ᠲᠠᠪᠤᠨ ᠵᠢᠯ ᠤᠨ ᠲᠤᠷᠰᠢ᠂ ᠥᠭᠡᠷᠡᠴᠢᠯᠡᠯᠲᠡ ᠨᠡᠭᠡᠭᠡᠯᠳᠡ ᠢᠯᠡᠳᠲᠡ ᠦᠷ᠎ᠡ ᠪᠦᠲᠦᠮᠵᠢ ᠤᠯᠪᠠ᠃ ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠵᠢᠯᠴᠠᠭ᠎ᠠ | ᠨᠡᠩ ᠨᠢᠭᠲᠠ ᠪᠤᠯᠵᠤ᠂ ᠤᠯᠤᠰ ᠤᠨ ᠥᠮᠴᠢᠯᠡᠯ ᠤᠨ ᠰᠢᠭᠤᠶᠢᠲᠤ ᠣᠷᠣᠨ ᠤ ᠥᠭᠡᠷᠡᠴᠢᠯᠡᠯᠲᠡ ᠡᠮᠦᠨ᠎ᠡ ᠡᠩᠨᠡᠭᠡᠨ ᠳᠤ ᠣᠷᠣᠵᠤ᠂ ︽ᠬᠤᠶᠠᠷ ᠬᠠᠩᠭᠠᠯᠭ᠎ᠠ ᠨᠢᠭᠡ | ᠦᠢᠯᠡᠰ︾᠂ ᠬᠤᠳᠠ ᠶᠢᠨ ᠶᠠᠪᠤᠳᠠᠯ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠲᠥᠯᠥᠪᠯᠡᠭᠡᠲᠦ ᠦᠷᠡᠵᠢᠯ ᠵᠡᠷᠭᠡ ᠤᠯᠠᠨ ᠨᠡᠶᠢᠲᠡ ᠶᠢᠨ ᠦᠢᠯᠡᠴᠢᠯᠡᠭᠡ ᠪᠠ | ᠨᠡᠶᠢᠭᠡᠮ ᠤᠨ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠤᠷᠢᠳᠠᠪᠠᠷ ᠬᠦᠯᠢᠶᠡᠨ ᠠᠪᠴᠤ᠂ ᠰᠢᠶᠠᠩ ᠪᠠᠯᠭᠠᠰᠤᠨ ᠤ ᠳᠤᠯᠠᠭᠠᠯᠭ᠎ᠠ ᠶᠢᠨ ᠠᠮᠤᠷ ᠲᠦᠪᠰᠢᠨ ᠢ | ᠬᠦᠴᠦᠲᠡᠶ ᠪᠠᠲᠤᠯᠠᠪᠠ᠃ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠡᠶᠡᠯᠡᠭᠦᠯᠵᠦ᠂ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠨᠡᠶᠢᠭᠡᠮᠯᠢᠭ᠂ ᠤᠯᠠᠭᠠᠨᠮᠥ᠋ᠴᠢᠷ ᠤᠨ ᠬᠡᠷᠡᠭ ᠡᠷᠬᠢᠯᠡᠭᠴᠢᠳ ᠤᠨ ᠬᠤᠷᠠᠯ ᠢ ᠪᠠᠶᠢᠭᠤᠯᠤᠨ᠂ ᠠᠵᠢᠯ ᠦᠢᠯᠡᠰ ᠤᠨ ᠨᠢᠭᠡᠴᠡ ᠶᠢᠨ ᠬᠠᠤᠯᠢ ᠶᠢᠨ ᠡᠷᠬᠡᠲᠡᠨ ᠤ | ᠵᠠᠰᠠᠯᠲᠠ ᠶᠢᠨ ᠪᠦᠲᠦᠴᠡ ᠶᠢᠨ ᠥᠭᠡᠷᠡᠴᠢᠯᠡᠯᠲᠡ ᠳᠤ ᠪᠣᠳᠠᠲᠤ ᠦᠷ᠎ᠡ ᠪᠦᠲᠦᠮᠵᠢ ᠤᠯᠪᠠ᠃ ᠰᠢᠶᠠᠩ ᠪᠠᠯᠭᠠᠰᠤᠨ ᠤ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ | ᠰᠠᠯᠬᠤ ᠦᠶ᠎ᠡ ᠶᠢᠨ ᠡᠩ ᠤᠨ ᠪᠡᠯᠡ ᠬᠦᠷᠦᠩᠭᠡ ᠶᠢᠨ ᠡᠬᠢ ᠢᠷᠡᠯᠳᠡ ᠳᠤ ᠬᠢᠨᠠᠨ ᠪᠤᠳᠤᠯᠲᠠ ᠢ ᠦᠷᠨᠢᠭᠦᠯᠤᠨ᠎ᠠ᠃ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ | ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠯᠥᠨ ᠪᠤᠶᠢᠷ ᠬᠤᠲᠠ ᠳᠤ ᠡᠩ ᠲᠡᠷᠢᠭᠦᠨ ᠳᠤ ︽ᠰᠦᠯᠵᠢᠶᠡᠨ ᠳᠡᠭᠡᠷᠡᠬᠢ ᠬᠤᠳᠠᠯᠳᠤᠭᠠᠨ ᠤ ᠬᠤᠲᠠ︾ | ᠶᠢ ᠨᠡᠪᠲᠡᠷᠡᠭᠦᠯᠦᠨ᠎ᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠨᠢᠭᠡ ᠴᠤᠭᠴᠠᠵᠢᠭᠤᠯᠬᠤ ᠲᠠᠪᠴᠠᠩ ᠤᠨ | ᠪᠠᠶᠢᠭᠤᠯᠤᠯᠲᠠ ᠶᠢ ᠪᠡᠶᠡᠯᠡᠭᠦᠯᠦᠨ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ | ᠬᠡᠷᠡᠭᠵᠢᠭᠦᠯᠦᠨ᠎ᠡ᠃ ᠲᠠᠪᠤᠨ ᠵᠢᠯ ᠤᠨ ᠲᠤᠷᠰᠢ ᠤᠯᠤᠰ ᠤᠨ ᠳᠣᠲᠣᠭᠠᠳᠤ ᠶᠢᠨ ︵ᠬᠤᠳᠠ ᠶᠢᠨ ᠭᠠᠳᠠᠨᠠᠬᠢ︶ ᠶᠢᠨ ᠪᠡᠯᠡ ᠮᠥᠩᠭᠦ ᠶᠢ 9.76 ᠳ᠋ᠦᠩᠰᠢᠭᠤᠷ | ᠲᠥᠭᠦᠷᠢᠭ ᠣᠷᠣᠭᠤᠯᠤᠨ ᠠᠪᠴᠢᠷᠠᠪᠠ᠃ | ᠲᠠᠪᠤᠨ ᠵᠢᠯ ᠤᠨ ᠲᠤᠷᠰᠢ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠠᠩ ᠬᠦᠴᠦᠲᠡᠶ ᠪᠣᠯᠭᠠᠪᠠ᠃ ︽ᠠᠷᠪᠠᠨ ᠭᠤᠷᠪᠠᠳᠤᠭᠠᠷ ᠲᠠᠪᠤᠨ ᠵᠢᠯ ᠤᠨ | ᠲᠥᠯᠥᠪᠵᠢᠭᠦᠯᠭᠡ ︾ ᠶᠢᠨ ᠬᠤᠭᠤᠴᠠᠭᠠᠨ ᠳᠤ ᠠᠷᠠᠳ ᠤᠨ ᠠᠮᠢᠳᠤᠷᠠᠯ ᠤᠨ ᠬᠦᠷᠢᠶᠡᠨ ᠳᠤ ᠬᠡᠷᠡᠭᠯᠡᠭᠰᠡᠨ ᠵᠠᠷᠤᠯᠭ᠎ᠠ 65.6 ᠳ᠋ᠦᠩᠰᠢᠭᠤᠷ ᠲᠥᠭᠦᠷᠢᠭ ᠲᠤ ᠬᠦᠷᠴᠦ᠂ | ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 77.9% ᠶᠢ ᠡᠵᠡᠯᠡᠪᠡ᠃ 2020 ᠣᠨ ᠳᠤ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 29198 ᠲᠥᠭᠦᠷᠢᠭ ᠲᠤ ᠬᠦᠷᠭᠡᠵᠦ᠂ ᠵᠢᠯ ᠪᠦᠷᠢ ᠳᠤᠮᠳᠠᠴᠢ ᠪᠠᠷ 8. | 8% ᠪᠠᠷ ᠨᠡᠮᠡᠭᠳᠡᠭᠦᠯᠦᠨ᠎ᠡ᠃ ᠠᠳᠠᠯ ᠦᠢᠯᠡᠰ ᠴᠣᠭᠴᠠᠯᠠᠨ ᠠᠵᠢᠯ ᠣᠯᠭᠤᠬᠤ ᠶᠢ ᠴᠢᠷᠮᠠᠶᠢᠨ ᠠᠬᠢᠭᠤᠯᠵᠤ᠂ ᠬᠤᠳᠠ ᠪᠠᠯᠭᠠᠰᠤᠨ ᠤ ᠠᠵᠢᠯ ᠣᠯᠤᠭᠰᠠᠳ ᠢ ᠨᠡᠶᠢᠳᠡ | 5516 ᠬᠥᠮᠦᠨ ᠰᠢᠨ᠎ᠡ ᠪᠠᠷ ᠨᠡᠮᠡᠭᠳᠡᠭᠦᠯᠵᠦ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3.95% ᠶᠢᠨ ᠳᠣᠲᠣᠷ᠎ᠠ | ᠬᠢᠵᠠᠭᠠᠷᠯᠠᠪᠠ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ | ᠨᠠᠰᠤᠵᠢᠯ ᠤᠨ ᠦᠨᠳᠦᠰᠦᠨ ᠳᠠᠭᠠᠳᠬᠠᠯ ᠢ ᠨᠡᠶᠢᠳᠡᠮ ᠬᠡᠷᠡᠭᠵᠢᠭᠦᠯᠵᠦ᠂ ᠬᠤᠳᠠ ᠪᠠᠯᠭᠠᠰᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ 2015 | ᠣᠨ ᠳᠤ ᠰᠠᠷ᠎ᠠ ᠪᠦᠷᠢ 450 ᠲᠥᠭᠦᠷᠢᠭ ᠪᠠᠶᠢᠭᠰᠠᠨ ᠠᠴᠠ 660 ᠲᠥᠭᠦᠷᠢᠭ ᠪᠣᠯᠭᠠᠨ ᠳᠡᠭᠡᠭᠰᠢᠯᠡᠭᠦᠯᠵᠦ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠶᠢ | ᠨᠡᠶᠢᠳᠡ 403 ᠳ᠋ᠦᠩᠰᠢᠭᠤᠷ ᠲᠥᠭᠦᠷᠢᠭ ᠲᠠᠷᠬᠠᠭᠠᠪᠠ᠃ ᠪᠠᠲᠤᠯᠠᠭ᠎ᠠ ᠶᠢᠨ ᠴᠢᠨᠠᠷᠲᠠᠶ ᠬᠢᠮᠳᠠ ᠣᠷᠣᠨ ᠰᠠᠭᠤᠴᠠ ᠶᠢᠨ ᠢᠨᠵᠧᠨᠧᠷᠢᠩ ᠢ ᠯᠠᠪᠳᠠᠭᠤᠨ ᠢᠶᠠᠷ ᠲᠦᠯᠬᠢᠨ | ᠠᠬᠢᠭᠤᠯᠵᠤ᠂ ᠨᠡᠶᠢᠳᠡ 10777 ᠢᠵᠢ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠵᠤ᠂ 75.4 ᠲᠦᠮᠡᠨ ᠲᠡᠭᠰᠢ | ᠳᠥᠷᠪᠡᠯᠵᠢᠨ ᠮᠧᠲᠷ ᠤᠨ ᠲᠠᠯᠠᠪᠠᠢ ᠶᠢ ᠥᠭᠡᠷᠡᠴᠢᠯᠡᠨ ᠵᠠᠰᠠᠵᠤ᠂ 1099 ᠢᠵᠢ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠬᠤᠪᠢᠶᠠᠷᠢᠯᠠᠵᠤ᠂ ᠤᠯᠠᠨ | ᠲᠦᠮᠡᠨ ᠤ ᠣᠷᠣᠨ ᠰᠠᠭᠤᠴᠠ ᠶᠢᠨ ᠨᠥᠬᠦᠴᠡᠯ ᠢ ᠲᠦᠢᠯ ᠤᠨ ᠶᠡᠭᠡ ᠪᠠᠷ ᠰᠠᠶᠢᠵᠢᠷᠠᠭᠤᠯᠪᠠ᠃ | ᠲᠠᠪᠤᠨ ᠵᠢᠯ ᠤᠨ ᠲᠤᠷᠰᠢ᠂ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠳᠠᠪᠰᠢᠪᠠ᠃ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠢ | ᠲᠡᠩᠴᠡᠭᠦᠷᠢᠲᠡᠶ ᠬᠥᠭᠵᠢᠭᠦᠯᠵᠦ᠂ ᠭᠡᠭᠡᠨ ᠭᠤᠤᠯ ᠬᠤᠳᠠ ᠤᠨ ᠬᠤᠶᠠᠳᠤᠭᠠᠷ ᠳᠤᠮᠳᠠᠳᠤ ᠰᠤᠷᠭᠠᠭᠤᠯᠢ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ | ᠰᠢᠯᠭᠠᠯᠲᠠ ᠳᠤ ᠵᠢᠩᠬᠢᠨᠢ ᠠᠩᠭᠢ ᠶᠢᠨ ᠰᠦᠯᠵᠢᠶᠡᠨ ᠳᠤ ᠤᠷᠤᠭᠰᠠᠨ ᠨᠣᠷᠮ᠎ᠠ ᠤᠳᠠᠭ᠎ᠠ ᠳᠠᠷᠠᠭᠠᠯᠠᠨ ᠰᠢᠨ᠎ᠡ ᠲᠡᠮᠳᠡᠭᠯᠡᠯ ᠢ ᠡᠭᠦᠳᠪᠡ᠃ ᠤᠯᠠᠨ ᠲᠦᠮᠡᠨ ᠤ ᠡᠮ | ᠡᠮᠨᠡᠯᠭᠡ ᠶᠢᠨ ᠵᠠᠷᠤᠳᠠᠯ ᠢ ᠵᠢᠯ ᠳᠠᠷᠠᠭᠠᠯᠠᠨ ᠪᠠᠭᠤᠷᠠᠭᠤᠯᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠮ ᠡᠮᠨᠡᠯᠭᠡ ᠶᠢᠨ ᠵᠠᠷᠤᠳᠠᠯ ᠤᠨ ᠡᠵᠡᠯᠡᠬᠦ | ᠬᠠᠷᠢᠴᠠᠯ ᠢ 7.6% ᠪᠠᠷ ᠪᠠᠭᠤᠷᠠᠭᠤᠯᠪᠠ᠃ ᠬᠢᠲᠠᠳ ᠡᠮᠨᠡᠯᠭᠡ ᠶᠢᠨ ᠡᠪᠡᠳᠴᠢᠯᠡᠭᠡᠳᠦᠶ ᠶᠢ ᠡᠮᠨᠡᠨ ᠵᠠᠰᠠᠬᠤ ᠠᠵᠢᠯ ᠢ ᠪᠥᠬᠦ ᠲᠠᠯ᠎ᠠ ᠪᠠᠷ ᠳᠡᠯᠭᠡᠷᠡᠭᠦᠯᠵᠦ᠂ ᠮᠠᠨ ᠤ | ᠬᠤᠲᠠ ︽ᠥᠪᠡᠷᠲᠡᠭᠡᠨ ᠵᠠᠰᠠᠬᠤ ᠣᠷᠣᠨ ᠤ ᠲᠠᠰ ᠤᠨ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ︾ | ᠢᠶᠠᠷ ᠦᠨᠡᠯᠡᠭᠳᠡᠪᠡ᠃ ᠰᠣᠶᠣᠯ ᠪᠡᠶ᠎ᠡ ᠶᠢᠨ ᠲᠠᠮᠢᠷ ᠤᠨ ᠦᠢᠯᠡᠰ ᠴᠡᠴᠡᠭᠯᠡᠨ ᠬᠥᠭᠵᠢᠵᠦ᠂ ᠮᠧᠶ ᠯᠢᠨ᠂ ᠲᠢᠶᠧ ᠰᠢ᠂ ᠬᠢᠩᠭᠠᠨ᠂ ᠤᠯᠠᠭᠠᠨ ᠲᠤᠭ ᠳᠥᠷᠪᠡᠨ ᠨᠡᠶᠢᠭᠡᠮ | ᠲᠣᠭᠤᠷᠢᠭ ᠤᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢᠨ ᠲᠥᠪ ᠢ ᠠᠰᠢᠭᠯᠠᠯᠲᠠ ᠳᠤ ᠣᠷᠣᠭᠤᠯᠪᠠ᠃ ᠮᠠᠨ ᠤ ᠬᠤᠲᠠ ᠶᠢᠨ ᠲᠠᠮᠢᠷᠴᠢᠳ | ᠬᠥᠯᠥᠨ ᠪᠤᠶᠢᠷ ᠬᠤᠲᠠ ᠶᠢᠨ ᠲᠠᠰ ᠠᠴᠠ ᠳᠡᠭᠡᠭᠰᠢᠬᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠱᠠᠩᠨᠠᠯ ᠮᠧᠳᠠᠯ ᠢ ᠨᠡᠶᠢᠲᠡ 431 ᠣᠯᠵᠤ᠂ ᠠᠵᠢᠯ ᠤᠨ ᠴᠢᠯᠥᠭᠡᠨ ᠤ | ᠪᠡᠶ᠎ᠡ ᠶᠢᠨ ᠲᠠᠮᠢᠷ ᠤᠨ ᠰᠤᠷᠭᠠᠭᠤᠯᠢ ᠶᠢ ᠥᠪᠡᠷᠲᠡᠭᠡᠨ ᠵᠠᠰᠠᠬᠤ ᠣᠷᠣᠨ ᠤ ᠤᠷᠤᠯᠳᠤᠭᠠᠨ ᠤ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠤ ᠰᠠᠭᠤᠷᠢᠨ | ᠭᠠᠵᠠᠷ ᠢᠶᠠᠷ ᠲᠣᠭᠲᠠᠭᠠᠪᠠ᠃ ᠤᠯᠠᠭᠠᠨᠮᠥ᠋ᠴᠢᠷ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ 15 ᠲᠣᠭᠯᠠᠭᠴᠢ ᠡᠯᠰᠡᠵᠦ᠂ ︽ᠳᠣᠮᠣᠭᠯᠢᠭ ᠦᠯᠢᠭᠡᠷ · | ᠣᠯᠭᠤᠶᠠ︾ ᠵᠡᠷᠭᠡ ᠲᠠᠶᠢᠰᠠᠨ ᠤ ᠵᠦᠴᠦᠭᠡ ᠶᠢ ᠵᠣᠬᠢᠶᠠᠨ ᠪᠦᠲᠦᠭᠡᠪᠡ᠃ ︽ᠳᠣᠭᠰᠢᠨ ᠤᠷᠤᠰᠬᠠᠯ ᠤᠨ ᠭᠤᠤᠯ ᠤᠨ ᠬᠥᠪᠡᠭᠡᠨ ᠳᠠᠬᠢ ᠳᠣᠮᠤᠭ︾ ᠵᠡᠷᠭᠡ | ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠴᠤᠪᠤᠷᠠᠯ ᠪᠢᠴᠢᠭ ᠢ ᠡᠮᠬᠢᠳᠬᠡᠨ ᠬᠡᠪᠯᠡᠭᠦᠯᠵᠦ᠂ ᠪᠥᠬᠦ ᠤᠯᠤᠰ ᠤᠨ ᠡᠸᠡᠩᠬᠢ ᠦᠨᠳᠦᠰᠦᠲᠡᠨ ᠤ | ᠰᠣᠶᠣᠯ ᠢ ᠤᠯᠠᠮᠵᠢᠯᠠᠨ ᠰᠣᠯᠢᠯᠴᠠᠬᠤ ᠴᠤᠭᠯᠠᠭᠠᠨ ᠢ ᠡᠷᠭᠢᠯᠡᠵᠦ᠂ ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠨᠡᠶᠢᠲᠡ 1555 ᠲᠦᠮᠡᠨ | ᠲᠥᠭᠦᠷᠢᠭ ᠤᠨ ᠪᠠᠯᠠ ᠮᠥᠩᠭᠦ ᠤᠯᠬᠤ ᠪᠠᠷ ᠴᠢᠷᠮᠠᠶᠢᠪᠠ᠃ ᠠᠮᠤᠷ ᠲᠦᠪᠰᠢᠨ ᠭᠡᠭᠡᠨ ᠭᠤᠣᠯ ᠤᠨ ᠪᠦᠳᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠤᠳᠠ | ᠪᠠᠯᠭᠠᠰᠤᠨ ᠤ ᠭᠠᠯ ᠤᠨᠲᠠᠷᠠᠭᠠᠬᠤ᠂ ᠠᠶᠤᠯᠭᠦᠶ ᠦᠢᠯᠡᠳᠪᠦᠷᠢᠯᠡᠯ ᠪᠠ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ | ᠦᠷᠭᠦᠯᠵᠢᠯᠡᠨ ᠴᠢᠩᠭᠠᠷᠠᠭᠤᠯᠵᠤ᠂ ᠡᠯ᠎ᠡ ᠵᠦᠢᠯ ᠤᠨ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠬᠡᠷᠡᠭ ᠢ ᠠᠷᠭᠠᠴᠠᠬᠤ ᠴᠢᠳᠠᠪᠤᠷᠢ ᠶᠢ ᠪᠦᠬᠦ ᠲᠠᠯ᠎ᠠ ᠪᠠᠷ | ᠴᠢᠩᠭᠠᠳᠬᠠᠪᠠ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠬᠦᠴᠦᠲᠡᠶ ᠪᠥᠭᠡᠳ ᠪᠦᠲᠦᠮᠵᠢᠲᠡᠶ | ᠪᠠᠶᠢᠵᠤ᠂ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠨ᠎ᠠ᠃ ᠲᠠᠩᠰᠠ ᠡᠪᠬᠡᠮᠡᠯ ᠲᠡᠤᠬᠡ ᠣᠶᠢᠯᠠᠯᠭ᠎ᠠ᠂ ᠴᠠᠭ ᠠᠭᠤᠷ᠂ ᠠᠷᠠᠳ ᠤᠨ | ᠠᠭᠠᠷ ᠤᠨ ᠰᠡᠷᠭᠡᠶᠢᠯᠡᠯᠲᠡ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ ᠬᠦᠷᠢᠶᠡᠯᠡᠬᠦ᠂ ᠤᠯᠠᠭᠠᠨ ᠵᠠᠭᠠᠯᠮᠠᠶᠢᠲᠠᠨ ᠤ ᠬᠤᠯᠪᠣᠭ᠎ᠠ᠂ | ᠵᠡᠮᠳᠡᠭᠴᠦᠳ ᠤᠨ ᠬᠤᠯᠪᠣᠭ᠎ᠠ᠂ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠰᠤᠲᠠᠶᠢᠴᠤᠳ ᠤᠨ ᠬᠤᠯᠪᠣᠭ᠎ᠠ᠂ ᠠᠵᠢᠯᠴᠢᠨ ᠤ ᠡᠪᠯᠡᠯ᠂ ᠵᠠᠯᠠᠭᠤᠴᠤᠳ ᠤᠨ | ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ ᠵᠡᠷᠭᠡ ᠠᠵᠢᠯ ᠴᠥᠮ | ᠰᠢᠨ᠎ᠡ ᠠᠬᠢᠴᠠ ᠲᠠᠢ ᠪᠣᠯᠪᠠ᠃ | ᠲᠠᠪᠤᠨ ᠵᠢᠯ ᠤᠨ ᠲᠤᠷᠰᠢ᠂ ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠪᠡ᠃ ᠬᠠᠤᠯᠢ ᠶᠣᠰᠣᠭᠠᠷ ᠵᠠᠰᠠᠭ ᠶᠠᠪᠤᠭᠤᠯᠬᠤ ᠪᠠ | ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠳᠣᠯᠣᠳᠤᠭᠠᠷ ᠲᠠᠪᠤᠨ ᠵᠢᠯ ᠤᠨ ᠲᠥᠯᠥᠪᠯᠡᠭᠡᠨ ᠤ ᠬᠤᠭᠤᠴᠠᠭᠠᠨ ᠳᠠᠬᠢ | ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠷᠠᠳ ᠤᠨ ᠡᠶᠡᠳᠡᠭᠦᠯᠭᠡ᠂ ᠬᠠᠤᠯᠢ | ᠴᠠᠭᠠᠵᠠ ᠶᠢᠨ ᠲᠤᠰᠠᠯᠠᠮᠵᠢ᠂ ᠨᠡᠶᠢᠭᠡᠮ ᠲᠣᠭᠤᠷᠢᠭ ᠲᠤ ᠵᠠᠯᠠᠷᠠᠭᠤᠯᠬᠤ ᠠᠵᠢᠯ ᠢ ᠴᠢᠩᠭᠠᠳᠬᠠᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ | ᠶᠣᠰᠣᠭᠠᠷ ᠬᠢᠨᠠᠯᠲᠠ ᠲᠠᠯᠪᠢᠬᠤ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠡᠯ᠎ᠡ | ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠴᠢᠳ ᠤᠨ ᠬᠤᠯᠪᠣᠭᠠᠲᠤ ᠡᠪᠯᠡᠯ ᠪᠠ ᠨᠠᠮ ᠪᠦᠯᠦᠭ ᠤᠨ ᠪᠤᠰᠤ ᠬᠥᠮᠦᠰ ᠤᠨ ᠰᠠᠨᠠᠯ ᠢ ᠥᠷᠭᠡᠨ ᠢᠶᠠᠷ | ᠰᠣᠨᠣᠰᠴᠤ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ | ᠭᠡᠰᠢᠭᠦᠳ ᠤᠨ ᠰᠠᠨᠠᠯ ᠵᠥᠪᠯᠡᠯᠭᠡ ᠶᠢ ᠨᠡᠶᠢᠳᠡ 454 ᠬᠤᠪᠢ ᠰᠢᠢᠳᠪᠦᠷᠢᠯᠡᠵᠦ᠂ ᠰᠢᠢᠳᠪᠦᠷᠢᠯᠡᠵᠦ ᠬᠠᠷᠢᠭᠤᠯᠲᠠ ᠥᠭᠭᠦᠭᠰᠡᠨ ᠨᠤᠷᠮ᠎ᠠ 100% ᠳᠤ ᠬᠦᠷᠪᠡ᠃ | ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ | ᠬᠤᠶᠠᠷ ᠬᠠᠷᠢᠭᠤᠴᠠᠯᠭ᠎ᠠ︾ ᠶᠢ ᠴᠢᠩᠭ᠎ᠠ ᠭᠦᠢᠴᠡᠳᠬᠡᠵᠦ᠂ ︽ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ | ᠰᠡᠳᠦᠪᠲᠦ ᠬᠥᠮᠦᠵᠢᠯ ᠢ ᠭᠦᠨᠵᠡᠭᠡᠶ ᠥᠷᠨᠢᠭᠦᠯᠵᠦ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠵᠢᠯ ᠳᠠᠷᠠᠭᠠᠯᠠᠨ ᠪᠠᠭᠠᠰᠬᠠᠵᠤ᠂ ᠵᠠᠰᠠᠭ ᠤᠨ ᠣᠷᠳᠣᠨ ᠤ | ᠦᠢᠯᠡᠴᠢᠯᠡᠭᠡᠨ ᠤ ᠴᠢᠳᠠᠪᠤᠷᠢ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ | ᠢᠯᠡᠳᠲᠡ ᠳᠡᠭᠡᠭᠰᠢᠯᠡᠭᠦᠯᠪᠡ᠃ |