠳᠡᠦ ᠶᠢ 20 ᠲᠦᠮᠡᠨ ᠤᠭᠤᠲᠠ᠂ ᠳᠡᠯᠳᠡᠦ ᠶᠢ 56 ᠲᠦᠮᠡᠨ ᠤᠭᠤᠲᠠ ᠳᠠᠷᠢᠵᠤ᠂ ᠭᠡᠭᠡᠨ ᠭᠤᠣᠯ ᠤᠨ ᠪᠢᠯᠢᠭᠲᠦ ᠳᠡᠯᠳᠡᠦ ᠶᠢ ︽ᠪᠦᠬᠦ ᠤᠯᠤᠰ ᠤᠨ ᠨᠡᠷᠡᠲᠡᠶ | ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ︾ ᠢᠶᠠᠷ ᠦᠨᠡᠯᠡᠵᠡᠶ᠃ ᠴᠠ ᠪᠤᠭᠤ ᠶᠢ ᠴᠡᠪᠡᠷᠰᠢᠭᠦᠯᠦᠨ ᠢᠳᠡᠷᠴᠦᠳ ᠢ ᠲᠡᠳᠬᠦᠬᠦ ᠠᠵᠢᠯ ᠢ | ᠦᠷᠭᠦᠯᠵᠢᠯᠡᠨ ᠥᠷᠨᠢᠭᠦᠯᠵᠦ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ︽ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ ᠪᠠᠶᠠᠯᠢᠭ ᠤᠨ ᠭᠠᠷᠴᠠᠭ︾ | ᠲᠤ ᠣᠯᠭᠤᠶᠠ ᠴᠠ ᠪᠤᠭᠤ ᠶᠢ ᠣᠷᠣᠭᠤᠯᠪᠠ᠃ ᠤᠯᠠᠮᠵᠢᠯᠠᠯᠲᠤ ᠠᠵᠤ ᠦᠶ᠋ᠯᠡᠰ ᠤᠨ ᠲᠠᠰ ᠲᠡᠭᠡᠭᠰᠢᠭᠦᠯᠦᠨᠲ᠋ᠠᠰ ᠳᠡᠪᠰᠢᠭᠦᠯᠵᠦ᠂ ᠮᠣᠳᠣᠨ ᠮᠠᠲ᠋ᠧᠷᠢᠶᠠᠯ ᠤᠨ | ᠲᠦᠭᠦᠬᠡᠶ ᠮᠠᠲ᠋ᠧᠷᠢᠶᠠᠯ ᠢ ᠭᠠᠳᠠᠭᠠᠳᠤ ᠠᠴᠠ ᠣᠷᠣᠭᠤᠯᠬᠤ ᠶᠢ ᠢᠳᠡᠪᠬᠢᠲᠡᠶ ᠪᠠᠷ ᠵᠣᠬᠢᠴᠠᠭᠤᠯᠤᠨ᠂ ᠮᠣᠳᠣᠨ ᠮᠠᠲ᠋ᠧᠷᠢᠶᠠᠯ ᠡᠳ᠋ᠰᠢᠭᠦᠯᠬᠦ ᠠᠵᠤ ᠦᠢᠯᠡᠰ ᠢ ᠠᠯᠬᠤᠮ | ᠠᠯᠬᠤᠮ ᠢᠶᠠᠷ ᠰᠡᠷᠭᠦᠭᠡᠵᠦ᠂ ᠣᠶ ᠮᠣᠳᠣᠨ ᠤ ᠰᠢᠨ᠎ᠡ ᠦᠢᠯᠡᠳᠬᠦᠨ ᠢ ᠰᠤᠳᠤᠯᠤᠨ ᠨᠡᠭᠡᠭᠡᠬᠦ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠮᠣᠳᠣᠨ | ᠮᠠᠲ᠋ᠧᠷᠢᠶᠠᠯ ᠡᠳ᠋ᠰᠢᠭᠦᠯᠬᠦ ᠠᠵᠤ ᠦᠢᠯᠡᠰ ᠤᠨ 5112 ᠲᠦᠮᠡᠨ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠪᠡ᠃ ᠠᠭᠤᠷᠬᠠᠶ ᠶᠢᠨ ᠠᠵᠤ ᠠᠬᠤᠶᠢᠯᠠᠯ ᠤᠨ | ᠦᠢᠯᠡᠳᠪᠦᠷᠢᠯᠡᠬᠦ ᠴᠢᠳᠠᠪᠤᠷᠢ ᠶᠢ ᠲᠠᠰᠤᠷᠠᠯᠲᠠ ᠥᠬᠡᠶ ᠥᠷᠭᠡᠳᠬᠡᠵᠦ᠂ ᠱᠠᠩ ᠶᠢᠨ ᠠᠭᠤᠷᠬᠠᠶ ᠶᠢᠨ ᠦᠢᠯᠡᠰ ᠤᠨ ᠦᠯᠡᠳᠡᠭᠳᠡᠯ ᠬᠦᠳᠡᠷ ᠤᠨ ᠬᠥᠮᠥᠷᠭᠡ ᠶᠢ ᠵᠠᠰᠠᠬᠤ | ᠵᠢᠴᠢ ᠥᠷᠭᠡᠳᠬᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠦᠨ᠂ ᠪᠥᠬᠦ ᠬᠤᠲᠠ ᠶᠢᠨ ᠠᠭᠤᠷᠬᠠᠶ ᠶᠢᠨ ᠠᠵᠤ ᠦᠢᠯᠡᠰ ᠲᠤ 2091 ᠲᠦᠮᠡᠨ ᠲᠥᠭᠦᠷᠢᠭ ᠤᠨ | ᠪᠠᠯᠠ ᠣᠷᠣᠭᠤᠯᠤᠯᠲᠠ ᠶᠢ ᠪᠡᠶᠡᠯᠡᠭᠦᠯᠵᠦ᠂ 5.69 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠪᠡ᠃ ᠰᠢᠨ᠎ᠡ ᠪᠠᠷ ᠬᠥᠭᠵᠢᠭᠰᠡᠨ ᠠᠵᠤ | ᠦᠢᠯᠡᠰ ᠲᠦᠷᠭᠡᠨ ᠬᠥᠭᠵᠢᠵᠦ᠂ ︽ᠭᠦᠢᠳᠡᠨ ᠲᠦᠢᠯ ᠤᠨ ᠪᠢᠴᠢᠯ ᠬᠤᠳᠠᠯᠳᠤᠭᠠᠨ ᠤ ᠬᠤᠲᠠ︾ ᠶᠢ ᠡᠵᠡᠩᠨᠡᠯᠲᠡ ᠳᠤ ᠣᠷᠣᠭᠤᠯᠵᠤ᠂ ᠪᠢᠯᠢᠭᠳᠦ ᠲᠡᠯᠳᠡᠤ᠂ | ᠪᠡᠯᠢᠤᠺ᠂ ᠬᠥᠬᠡ ᠵᠢᠮᠢᠰᠭᠡᠨ᠎ᠡ᠂ ᠷᠠᠰᠢᠶᠠᠨ ᠤᠰᠤ ᠵᠡᠷᠭᠡ ᠤᠨᠴᠠᠯᠢᠬᠳᠤ ᠦᠢᠯᠡᠳᠬᠦᠨ ᠢ ᠵᠢᠩ ᠳ᠋ᠦᠩ ᠳᠤ ᠭᠠᠷᠭᠠᠵᠤ᠂ ᠬᠠᠩᠭᠠᠨ ᠪᠣᠷᠣᠯᠠᠭᠤᠯᠬᠤ e ᠬᠡᠷ ᠤᠨ | ᠰᠦᠯᠵᠢᠶᠡᠨ ᠳᠡᠭᠡᠷᠡᠬᠢ ᠲᠠᠪᠴᠠᠩ ᠳᠤ ᠪᠣᠷᠣᠯᠠᠭᠤᠯᠪᠠ᠃ ︽ᠥᠪᠥᠷ ᠮᠣᠩᠭᠤᠯ ᠢᠶᠠᠨ ᠬᠠᠶᠢᠷᠠᠯᠠᠬᠤ · ᠭᠡᠭᠡᠨ ᠭᠤᠤᠯ ᠤᠨ ᠨᠠᠷᠠᠲᠤ ᠲᠡᠮᠳᠡᠭᠲᠦ ᠶᠢ ᠤᠬᠠᠭᠤᠯᠤᠨ | ᠲᠠᠨᠢᠯᠴᠠᠭᠤᠯᠬᠤ︾ ᠰᠢᠭᠤᠳ ᠨᠡᠪᠲᠡᠷᠡᠭᠦᠯᠭᠡ ᠶᠢᠨ ᠠᠵᠢᠯᠯᠠᠭ᠎ᠠ ᠶᠢ ᠡᠷᠭᠢᠯᠡᠵᠦ᠂ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ︽ ᠠ ᠯᠢ ᠶᠢᠨ 1688 ᠠᠵᠤ | ᠦᠢᠯᠡᠰ ᠤᠨ ᠦᠢᠯᠡᠴᠢᠯᠡᠭᠡ︾ ᠰᠢᠭᠤᠳ ᠨᠡᠪᠲᠡᠷᠡᠭᠦᠯᠭᠡ ᠪᠠᠷ ᠪᠠᠷᠠᠭ᠎ᠠ ᠠᠪᠬᠤ ᠳᠤ ᠣᠷᠣᠯᠴᠠᠭᠤᠯᠪᠠ᠃ 2020 ᠣᠨ ᠤ ᠬᠥᠯᠥᠨ ᠪᠤᠶᠢᠷ ᠬᠤᠲᠠ ᠶᠢᠨ | ᠵᠠᠯᠠᠭᠤᠴᠤᠳ ᠪᠠᠭᠠᠴᠤᠳ ᠤᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠵᠣᠨ ᠤ ᠪᠣᠯᠪᠠᠰᠤᠷᠠᠯ ᠤᠨ ᠬᠤᠸᠠᠷᠠᠨ ᠵᠢᠴᠢ ᠬᠦᠨᠳᠦ ᠬᠥᠩᠭᠡᠨ ᠪᠡᠶ᠎ᠡ ᠶᠢᠨ ᠲᠠᠮᠢᠷ ᠤᠨ | ᠰᠣᠳᠣᠨ ᠤᠷᠤᠯᠳᠤᠭᠠᠨ ᠢ ᠲᠠᠭᠠᠭᠠᠨ ᠡᠷᠬᠢᠯᠡᠪᠡ᠃ ᠪᠡᠭᠡᠵᠢᠩ ᠤᠨ ᠲᠢᠶᠡᠨ ᠯᠢᠶᠠᠨ ᠺᠣᠮᠫᠠᠨᠢ ᠣᠭᠲᠠᠷᠭᠤᠢ ᠶᠢᠨ ᠠᠯᠤᠰ ᠠᠴᠠ ᠵᠠᠷᠯᠢᠭᠳᠠᠬᠤ ᠲᠡᠯᠡᠭᠡᠢ ᠶᠢᠨ | ᠪᠦᠮᠪᠦᠷᠴᠡᠭ ᠤᠨ ᠦᠷᠳᠡᠭᠡ ᠶᠢᠨ ᠲᠦᠭᠦᠭᠡᠷᠦᠮᠵᠢ ᠢ ᠤᠭᠰᠠᠷᠠᠵᠤ ᠲᠤᠷᠰᠢᠨ ᠲᠤᠬᠢᠷᠠᠭᠤᠯᠬᠤ ᠶᠢ ᠪᠡᠶᠡᠯᠡᠭᠦᠯᠪᠡ᠃ | ︵ᠲᠥᠷᠪᠡ︶ ᠬᠤᠲᠠ ᠪᠠᠯᠭᠠᠰᠤ ᠶᠢᠨ ᠪᠥᠳᠥᠭᠡᠨ ᠪᠠᠶᠢᠭᠤᠯᠤᠯᠲᠠ ᠶᠢ ᠲᠠᠰᠣᠷᠠᠯᠳᠠ ᠥᠭᠡᠢ ᠴᠢᠩᠭᠠᠳᠬᠠᠪᠠ᠃ ᠬᠤᠲᠠ ᠪᠠᠯᠭᠠᠰᠤ ᠶᠢᠨ ᠵᠣᠬᠢᠴᠠᠩᠭᠤᠶ | ᠬᠥᠭᠵᠢᠯᠲᠡ ᠶᠢ ᠪᠠᠷᠢᠮᠲᠠᠯᠠᠵᠤ᠂ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ ᠨᠥᠬᠦᠪᠥᠷᠢᠯᠡᠵᠦ᠂ ᠬᠤᠲᠠ ᠪᠠᠯᠭᠠᠰᠤ ᠶᠢᠨ ᠣᠷᠴᠢᠨ ᠲᠣᠭᠤᠷᠢᠨ ᠢ ᠶᠡᠷᠦᠩᠬᠡᠶᠢᠯᠡᠨ | ᠴᠡᠭᠴᠡᠯᠡᠨ ᠵᠠᠰᠠᠵᠤ᠂ ᠬᠥᠭᠵᠢᠯᠲᠡ ᠶᠢᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠦᠨ᠎ᠡ᠃ ᠣᠶ ᠰᠢᠭᠤᠶ ᠶᠢᠨ ᠠᠵᠤ ᠦᠢᠯᠡᠳᠪᠦᠷᠢ ᠶᠢᠨ ᠵᠠᠮ᠂ ᠪᠦᠯᠬᠦᠮᠳᠡᠯ | ᠵᠠᠮ᠂ ᠰᠢᠨᠬᠤᠸᠠ ᠵᠡᠭᠡᠯᠢ ᠶᠢ ᠲᠠᠰ ᠳᠡᠪᠰᠢᠭᠦᠯᠦᠨ ᠥᠭᠡᠷᠡᠴᠢᠯᠡᠬᠦ ᠵᠢᠴᠢ ᠳᠠᠭᠠᠯᠲᠠ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ | ᠪᠡᠶᠡᠯᠡᠭᠦᠯᠦᠨ᠎ᠡ᠃ 5400 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ ᠬᠤᠲᠠ ᠪᠠᠯᠭᠠᠰᠤᠨ ᠤ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ | ᠵᠠᠰᠠᠵᠤ᠂ 91 ᠰᠠᠭᠤᠷᠢ ᠠᠰᠠᠷ ᠢ ᠰᠡᠯᠪᠢᠨ ᠵᠠᠰᠠᠵᠤ᠂ 3347 ᠡᠷᠦᠬᠡ ᠳᠤ ᠠᠰᠢᠭ ᠬᠦᠷᠲᠡᠭᠡᠪᠡ᠃ ᠬᠤᠲᠠ ᠶᠢᠨ ᠲᠣᠭᠤᠷᠢᠭ ᠤᠨ ᠤᠰᠤᠨ ᠤ ᠡᠬᠢ | ᠰᠤᠷᠪᠤᠯᠵᠢ ᠶᠢᠨ ᠣᠷᠣᠨ ᠤ ᠨᠢᠭᠡᠳᠦᠭᠡᠷ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠣᠷᠣᠨ ᠢ ᠴᠡᠭᠴᠡᠯᠡᠨ ᠵᠠᠰᠠᠬᠤ ᠵᠢᠴᠢ ᠬᠦᠷᠢᠶᠡᠯᠡᠭᠰᠡᠨ ᠲᠣᠤᠷ ᠤᠨ ᠪᠥᠲᠥᠭᠡᠨ | ᠪᠠᠶᠢᠭᠤᠯᠤᠯᠲᠠ ᠶᠢᠨ ᠢᠨᠵᠧᠨᠧᠷᠢᠩ ᠢ ᠪᠡᠶᠡᠯᠡᠭᠦᠯᠵᠦ᠂ ᠰᠢᠨ᠎ᠡ ᠪᠠᠷ ᠪᠠᠶᠢᠭᠤᠯᠤᠭᠰᠠᠨ ᠮᠠᠨᠬᠦ᠋ᠢ ᠢᠯᠴᠢ ᠶᠢᠨ ᠡᠬᠢ ᠰᠤᠷᠪᠤᠯᠵᠢ ᠶᠢ ᠥᠷᠭᠡᠳᠬᠡᠨ ᠪᠠᠶᠢᠭᠤᠯᠬᠤ | ᠢᠨᠵᠧᠨᠧᠷᠢᠩ ᠢ ᠲᠤᠷᠰᠢᠨ ᠠᠵᠢᠯᠯᠠᠭᠤᠯᠬᠤ ᠪᠠᠷ ᠤᠷᠤᠭᠤᠯᠪᠠ᠃ ᠵᠠᠰᠠᠮᠠᠯ ᠵᠠᠮ ᠤᠨ ᠰᠠᠭᠤᠷᠢ ᠲᠥᠬᠦᠭᠡᠷᠦᠮᠵᠢ ᠶᠢ ᠦᠷᠭᠦᠯᠵᠢᠯᠡᠨ ᠰᠠᠶᠢᠵᠢᠷᠠᠭᠤᠯᠵᠤ᠂ 692 ᠲᠦᠮᠡᠨ | ᠲᠥᠭᠦᠷᠢᠭ ᠤᠨ ᠪᠡᠯᠡ ᠮᠥᠩᠭᠦ ᠣᠷᠣᠭᠤᠯᠵᠤ᠂ ᠭᠡᠭᠡᠨ ᠮᠠᠨᠬᠦ᠋ᠢ ᠶᠢᠨ ᠵᠠᠰᠠᠮᠠᠯ ᠵᠠᠮ ᠤᠨ ᠭᠡᠭᠡᠨ ᠭᠤᠣᠯ ᠬᠤᠳᠠᠡᠴᠠ ᠶᠢᠨ ᠾᠧ ᠬᠦᠷᠬᠦ ᠬᠡᠰᠡᠭ ᠢ ᠰᠡᠯᠪᠢᠨ ᠵᠠᠰᠠᠪᠠ᠃ | ᠶᠡᠷᠦᠩᠬᠡᠶ ᠪᠠᠯᠠ ᠣᠷᠣᠭᠤᠯᠤᠯᠲᠠ ᠨᠢ 7.02 ᠳ᠋ᠦᠩᠰᠢᠭᠤᠷ ᠲᠥᠭᠦᠷᠢᠭ ᠲᠤ ᠬᠦᠷᠦᠭᠰᠡᠨ ᠳ᠋ᠧᠯᠪᠦᠷ ᠠᠴᠠ ᠱᠠᠩ ᠬᠡᠦ ᠯᠢᠨ᠂ ᠭᠡᠭᠡᠨ ᠭᠤᠤᠯ ᠠᠴᠠ ᠪᠠᠶ ᠯᠦ ᠳ᠋ᠤᠤ | ᠬᠥᠷᠬᠦ᠂ ᠨᠢᠦ ᠡᠯ ᠾᠧ ᠣᠶ ᠰᠢᠭᠤᠶ ᠶᠢᠨ ᠲᠠᠯᠠᠪᠠᠶ ᠠᠴᠠ ᠬᠠᠨ ᠮᠠ ᠬᠥᠷᠬᠦ᠂ ᠮᠠᠨᠬᠦ᠋ᠢ ᠾᠧ ᠰᠢ ᠣᠶ ᠰᠢᠭᠤᠶ ᠶᠢᠨ ᠲᠠᠯᠠᠪᠠᠶ ᠠᠴᠠ ᠹᠦ᠋ ᠺᠧ ᠱᠠᠨ ᠠᠭᠤᠯᠠ ᠬᠥᠷᠬᠦ | ᠳᠥᠷᠪᠡᠨ ᠵᠤᠷᠪᠤᠰ ᠰᠢᠭᠤᠶᠢᠲᠤ ᠣᠷᠣᠨ ᠤ ᠵᠠᠰᠠᠮᠠᠯ ᠵᠠᠮ ᠱᠠᠲᠤ ᠦᠶ᠎ᠡ ᠶᠢᠨ ᠴᠢᠨᠠᠷᠲᠠᠶ ᠠᠬᠢᠴᠠ ᠲᠠᠢ ᠪᠣᠯᠪᠠ᠃ ᠭᠡᠭᠡᠨ ᠮᠠᠨᠬᠦ᠋ᠢ ᠶᠢᠨ ᠵᠠᠰᠠᠮᠠᠯ ᠵᠠᠮ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠬᠢᠴᠠ ᠤᠷᠤᠭᠰᠢᠲᠠᠶ᠃ ᠬᠤᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠦᠷᠭᠦᠯᠵᠢᠯᠡᠨ | ᠳᠡᠭᠡᠭᠰᠢᠯᠡᠭᠦᠯᠵᠦ᠂ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠦᠨ᠂ ᠬᠤᠭ ᠨᠣᠪᠰᠢ ᠶᠢ ᠲᠥᠷᠥᠯ | ᠬᠤᠪᠢᠶᠠᠬᠤ ᠶᠢ ᠯᠠᠪᠳᠠᠭᠤᠨ ᠢᠶᠠᠷ ᠠᠬᠢᠭᠤᠯᠵᠤ᠂ ᠬᠤᠲᠠ ᠶᠢᠨ ᠲᠣᠭᠤᠷᠢᠭ ᠤᠨ ᠭᠤᠤᠯ ᠵᠠᠮ ᠳᠡᠭᠡᠷ᠎ᠡ ᠬᠤᠭ ᠨᠣᠪᠰᠢ ᠶᠢ ᠲᠥᠷᠥᠯ ᠬᠤᠪᠢᠶᠠᠬᠤ ᠬᠠᠶᠢᠷᠴᠠᠭ᠂ | ᠵᠢᠮᠢᠰ ᠤᠨ ᠬᠠᠶᠢᠷᠴᠠᠭ ᠢ 220 ᠨᠡᠮᠡᠪᠡ᠃ ᠬᠤᠭ ᠨᠣᠪᠰᠢ ᠪᠤᠯᠠᠬᠤ ᠲᠠᠯᠠᠪᠤᠷ ᠤᠨ ᠰᠢᠮᠡᠳᠦᠨ ᠱᠦᠭᠦᠬᠦ ᠰᠢᠩᠭᠡᠨ ᠢ ᠰᠢᠢᠳᠪᠦᠷᠢᠯᠡᠬᠦ ᠰᠢᠰᠲ᠋ᠧᠮ ᠢ ᠲᠤᠷᠰᠢᠨ | ᠠᠵᠢᠯᠯᠠᠭᠤᠯᠬᠤ ᠳᠤ ᠣᠷᠣᠭᠤᠯᠪᠠ᠃ ᠲᠡᠨᠦᠭᠦᠯ ᠨᠣᠬᠠᠶ ᠶᠢ ᠬᠤᠷᠢᠶᠠᠨ ᠠᠪᠬᠤ ᠲᠥᠪ ᠢ ᠪᠠᠶᠢᠭᠤᠯᠵᠤ᠂ ᠲᠡᠨᠦᠭᠦᠯ ᠨᠣᠬᠠᠶ ᠶᠢ ᠲᠥᠪᠯᠡᠷᠡᠭᠦᠯᠦᠨ ᠬᠤᠷᠢᠶᠠᠨ ᠲᠡᠵᠢᠭᠡᠵᠦ | ᠠᠷᠠᠴᠢᠯᠠᠨ᠎ᠠ᠃ | ︵ᠲᠠᠪᠤ︶ ᠥᠭᠡᠷᠡᠴᠢᠯᠡᠯᠲᠡ ᠨᠡᠭᠡᠭᠡᠯᠳᠡ ᠲᠠᠰᠤᠷᠠᠯᠳᠠ ᠦᠭᠡᠢ ᠭᠦᠨᠵᠡᠭᠡᠶᠢᠷᠡᠪᠡ᠃ ᠠᠵᠤ ᠠᠬᠤᠶ᠂ ᠠᠮᠢ ᠠᠬᠤᠶ᠂ ᠰᠣᠶᠣᠯ ᠤᠨ ᠬᠦᠷᠢᠶᠡᠨ ᠳᠠᠬᠢ | ᠥᠭᠡᠷᠡᠴᠢᠯᠡᠯᠲᠡ ᠶᠢᠨ 13 ᠵᠦᠢᠯ ᠤᠨ ᠡᠭᠦᠷᠭᠡ ᠶᠢ ᠪᠡᠶᠡᠯᠡᠭᠦᠯᠪᠡ᠃ ᠤᠯᠤᠰ ᠤᠨ ᠥᠮᠴᠢᠯᠡᠯᠲᠦ ᠰᠢᠭᠤᠶᠢᠲᠤ ᠣᠷᠣᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠰᠢᠭᠤᠶᠢᠲᠤ ᠣᠷᠣᠨ ᠤ ᠬᠤᠲᠠ ᠪᠠᠯᠭᠠᠰᠤ ᠶᠢᠨ ᠭᠠᠯ ᠤᠨᠲᠠᠷᠠᠭᠠᠬᠤ ᠡᠭᠦᠷᠭᠡ ᠴᠢᠳᠠᠪᠤᠷᠢ ᠶᠢ ᠭᠥᠯᠢᠶᠡᠨ ᠠᠪᠬᠤ ᠶᠢ ᠪᠡᠶᠡᠯᠡᠭᠦᠯᠵᠦ᠂ 34 ᠨᠡᠷᠡᠰ ᠲᠤᠰᠬᠠᠶ | ᠲᠤᠰᠢᠶᠠᠯᠲᠤ ᠭᠠᠯ ᠤᠨᠲᠠᠷᠠᠭᠠᠬᠤ ᠠᠩᠭᠢ ᠶᠢᠨ ᠭᠡᠰᠢᠭᠦᠨ ᠢ ᠤᠷᠢᠨ ᠬᠡᠷᠡᠭᠯᠡᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠵᠤ | ᠠᠮᠠᠷᠠᠭᠰᠠᠳ ᠤᠨ ᠨᠡᠶᠢᠭᠡᠮᠴᠢᠯᠡᠭᠰᠡᠨ ᠬᠠᠮᠢᠶᠠᠷᠤᠯᠲᠠ ᠶᠢ ᠰᠢᠯᠵᠢᠭᠦᠯᠦᠨ ᠲᠤᠰᠢᠶᠠᠬᠤ ᠠᠵᠢᠯ ᠢ ᠥᠷᠨᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠠᠵᠢᠯ ᠠᠴᠠ ᠪᠠᠨ ᠪᠠᠭᠤᠵᠤ ᠠᠮᠠᠷᠠᠭᠰᠠᠳ 2.3 ᠲᠦᠮᠡᠨ ᠬᠦᠮᠦᠨ ᠢ ᠬᠦᠯᠢᠶᠡᠨ ᠠᠪᠦᠪᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ | ᠣᠷᠴᠢᠨ ᠲᠣᠭᠤᠷᠢᠨ ᠢ ᠶᠡᠬᠡᠪᠡᠷ ᠰᠢᠯᠢᠳᠡᠭᠵᠢᠭᠦᠯᠵᠦ᠂ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ | 5700 ᠲᠦᠮᠡᠨ ᠲᠥᠭᠦᠷᠢᠭ ᠤᠨ ᠭᠠᠶᠢᠯᠢ ᠶᠢ ᠬᠠᠰᠤᠵᠤ ᠭᠡᠯᠳᠦᠷᠢᠭᠦᠯᠵᠦ᠂ 1046 ᠲᠦᠮᠡᠨ ᠲᠥᠭᠦᠷᠢᠭ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠢ | ᠬᠠᠰᠤᠵᠤ ᠭᠡᠯᠳᠦᠷᠢᠭᠦᠯᠦᠨ᠎ᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ︽ᠬᠤᠶᠠᠷ ᠢ ᠲᠣᠬᠢᠶᠠᠯᠳᠤᠯ ᠢᠶᠠᠷ ᠬᠢᠬᠦ᠂ | ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ | ᠰᠠᠶᠢᠨ ᠮᠠᠭᠤ ᠶᠢ ᠦᠨᠡᠯᠡᠬᠦ︾ ᠶᠢ ᠰᠦᠯᠵᠢᠶᠡᠨ ᠳᠤ ᠣᠷᠣᠭᠤᠯᠤᠨ ᠠᠵᠢᠯᠯᠠᠭᠤᠯᠤᠨ᠎ᠠ᠃ | ︵ᠵᠢᠷᠭᠤᠭ᠎ᠠ︶ ᠨᠡᠶᠢᠭᠡᠮ ᠤᠨ ᠦᠢᠯᠡᠰ ᠯᠠᠪᠳᠠᠭᠤᠨ ᠢᠶᠠᠷ ᠬᠥᠭᠵᠢᠪᠡ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠴᠢᠳᠠᠪᠤᠷᠢ ᠦᠷᠭᠦᠯᠵᠢᠯᠡᠨ ᠳᠡᠭᠡᠭᠰᠢᠯᠡᠵᠦ᠂ | ᠪᠦᠬᠦ ᠵᠢᠯ ᠤᠨ ᠠᠷᠠᠳ ᠤᠨ ᠠᠮᠢᠳᠤᠷᠠᠯ ᠤᠨ ᠵᠠᠷᠤᠯᠭ᠎ᠠ 14.45 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠤᠯᠠᠨ ᠨᠡᠶᠢᠲᠡ ᠶᠢᠨ ᠲᠥᠰᠦᠪ ᠤᠨ | ᠵᠠᠷᠤᠯᠭ᠎ᠠ ᠶᠢᠨ 74.97% ᠶᠢ ᠡᠵᠡᠯᠡᠪᠡ᠃ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠲᠤᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠬᠤᠳᠠ | ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3.85% ᠪᠣᠯᠭᠠᠪᠠ᠃ ᠨᠡᠶᠢᠭᠡᠮ ᠤᠨ ᠪᠠᠲᠤᠯᠠᠭ᠎ᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠬᠤᠲᠠ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠰᠠᠷ᠎ᠠ ᠪᠦᠷᠢ 40 ᠲᠥᠭᠦᠷᠢᠭ | ᠳᠡᠭᠡᠭᠰᠢᠯᠡᠭᠦᠯᠵᠦ᠂ ᠬᠤᠲᠠ ᠪᠠᠯᠭᠠᠰᠤ ᠶᠢᠨ ᠣᠨᠴᠠ ᠬᠦᠴᠢᠷᠳᠡᠯᠲᠡᠶ ᠬᠥᠮᠦᠰ ᠤᠨ ᠦᠨᠳᠦᠰᠦᠨ ᠠᠮᠢᠳᠤᠷᠠᠯ ᠤᠨ ᠪᠠᠷᠢᠮᠵᠢᠶ᠎ᠠ ᠶᠢ ᠰᠠᠷ᠎ᠠ ᠪᠦᠷᠢ 52 ᠲᠥᠭᠦᠷᠢᠭ | ᠳᠡᠭᠡᠭᠰᠢᠯᠡᠭᠦᠯᠵᠦ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ ᠨᠡᠶᠢᠲᠡ 7797 ᠲᠦᠮᠡᠨ ᠲᠥᠭᠦᠷᠢᠭ ᠲᠠᠷᠬᠠᠭᠠᠪᠠ᠃ ᠨᠡᠶᠢᠭᠡᠮ ᠤᠨ ᠠᠵᠢᠯ ᠦᠢᠯᠡᠰ ᠤᠨ | ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ 86. | 83% ᠳᠤ ᠬᠦᠷᠦᠭᠦᠯᠵᠦ᠂ ᠭᠡᠭᠡᠨ ᠭᠤᠤᠯ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠠᠷᠢᠮᠵᠢᠶᠠᠵᠢᠭᠤᠯᠤᠯᠲᠠ ᠶᠢᠨ ᠲᠤᠷᠰᠢᠯᠲᠠ ᠶᠢᠨ ᠲᠠᠰᠤᠭ᠂ ᠬᠥᠯ | ᠪᠥᠮᠪᠦᠭᠡ ᠶᠢᠨ ᠬᠥᠳᠡᠯᠭᠡᠭᠡᠨ ᠤ ᠲᠠᠰᠤᠭ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠭᠡᠭᠡᠨ ᠭᠤᠤᠯ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ | ᠲᠧᠯᠸᠢᠰ ᠮᠡᠳᠡᠭᠡᠯᠡᠯ ᠤᠨ ᠰᠢᠰᠲ᠋ᠧᠮ ᠢ ᠠᠰᠢᠭᠯᠠᠯᠲᠠ ᠳᠤ ᠣᠷᠣᠭᠤᠯᠪᠠ᠃ ᠬᠤᠲᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ︽ᠬᠤᠶᠠᠳᠤᠭᠠᠷ ᠬᠤᠭᠤᠴᠠᠭᠠᠨ ᠤ | ᠪᠥᠬᠦ ᠤᠯᠤᠰ ᠤᠨ ᠪᠣᠯᠪᠠᠰᠤᠨ ᠰᠤᠷᠭᠠᠭᠤᠯᠢ ᠶᠢᠨ ᠬᠦᠷᠢᠶ᠎ᠡ︾ ᠶᠢᠨ ᠴᠣᠯᠠ ᠶᠢ ᠭᠥᠷᠳᠡᠪᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ 41 ᠲᠤᠰᠬᠠᠶ ᠮᠡᠷᠭᠡᠵᠢᠯ ᠤᠨ ᠠᠵᠢᠯᠲᠠᠨ ᠢ ᠤᠷᠢᠨ ᠡᠮᠴᠢᠯᠡᠭᠡᠨ ᠤ ᠡᠩᠨᠡᠭᠡ ᠶᠢ ᠲᠡᠭᠦᠯᠳᠡᠷᠵᠢᠭᠦᠯᠵᠦ᠂ | ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠨᠢ ᠤᠯᠤᠰ ᠤᠨ ᠰᠢᠶᠠᠨ ︵ᠲᠣᠭᠤᠷᠢᠭ︶ ᠤ ᠲᠠᠰ ᠤᠨ ᠲᠡᠷᠢᠭᠦᠨ ᠤ ᠬᠠᠮᠲᠤ ᠶᠢ ᠡᠮ | ᠡᠮᠨᠡᠯᠭᠡ ᠶᠢᠨ ᠳᠠᠭᠠᠳᠬᠠᠯ ᠳᠤ ᠬᠥᠯᠥᠨ ᠪᠤᠶᠢᠷ ᠬᠤᠲᠠ ᠶᠢᠨ ᠳᠣᠲᠣᠷ᠎ᠠ ︽ᠨᠢᠭᠡ ᠯᠡ ᠥᠷᠲᠡᠭᠡᠨ ᠤ ᠮᠠᠶ᠋ᠢᠭ︾ ᠢᠶᠠᠷ ᠳ᠋ᠦᠩᠨᠡᠨ ᠪᠤᠳᠤᠬᠤ ᠶᠢ ᠪᠡᠶᠡᠯᠡᠭᠦᠯᠦᠨ᠎ᠡ᠃ | ᠤᠯᠠᠭᠠᠨᠮᠥ᠋ᠴᠢᠷ 52 ᠲᠠᠯᠠᠪᠠᠢ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠲᠣᠭᠯᠠᠯᠲᠠ ᠥᠷᠨᠢᠭᠦᠯᠵᠦ᠂ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ | ᠠᠷᠠᠳ ᠤᠨ ᠪᠥᠵᠢᠭ ᠤᠨ ᠤᠷᠤᠯᠳᠤᠭᠠᠨ ᠳᠤ ᠲᠣᠭᠯᠠᠯᠲᠠ ᠶᠢᠨ ᠮᠥᠩᠭᠦᠨ ᠱᠠᠩᠨᠠᠯ ᠬᠦᠷᠳᠡᠪᠡ᠃ ᠰᠢᠭᠤᠶᠢᠲᠤ ᠣᠷᠣᠨ ᠢ ᠨᠡᠭᠡᠭᠡᠨ ᠬᠥᠭᠵᠢᠭᠦᠯᠵᠦ ᠪᠦᠲᠦᠭᠡᠨ | ᠪᠠᠶᠢᠭᠤᠯᠤᠭᠰᠠᠨ ᠠᠩᠬᠠᠨ ᠤ ᠶᠠᠪᠤᠴᠠ ᠶᠢ ᠲᠤᠰᠬᠠᠭᠰᠠᠨ ᠺᠢᠨᠣ᠋ ︽ᠬᠠᠢ ᠯᠢᠨ ᠳ᠋ᠧ ᠤᠨ ᠭᠠᠯ ᠳᠦᠷᠡᠯᠵᠡᠭᠰᠡᠨ ᠣᠨ ᠰᠠᠷ᠎ᠠ︾ ᠨᠢ ᠭᠡᠭᠡᠨ ᠭᠤᠣᠯ ᠳᠤ ᠰᠡᠭᠦᠳᠡᠷᠯᠡᠭᠰᠡᠨ | ᠠᠵᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠥᠩᠭᠡ ᠢᠯᠭᠠᠷᠠᠵᠤ᠂ ᠮᠠᠨ ᠤ ᠬᠤᠲᠠ ᠶᠢᠨ ᠪᠥᠵᠢᠭ ᠤᠨ | ᠪᠦᠯᠬᠦᠮ ︽ᠤᠮᠠᠷᠠᠲᠤ ᠬᠢᠯᠢ ᠶᠢ ᠪᠥᠵᠢᠭᠯᠡᠶ᠎ᠡ︾ ᠭᠡᠬᠦ ᠪᠥᠬᠦ ᠣᠷᠣᠨ ᠤ ᠭᠤᠷᠪᠠᠳᠤᠭᠠᠷ ᠬᠤᠭᠤᠴᠠᠭᠠᠨ ᠤ ᠲᠠᠯᠠᠪᠠᠶ ᠶᠢᠨ ᠪᠥᠵᠢᠭ ᠤᠨ ᠤᠷᠤᠯᠳᠤᠭᠠᠨ ᠳᠤ ᠨᠢᠭᠡᠳᠦᠭᠡᠷ | ᠳᠡᠰ ᠤᠨ ᠱᠠᠩᠨᠠᠯ ᠭᠥᠷᠳᠡᠪᠡ᠃ ᠤᠯᠭᠤᠶᠠ ᠠᠵᠤ ᠠᠬᠤᠶ ᠨᠡᠶᠢᠭᠡᠮ ᠤᠨᠬᠥ᠋ᠭᠵᠢᠯᠲᠡ ᠶᠢ ᠲᠥᠯᠬᠢᠨ ᠠᠬᠢᠭᠤᠯᠵᠤ᠂ ᠤᠯᠭᠤᠶᠠ ᠤᠨ 62 ᠡᠷᠥᠭᠡ ᠶᠢᠨ ᠠᠷᠠᠳ ᠤᠨ | ᠣᠷᠣᠨ ᠰᠠᠭᠤᠴᠠ ᠶᠢ ᠰᠡᠯᠪᠢᠨ ᠵᠠᠰᠠᠵᠤ ᠥᠭᠡᠷᠡᠴᠢᠯᠡᠪᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠦᠨᠡᠨᠬᠦ ᠪᠠᠲᠤ | ᠪᠠᠬᠢ ᠪᠣᠶ ᠪᠣᠯᠭᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠲᠥᠷᠥ ᠶᠢᠨ ᠪᠣᠳᠣᠯᠭ᠎ᠠ ᠶᠢ ᠡᠷᠡᠰ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠨᠥᠭᠴᠢᠭᠰᠡᠨ ᠪᠠᠭᠠᠲᠤᠷ | ᠢᠦᠢ ᠬᠠᠶ ᠵᠢᠶᠦ᠋ᠨ ᠤ ᠢᠷᠠᠭᠤ ᠠᠯᠳᠠᠷ ᠤᠨ ᠦᠨᠡᠮᠯᠡᠯ ᠣᠯᠭᠤᠬᠤ ᠶᠣᠰᠣᠯᠠᠯ ᠢ ᠡᠷᠬᠢᠯᠡᠵᠦ᠂ ᠠᠰᠠᠷᠠᠨ ᠬᠠᠷᠠᠭᠠᠯᠵᠠᠬᠤ ᠡᠲᠡᠭᠡᠳ ᠤᠨ ᠣᠷᠣᠰᠢᠨ ᠲᠣᠭᠲᠠᠨᠢᠬᠤ ᠶᠢ | ᠭᠡᠷᠡᠴᠢᠯᠡᠬᠦ ᠶᠢ ᠪᠡᠶᠡᠯᠡᠭᠦᠯᠵᠦ᠂ 3229 ᠢᠷᠠᠭᠤ ᠠᠯᠳᠠᠷ ᠤᠨ ᠫᠠᠶᠢᠰᠠ ᠣᠯᠭᠤᠪᠠ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠯᠠᠪᠳᠠᠭᠤᠨ ᠪᠠᠲᠤᠲᠠᠶ ᠠᠬᠢᠪᠠ᠃ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠷ᠎ᠠ | ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠥᠷᠨᠢᠭᠦᠯᠵᠦ᠂ ᠬᠤᠳᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢᠨ ᠲᠤᠷᠰᠢᠯᠲᠠ ᠶᠢᠨ ᠠᠵᠢᠯ ᠢ ᠪᠦᠬᠦ ᠲᠠᠯ᠎ᠠ ᠪᠠᠷ ᠡᠬᠢᠯᠡᠭᠦᠯᠪᠡ᠃ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠠ ᠪᠣᠯᠤᠨ ᠬᠥᠮᠦᠨ ᠬᠠᠷ᠎ᠠ | ᠬᠤᠷᠠᠨ ᠴᠤᠭᠯᠠᠷᠠᠳᠠᠭ ᠲᠠᠯᠠᠪᠤᠷ ᠲᠤ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠤᠨ ᠪᠠᠶᠢᠴᠠᠭᠠᠯᠲᠠ ᠬᠢᠵᠦ᠂ ᠪᠦᠬᠦ ᠬᠤᠳᠠ ᠶᠢᠨ ᠠᠶᠤᠯᠭᠦᠢ | ᠦᠢᠯᠡᠳᠪᠦᠷᠢᠯᠡᠯ ᠤᠨ ᠪᠠᠶᠢᠳᠠᠯ ᠦᠷᠭᠦᠯᠵᠢᠯᠡᠨ ᠲᠣᠭᠲᠠᠭᠤᠨ ᠪᠠᠶᠢᠨ᠎ᠠ᠃ |