ᠬᠤᠶᠢᠰᠢᠳᠠ ᠶᠢᠨ ᠲᠠᠪᠤᠨ ᠵᠢᠯ ᠳᠤ᠂ ᠪᠢᠳᠡ ᠵᠣᠬᠢᠴᠠᠩᠭᠤᠶ ᠪᠠᠷ ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ᠂ ᠬᠥᠭᠵᠢᠯᠲᠡ ᠶᠢᠨ ᠪᠦᠬᠦᠯᠢ ᠴᠣᠭᠴᠠᠲᠤ | ᠴᠢᠨᠠᠷ ᠪᠠ ᠦᠷᠭᠦᠯᠵᠢᠯᠡᠬᠦ ᠴᠢᠨᠠᠷ ᠢ ᠴᠢᠩᠭᠠᠳᠬᠠᠨ᠎ᠠ᠃ ᠭᠡᠭᠡᠨ ᠭᠤᠣᠯ ᠤᠨ ᠡᠬᠢ ᠪᠠᠶᠠᠯᠢᠭ ᠤᠨ ᠳᠠᠪᠠᠭᠤᠯᠢᠭ ᠪᠠ ᠬᠠᠷᠢᠴᠠᠭᠤᠯᠤᠭᠰᠠᠨ ᠳᠠᠪᠠᠭᠤᠯᠢᠭ ᠢ ᠭᠦᠢᠴᠡᠳ | ᠠᠭᠤᠳᠠᠯᠵᠤ᠂ ᠠᠮᠢ ᠠᠬᠤᠢ ᠶᠢᠨ ᠵᠤᠭᠠᠴᠠᠯ ᠤᠨ ᠦᠢᠯᠡᠰ ᠢᠶᠠᠷ ᠭᠡᠭᠡᠨ ᠭᠤᠣᠯ ᠤᠨ ᠪᠤᠰᠤᠳ ᠤᠨᠴᠠᠯᠢᠬᠳᠤ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ | ᠲᠠᠶᠢᠴᠢᠯᠠᠨ᠎ᠠ᠃ ᠪᠥᠬᠦ ᠬᠤᠲᠠ ᠶᠢᠨ ᠡᠯ᠎ᠡ ᠲᠥᠷᠥᠯ ᠤᠨ ᠵᠢᠭᠤᠯᠴᠢᠯᠠᠯ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠵᠦ᠂ ︽ᠭᠤᠷᠪᠠᠨ ᠣᠷᠣᠨ ᠬᠤᠶᠠᠷ ᠱᠤᠭᠤᠮ︾ | ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠣᠷᠣᠨ ᠵᠠᠶ ᠶᠢᠨ ᠪᠠᠶᠢᠷᠢᠰᠢᠯ ᠢ ᠬᠦᠴᠦᠯᠡᠨ ᠪᠠᠶᠢᠭᠤᠯᠵᠤ᠂ ᠭᠡᠭᠡᠨᠭᠤᠤᠯ ᠤᠨ ᠥᠪᠡᠷᠮᠢᠴᠡ ᠣᠨᠴᠠᠯᠢᠭ ᠲᠠᠢ | ᠵᠢᠭᠤᠯᠴᠢᠯᠠᠯ ᠤᠨ ᠦᠢᠯᠡᠳᠬᠦᠨ ᠪᠠ ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠣᠶ ᠪᠣᠯᠭᠠᠵᠤ᠂ ᠳᠥᠷᠪᠡᠨ ᠤᠯᠠᠷᠢᠯ ᠤᠨ ᠵᠢᠭᠤᠯᠴᠢᠯᠠᠯ ᠤᠨ ᠲᠡᠩᠴᠡᠭᠦᠷᠢᠲᠡᠶ | ᠬᠥᠭᠵᠢᠯᠲᠡ ᠶᠢ ᠪᠡᠶᠡᠯᠡᠭᠦᠯᠦᠨ᠎ᠡ᠃ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠴᠢᠨᠠᠷᠲᠠᠶ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠤᠰ ᠤᠨ ᠪᠡᠯᠡ | ᠮᠥᠩᠭᠦᠨ ᠤ ᠳᠡᠮᠵᠢᠯᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠲᠡᠮᠡᠴᠡᠨ ᠣᠯᠵᠤ᠂ ᠬᠦᠴᠦᠨ ᠢᠶᠠᠨ ᠠᠰᠢᠭᠯᠠᠨ ᠬᠥᠭᠵᠢᠯᠲᠡ ᠪᠠᠨ ᠲᠦᠷᠭᠡᠳᠬᠡᠨ᠎ᠡ᠃ ︽ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ︾ ᠶᠢᠨ ᠨᠢᠭᠡ ᠪᠦᠯᠦᠭ ᠴᠢᠬᠤᠯᠠ ᠶᠡᠭᠡ ᠢᠨᠵᠧᠨᠧᠷᠢᠩ ᠤᠨ ᠲᠦᠷᠦᠯ ᠵᠦᠢᠯ ᠢ ᠲᠦᠷᠭᠡᠬᠡᠨ ᠡᠬᠢᠯᠡᠭᠦᠯᠵᠦ᠂ | ᠵᠦᠢᠯᠡᠰ ᠤᠨ ᠪᠦᠳᠦᠭᠡᠨ ᠪᠠᠶᠢᠭᠤᠯᠤᠯᠲᠠ ᠪᠠᠷ ᠪᠡᠯᠡ ᠣᠷᠣᠭᠤᠯᠤᠯᠲᠠ ᠶᠢ ᠲᠠᠶᠢᠴᠢᠯᠠᠨ᠂ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠵᠤ᠂ | ᠯᠠᠪᠳᠠᠭᠤᠨ ᠢᠶᠠᠷ ᠬᠤᠯᠠ ᠠᠶᠠᠯᠠᠨ᠎ᠠ᠃ | ᠬᠤᠶᠢᠰᠢᠳᠠ ᠶᠢᠨ ᠲᠠᠪᠤᠨ ᠵᠢᠯ ᠳᠤ᠂ ᠪᠢᠳᠡ ᠨᠡᠭᠡᠭᠡᠯᠳᠡ ᠪᠠᠷ ᠬᠥᠭᠵᠢᠯᠲᠡ ᠶᠢᠨ ᠣᠷᠣᠨ ᠵᠠᠢ ᠶᠢ ᠥᠷᠭᠡᠳᠬᠡᠵᠦ᠂ ᠣᠷᠣᠨ ᠪᠦᠰᠡ ᠶᠢᠨ ᠬᠥᠭᠵᠢᠯᠲᠡ ᠳᠠᠬᠢ | ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠤᠯᠤᠰ ᠤᠨ ᠪᠡᠶᠡᠴᠢ ᠴᠣᠭᠴᠠ ᠶᠢᠨ ᠴᠢᠳᠠᠮᠵᠢᠳᠤ ᠣᠷᠣᠨ ᠤ | ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠤᠯᠤᠰ ᠤᠨ ᠣᠷᠣᠨ ᠪᠦᠰᠡ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠰᠠᠶᠢᠲᠤᠷ ᠵᠣᠯᠭᠠᠭᠤᠯᠵᠤ᠂ | ᠬᠠᠩᠭᠠᠯᠭ᠎ᠠ ᠬᠡᠷᠡᠭᠴᠡᠭᠡᠨ ᠤ ᠬᠤᠶᠠᠷ ᠲᠠᠯ᠎ᠠ ᠳᠤ ᠤᠯᠤᠰ ᠤᠨ ᠳᠣᠲᠣᠭᠠᠳᠤ ᠶᠢᠨ ᠠᠵᠤ ᠦᠢᠯᠡᠰ ᠤᠨ ᠬᠡᠯᠬᠢᠶ᠎ᠡ ᠳᠤ ᠢᠳᠡᠪᠬᠢᠲᠡᠶ ᠪᠠᠷ ᠠᠭᠤᠰᠤᠯᠴᠠᠵᠤ᠂ ᠪᠡᠯᠡ ᠮᠥᠩᠭᠦ | ᠂ ᠮᠡᠷᠭᠡᠵᠢᠯ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠴᠢᠩᠭᠠᠳᠬᠠᠵᠤ᠂ ᠵᠠᠰᠠᠭ ᠤᠨ ᠣᠷᠳᠣᠨ ᠠᠴᠠ ᠬᠥᠲᠥᠯᠥᠨ ᠵᠢᠯᠣᠭᠤᠳᠬᠤ᠂ ᠵᠠᠬ᠎ᠠ ᠳᠡᠯᠭᠡᠭᠦᠷ ᠢᠶᠠᠷ | ᠬᠥᠳᠡᠯᠭᠡᠭᠦᠷ ᠪᠣᠯᠭᠠᠬᠤ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ ᠣᠷᠣᠨ ᠪᠦᠰᠡ ᠶᠢᠨ ᠬᠠᠮᠲᠤᠷᠠᠯᠴᠠᠭᠠᠨ ᠤ ᠵᠠᠭᠪᠤᠷ ᠢ ᠪᠠᠶᠢᠭᠤᠯᠤᠨ᠎ᠠ᠃ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ | ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠠᠭᠤᠳᠠᠯᠤᠨ᠂ ᠬᠡᠷᠡᠭᠯᠡᠭᠡᠨ ᠤ ᠰᠢᠨ᠎ᠡ ᠬᠠᠯᠠᠮᠰᠢᠯ ᠴᠡᠭ ᠢ | ᠪᠤᠶᠢᠵᠢᠭᠤᠯᠤᠨ᠎ᠠ᠃ ᠨᠡᠭᠡᠭᠡᠯᠲᠡᠲᠦ ᠬᠡᠯᠪᠡᠷᠢ ᠶᠢᠨ ᠠᠵᠤ ᠠᠬᠤᠢ ᠶᠢ ᠶᠡᠬᠡᠪᠡᠷ ᠪᠤᠶᠢᠵᠢᠭᠤᠯᠤᠨ ᠬᠥᠭᠵᠢᠭᠦᠯᠵᠦ᠂ ᠰᠢᠨ᠎ᠡ ᠴᠠᠭ ᠦᠶ᠎ᠡ ᠶᠢᠨ ᠠᠷᠠᠯᠵᠢᠶᠠᠴᠢᠨ ᠤᠷᠢᠵᠤ | ᠪᠡᠯᠡ ᠣᠷᠣᠭᠤᠯᠬᠤ ᠦᠢᠯᠡᠴᠢᠯᠡᠭᠡᠨ ᠤ ᠲᠦᠷᠦ ᠶᠢᠨ ᠪᠤᠳᠤᠯᠭ᠎ᠠ ᠶᠢ ᠲᠣᠭᠲᠠᠭᠠᠵᠤ᠂ ︽ᠣᠷᠣᠭᠤᠯᠵᠤ ᠠᠪᠴᠢᠷᠠᠬᠤ︾ ᠪᠠ ︽ᠭᠠᠷᠴᠤ ᠶᠠᠪᠤᠬᠤ︾ ᠶᠢ ᠨᠢᠭᠡᠳᠦᠯᠲᠡᠢ | ᠲᠥᠯᠥᠪᠵᠢᠭᠦᠯᠵᠦ᠂ ᠤᠯᠤᠰ ᠤᠨ ᠳᠣᠲᠣᠭᠠᠳᠤ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠠᠵᠤ ᠠᠬᠤᠶᠢᠯᠠᠯ ᠯᠤᠭ᠎ᠠ ᠶᠢᠨ | ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠢᠭᠤᠶᠢᠲᠤ ᠣᠷᠣᠨ ᠤ ᠬᠥᠭᠵᠢᠯᠲᠡ ᠳᠤ ᠨᠡᠶᠢᠴᠡᠬᠦ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠰᠢᠨ᠎ᠡ ᠴᠠᠭ | ᠦᠶ᠎ᠡ ᠶᠢᠨ ᠰᠢᠭᠤᠶᠢᠲᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠬᠦ ᠬᠡᠷᠡᠭᠲᠡᠢ᠃ | ᠬᠤᠶᠢᠰᠢᠳᠠ ᠶᠢᠨ ᠲᠠᠪᠤᠨ ᠵᠢᠯ ᠳᠤ᠂ ᠪᠢᠳᠡ ᠬᠠᠮᠲᠤᠪᠠᠷ ᠡᠳ᠋ᠯᠡᠬᠦ ᠪᠠᠷ ᠪᠠᠭᠲᠠᠭᠠᠮᠵᠢᠲᠠᠢ ᠬᠥᠭᠵᠢᠯᠲᠡ ᠶᠢ ᠪᠡᠶᠡᠯᠡᠭᠦᠯᠵᠦ᠂ ᠬᠥᠭᠵᠢᠯᠲᠡ ᠶᠢᠨ ᠦᠷ᠎ᠡ ᠪᠦᠲᠦᠭᠡᠯ ᠢ | ᠠᠷᠠᠳ ᠤᠯᠠᠨ ᠳᠤ ᠨᠡᠩ ᠤᠯᠠᠨ ᠬᠦᠷᠲᠡᠭᠡᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠴᠢᠳᠠᠯ ᠤᠨ | ᠬᠢᠷᠢ ᠪᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠵᠦ᠂ ᠡᠳ᠋ ᠤᠨ ᠵᠠᠰᠠᠭ ᠤᠨ ᠵᠠᠷᠤᠯᠭ᠎ᠠ ᠶᠢ ᠠᠷᠠᠳ ᠤᠨ ᠠᠮᠢᠳᠤᠷᠠᠯ ᠪᠠ ᠨᠡᠶᠢᠭᠡᠮ ᠤᠨ ᠦᠢᠯᠡᠰ ᠲᠡᠰᠢ | ᠬᠡᠯᠪᠠᠶᠢᠯᠭᠡᠬᠦ ᠶᠢ ᠦᠷᠭᠦᠯᠵᠢᠯᠡᠨ ᠨᠡᠮᠡᠭᠳᠡᠭᠦᠯᠦᠨ᠎ᠡ᠃ ᠨᠡᠶᠢᠭᠡᠮ ᠤᠨ ᠠᠵᠢᠯ ᠦᠶᠯᠡᠰ ᠤᠨ ᠦᠶᠯᠡᠴᠢᠯᠡᠭᠡᠨ ᠤ ᠬᠢᠷᠢ ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠵᠦ᠂ ᠰᠤᠷᠭᠠᠨ | ᠬᠥᠮᠦᠵᠢᠯ ᠤᠨ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢᠨ ᠲᠣᠬᠢᠷᠠᠭᠤᠯᠤᠯᠲᠠ᠂ ᠪᠠᠭᠰᠢ ᠶᠢᠨ ᠬᠦᠴᠦᠨ ᠤ ᠲᠡᠩᠴᠡᠭᠦᠷᠢ ᠲᠠᠢ ᠲᠣᠬᠢᠷᠠᠭᠤᠯᠤᠯᠲᠠ ᠶᠢ ᠯᠠᠪᠳᠠᠭᠤᠨ | ᠪᠠᠲᠤᠲᠠᠶ ᠰᠠᠶᠢᠲᠤᠷ ᠬᠢᠨ᠎ᠠ᠃ ᠪᠥᠬᠦ ᠠᠷᠠᠳ ᠤᠨ ᠡᠷᠡᠭᠦᠯ ᠮᠡᠨᠳᠦ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠡᠮᠴᠢᠯᠡᠭᠡᠨ ᠤ ᠦᠶᠯᠡᠴᠢᠯᠡᠭᠡ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠡᠷᠡᠭᠦᠯ ᠮᠡᠨᠳᠦ ᠶᠢᠨ ᠭᠡᠭᠡᠨ ᠭᠤᠤᠯ ᠬᠤᠳᠠ ᠶᠢ ᠴᠣᠭᠴᠠᠯᠠᠨ᠎ᠠ᠃ | ᠪᠡᠶ᠎ᠡ ᠶᠢᠨ ᠲᠠᠮᠢᠷ ᠤᠨ ᠦᠢᠯᠡᠰ ᠪᠠ ᠪᠡᠶ᠎ᠡ ᠶᠢᠨ ᠲᠠᠮᠢᠷ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠪᠦᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ | ᠬᠥᠳᠡᠯᠭᠡᠭᠡᠨ ᠢ ᠥᠷᠭᠡᠨ ᠳᠡᠯᠭᠡᠷᠡᠩᠭᠦᠶ ᠪᠠᠷ ᠥᠷᠨᠢᠭᠦᠯᠵᠦ᠂ ᠪᠦᠬᠦ ᠠᠷᠠᠳ ᠤᠨ ᠪᠡᠶ᠎ᠡ ᠮᠠᠬᠠᠪᠣᠳ ᠬᠡᠪ ᠰᠤᠷᠳᠠᠯ ᠢ ᠳᠡᠭᠡᠭᠰᠢᠯᠡᠭᠦᠯᠦᠨ᠎ᠠ᠃ ᠨᠡᠶᠢᠭᠡᠮ ᠵᠢᠷᠤᠮ ᠤᠨ | ᠭᠤᠣᠯᠯᠠᠬᠤ ᠦᠷᠳᠡᠭ ᠤᠨ ᠦᠵᠡᠯᠲᠡ ᠪᠠᠷ ᠵᠢᠯᠣᠭᠤᠳᠤᠮᠵᠢ ᠪᠣᠯᠭᠠᠵᠤ᠂ ᠤᠳᠤ ᠦᠶ᠎ᠡ ᠶᠢᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ | ᠲᠦᠷᠭᠡᠪᠴᠢᠯᠡᠨ ᠪᠠᠶᠢᠭᠤᠯᠵᠤ᠂ ᠠᠷᠠᠳ ᠲᠦᠮᠡᠨ ᠤ ᠦᠵᠡᠯ ᠰᠠᠨᠠᠭ᠎ᠠ ᠶᠣᠰᠣ ᠮᠣᠷᠠᠯ ᠤᠨ ᠬᠡᠪ ᠴᠢᠨᠠᠷ᠂ ᠰᠢᠨᠵᠢᠯᠡᠬᠦ ᠤᠬᠠᠭᠠᠨ ᠰᠣᠶᠣᠯ ᠤᠨ ᠬᠡᠪ ᠴᠢᠨᠠᠷ ᠪᠠ ᠪᠡᠶ᠎ᠡ | ᠰᠡᠳᠬᠢᠯ ᠤᠨ ᠡᠷᠡᠭᠦᠯ ᠮᠡᠨᠳᠦ ᠶᠢᠨ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠡᠷ ᠢᠶᠠᠷ ᠰᠠᠭᠤᠷᠢ ᠪᠣᠯᠭᠠᠭᠰᠠᠨ᠂ ᠨᠡᠶᠢᠭᠡᠮ ᠲᠣᠭᠤᠷᠢᠭ ᠢᠶᠠᠷ ᠲᠦᠰᠢᠭ | ᠪᠣᠯᠭᠠᠭᠰᠠᠨ᠂ ᠪᠠᠶᠢᠭᠤᠯᠤᠮᠵᠢ ᠪᠠᠷ ᠨᠥᠬᠦᠪᠥᠷᠢ ᠪᠣᠯᠭᠠᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠶᠢ ᠲᠦᠯᠬᠢᠨ | ᠠᠬᠢᠭᠤᠯᠤᠨ᠎ᠠ᠃ ᠨᠡᠶᠢᠭᠡᠮ ᠤᠨ ᠪᠠᠲᠤᠯᠠᠭ᠎ᠠ ᠶᠢᠨ ᠠᠵᠢᠯᠯᠠᠭᠠᠨ ᠤ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠨᠡᠩ ᠥᠨᠳᠥᠷ ᠪᠠᠷᠢᠮᠵᠢᠶ᠎ᠠ ᠪᠠᠷ ᠨᠠᠭᠠᠳᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ ᠪᠠᠲᠤᠯᠠᠭ᠎ᠠ ᠶᠢᠨ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠨ᠎ᠠ᠃ ᠭᠡᠭᠡᠨ | ᠭᠤᠤᠯ ᠤᠨ ᠤᠯᠠᠨ ᠲᠦᠮᠡᠨ ᠨᠢᠭᠡᠪᠦᠷᠢ ᠶᠢ ᠡᠪᠡᠳᠴᠢᠯᠡᠪᠡᠯ ᠡᠮᠨᠡᠯᠭᠡ ᠲᠠᠢ᠂ ᠥᠲᠡᠯᠪᠡᠯ ᠠᠰᠠᠷᠠᠮᠵᠢ ᠲᠠᠢ᠂ ᠰᠠᠭᠤᠬᠤ ᠠᠴᠠ ᠣᠷᠣᠨ ᠰᠠᠭᠤᠴᠠ ᠲᠠᠢ᠂ ᠬᠦᠴᠢᠷᠳᠡᠪᠡᠯ | ᠲᠤᠰᠠᠯᠠᠮᠵᠢ ᠲᠠᠢ ᠪᠣᠯᠭᠠᠨ᠎ᠠ᠃ | ᠬᠤᠶᠢᠰᠢᠳᠠ ᠶᠢᠨ ᠲᠠᠪᠤᠨ ᠵᠢᠯ ᠳᠤ᠂ ᠪᠢᠳᠡ ᠠᠷᠠᠳᠴᠢᠯᠠᠯ ᠬᠠᠤᠯᠢᠵᠢᠯ ᠢᠶᠠᠷ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠵᠠᠰᠠᠭ ᠤᠨ ᠣᠷᠳᠣᠨ ᠤ | ᠵᠠᠰᠠᠯᠲᠠ ᠶᠢᠨ ᠦᠷ᠎ᠡ ᠪᠦᠲᠦᠮᠵᠢ ᠰᠢᠨ᠎ᠡ ᠳᠡᠭᠡᠭᠰᠢᠯᠡᠯᠲᠡ ᠲᠠᠢ ᠪᠣᠯᠬᠤ ᠶᠢ ᠪᠦᠬᠦ ᠲᠠᠯ᠎ᠠ ᠪᠠᠷ ᠠᠬᠢᠭᠤᠯᠤᠨ᠎ᠠ᠃ ᠪᠦᠬᠦ ᠲᠠᠯ᠎ᠠ ᠪᠠᠷ ᠬᠠᠤᠯᠢ ᠶᠣᠰᠣᠭᠠᠷ ᠵᠠᠰᠠᠭ | ᠶᠠᠪᠤᠭᠤᠯᠵᠤ᠂ ᠬᠠᠤᠯᠢ ᠴᠠᠭᠠᠵᠠ ᠶᠢ ᠲᠦᠭᠡᠮᠡᠯᠵᠢᠭᠦᠯᠬᠦ ︽ᠨᠠᠢᠮᠠᠳᠤᠭᠠᠷ ᠲᠠᠪᠤᠨ ᠵᠢᠯ ᠤᠨ ᠲᠥᠯᠥᠪᠵᠢᠭᠦᠯᠭᠡ ︾ ᠶᠢ ᠬᠡᠷᠡᠭᠵᠢᠭᠦᠯᠦᠨ᠂ ᠠᠷᠠᠳ ᠲᠦᠮᠡᠨ ᠤ ᠡᠷᠬᠡ | ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠬᠠᠤᠯᠢ ᠪᠠᠷ ᠵᠠᠰᠠᠬᠤ ᠭᠡᠭᠡᠨ ᠭᠤᠤᠯ ᠬᠤᠳᠠ ᠶᠢᠨ | ᠪᠠᠶᠢᠭᠤᠯᠤᠯᠲᠠ ᠶᠢᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠨ ᠤ | ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠭᠡᠰᠢᠭᠦᠳ ᠤᠨ ᠲᠤᠷᠠᠳᠤᠯᠭ᠎ᠠ ᠢ ᠨᠠᠷᠢᠨ ᠬᠢᠨᠠᠮᠠᠭᠠᠢ ᠰᠢᠢᠳᠪᠦᠷᠢᠯᠡᠨ᠎ᠠ᠃ ᠠᠷᠠᠳ | ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠮᠤᠷ ᠲᠦᠪᠰᠢᠨ ᠭᠡᠭᠡᠨ ᠭᠤᠤᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠶ ᠲᠦᠯᠬᠢᠨ | ᠠᠬᠢᠭᠤᠯᠵᠤ᠂ ᠬᠠᠤᠯᠢ ᠶᠢ ᠵᠥᠷᠢᠴᠡᠭᠰᠡᠨ ᠡᠯ᠎ᠡ ᠲᠦᠷᠦᠯ ᠤᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠭᠦᠨ᠎ᠡ᠃ ᠠᠶᠤᠯᠭᠦᠶ | ᠦᠢᠯᠡᠳᠪᠦᠷᠢᠯᠡᠯ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠢᠳᠡᠭᠡᠨ ᠤ ᠵᠦᠢᠯ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ | ᠴᠢᠩᠭᠠᠳᠬᠠᠵᠤ᠂ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠠᠮᠤᠷ ᠲᠦᠪᠰᠢᠨ ᠤ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠ | ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠬᠤᠷᠢᠭᠯᠠᠬᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠢ ᠭᠦᠨᠵᠡᠭᠡᠶᠢᠷᠡᠭᠦᠯᠵᠦ᠂ ᠠᠷᠠᠳ | ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃ | ᠭᠤᠷᠪᠠ᠂ 2021 ᠣᠨ ᠤ ᠭᠤᠣᠯᠳᠠᠯᠭ᠎ᠠ ᠲᠠᠢ ᠠᠵᠢᠯ ᠤᠨ ᠲᠤᠬᠢᠷᠠᠭᠤᠯᠤᠯᠳᠠ | ᠡᠨᠡ ᠵᠢᠯ ᠪᠣᠯ ︽ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ︾ ᠶᠢᠨ ᠡᠬᠢᠯᠡᠯᠲᠡ ᠶᠢᠨ ᠵᠢᠯ ᠮᠥᠨ᠂ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠵᠢᠯ ᠮᠥᠨ᠂ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ 100 ᠵᠢᠯ ᠤᠨ ᠤᠢ ᠮᠥᠨ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠵᠦ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ | ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ | ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠶ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠠᠵᠢᠯ ᠤᠨ ᠪᠠᠶᠢᠷᠢᠯᠠᠭᠤᠯᠤᠯᠲᠠ ᠪᠠ ᠬᠤᠲᠠ ᠶᠢᠨ ᠨᠠᠮ ᠤᠨ | ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ | ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠲᠠᠢ ᠨᠢᠭᠲᠠ ᠤᠶᠠᠯᠳᠤᠭᠤᠯᠤᠨ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ | ᠪᠣᠯᠭᠠᠵᠤ᠂ ︽ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠶ ᠪᠠᠷ ᠬᠥᠭᠵᠢᠭᠦᠯᠬᠦ︾ ᠪᠠᠷ ᠭᠤᠣᠯ ᠰᠢᠵᠢᠮ ᠪᠣᠯᠭᠠᠵᠤ᠂ ᠠᠷᠠᠳ ᠲᠦᠮᠡᠨ ᠤ ᠡᠳᠦᠷ | ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠭᠴᠢ ᠬᠦᠴᠦᠨ ᠪᠣᠯᠭᠠᠨ᠂ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠪᠠᠷ ᠲᠤᠯᠭᠠᠭᠤᠷᠢᠯᠠᠯ ᠪᠣᠯᠭᠠᠵᠤ᠂ | ᠭᠤᠣᠯᠳᠠᠯᠭ᠎ᠠ ᠲᠠᠢ ᠵᠦᠢᠯᠡᠰ ᠤᠨ ᠪᠦᠳᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠬᠦ ᠶᠢ ᠦᠨᠡᠨ ᠬᠦ ᠪᠠᠲᠤᠯᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠪᠡᠯᠭᠡᠯᠡᠨ᠎ᠡ᠃ |