ᠲᠥᠯᠥᠭᠡᠯᠡᠭᠴᠢᠳ ᠡ᠂ ᠲᠠᠪᠤᠨ ᠵᠢᠯ ᠤᠨ ᠰᠢᠷᠭᠠᠭᠤ ᠬᠠᠲᠠᠭᠤᠵᠢᠯᠲᠠᠶ ᠴᠢᠷᠮᠠᠶᠢᠯᠭ᠎ᠠ ᠪᠠᠷ ᠳᠠᠮᠵᠢᠭᠠᠳ᠂ ᠪᠢᠳᠡ ᠤᠭ ᠰᠠᠨᠠᠭ᠎ᠠ ᠪᠠ ᠡᠭᠦᠷᠭᠡ | ᠬᠠᠷᠢᠭᠤᠴᠠᠯᠭ᠎ᠠ ᠪᠠᠷ ᠢᠶᠠᠨ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠪᠦᠬᠦ ᠬᠦᠴᠦᠨ ᠢᠶᠠᠷ ᠢᠶᠠᠨ ᠠᠷᠢᠯᠭᠠᠵᠤ᠂ ᠬᠠᠷᠢᠭᠤᠴᠠᠯᠭ᠎ᠠ ᠪᠠ ᠡᠭᠦᠷᠭᠡ | ᠬᠠᠷᠢᠭᠤᠴᠠᠯᠭ᠎ᠠ ᠪᠠᠷ ᠢᠶᠠᠨ ᠠᠷᠠᠳ ᠲᠦᠮᠡᠨ ᠤ ᠲᠥᠯᠥᠭᠡ ᠬᠢᠭᠰᠡᠨ ᠡᠯ᠎ᠡ ᠵᠦᠢᠯ ᠤᠨ ᠠᠮᠠᠯᠠᠯᠲᠠ ᠪᠠᠨ ᠪᠦᠬᠦ ᠬᠦᠴᠦᠨ ᠢᠶᠠᠷ ᠢᠶᠠᠨ ᠪᠡᠶᠡᠯᠡᠭᠦᠯᠵᠦ᠂ ᠠᠵᠤ ᠠᠬᠤᠶ | ᠪᠠᠭᠤᠷᠠᠬᠤ ᠳᠠᠷᠤᠯᠲᠠ ᠶᠢ ᠲᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠢᠳᠪᠦᠷᠢᠯᠡᠭᠴᠢ ᠴᠢᠨᠠᠷᠲᠠᠶ ᠢᠯᠠᠯᠲᠠ ᠶᠢ ᠲᠡᠮᠡᠴᠡᠨ ᠤᠯᠪᠠ᠃ | ᠢᠯᠠᠩᠭᠤᠶ᠎ᠠ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠪᠦᠬᠦ ᠬᠤᠲᠠ ᠶᠢᠨ ᠥᠷᠭᠡᠨ ᠣᠯᠠᠨ ᠺᠠᠳ᠋ᠷ ᠣᠯᠠᠨ ᠲᠦᠮᠡᠨ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠡᠰ ᠰᠢᠭᠤᠷᠬᠠᠶ ᠪᠠᠷ ᠳᠠᠶᠢᠨ ᠤ ︽ᠬᠢᠵᠢᠭ︾ ᠢ ᠰᠡᠷᠭᠡᠶᠢᠯᠡᠨ ᠬᠢᠵᠠᠭᠠᠷᠯᠠᠬᠤ ᠡᠮᠦᠨ᠎ᠡ ᠡᠩᠨᠡᠭᠡᠨ ᠳᠤ ᠣᠷᠣᠵᠤ᠂ | ᠠᠶᠢᠯ ᠡᠷᠦᠬᠡ ᠳᠤ ᠬᠦᠷᠴᠦ ᠪᠠᠶᠢᠴᠠᠭᠠᠨ ᠦᠵᠡᠬᠦ ᠶᠠᠪᠤᠴᠠ ᠳᠤ ᠤᠭ ᠰᠠᠨᠠᠭ᠎ᠠ ᠪᠠᠨ ᠪᠠᠲᠤ ᠰᠠᠬᠢᠵᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ | ᠦᠶ᠎ᠡ ᠳᠤ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠵᠠᠮ ᠤᠨ ᠪᠣᠭᠤᠮᠲᠠ ᠳᠡᠭᠡᠷ᠎ᠡ ᠬᠦᠨᠳᠦ ᠡᠭᠦᠷᠭᠡ ᠶᠢ ᠡᠭᠦᠷᠭᠡᠯᠡᠵᠦ᠂ ᠵᠠᠮ ᠤᠨ ᠠᠭᠤᠯᠵᠠᠷ ᠤᠨ | ᠵᠢᠵᠢᠭ ᠲᠣᠭᠤᠷᠢᠭ ᠲᠤ ᠠᠮᠤᠷ ᠲᠦᠪᠰᠢᠨ ᠢ ᠰᠠᠬᠢᠨ ᠬᠠᠮᠠᠭᠠᠯᠠᠵᠤ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠨᠢᠨ ᠳᠡᠭᠡᠷ᠎ᠡ ᠨᠢ | ᠨᠠᠶᠢᠳᠠᠪᠤᠷᠢᠵᠢᠭᠤᠯᠵᠤ᠂ ᠳᠡᠭᠡᠳᠦ ᠳᠤᠤᠷᠠᠳᠤ ᠱᠠᠳᠤ ᠪᠠᠷ ᠢᠶᠠᠨ ᠰᠡᠳᠬᠢᠯ ᠢᠶᠠᠨ ᠨᠢᠭᠡᠳᠬᠡᠬᠦ᠂ ᠴᠢᠩ ᠦᠨᠡᠨᠴᠢ ᠪᠠᠷ ᠪᠦᠯᠬᠦᠮᠳᠡᠬᠦ᠂ ᠤᠷᠢᠳᠤ ᠡᠮᠦᠨ᠎ᠡ ᠪᠠᠶᠢᠭ᠎ᠠ ᠦᠭᠡᠢ | ᠰᠦᠷ ᠳᠠᠯᠠᠶᠢᠴᠢᠲᠠᠢ ᠬᠦᠴᠦᠨ ᠢ ᠨᠢᠭᠲᠠᠷᠠᠭᠤᠯᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠬᠦᠴᠦᠲᠡᠢ | ᠬᠠᠮᠠᠭᠠᠯᠠᠪᠠ᠃ ᠡᠲᠡᠭᠡᠷ ᠠᠮᠵᠢᠯᠲᠠ ᠶᠢ ᠣᠯᠤᠭᠰᠠᠨ ᠨᠢ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠲᠠ ᠶᠢᠨ ᠨᠠᠮ ᠤᠨ | ᠬᠤᠷᠢᠶ᠎ᠠ ᠶᠢᠨ ᠵᠥᠪ ᠣᠨᠣᠪᠴᠢᠲᠠᠶ ᠤᠳᠤᠷᠢᠳᠴᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ ᠮᠥᠨ᠂ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠤᠯᠤᠰ ᠲᠥᠷᠥ ᠶᠢᠨ ᠵᠥᠪᠯᠡᠯᠭᠡᠨ ᠤ ᠪᠦᠲᠦᠮᠵᠢᠲᠡᠶ ᠬᠢᠨᠠᠯᠲᠠ ᠲᠠᠯᠪᠢᠵᠤ᠂ ᠬᠦᠴᠦᠲᠡᠶ ᠳᠡᠮᠵᠢᠭᠰᠡᠨ ᠤ ᠦᠷ᠎ᠡ | ᠳ᠋ᠦᠩ ᠮᠥᠨ᠂ ᠪᠥᠬᠦ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠨᠢᠭᠡ ᠰᠡᠳᠬᠢᠯ ᠨᠢᠭᠡ ᠵᠣᠷᠢᠭ ᠢᠶᠠᠷ ᠪᠦᠯᠬᠦᠮᠳᠡᠨ ᠲᠡᠮᠡᠴᠡᠭᠰᠡᠨ ᠤ ᠦᠷ᠎ᠡ | ᠳ᠋ᠦᠩ ᠮᠥᠨ᠃ ᠠᠳᠡ᠂ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠲᠥᠯᠥᠭᠡᠯᠡᠭᠴᠢᠳ᠂ ᠭᠡᠰᠢᠭᠦᠳ ᠪᠣᠯᠤᠨ ᠪᠦᠬᠦ ᠬᠤᠳᠠ ᠶᠢᠨ | ᠦᠨᠳᠦᠰᠦᠲᠡᠨ ᠨᠦᠭᠦᠳ ᠤᠨ ᠠᠷᠠᠳ ᠲᠦᠮᠡᠨ᠂ ᠭᠡᠭᠡᠨ ᠭᠤᠤᠯ ᠤᠨ ᠪᠦᠳᠦᠭᠡᠨ ᠪᠠᠶᠢᠭᠤᠯᠤᠯᠲᠠ ᠪᠣᠯᠤᠨ ᠬᠥᠭᠵᠢᠯᠲᠡ ᠳᠤ ᠣᠷᠣᠯᠴᠠᠬᠤ ᠶᠢ ᠬᠠᠯᠠᠮᠵᠢᠯᠠᠨ ᠳᠡᠮᠵᠢᠭᠰᠡᠨ | ᠪᠤᠢ ᠪᠦᠬᠦᠢ ᠨᠥᠬᠦᠳ᠂ ᠨᠠᠶᠢᠵᠢ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠡ᠂ ︽ᠠᠷᠪᠠᠨ ᠭᠤᠷᠪᠠᠳᠤᠭᠠᠷ ᠲᠠᠪᠤᠨ ᠵᠢᠯ ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠣᠯᠤᠭᠰᠠᠨ ᠠᠮᠵᠢᠯᠲᠠ ᠪᠦᠲᠦᠮᠵᠢ ᠨᠢ | ᠬᠥᠮᠦᠰ ᠢ ᠵᠣᠷᠢᠭᠵᠢᠭᠤᠯᠤᠨ᠎ᠠ᠂ ᠭᠡᠪᠡᠴᠦ ᠮᠥᠨ ᠯᠡ ᠡᠳᠦᠶ ᠲᠡᠳᠦᠶ ᠠᠰᠠᠭᠤᠳᠠᠯ ᠢ ᠬᠢᠨᠠᠮᠠᠭᠠᠶ ᠪᠣᠳᠣᠯᠬᠢᠯᠠᠨ᠂ ᠬᠢᠨᠠᠮᠠᠭᠠᠶ ᠠᠷᠭᠠᠴᠠᠬᠤ ᠴᠢᠬᠤᠯᠠᠲᠠᠶ ᠪᠠᠶᠢᠨ᠎ᠠ᠃ | ᠭᠤᠣᠯᠳᠠᠭᠤ ᠮᠠᠨ ᠤ ᠬᠤᠲᠠ ᠶᠢᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠪᠠᠭ᠎ᠠ᠂ ᠰᠠᠭᠤᠷᠢ ᠮᠠᠭᠤ᠂ ᠰᠠᠭᠤᠷᠢ ᠨᠢᠮᠭᠡᠨ᠂ ᠶᠡᠷᠦᠩᠬᠡᠶ ᠪᠣᠳᠠᠲᠤ ᠬᠦᠴᠦᠨ ᠴᠢᠩᠭ᠎ᠠ | ᠪᠢᠰᠢ ᠬᠤᠲᠠ ᠶᠢᠨ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠵᠤ ᠴᠢᠳᠠᠭ᠎ᠠ ᠦᠭᠡᠢ︔ ᠭᠠᠶᠢᠯᠢ ᠶᠢᠨ ᠢᠷᠡᠯᠳᠡ ᠬᠦᠷᠦᠯᠴᠡᠬᠦ ᠦᠭᠡᠢ᠂ ᠬᠡᠷᠡᠭᠯᠡᠵᠦ ᠪᠣᠯᠬᠤ | ᠡᠳ᠋ ᠤᠨ ᠬᠦᠴᠦᠨ ᠬᠢᠵᠠᠭᠠᠷ ᠲᠠᠢ ᠪᠠᠶᠢᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠥᠨ ᠲᠤᠪᠤᠶᠢᠵᠤ ᠪᠠᠶᠢᠨ᠎ᠠ︔ ᠠᠷᠠᠳ ᠤᠨ ᠠᠮᠢᠳᠤᠷᠠᠯ ᠤᠨ | ᠦᠢᠯᠡᠰ ᠤᠨ ᠬᠥᠭᠵᠢᠯᠲᠡ ᠳᠤ ᠪᠠᠰᠠ ᠳᠤᠲᠠᠭᠤᠳᠠᠯ ᠣᠷᠣᠰᠢᠵᠤ᠂ ᠨᠡᠶᠢᠭᠡᠮ ᠤᠨ ᠪᠠᠲᠤᠯᠠᠭ᠎ᠠ ᠪᠠ ᠦᠨᠳᠦᠰᠦᠨ ᠦᠢᠯᠡᠴᠢᠯᠡᠭᠡᠨ ᠤ ᠬᠢᠷᠢ ᠲᠦᠪᠰᠢᠨ ᠨᠢ ᠠᠷᠠᠳ | ᠤᠯᠠᠨ ᠤ ᠬᠡᠷᠡᠭᠴᠡᠭᠡ ᠱᠠᠭᠠᠷᠳᠠᠯᠭ᠎ᠠ ᠲᠠᠢ ᠪᠠᠰᠠ ᠵᠦᠷᠢᠶ᠎ᠠ ᠲᠠᠢ ᠪᠠᠶᠢᠨ᠎ᠠ︔ ᠬᠥᠭᠵᠢᠯᠲᠡ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠴᠢᠬᠤᠯᠠᠲᠠᠶ ᠪᠠᠶᠢᠬᠤ᠂ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠬᠤᠪᠢᠷᠠᠭᠤᠯᠬᠤ᠂ ᠺᠠᠳ᠋ᠷ ᠤᠨ ᠰᠤᠷᠲᠠᠯ ᠤᠨ ᠪᠠᠶᠢᠭᠤᠯᠤᠯᠲᠠ ᠶᠢ ᠪᠠᠰᠠ ᠤᠯᠠᠮ ᠨᠢᠭᠡ ᠠᠯᠬᠤᠮ ᠴᠢᠩᠭᠠᠳᠬᠠᠬᠤ | ᠴᠢᠬᠤᠯᠠᠲᠠᠶ ᠪᠠᠶᠢᠬᠤ ᠵᠡᠷᠭᠡ ᠪᠣᠯᠤᠨ᠎ᠠ᠃ ᠡᠭᠦᠨ ᠢ ᠪᠢᠳᠡ ᠯᠠᠪᠲᠠᠶ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠷᠢᠨ ᠬᠢᠨᠠᠮᠠᠭᠠᠶ ᠰᠤᠳᠤᠯᠤᠨ᠂ ᠨᠢᠭᠡᠳ | ᠨᠢᠭᠡ ᠪᠠᠷ ᠰᠢᠢᠳᠪᠦᠷᠢᠯᠡᠵᠦ᠂ ᠪᠥᠬᠦ ᠬᠤᠲᠠ ᠶᠢᠨ ᠠᠷᠠᠳ ᠲᠦᠮᠡᠨ ᠤ ᠬᠦᠨᠳᠦ ᠨᠠᠶᠢᠳᠠᠯᠭ᠎ᠠ ᠪᠠ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ ᠥᠬᠡᠶ ᠶᠤᠮ | ᠃ | ᠬᠤᠶᠠᠷ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ | ᠬᠠᠷᠠᠯᠲᠠ ᠡᠭᠦᠷᠭᠡ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠦᠬᠡ ᠶᠢᠨ ᠰᠣᠯᠪᠢᠴᠠᠯ ᠤᠨ | ᠬᠤᠭᠤᠴᠠᠭ᠎ᠠ ᠪᠣᠯᠤᠨ᠎ᠠ᠂ ᠢᠯᠠᠯᠲᠠ ᠶᠢᠨ ᠡᠷᠴᠢᠨ ᠳᠡᠭᠡᠷ᠎ᠡ ᠪᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ | ᠰᠢᠨ᠎ᠡ ᠠᠶᠠᠨ ᠢ ᠡᠬᠢᠯᠡᠭᠦᠯᠬᠦ ᠠᠩᠬᠠᠳᠠᠭᠴᠢ ᠲᠠᠪᠤᠨ ᠵᠢᠯ ᠪᠣᠯᠤᠨ᠎ᠠ᠂ ᠮᠥᠨᠴᠦ ᠮᠠᠨ ᠤ ᠬᠤᠳᠠ ᠶᠢᠨ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ | ᠬᠥᠭᠵᠢᠯᠲᠡ ᠪᠠᠷ ᠤᠳᠤᠷᠢᠳᠤᠮᠵᠢ ᠪᠣᠯᠭᠠᠬᠤ᠂ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ | ᠲᠣᠬᠢᠶᠠᠯᠳᠤ ᠬᠤᠭᠤᠴᠠᠭ᠎ᠠ ᠪᠣᠯᠤᠨ᠎ᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠠᠴᠠ ᠪᠢᠳᠡᠨ ᠳᠤ | ᠢᠷᠡᠭᠡᠳᠦᠢ ᠶᠢᠨ ᠲᠠᠪᠤᠨ ᠵᠢᠯ ᠵᠢᠴᠢ 2035 ᠣᠨ ᠤ ᠠᠤᠭ᠎ᠠ ᠲᠥᠰᠦᠪ ᠢ ᠵᠢᠷᠤᠭᠯᠠᠵᠤ᠂ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ ᠥᠭᠴᠡᠢ᠃ ︽ | ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ ᠬᠤᠶᠡᠷ ᠮᠢᠩᠭ᠎ᠠ ᠪᠦᠭᠡᠳ | ᠭᠤᠴᠢᠨ ᠲᠠᠪᠤᠨ ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠭᠡᠨ ᠭᠤᠣᠯ ᠬᠤᠳᠠ ᠶᠢᠨ ᠬᠤᠷᠢᠶᠠᠨ ᠤ | ᠰᠠᠨᠠᠭᠤᠯᠭ᠎ᠠ︾ ᠶᠢ ᠦᠨᠳᠦᠰᠦᠯᠡᠨ᠂ ᠬᠤᠳᠠ ᠶᠢᠨ ᠵᠠᠰᠠᠭ ᠤᠨ ᠣᠷᠳᠣᠨ ᠠᠴᠠ ︽ᠭᠡᠭᠡᠨ ᠭᠤᠣᠯ ᠬᠤᠳᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ ᠬᠤᠶᠡᠷ ᠮᠢᠩᠭ᠎ᠠ ᠪᠦᠭᠡᠳ ᠭᠤᠴᠢᠨ ᠲᠠᠪᠤᠨ ᠣᠨ ᠤ ᠠᠯᠤᠰ ᠤᠨ ᠬᠠᠷᠠᠯᠲᠠ ᠶᠢᠨ | ᠲᠣᠪᠴᠢ ︵ᠲᠥᠰᠦᠯ︶︾ ᠶᠢ ᠨᠠᠶᠢᠷᠠᠭᠤᠯᠤᠨ ᠵᠣᠬᠢᠶᠠᠵᠤ᠂ ᠲᠤᠰ ᠤᠳᠠᠭᠠᠨ ᠤ ᠶᠡᠭᠡ ᠬᠤᠷᠠᠯ ᠳᠤ ᠳᠡᠪᠰᠢᠭᠦᠯᠦᠨ ᠬᠢᠨᠠᠨ ᠶᠠᠷᠢᠯᠴᠠᠭᠤᠯᠪᠠ᠃ ︽ᠬᠥᠲᠥᠯᠪᠦᠷᠢ ︵ | ᠲᠥᠰᠦᠯ︶︾ ᠨᠢ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠲᠡᠮᠡᠴᠡᠯ ᠤᠨ ᠬᠠᠷᠠᠯᠲᠠ ᠳᠤ ᠠᠩᠬᠠᠷᠤᠯ ᠢᠶᠠᠨ | ᠲᠥᠪᠯᠡᠷᠡᠭᠦᠯᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠪᠠᠷ ᠲᠤᠭᠤᠰᠢᠯᠠᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠬᠤᠭᠤᠴᠠᠭᠠᠨ ᠳᠠᠬᠢ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ ᠲᠣᠳᠣᠷᠬᠠᠶᠢᠯᠠᠵᠤ᠂ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠴᠢᠷᠮᠠᠶᠢᠨ ᠠᠬᠢᠭᠤᠯᠵᠤ᠂ ᠠᠵᠤ ᠠᠬᠤᠢ ᠶᠢᠨ | ᠲᠣᠭᠲᠠᠭᠤᠨ ᠢᠶᠠᠷ ᠠᠯᠤᠰ ᠢ ᠵᠣᠷᠢᠬᠤ ᠪᠠ ᠨᠡᠶᠢᠭᠡᠮ ᠤᠨ ᠠᠮᠤᠷ ᠲᠣᠭᠲᠠᠭᠤᠨ ᠡᠶ᠎ᠡ ᠵᠣᠬᠢᠴᠠᠯ ᠲᠠᠢ ᠪᠠᠶᠢᠬᠤ ᠶᠢ ᠠᠬᠢᠭᠤᠯᠵᠠᠢ᠃ | ᠬᠤᠶᠢᠰᠢᠳᠠ ᠶᠢᠨ ᠲᠠᠪᠤᠨ ᠵᠢᠯ ᠳᠤ᠂ ᠪᠢᠳᠡ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠡᠨᠧᠷᠭᠢ ᠶᠢ ᠲᠥᠪᠯᠡᠷᠡᠭᠦᠯᠵᠦ᠂ ᠴᠢᠨᠠᠷ ᠰᠠᠶᠢᠲᠠᠢ᠂ ᠥᠨᠳᠥᠷ ᠦᠷ᠎ᠡ | ᠠᠰᠢᠭ ᠲᠠᠢ ᠪᠠᠷ ᠠᠵᠤ ᠠᠬᠤᠢ ᠨᠡᠶᠢᠭᠡᠮ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠢᠨ᠎ᠡ ᠨᠢᠭᠡ | ᠡᠭᠡᠯᠵᠢ ᠶᠢᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ᠂ ᠰᠢᠨ᠎ᠡ ᠴᠠᠭ ᠦᠶ᠎ᠡ ᠶᠢᠨ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠭᠤᠤᠯ | ᠴᠣᠭᠴᠠ ᠶᠢᠨ ᠴᠢᠳᠠᠮᠵᠢᠳᠤ ᠣᠷᠣᠨ ᠵᠡᠷᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠭᠰᠡᠨ ᠠᠴᠠ ᠪᠣᠯᠤᠭᠰᠠᠨ ᠠᠵᠠ ᠲᠣᠬᠢᠶᠠᠯ ᠢ | ᠴᠢᠩᠭ᠎ᠠ ᠠᠳᠬᠤᠵᠤ᠂ ᠬᠡᠷᠡᠭᠯᠡᠭᠡᠨ ᠤ ᠪᠦᠲᠦᠴᠡ ᠶᠢᠨ ᠲᠠᠰ ᠳᠡᠪᠰᠢᠬᠦ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠵᠡᠷᠭᠡ ᠠᠰᠢᠭᠲᠠᠶ ᠬᠦᠴᠦᠨ ᠵᠦᠶᠯ ᠢ ᠠᠰᠢᠭᠯᠠᠨ᠂ ᠠᠵᠤ ᠠᠬᠤᠶ ᠨᠡᠶᠢᠭᠡᠮ ᠤᠨ ᠡᠷᠡᠭᠦᠯ ᠢᠶᠠᠷ ᠬᠥᠭᠵᠢᠬᠦ ᠶᠢ ᠦᠷᠭᠦᠯᠵᠢᠯᠡᠨ ᠠᠬᠢᠭᠤᠯᠤᠨ᠎ᠠ᠃ | ᠣᠷᠣᠨ ᠪᠠᠶᠢᠷᠢ ᠶᠢᠨ ᠳᠠᠪᠠᠭᠤᠯᠢᠭ ᠪᠣᠯᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ | ᠪᠠᠷᠢᠮᠲᠠᠯᠠᠵᠤ᠂ ︽ᠰᠣᠶᠣᠯ ᠵᠤᠭᠠᠴᠠᠯ ᠤᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠤᠨᠴᠠᠯᠢᠬᠳᠤ ᠲᠠᠷᠢᠵᠦ ᠲᠡᠵᠢᠭᠡᠬᠦ ᠦᠢᠯᠡᠰ ᠤᠨ ᠬᠤᠷᠳᠤᠴᠠ ᠶᠢ | ᠳᠡᠭᠡᠭᠰᠢᠯᠡᠭᠦᠯᠬᠦ᠂ ᠤᠯᠠᠮᠵᠢᠯᠠᠯᠲᠤ ᠠᠵᠤ ᠦᠢᠯᠡᠰ ᠤᠨ ᠦᠷ᠎ᠡ ᠠᠰᠢᠭ ᠢ ᠳᠡᠭᠡᠭᠰᠢᠯᠡᠭᠦᠯᠬᠦ᠂ ᠠᠷᠠᠯᠵᠢᠶ᠎ᠠ ᠬᠤᠳᠠᠯᠳᠤᠭ᠎ᠠ ᠭᠦᠢᠯᠭᠡᠭᠡᠨ ᠤ ᠦᠢᠯᠡᠰ ᠤᠨ ᠲᠡᠰ ᠳᠡᠪᠰᠢᠬᠦ᠂ | ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠬᠤ︾ ᠲᠠᠪᠤᠨ ᠶᠡᠭᠡ ᠠᠵᠢᠯᠯᠠᠭ᠎ᠠ ᠶᠢ ᠪᠦᠬᠦ ᠲᠠᠯ᠎ᠠ ᠪᠠᠷ ᠠᠬᠢᠭᠤᠯᠵᠤ᠂ ᠠᠵᠤ ᠠᠬᠤᠢ ᠶᠢᠨ ᠰᠢᠨ᠎ᠡ | ᠨᠡᠮᠡᠭᠳᠡᠯ ᠤᠨ ᠴᠡᠭ ᠢ ᠢᠳᠡᠪᠬᠢᠲᠡᠢ ᠡᠭᠦᠳᠴᠦ᠂ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠳᠤ ᠰᠠᠭᠤᠷᠢ ᠶᠢ ᠪᠠᠲᠤᠳᠬᠠᠨ ᠬᠦᠴᠦᠨ ᠢ ᠬᠤᠷᠠᠮᠳᠤᠭᠤᠯᠵᠤ᠂ | ᠰᠢᠨ᠎ᠡ ᠴᠠᠭ ᠦᠶ᠎ᠡ ᠶᠢᠨ ᠬᠥᠭᠵᠢᠯᠲᠡ ᠳᠤ ᠠᠰᠢᠭᠲᠠᠢ ᠪᠠᠶᠢᠷᠢ ᠶᠢ ᠡᠵᠡᠯᠡᠨ᠎ᠡ᠃ | ᠬᠤᠶᠢᠰᠢᠳᠠ ᠶᠢᠨ ᠲᠠᠪᠤᠨ ᠵᠢᠯ ᠳᠤ᠂ ᠪᠢᠳᠡ ᠪᠣᠬᠢᠷᠲᠤᠯ ᠦᠭᠡᠢ ᠪᠠᠷ ᠦᠷᠭᠦᠯᠵᠢᠯᠡᠨ ᠬᠥᠭᠵᠢᠬᠦ ᠶᠢ ᠪᠠᠲᠤᠯᠠᠵᠤ᠂ ᠠᠵᠤ ᠠᠬᠤᠢ ᠶᠢᠨ ᠦᠷ᠎ᠡ ᠠᠰᠢᠭ ᠪᠣᠯᠤᠨ ᠠᠮᠢ | ᠠᠬᠤᠢ ᠶᠢᠨ ᠦᠷ᠎ᠡ ᠠᠰᠢᠭ ᠤᠨ ᠣᠷᠭᠠᠨᠢᠭ ᠨᠢᠭᠡᠳᠦᠯ ᠢ ᠪᠡᠶᠡᠯᠡᠭᠦᠯᠦᠨ᠎ᠡ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠤᠰᠤ ᠭᠡᠬᠦ | ᠤᠢᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠰᠢᠭᠤᠶᠢᠲᠤ ᠣᠷᠣᠨ ᠤ ᠳᠠᠪᠠᠭᠤᠯᠢᠭ ᠲᠤ ᠰᠠᠭᠤᠷᠢᠯᠠᠨ ᠤᠨᠴᠠᠯᠢᠬᠳᠤ ᠠᠵᠤ ᠦᠢᠯᠡᠰ ᠢ ᠬᠥᠭᠵᠢᠭᠦᠯᠵᠦ᠂ | ᠦᠢᠯᠡᠳᠪᠦᠷᠢᠯᠡᠯ ᠤᠨ ᠣᠷᠣᠨ ᠵᠠᠢ ᠶᠢᠨ ᠡᠷᠴᠢᠮᠯᠢᠭ ᠥᠨᠳᠥᠷ ᠦᠷ᠎ᠡ ᠠᠰᠢᠭ ᠲᠠᠢ᠂ ᠠᠮᠢᠳᠤᠷᠠᠯ ᠤᠨ ᠣᠷᠣᠨ ᠵᠠᠢ ᠶᠢᠨ ᠲᠠᠭᠠᠯᠠᠮᠵᠢᠲᠠᠢ ᠪᠥᠭᠡᠳ ᠣᠷᠣᠰᠢᠨ | ᠰᠠᠭᠤᠬᠤ ᠳᠤ ᠲᠠᠭᠠᠯᠠᠮᠵᠢᠲᠠᠢ᠂ ᠠᠮᠢ ᠠᠬᠤᠢ ᠶᠢᠨ ᠣᠷᠣᠨ ᠠᠭᠤᠯᠠ ᠨᠢ ᠦᠨᠳᠦᠷ ᠤᠰᠤ ᠨᠢ ᠲᠤᠩᠭᠠᠯᠠᠭ ᠤᠯᠤᠰ ᠤᠨ ᠭᠠᠵᠠᠷ ᠰᠢᠷᠣᠢ ᠵᠢᠨᠣᠷᠣᠨ ᠤ ᠪᠠᠶᠢᠷᠢᠰᠢᠯ ᠢ | ᠪᠤᠢ ᠪᠣᠯᠭᠠᠨ᠎ᠠ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠪᠣᠬᠢᠷᠲᠤᠯ ᠦᠭᠡᠢ ᠬᠥᠭᠵᠢᠯᠲᠡ ᠶᠢᠨ ᠣᠷᠴᠢᠨ ᠨᠥᠬᠦᠴᠡᠯ ᠢ ᠪᠤᠢ ᠪᠣᠯᠭᠠᠵᠤ | ᠂ ᠠᠮᠢ ᠠᠬᠤᠶ ᠶᠢ ᠰᠡᠷᠭᠦᠭᠡᠨ ᠬᠠᠮᠠᠭᠠᠯᠠᠬᠤ᠂ ᠭᠤᠣᠯ ᠮᠥᠷᠡᠨ ᠢ ᠵᠠᠰᠠᠬᠤ ᠵᠡᠷᠭᠡ ᠴᠢᠬᠤᠯᠠ ᠶᠡᠭᠡ ᠠᠮᠢ ᠠᠬᠤᠶ ᠶᠢᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠢ | ᠬᠡᠷᠡᠭᠵᠢᠭᠦᠯᠵᠦ᠂ ᠬᠤᠳᠠ ᠬᠥᠳᠡᠭᠡ ᠶᠢ ᠬᠠᠮᠤᠷᠤᠭᠰᠠᠨ ᠬᠤᠭ ᠨᠣᠪᠰᠢ᠂ ᠪᠣᠬᠢᠷ ᠤᠰᠤ ᠶᠢ ᠰᠢᠢᠳᠪᠦᠷᠢᠯᠡᠬᠦ ᠰᠢᠰᠲ᠋ᠧᠮ ᠢ ᠪᠠᠶᠢᠭᠤᠯᠤᠨ᠎ᠠ᠃ ᠬᠤᠷᠢᠭ᠎ᠠ ᠱᠤᠭᠤᠮ ᠤᠨ | ᠤᠯᠠᠭᠠᠨ ᠱᠤᠭᠤᠮ ᠢ ᠪᠠᠲᠤ ᠰᠠᠬᠢᠵᠤ᠂ ᠪᠣᠬᠢᠷᠲᠤᠯ ᠦᠭᠡᠢ ᠠᠵᠤ ᠠᠬᠤᠢ ᠶᠢ ᠬᠥᠭᠵᠢᠭᠦᠯᠵᠦ᠂ ᠦᠷᠭᠦᠯᠵᠢᠯᠡᠬᠦ ᠬᠥᠭᠵᠢᠯᠲᠡ ᠶᠢᠨ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠭᠡᠭᠡᠨ ᠭᠤᠤᠯ ᠤᠨᠣᠭᠲᠠᠷᠭᠤᠢ ᠨᠢ ᠨᠡᠩ ᠴᠡᠯᠮᠡᠭ᠂ ᠭᠠᠵᠠᠷ ᠨᠢ ᠨᠡᠩ ᠨᠣᠭᠤᠭᠠᠨ᠂ ᠤᠰᠤ ᠨᠢ ᠨᠡᠩ ᠲᠤᠩᠭᠠᠯᠠᠭ᠂ ᠠᠭᠠᠷ ᠨᠢ ᠨᠡᠩ ᠴᠡᠪᠡᠷ | ᠲᠤᠩᠭᠠᠯᠠᠭ ᠪᠣᠯᠭᠠᠨ᠎ᠠ᠃ |