︵ᠳᠣᠯᠤᠭ᠎ᠠ︶ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠪᠠ᠃ ︽ᠳᠥᠷᠪᠡᠨ ᠤᠬᠠᠮᠰᠠᠷ︾ ᠢ ᠪᠠᠲᠤ ᠪᠠᠬᠢ ᠪᠣᠶ ᠪᠣᠯᠭᠠᠵᠤ᠂ | ︽ᠳᠥᠷᠪᠡᠨ ᠢᠲᠡᠭᠡᠯ︾ ᠢ ᠪᠠᠲᠤᠳᠬᠠᠨ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠡᠷᠡᠰ ᠦᠢᠯᠡᠳᠦᠯᠭᠡᠵᠢᠭᠦᠯᠦᠨ᠎ᠡ᠃ ᠳᠣᠯᠣᠳᠤᠭᠠᠷ | ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠯᠠᠪᠳᠠᠭᠤᠨ ᠢᠶᠠᠷ ᠲᠦᠯᠬᠢᠨ | ᠠᠬᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠂ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠬᠤᠳᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ | ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠶᠢ | 31 ᠬᠤᠪᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ 69 ᠬᠤᠪᠢ᠂ ᠬᠠᠷᠢᠭᠤᠯᠲᠠ ᠦᠭᠭᠦᠭᠰᠡᠨ ᠨᠤᠷᠮ᠎ᠠ100% ᠳᠤ | ᠬᠦᠷᠪᠡ᠃ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠵᠠᠰᠠᠭ ᠤᠨ ᠶᠠᠪᠤᠳᠠᠯ ᠢ ᠢᠯᠡ | ᠪᠣᠯᠭᠠᠬᠤ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠠᠶᠢᠭᠤᠯᠤᠯᠲᠠ ᠶᠢ ᠡᠮᠬᠢ ︽ᠭᠤᠷᠪᠠᠨ ᠴᠢᠬᠤᠯᠠ ᠨᠢᠭᠡ ᠶᠡᠭᠡ︾ ᠶᠢᠨ ᠬᠡᠷᠡᠭ ᠵᠥᠪᠯᠡᠬᠦ ᠲᠦᠷᠢᠮ ᠢ ᠴᠢᠩᠭ᠎ᠠ | ᠬᠡᠷᠡᠭᠵᠢᠭᠦᠯᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶ | ᠲᠦᠯᠬᠢᠨ ᠠᠬᠢᠭᠤᠯᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠪᠠᠷ ᠰᠢᠨᠲᠠᠷᠠᠰᠢ ᠦᠭᠡᠢ ᠴᠢᠷᠮᠠᠶᠢᠵᠤ᠂ ᠬᠢᠨᠠᠨ ᠪᠤᠳᠤᠵᠤ ᠬᠢᠨᠠᠯᠲᠠ | ᠲᠠᠯᠪᠢᠬᠤ ᠶᠢ ᠦᠨᠡᠨ ᠬᠦ ᠴᠢᠩᠭᠠᠳᠬᠠᠭᠰᠠᠨ ᠠᠴᠠ ᠠᠳᠠᠯ ᠦᠢᠯᠡᠰ ᠴᠣᠭᠴᠠᠯᠠᠨ ᠠᠵᠢᠯ ᠬᠢᠬᠦ ᠠᠭᠤᠷ ᠠᠮᠢᠰᠬᠤᠯ ᠤᠯᠠᠮ ᠢᠶᠠᠷ ᠥᠳᠬᠡᠷᠡᠪᠡ᠃ | ᠲᠥᠯᠥᠭᠡᠯᠡᠭᠴᠢᠳ ᠡ᠂ 2020 ᠣᠨ ᠳᠤ ᠪᠢᠳᠡ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠪᠥᠬᠦ ᠲᠠᠯ᠎ᠠ ᠪᠠᠷ | ᠪᠡᠶᠡᠯᠡᠭᠦᠯᠦᠭᠰᠡᠨ ᠨᠢ ᠮᠠᠨ ᠤ ᠬᠤᠲᠠ ᠶᠢᠨ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ ᠲᠡᠭᠦᠰᠦᠭᠰᠡᠨ ᠢ | ᠬᠠᠷᠠᠭᠤᠯᠵᠤ ᠪᠠᠶᠢᠨ᠎ᠠ᠃ ᠥᠩᠭᠡᠷᠡᠭᠰᠡᠨ ᠲᠠᠪᠤᠨ ᠵᠢᠯ ᠳᠤ᠂ ᠮᠠᠨ ᠤ ᠬᠤᠲᠠ ᠶᠢᠨ ᠡᠯ᠎ᠡ ᠵᠦᠢᠯ ᠤᠨ ᠠᠵᠢᠯ ᠦᠢᠯᠡᠰ ᠢ ᠵᠣᠬᠢᠴᠠᠩᠭᠤᠶ ᠪᠠᠷ ᠠᠬᠢᠭᠤᠯᠵᠤ᠂ ᠪᠦᠬᠦ | ᠲᠠᠯ᠎ᠠ ᠪᠠᠷ ᠬᠥᠭᠵᠢᠭᠦᠯᠦᠭᠰᠡᠨ ᠲᠠᠪᠤᠨ ᠵᠢᠯ ᠮᠥᠨ᠂ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠳᠤ ᠬᠤᠳᠠᠯᠳᠤᠭᠠᠨ ᠤ ᠴᠢᠨᠠᠷᠲᠠᠶ ᠮᠣᠳᠣ ᠣᠭᠲᠣᠯᠬᠤ ᠶᠢ ᠪᠦᠬᠦ | ᠲᠠᠯ᠎ᠠ ᠪᠠᠷ ᠵᠣᠭᠰᠣᠭᠠᠭᠰᠠᠨ ᠰᠢᠨ᠎ᠡ ᠪᠠᠶᠢᠳᠠᠯ᠂ ᠰᠢᠨ᠎ᠡ ᠡᠭᠦᠷᠭᠡ ᠶᠢᠨ ᠡᠮᠦᠨ᠎ᠡ᠂ ᠪᠢᠳᠡ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠷᠢᠮᠲᠠᠯᠠᠵᠤ᠂ | ᠢᠳᠡᠪᠬᠢᠲᠡᠶ ᠪᠠᠷ ᠠᠶᠤᠯ ᠲᠦᠭᠰᠢᠭᠦᠷᠢ ᠶᠢ ᠲᠣᠬᠢᠶᠠᠯ ᠪᠣᠯᠭᠠᠨ ᠬᠤᠪᠢᠷᠠᠭᠤᠯᠵᠤ᠂ ᠨᠢᠭᠡ ᠰᠡᠳᠬᠢᠯ ᠨᠢᠭᠡ ᠵᠣᠷᠢᠭ ᠢᠶᠠᠷ ᠬᠥᠭᠵᠢᠭᠦᠯᠬᠦ ᠪᠠᠷ ᠴᠢᠷᠮᠠᠶᠢᠵᠤ᠂ ᠰᠡᠳᠬᠢᠯ | ᠰᠠᠨᠠᠭ᠎ᠠ ᠪᠠᠨ ᠲᠥᠪᠯᠡᠷᠡᠭᠦᠯᠦᠨ ᠲᠥᠷᠥᠯ ᠵᠦᠢᠯ ᠢ ᠠᠳᠬᠤᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠦᠬᠦ | ᠲᠠᠯ᠎ᠠ ᠪᠠᠷ ᠪᠡᠶᠡᠯᠡᠭᠦᠯᠵᠦ᠂ ᠪᠦᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠰᠢᠨ᠎ᠡ ᠳᠡᠭᠲᠡᠷ ᠲᠤ ᠭᠠᠷᠪᠠ᠃ | ᠲᠠᠪᠤᠨ ᠵᠢᠯ ᠤᠨ ᠲᠤᠷᠰᠢ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠦᠨᠡᠨᠬᠦ ᠴᠢᠩᠭᠠᠳᠬᠠᠵᠤ᠂ ︽ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠶᠡᠷᠦᠩᠬᠡᠶ ᠲᠥᠯᠥᠪᠵᠢᠭᠦᠯᠭᠡ︾ | ᠶᠢ ᠨᠠᠶᠢᠷᠠᠭᠤᠯᠤᠨ ᠵᠣᠬᠢᠶᠠᠵᠤ᠂ ᠬᠡᠭᠡᠨ ᠭᠤᠤᠯ᠂ ᠳᠣᠭᠰᠢᠨ ᠤᠷᠤᠰᠬᠠᠯ ᠤᠨ ᠭᠤᠤᠯ ᠤᠨ ᠴᠢᠬᠤᠯᠠ ᠭᠤᠤᠯ ᠤᠷᠤᠰᠬᠠᠯ ᠢ ᠵᠠᠰᠠᠬᠤ᠂ ᠣᠯᠭᠤᠶᠠ ᠠᠭᠤᠯᠠ ᠶᠢᠨ | ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ᠂ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠵᠡᠷᠭᠡ ᠨᠢᠭᠡ ᠪᠦᠯᠦᠭ ᠠᠮᠢ ᠠᠬᠤᠶ ᠶᠢᠨ ᠲᠥᠷᠥᠯ | ᠵᠦᠢᠯ ᠤᠨ ᠢᠨᠵᠧᠨᠧᠷᠢᠩ ᠢ ᠪᠡᠶᠡᠯᠡᠭᠦᠯᠪᠡ᠃ ᠰᠢᠶᠠᠨ ᠤ ᠬᠡᠪᠴᠢᠶᠡᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠬᠢᠨᠠᠨ ᠰᠢᠯᠭᠠᠯᠲᠠ ᠪᠦᠬᠦ | ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠠᠮᠵᠢᠯᠲᠠ ᠲᠠᠢ | ᠡᠭᠦᠳᠦᠨ ᠪᠠᠶᠢᠭᠤᠯᠪᠠ᠂ ᠡᠨᠡ ᠪᠣᠯ ᠬᠥᠯᠥᠨ ᠪᠤᠶᠢᠷ ᠬᠤᠳᠠ ᠶᠢᠨ ᠴᠤᠷ ᠤᠨ ᠭᠠᠭᠴᠠ ᠨᠡᠷᠡᠶᠢᠳᠦᠯ ᠬᠥᠬᠢᠭᠦᠯᠦᠯ ᠬᠦᠷᠳᠡᠭᠰᠡᠨ ᠭᠠᠵᠠᠷ ᠣᠷᠣᠨ ᠪᠣᠯᠤᠨ᠎ᠠ᠃ ︽ | ᠭᠤᠤᠯ ᠤᠨ ᠳᠠᠷᠤᠭ᠎ᠠ ᠶᠢᠨ ᠲᠦᠷᠢᠮ︾ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠷᠪᠠᠳᠤᠭᠠᠷ ᠳᠡᠰ ᠤᠨ ᠭᠤᠤᠯ ᠤᠨ ᠳᠠᠷᠤᠭ᠎ᠠ ᠶᠢ ᠪᠠᠶᠢᠩᠭᠤᠵᠢᠭᠤᠯᠤᠨ | ᠲᠣᠭᠤᠷᠢᠨ ᠪᠠᠶᠢᠴᠠᠭᠠᠵᠤ᠂ ᠬᠢᠯᠢ ᠶᠢᠨ ᠳᠣᠲᠣᠷᠠᠬᠢ ︽ᠳᠥᠷᠪᠡᠨ ᠳᠤᠷ᠎ᠠ ᠪᠠᠷ ᠢᠶᠠᠨ ᠪᠠᠶᠢᠬᠤ︾ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ | ᠪᠡᠶᠡᠯᠡᠭᠦᠯᠵᠦ᠂ ᠤᠰᠤᠨ ᠠᠰᠢᠭᠯᠠᠯᠲᠠ ᠶᠢᠨ ᠶᠠᠮᠤᠨ ᠳᠤ ︽ᠠᠮᠢ ᠠᠬᠤᠶ ᠶᠢᠨ ᠭᠤᠤᠯ ᠮᠥᠷᠡᠨ︾ ᠢᠶᠠᠷ ᠦᠨᠡᠯᠡᠭᠳᠡᠪᠡ᠃ ᠭᠤᠤᠯᠳᠠᠯᠭ᠎ᠠ ᠲᠠᠢ ᠣᠷᠣᠨ ᠪᠦᠰᠡ ᠶᠢᠨ | ᠨᠣᠭᠤᠭᠠᠷᠠᠭᠤᠯᠤᠯᠲᠠ ᠶᠢ ᠨᠡᠶᠢᠲᠡ 8101 ᠮᠥ ᠪᠡᠶᠡᠯᠡᠭᠦᠯᠵᠦ᠂ 26.87 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠳᠠᠷᠢᠪᠠ᠃ | ᠲᠠᠪᠤᠨ ᠵᠢᠯ ᠤᠨ ᠲᠤᠷᠰᠢ᠂ ᠠᠵᠤ ᠦᠢᠯᠡᠰ ᠤᠨ ᠪᠦᠲᠦᠴᠡ ᠦᠷᠭᠦᠯᠵᠢᠯᠡᠨ ᠰᠢᠯᠢᠳᠡᠭᠵᠢᠪᠡ᠃ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ | ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠲᠦᠯᠬᠢᠨ ᠠᠬᠢᠭᠤᠯᠵᠤ᠂ ᠠᠵᠤ | ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠰᠣᠶᠣᠯ ᠵᠢᠭᠤᠯᠴᠢᠯᠠᠯ ᠤᠨ ᠠᠵᠤ ᠦᠢᠯᠡᠰ ᠥᠷᠨᠢᠩᠭᠦᠶ | ᠬᠥᠭᠵᠢᠵᠦ᠂ ︽ᠬᠡᠭᠡᠨ ᠭᠤᠤᠯ ᠬᠤᠲᠠ ᠶᠢᠨ ᠪᠥᠬᠦ ᠴᠠᠷᠠᠭᠠᠨ ᠤ ᠵᠢᠭᠤᠯᠴᠢᠯᠠᠯ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ᠂ | ᠤᠯᠭᠤᠶᠠ ᠶᠢᠨ ᠪᠤᠭᠤ ᠠᠶᠢᠮᠠᠭ᠂ ᠬᠡᠭᠡᠨ ᠭᠤᠤᠯ ᠤᠨ ᠡᠬᠢ ᠶᠢᠨ ᠤᠯᠤᠰ ᠤᠨ ᠨᠤᠭᠤ ᠭᠠᠵᠠᠷ ᠤᠨ ᠴᠡᠴᠡᠷᠯᠢᠭ᠂ ᠬᠦᠢᠳᠡᠨ ᠲᠤᠶᠢᠯ ᠤᠨ ᠲᠣᠰᠬᠤᠨ ᠵᠡᠷᠭᠡ | ᠦᠵᠡᠮᠵᠢ ᠶᠢᠨ ᠣᠷᠣᠨ ᠤ ᠰᠠᠭᠤᠷᠢ ᠪᠡᠯᠡᠳᠬᠡᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠪᠡ᠃ ᠬᠥᠯᠥᠨ ᠪᠤᠶᠢᠷ ᠬᠤᠲᠠ ᠶᠢᠨ ᠠᠩᠬᠠᠳᠤᠭᠠᠷ ᠬᠤᠭᠤᠴᠠᠭᠠᠨ ᠤ | ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠢ ᠳᠠᠭᠠᠭᠠᠴᠢᠯᠠᠨ ᠡᠷᠭᠢᠯᠡᠵᠦ᠂ ᠳᠤᠮᠳᠠᠳᠤ ᠤᠯᠤᠰ ᠤᠨ ᠬᠦᠢᠲᠡᠨ ᠲᠦᠢᠯ ᠤᠨ ᠮᠥᠰᠥ ᠴᠠᠰᠤᠨ ᠤ ᠤᠯᠠᠷᠢᠯ ᠵᠡᠷᠭᠡ | ᠰᠢᠷᠢᠰ ᠠᠵᠢᠯᠯᠠᠭ᠎ᠠ ᠶᠢ ᠡᠷᠭᠢᠯᠡᠪᠡ᠃ ᠮᠠᠨ ᠤ ᠬᠤᠲᠠ ᠤᠯᠤᠰ ᠤᠨ ᠠᠭᠤᠷ ᠠᠮᠢᠰᠬᠤᠯ ᠤᠨ ᠲᠥᠪ ᠠᠴᠠ ︽ᠳᠤᠮᠳᠠᠳᠤ ᠤᠯᠤᠰ ᠤᠨ ᠬᠦᠢᠲᠡᠨ ᠲᠦᠢᠯ︾ ᠤᠨ ᠴᠣᠯᠠ | ᠣᠯᠭᠤᠵᠤ᠂ ︽ᠳᠤᠮᠳᠠᠳᠤ ᠤᠯᠤᠰ ᠤᠨ ᠬᠦᠢᠲᠡᠨ ᠲᠦᠢᠯ︾ ᠤᠨ ᠨᠠᠷᠠᠲᠤ ᠲᠡᠮᠳᠡᠭᠲᠦ ᠶᠢ ︽ᠪᠥᠬᠦ ᠤᠯᠤᠰ ᠤᠨ ᠠᠮᠢ ᠠᠬᠤᠶ ᠶᠢᠨ ᠵᠢᠭᠤᠯᠴᠢᠯᠠᠯ ᠤᠨ | ᠬᠥᠭᠵᠢᠯᠲᠡ ᠶᠢᠨ ᠲᠥᠯᠥᠪᠵᠢᠭᠦᠯᠭᠡ︾ ᠳᠤ ᠣᠷᠣᠭᠤᠯᠵᠤ᠂ ᠡᠪᠦᠯ ᠤᠨ ᠤᠯᠠᠷᠢᠯ ᠤᠨ ᠵᠢᠭᠤᠯᠴᠢᠯᠠᠯ ᠰᠢᠨ᠎ᠡ ᠰᠢᠪᠲᠤᠯᠤᠯᠲᠠ ᠲᠠᠢ ᠪᠣᠯᠵᠣ᠂ ᠭᠡᠭᠡᠨ ᠭᠤᠤᠯ ᠤᠨ | ᠠᠯᠳᠠᠷᠰᠢᠯ ᠪᠠ ᠲᠠᠲᠠᠬᠤ ᠬᠦᠴᠦᠨ ᠢᠯᠡᠳᠲᠡ ᠳᠡᠭᠡᠭᠰᠢᠯᠡᠪᠡ᠃ ᠵᠢᠭᠤᠯᠴᠢᠯᠠᠯ ᠤᠨ ᠣᠷᠣᠯᠭ᠎ᠠ ᠶᠢ ᠨᠡᠶᠢᠲᠡ 68.68 ᠳ᠋ᠦᠩᠰᠢᠭᠤᠷ ᠲᠥᠭᠦᠷᠢᠭ ᠪᠡᠶᠡᠯᠡᠭᠦᠯᠵᠦ᠂ | ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ 1.4 ᠳᠠᠬᠢᠨ ᠪᠣᠯᠵᠠᠶ᠃ ᠤᠨᠴᠠᠯᠢᠭᠳᠤ ᠠᠵᠤ ᠦᠢᠯᠡᠰ ᠢ ᠲᠣᠭᠲᠠᠭᠤᠨ ᠢᠶᠠᠷ | ᠬᠥᠭᠵᠢᠭᠦᠯᠵᠦ᠂ ᠢᠳᠡᠭᠡᠨ ᠤ ᠮᠦᠬᠦ ᠪᠠ ᠬᠢᠲᠠᠳ ᠡᠪᠡᠰᠦᠨ ᠡᠮ ᠤᠨ ᠲᠠᠷᠢᠬᠤ ᠬᠡᠪᠴᠢᠶ᠎ᠡ ᠶᠢ ᠲᠠᠰᠤᠷᠠᠯᠳᠠ ᠦᠭᠡᠢ ᠥᠷᠭᠡᠳᠬᠡᠵᠦ᠂ ᠲᠠᠪᠤᠨ ᠵᠢᠯ ᠳᠤ ᠨᠡᠶᠢᠳᠡ 74 | ᠲᠦᠮᠡᠨ ᠤᠭᠤᠲᠠ᠂ 1043 ᠲᠦᠮᠡᠨ ᠤᠭᠤᠲᠠ᠂ ᠴᠠᠨ᠎ᠠ ᠴᠡᠴᠡᠭ ᠶᠢ 1000 ᠮᠦ ᠲᠠᠷᠢᠪᠠ᠃ ᠤᠮᠠᠷᠠᠲᠤ ᠧᠦ᠋ᠷᠣᠫᠠ ᠠᠴᠠ 178 ᠴᠠ ᠪᠤᠭᠤ ᠶᠢ | ᠣᠷᠣᠭᠤᠯᠤᠨ ᠠᠪᠴᠢᠷᠠᠵᠤ᠂ ᠡᠭᠦᠯᠳᠡᠷ ᠣᠷᠣᠭᠤᠯᠤᠨ ᠦᠷᠡᠵᠢᠭᠦᠯᠦᠨ ᠪᠤᠶᠢᠵᠢᠭᠤᠯᠬᠤ ᠲᠥᠪ ᠪᠠᠶᠢᠭᠤᠯᠤᠨ᠂ ᠳᠤᠮᠳᠠᠳᠤ ᠤᠯᠤᠰ ᠤᠨ ᠣᠨᠴᠠ ᠲᠥᠷᠥᠯ ᠤᠨ | ᠠᠮᠢᠲᠠᠨ ᠤ ᠰᠤᠳᠤᠯᠭᠠᠨ ᠤ ᠭᠠᠵᠠᠷ ᠲᠠᠢ ᠬᠠᠮᠲᠤᠷᠠᠨ᠂ ᠳᠣᠲᠣᠭᠠᠳᠤ ᠳᠠᠭᠠᠨ ᠴᠡᠪᠡᠷᠰᠢᠭᠦᠯᠦᠨ ᠴᠢᠭᠢᠷᠠᠭᠵᠢᠭᠤᠯᠤᠭᠰᠠᠨ ᠢᠶᠠᠷ᠂ ᠤᠯᠭᠤᠶᠠ ᠶᠢᠨ ᠴᠠ ᠪᠤᠭᠤ ᠶᠢᠨ | ᠶᠡᠷᠦᠩᠬᠡᠶ ᠲᠤᠭ᠎ᠠ 1211 ᠳᠤ ᠬᠦᠷᠴᠡᠶ᠃ ᠪᠣᠬᠢᠷᠲᠤᠯ ᠥᠬᠡᠶ ᠢᠳᠡᠭᠡᠨ ᠢ ᠡᠳ᠋ᠰᠢᠭᠦᠯᠬᠦ ᠴᠢᠳᠠᠪᠤᠷᠢ ᠶᠢ ᠲᠦᠷᠭᠡᠨ ᠬᠥᠭᠵᠢᠭᠦᠯᠵᠦ᠂ ᠬᠡᠭᠡᠷ᠎ᠡ ᠶᠢᠨ ᠰᠢᠭᠦᠰᠦᠯᠢᠭ ᠵᠢᠮᠢᠰ | ᠡᠳ᠋ᠰᠢᠭᠦᠯᠬᠦ ᠠᠵᠤ ᠠᠬᠤᠶᠢᠯᠠᠯ ᠤᠨ ᠵᠢᠯ ᠤᠨ ᠲᠦᠯᠤᠪᠯᠡᠨ ᠡᠳ᠋ᠰᠢᠭᠦᠯᠬᠦ ᠴᠢᠳᠠᠪᠤᠷᠢ ᠶᠢ 750 ᠲᠣᠨ ᠳᠤ ᠬᠦᠷᠦᠭᠦᠯᠵᠦ᠂ ᠪᠡᠯᠢᠤᠺ ᠡᠳ᠋ᠰᠢᠭᠦᠯᠬᠦ ᠠᠵᠤ ᠠᠬᠤᠶᠢᠯᠠᠯ ᠤᠨ | ᠵᠢᠯ ᠤᠨ ᠲᠦᠯᠤᠪᠯᠡᠨ ᠡᠳ᠋ᠰᠢᠭᠦᠯᠬᠦ ᠴᠢᠳᠠᠪᠤᠷᠢ ᠶᠢ 5000 ᠲᠣᠨ ᠳᠤ ᠬᠦᠷᠦᠭᠦᠯᠵᠦ᠂ ᠷᠠᠰᠢᠶᠠᠨ ᠤᠰᠤ ᠪᠣᠯᠤᠨ ᠷᠠᠰᠢᠶᠠᠨ ᠤᠰᠤᠨ ᠤ ᠠᠵᠤ ᠠᠬᠤᠶᠢᠯᠠᠯ ᠤᠨ | ᠵᠢᠯ ᠤᠨ ᠲᠦᠯᠤᠪᠯᠡᠨ ᠦᠢᠯᠡᠳᠪᠦᠷᠢᠯᠡᠬᠦ ᠴᠢᠳᠠᠪᠤᠷᠢ ᠶᠢ 10.33 ᠲᠦᠮᠡᠨ ᠲᠣᠨ ᠳᠤ ᠬᠦᠷᠦᠭᠦᠯᠬᠦ ᠬᠡᠷᠡᠭᠲᠡᠶ᠃ ᠤᠯᠠᠮᠵᠢᠯᠠᠯᠲᠤ ᠠᠵᠤ ᠦᠢᠯᠡᠰ ᠢ ᠡᠮᠬᠢ ᠵᠢᠷᠤᠮ ᠲᠠᠢ | ᠬᠥᠭᠵᠢᠭᠦᠯᠵᠦ᠂ ᠮᠣᠳᠣᠨ ᠮᠠᠲ᠋ᠧᠷᠢᠶᠠᠯ ᠡᠳ᠋ᠰᠢᠭᠦᠯᠬᠦ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠭᠧᠨ ᠯᠢᠨ | ᠮᠣᠳᠣᠨ ᠤ ᠦᠢᠯᠡᠰ ᠤᠨ ᠮᠣᠳᠣᠨ ᠪᠠᠶᠢᠰᠢᠩ ᠤᠨ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠶᠢ ᠵᠢᠯ ᠳᠠᠷᠠᠭᠠᠯᠠᠨ ᠳᠡᠭᠡᠭᠰᠢᠯᠡᠭᠦᠯᠵᠦ᠂ ᠮᠣᠳᠣᠨ ᠮᠠᠲ᠋ᠧᠷᠢᠶᠠᠯ ᠡᠳ᠋ᠰᠢᠭᠦᠯᠬᠦ | ᠦᠢᠯᠡᠳᠪᠦᠷᠢᠯᠡᠯ ᠤᠨ ᠦᠢᠯᠡᠳᠬᠦᠨ ᠤ ᠥᠷᠲᠡᠭ ᠢ 2.63 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠠᠭᠤᠷᠬᠠᠶ ᠶᠢᠨ ᠭᠠᠷᠤᠯᠲᠠ ᠶᠢᠨ ᠠᠵᠤ ᠠᠬᠤᠶᠢᠯᠠᠯ ᠳᠤ | ᠨᠡᠶᠢᠲᠡ 5.04 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠡᠳᠦᠷ ᠤᠨ ᠬᠦᠳᠡᠷ ᠰᠢᠢᠳᠪᠦᠷᠢᠯᠡᠬᠦ ᠴᠢᠳᠠᠪᠤᠷᠢ 8000 ᠲᠣᠨ ᠳᠤ ᠬᠦᠷᠴᠦ᠂ 2015 | ᠣᠨ ᠤ 5 ᠳᠠᠬᠢᠨ ᠪᠣᠯᠵᠣ᠂ ᠶᠡᠷᠦᠩᠬᠡᠶᠢᠯᠡᠭᠰᠡᠨ ᠠᠵᠤ ᠠᠬᠤᠶ ᠶᠢᠨ ᠪᠣᠳᠠᠲᠤ ᠬᠦᠴᠦᠨ ᠤ ᠳᠡᠭᠡᠭᠰᠢᠯᠡᠯᠲᠡ ᠶᠢ ᠬᠦᠴᠦᠲᠡᠶ ᠳᠠᠶᠢᠴᠢᠯᠠᠭᠰᠠᠨ ᠪᠠᠶᠢᠨ᠎ᠠ᠃ ᠰᠢᠨ᠎ᠡ ᠪᠠᠷ | ᠬᠥᠭᠵᠢᠭᠰᠡᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠵᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ ᠶᠡᠬᠡᠪᠡᠷ ᠬᠥᠭᠵᠢᠭᠦᠯᠦᠨ᠂ ᠡᠯᠧᠺᠲᠷᠣᠨ | ᠬᠤᠳᠠᠯᠳᠤᠭᠠᠨ ᠤ ᠦᠢᠯᠡᠴᠢᠯᠡᠭᠡᠨ ᠤ ᠪᠣᠳᠠᠲᠤ ᠴᠣᠭᠴᠠ ᠶᠢᠨ ᠠᠵᠤ ᠠᠬᠤᠶ ᠶᠢ ᠠᠬᠢᠭᠤᠯᠵᠤ᠂ ᠵᠢᠩ ᠳ᠋ᠦᠩ · ᠭᠡᠭᠡᠨ ᠭᠤᠤᠯ ᠤᠨ ᠣᠨᠴᠠ ᠭᠠᠷᠤᠯᠲᠠ ᠶᠢᠨ | ᠣᠷᠳᠣᠨ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠤᠨ᠎ᠠ᠃ ᠪᠡᠶ᠎ᠡ ᠶᠢᠨ ᠲᠠᠮᠢᠷ ᠤᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠵᠦ᠂ ︽ᠳᠤᠮᠳᠠᠳᠤ | ᠤᠯᠤᠰ ᠤᠨ ᠬᠦᠢᠲᠡᠨ ᠲᠦᠢᠯ ᠤᠨ ᠮᠠᠷᠠᠰᠤᠨ︾ ᠨᠠᠷᠠᠲᠤ ᠲᠥᠷᠥᠯ ᠲᠡᠮᠳᠡᠭᠲᠦ ᠶᠢᠨ ᠦᠢᠯᠡᠳᠦᠯ ᠢ ᠦᠷᠭᠦᠯᠵᠢᠯᠡᠨ ᠳᠡᠭᠡᠭᠰᠢᠯᠡᠭᠦᠯᠵᠦ᠂ ᠮᠠᠨ ᠤ ᠬᠤᠲᠠ ᠶᠢ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠪᠥᠬᠦ ᠣᠷᠣᠨ ᠤ ᠴᠣᠷ ᠤᠨ ᠭᠠᠭᠴᠠ ᠮᠠᠷᠠᠰᠤᠨ ᠪᠣᠯᠪᠠᠰᠤᠷᠠᠯ ᠤᠨ ᠰᠠᠭᠤᠷᠢᠨ ᠭᠠᠵᠠᠷ ᠢᠶᠠᠷ | ᠲᠣᠭᠲᠠᠭᠠᠪᠠ᠃ | | ᠲᠠᠪᠤᠨ ᠵᠢᠯ ᠤᠨ ᠲᠤᠷᠰᠢ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠲᠠᠰᠤᠷᠠᠯᠲᠠ ᠥᠬᠡᠶ ᠴᠢᠩᠭᠠᠷᠠᠪᠠ᠃ ᠰᠢᠭᠤᠶᠢᠲᠤ ᠣᠷᠣᠨ ᠤ ᠵᠠᠰᠠᠮᠠᠯ ᠵᠠᠮ ᠢ ᠨᠡᠶᠢᠲᠡ | 284 ᠺᠢᠯᠣᠮᠧᠲᠷ ᠰᠢᠨ᠎ᠡ ᠪᠠᠷ ᠪᠠᠶᠢᠭᠤᠯᠵᠤ᠂ ᠵᠡᠭᠡᠯᠢ ᠭᠤᠳᠤᠮᠵᠢ ᠶᠢ 241 ᠺᠢᠯᠣᠮᠧᠲᠷ ᠬᠠᠲᠠᠭᠤᠷᠠᠭᠤᠯᠤᠨ᠂ ᠬᠤᠲᠠ ᠶᠢᠨ ᠲᠣᠭᠤᠷᠢᠭ ᠤᠨ ᠵᠠᠮ ᠬᠥᠭᠦᠷᠭᠡ ᠶᠢ 25. | 22 ᠺᠢᠯᠣᠮᠧᠲᠷ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠵᠠᠰᠠᠵᠤ᠂ ᠲᠥᠪ ᠵᠠᠮ᠂ ᠶᠢᠩ ᠪᠢᠨ ᠵᠠᠮ᠂ ᠯᠢᠨ ᠬᠠᠶ ᠵᠡᠭᠡᠯᠢ ᠵᠡᠷᠭᠡ ᠭᠤᠤᠯ ᠪᠣᠯᠬᠤ ᠵᠠᠮ ᠢ | ᠥᠷᠭᠡᠳᠬᠡᠨ ᠥᠭᠡᠷᠡᠴᠢᠯᠡᠵᠦ᠂ ᠣᠯᠠᠨ ᠲᠦᠮᠡᠨ ᠤ ᠶᠠᠪᠤᠵᠤ ᠰᠠᠭᠤᠬᠤ ᠨᠥᠬᠦᠴᠡᠯ ᠢ ᠲᠦᠢᠯ ᠤᠨ ᠶᠡᠭᠡ ᠪᠠᠷ ᠰᠠᠶᠢᠵᠢᠷᠠᠭᠤᠯᠪᠠ᠃ ᠬᠤᠲᠠ ᠶᠢᠨ ᠶᠠᠪᠤᠳᠠᠯ ᠤᠨ | ᠨᠡᠶᠢᠲᠡ ᠶᠢᠨ ᠬᠡᠷᠡᠭᠯᠡᠭᠡᠨ ᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠳᠤ ᠨᠡᠶᠢᠲᠡ 4 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠬᠦᠢᠳᠡᠨ | ᠲᠦᠢᠯ ᠤᠨ ᠠᠭᠤᠳᠠᠮ ᠲᠠᠯᠠᠪᠠᠶ᠂ ᠭᠤᠤᠯ ᠬᠤᠲᠠ ᠶᠢᠨ ᠲᠣᠭᠤᠷᠢᠭ ᠵᠢᠴᠢ ᠣᠯᠭᠤᠶᠠ ᠰᠢᠶᠠᠩ ᠤᠨ ᠳ᠋ᠠᠶ ᠮᠥ ᠡᠨᠧᠷᠭᠢ᠂ ᠠᠯᠦ᠋ᠩᠱᠠᠨ ᠪᠠᠯᠭᠠᠰᠤ ᠶᠢᠨ ᠳ᠋ᠠᠶ ᠮᠥ | ᠡᠨᠧᠷᠭᠢ᠂ ᠬᠤᠲᠠ ᠶᠢᠨ ᠲᠣᠭᠤᠷᠢᠭ ᠤᠨ ᠤᠰᠤᠨ ᠰᠤᠷᠪᠤᠯᠵᠢ ᠶᠢᠨ ᠣᠷᠣᠨ ᠤ ᠪᠥᠲᠥᠭᠡᠨ ᠪᠠᠶᠢᠭᠤᠯᠤᠯᠲᠠ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ | ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠵᠡᠷᠭᠡ ᠨᠢᠭᠡ ᠪᠦᠯᠦᠭ ᠴᠢᠬᠤᠯᠠ ᠶᠡᠭᠡ ᠢᠨᠵᠧᠨᠧᠷᠢᠩ ᠢ ᠠᠰᠢᠭᠯᠠᠯᠲᠠ ᠳᠤ ᠣᠷᠣᠭᠤᠯᠵᠤ᠂ ᠬᠤᠲᠠ ᠶᠢᠨ ᠴᠢᠳᠠᠮᠵᠢ ᠶᠢ | ᠲᠠᠰᠤᠷᠠᠯᠲᠠ ᠥᠬᠡᠶ ᠲᠡᠭᠦᠯᠳᠡᠷᠵᠢᠭᠦᠯᠪᠡ᠃ 86.64 ᠺᠢᠯᠣᠮᠧᠲᠷ ᠤᠨ ᠴᠠᠬᠢᠯᠭᠠᠨ ᠬᠠᠩᠭᠠᠬᠤ ᠱᠤᠭᠤᠮ ᠢ ᠰᠢᠨ᠎ᠡ ᠪᠠᠷ ᠪᠠᠶᠢᠭᠤᠯᠵᠤ᠂ ᠪᠦᠬᠦ ᠬᠤᠳᠠ ᠶᠢᠨ | ᠠᠩᠬᠠᠳᠠᠭᠴᠢ 220 ᠺᠢᠯᠣᠸᠠᠲ ᠤᠨ ᠬᠦᠴᠦᠳᠡᠯ ᠥᠭᠡᠷᠡᠴᠢᠯᠡᠬᠦ ᠦᠷᠳᠡᠭᠡ ᠶᠢ ᠠᠰᠢᠭᠯᠠᠯᠲᠠ ᠳᠤ ᠣᠷᠣᠭᠤᠯᠵᠤ᠂ ᠴᠠᠬᠢᠯᠭᠠᠨ ᠬᠦᠴᠦᠨ ᠤ ᠪᠠᠲᠤᠯᠠᠭ᠎ᠠ ᠶᠢᠨ | ᠴᠢᠳᠠᠪᠤᠷᠢ ᠶᠢ ᠳᠡᠭᠡᠭᠰᠢᠯᠡᠭᠦᠯᠪᠡ᠃ ᠮᠠᠨᠬᠦ᠋ᠢ ᠶᠢᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠥᠲᠥᠭᠡᠨ ᠪᠠᠶᠢᠭᠤᠯᠵᠤ᠂ ᠬᠡᠭᠡᠨ ᠭᠤᠤᠯ ᠤᠨ ᠣᠯᠭᠤᠶᠠ | ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠢ ᠪᠡᠶᠡᠯᠡᠭᠦᠯᠦᠨ᠎ᠡ᠃ ᠭᠡᠭᠡᠨ ᠭᠤᠣᠯ ᠤᠨ ᠭᠠᠯᠲᠤ ᠲᠡᠷᠭᠡᠨ ᠦᠷᠲᠡᠭᠡ ᠵᠢᠴᠢ | ᠥᠷᠲᠡᠭᠡᠨ ᠤ ᠡᠮᠦᠨᠡᠬᠢ ᠠᠭᠤᠳᠠᠮ ᠲᠠᠯᠠᠪᠠᠢ ᠳᠤ ᠥᠭᠡᠷᠡᠴᠢᠯᠡᠯᠲᠡ ᠬᠢᠵᠦ᠂ ᠭᠡᠭᠡᠨ ᠭᠤᠣᠯ ᠠᠴᠠ ᠬᠠᠷᠪᠢᠨ ᠳᠤ ᠰᠢᠭᠤᠳ ᠨᠡᠪᠲᠡᠷᠡᠬᠦ ᠠᠶᠠᠨᠴᠢᠳ ᠤᠨ ᠭᠠᠯᠲᠤ | ᠲᠡᠷᠭᠡ ᠶᠢ ᠨᠡᠪᠲᠡᠷᠡᠭᠦᠯᠵᠦ᠂ ᠵᠠᠮ ᠲᠡᠭᠡᠭᠡᠪᠦᠷᠢ ᠶᠢᠨ ᠰᠢᠰᠲ᠋ᠧᠮ ᠢ ᠨᠡᠩ ᠲᠡᠭᠦᠯᠳᠡᠷᠵᠢᠭᠦᠯᠪᠡ᠃ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ᠂ ᠡᠷᠡᠭᠦᠯ | ᠬᠠᠮᠠᠭᠠᠯᠠᠯ ᠤᠨ ᠬᠤᠲᠠ ᠶᠢ ᠠᠮᠵᠢᠯᠲᠠ ᠲᠠᠢ ᠡᠭᠦᠳᠦᠨ ᠪᠠᠶᠢᠭᠤᠯᠵᠤ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠤᠯᠠᠮ ᠨᠢᠭᠡ | ᠠᠯᠬᠤᠮ ᠳᠡᠭᠡᠭᠰᠢᠯᠡᠭᠦᠯᠪᠡ᠃ |