ᠵᠠᠰᠠᠭ ᠤᠨ ᠣᠷᠳᠣᠨ ᠤ ᠠᠵᠢᠯ ᠤᠨ ᠢᠯᠡᠳᠬᠡᠯ  ︵7︶
ᠨᠡᠶᠢᠲᠡᠯᠡᠭᠰᠡᠨ ᠴᠠᠭ᠄
2021/9/28
   ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠲᠡᠭ ᠢ 3.5% ᠣᠷᠴᠢᠮ ᠢᠶᠠᠷ ᠨᠡᠮᠡᠭᠳᠡᠭᠦᠯᠦᠨ᠎ᠡ︔ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠶᠢ 7%ᠤᠷᠴᠢᠮ᠂  ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 3% ᠣᠷᠴᠢᠮ᠂ ᠬᠤᠳᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ 3% ᠣᠷᠴᠢᠮ ᠢᠶᠠᠷ ᠨᠡᠮᠡᠭᠳᠡᠭᠦᠯᠦᠨ᠎ᠡ︔ ᠪᠠᠲᠤᠯᠠᠭ᠎ᠠ ᠶᠢᠨ ᠴᠢᠨᠠᠷᠲᠠᠶ ᠠᠷᠠᠳ ᠤᠨ ᠠᠮᠢᠳᠤᠷᠠᠯ ᠤᠨ ᠵᠠᠷᠤᠯᠭ᠎ᠠ ᠲᠣᠭᠲᠠᠭᠤᠨ ᠢᠶᠠᠷ ᠨᠡᠮᠡᠭᠳᠡᠵᠦ᠂ ᠬᠢᠵᠠᠭᠠᠷᠯᠠᠬᠤ ᠴᠢᠨᠠᠷᠲᠠᠶ ᠭᠦᠢᠴᠡᠳᠬᠡᠬᠦ ᠲᠤᠭ᠎ᠠ ᠶᠢ ᠳᠡᠭᠡᠳᠦ ᠱᠠᠲᠤᠨ ᠤ ᠱᠠᠭᠠᠷᠳᠠᠯᠭ᠎ᠠ ᠳᠤ ᠬᠦᠷᠭᠡᠨ᠎ᠡ᠃    ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠥᠯᠥᠭᠡ᠂ ᠳᠣᠣᠷᠠᠬᠢ ᠲᠤᠯᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠄    ︵ᠨᠢᠭᠡ︶ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠴᠣᠭᠴᠠᠯᠠᠨ᠎ᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠪᠣᠯᠬᠤ ᠤᠢᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠳᠦ ᠣᠷᠣᠨ ᠤ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠪᠠ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠵᠤ᠂ ᠡᠨᠡᠬᠦ ᠨᠣᠮᠢᠨ ᠨᠣᠭᠤᠭᠠᠨ ᠤᠢ ᠰᠢᠭᠤᠢ ᠶᠢ ᠡᠷᠡᠰ ᠰᠠᠬᠢᠨ ᠬᠠᠮᠠᠭᠠᠯᠠᠬᠤ ᠬᠡᠷᠡᠭᠲᠡᠢ᠃    ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠲᠦᠷᠭᠡᠳᠬᠡᠨ᠎ᠡ᠃ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢᠨ ᠲᠡᠮᠵᠢᠯᠭᠡ ᠢ ᠢᠳᠡᠪᠬᠢᠳᠠᠢ ᠤᠯᠤᠨ᠎ᠠ᠃  ︽ᠭᠡᠭᠡᠨ ᠭᠤᠤᠯ ᠬᠤᠲᠠ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠬᠢᠵᠦ᠂ ᠭᠠᠵᠠᠷ ᠰᠢᠷᠣᠶ ᠶᠢᠨ ᠠᠰᠢᠭᠯᠠᠯᠲᠠ ᠶᠢᠨ ᠲᠥᠯᠥᠪᠵᠢᠭᠦᠯᠭᠡ᠂ ᠬᠤᠲᠠ ᠬᠥᠳᠡᠭᠡ ᠶᠢᠨ ᠲᠥᠯᠥᠪᠵᠢᠭᠦᠯᠭᠡ᠂ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠠᠭᠤᠰᠤᠯᠴᠠᠨ ᠨᠢᠭᠡᠳᠬᠦ ᠶᠢ ᠠᠬᠢᠭᠤᠯᠵᠤ᠂ ︽ᠣᠯᠠᠨ ᠲᠥᠯᠥᠪᠵᠢᠭᠦᠯᠭᠡ ᠶᠢ ᠨᠢᠭᠡᠳᠬᠡᠬᠦ︾ ᠶᠢ ᠪᠡᠶᠡᠯᠡᠭᠦᠯᠦᠨ᠎ᠡ᠃ ᠬᠥᠯᠥᠨ ᠪᠤᠶᠢᠷ ᠤᠨ ᠤᠯᠤᠰ ᠤᠨ ᠴᠡᠴᠡᠷᠯᠢᠭ ᠢ ᠡᠭᠦᠳᠦᠨ ᠪᠠᠶᠢᠭᠤᠯᠬᠤ ᠳᠤ ᠢᠳᠡᠪᠬᠢᠲᠡᠶ ᠣᠷᠣᠯᠴᠠᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠᠨ ᠠᠭᠤᠯᠠ ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠴᠢᠷᠮᠠᠶᠢᠨ ᠡᠭᠦᠳᠴᠦ᠂ ︽ᠳᠤᠮᠳᠠᠳᠤ ᠤᠯᠤᠰ ᠤᠨ ᠣᠶ ᠰᠢᠭᠤᠶ ᠶᠢᠨ ᠬᠦᠴᠢᠯᠲᠥ᠋ᠷᠥᠭᠴᠢ ᠶᠢᠨ ᠪᠠᠭᠠᠷ︾ ᠤᠨ ᠭᠡᠷᠡᠴᠢᠯᠡᠭᠡ ᠶᠢ ᠪᠡᠶᠡᠯᠡᠭᠦᠯᠦᠨ᠂ ᠰᠢᠶᠠᠨ ᠤ ᠬᠡᠪᠴᠢᠶᠡᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠬᠢᠨᠠᠨ ᠰᠢᠯᠭᠠᠯᠲᠠ ᠶᠢ ᠦᠷᠭᠦᠯᠵᠢᠯᠡᠨ ᠰᠠᠶᠢᠲᠤᠷ ᠬᠢᠨ᠎ᠠ᠃    ᠠᠮᠢ ᠠᠬᠤᠶ ᠵᠢᠨ‌ᠡᠬᠢ ᠪᠠᠶᠠᠯᠢᠭ ‍ᠤᠨ‌ᠬᠠᠮᠠᠭᠠᠯᠠᠯᠲᠠ ᠢ ᠴᠢᠩᠭᠠᠳᠬᠠᠨ᠎ᠠ᠃ ᠤᠢ ᠰᠢᠭᠤᠶ᠂ ᠭᠤᠣᠯ ᠮᠥᠷᠡᠨ᠂ ᠴᠢᠭᠢᠭᠯᠢᠭ ᠭᠠᠵᠠᠷ ᠵᠡᠷᠭᠡ ᠠᠮᠢ ᠠᠬᠤᠶ ᠶᠢᠨ ᠰᠢᠰᠲ᠋ᠧᠮ ᠢ ᠪᠦᠬᠦ ᠲᠠᠯ᠎ᠠ ᠪᠠᠷ ᠬᠠᠮᠠᠭᠠᠯᠠᠵᠤ᠂ ᠠᠮᠢ ᠠᠬᠤᠶ ᠶᠢᠨ ᠰᠢᠰᠲ᠋ᠧᠮ ᠤᠨ ᠦᠢᠯᠡᠴᠢᠯᠡᠭᠡᠨ ᠤ ᠦᠷᠳᠡᠭ ᠢ ᠳᠡᠭᠡᠭᠰᠢᠯᠡᠭᠦᠯᠦᠨ᠎ᠡ᠃ ᠠᠮᠢ ᠠᠬᠤᠶ ᠶᠢᠨ ᠬᠠᠮᠠᠭᠠᠯᠠᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠤᠨ᠂ ᠳᠤᠷ᠎ᠠ ᠪᠠᠷ ᠢᠶᠠᠨ ᠠᠩᠨᠠᠬᠤ ᠪᠠ ᠬᠠᠤᠯᠢ ᠪᠤᠰᠤ ᠪᠠᠷ ᠡᠵᠡᠩᠨᠡᠬᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠭᠡᠭᠡᠨ ᠭᠤᠤᠯ ᠬᠤᠲᠠ ᠶᠢᠨ ᠬᠡᠭᠡᠷ᠎ᠡ ᠶᠢᠨ ᠠᠮᠢᠲᠠᠨ ᠢ ᠠᠪᠤᠷᠬᠠᠤ ᠲᠥᠪ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠬᠢᠨ᠎ᠠ᠃ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠣᠶᠢᠲᠤ ᠭᠠᠵᠠᠷ᠂ ᠣᠶ ᠮᠣᠳᠣ ᠪᠣᠯᠤᠨ ᠨᠤᠭᠤ ᠭᠠᠵᠠᠷ ᠤᠨ ᠡᠬᠢ ᠪᠠᠶᠠᠯᠢᠭ ᠢ ᠡᠪᠳᠡᠭᠰᠡᠨ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠣᠶ ᠰᠢᠭᠤᠶ ᠶᠢᠨ ᠰᠡᠷᠭᠡᠶᠢᠯᠡᠯᠲᠡ ᠶᠢᠨ ᠰᠠᠭᠤᠷᠢ ᠪᠡᠯᠡᠳᠬᠡᠮᠵᠢ ᠪᠣᠯᠤᠨ ᠲᠤᠰᠬᠠᠶ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠣᠶ ᠰᠢᠭᠤᠶ ᠶᠢᠨ ᠬᠦᠨᠳᠦ ᠶᠡᠭᠡ ᠣᠨᠴᠠ ᠶᠡᠭᠡ ᠭᠠᠯ ᠤᠨ ᠠᠶᠤᠯ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠤᠬᠠᠶ ᠴᠠᠭᠳᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠲᠠᠷᠢᠶᠠᠨ ᠭᠠᠵᠠᠷ ᠤᠨ ᠬᠠᠳᠠᠭᠠᠯᠠᠯᠲᠠ ᠶᠢᠨ ᠬᠡᠮᠵᠢᠶ᠎ᠡ ᠶᠢ ᠪᠠᠭᠤᠷᠠᠭᠤᠯᠬᠤ ᠦᠭᠡᠢ ᠪᠠᠶᠢᠬᠤ ᠶᠢ ᠴᠢᠩᠭ᠎ᠠ ᠬᠢᠵᠠᠭᠠᠷᠯᠠᠨ᠎ᠠ᠃ ᠭᠤᠣᠯ ᠤᠨ ᠳᠠᠷᠤᠭ᠎ᠠ ᠶᠢᠨ ᠳᠦᠷᠢᠮ ᠢ ᠴᠢᠩᠭᠠᠷᠠᠭᠤᠯᠵᠤ ᠂ ᠭᠤᠣᠯ ᠮᠥᠷᠡᠨ ᠤ ᠬᠠᠮᠢᠶᠠᠷᠤᠯᠲᠠ ᠶᠢ ᠵᠢᠷᠤᠮᠵᠢᠭᠤᠯᠬᠤ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠢᠷᠦᠭᠦᠨ ᠤᠷᠤᠰᠬᠠᠯ ᠤᠨ ᠭᠤᠣᠯ ᠤᠨ ᠮᠠᠨᠬᠦ᠋ᠢ ᠪᠠᠯᠭᠠᠰᠤᠨ ᠤ ᠬᠡᠰᠡᠭ ᠤᠨ ᠦᠶᠡᠷ ᠢ ᠰᠡᠷᠭᠡᠶᠢᠯᠡᠬᠦ ᠦᠷᠭᠦᠯᠵᠢᠯᠡᠨ ᠪᠦᠲᠦᠭᠡᠨ ᠪᠠᠶᠢᠭᠤᠯᠬᠤ ᠢᠨᠵᠧᠨᠧᠷᠢᠩ᠂ ᠴᠤᠤ ᠴᠠ ᠾᠧ ᠭᠤᠣᠯ ᠤᠨ ᠵᠡᠭᠦᠨ ᠡᠷᠭᠢ ᠶᠢᠨ ᠦᠶᠡᠷ ᠢ ᠲᠠᠰᠤᠯᠬᠤ ᠭᠤᠤ ᠶᠢ ᠦᠷᠭᠦᠯᠵᠢᠯᠡᠨ ᠪᠦᠲᠦᠭᠡᠨ ᠪᠠᠶᠢᠭᠤᠯᠬᠤ ᠢᠨᠵᠧᠨᠧᠷᠢᠩ ᠢ ᠰᠠᠶᠢᠲᠤᠷ ᠬᠢᠨ᠎ᠡ᠃    ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠦᠨ᠎ᠡ᠃ ᠡᠨᠧᠷᠭᠢ ᠶᠢᠨ ᠬᠤᠷᠣᠭᠳᠠᠯ ᠤᠨ ᠶᠡᠷᠦᠩᠬᠡᠶ ᠬᠡᠮᠵᠢᠶ᠎ᠡ ᠪᠣᠯᠤᠨ ᠡᠨᠧᠷᠭᠢ ᠶᠢᠨ ᠬᠤᠷᠣᠭᠳᠠᠯ ᠤᠨ ᠬᠦᠴᠦᠯᠡᠴᠡ ᠶᠢ ᠴᠢᠩᠭ᠎ᠠ ᠬᠢᠵᠠᠭᠠᠷᠯᠠᠵᠤ᠂ ᠰᠢᠨ᠎ᠡ ᠪᠠᠷ ᠪᠠᠶᠢᠭᠤᠯᠬᠤ ᠲᠦᠷᠦᠯ ᠵᠦᠢᠯ ᠤᠨ ᠨᠢᠭᠡᠴᠢ ᠦᠢᠯᠡᠳᠬᠦᠨ ᠤ ᠡᠨᠧᠷᠭᠢ ᠶᠢᠨ ᠬᠤᠷᠣᠭᠳᠠᠯ ᠢ ᠡᠷᠬᠡᠪᠰᠢ ᠤᠯᠤᠰ ᠤᠨ ᠪᠠᠷᠢᠮᠵᠢᠶ᠎ᠠ ᠳᠤ ᠭᠦᠷᠭᠡᠨ᠎ᠠ᠃  ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠦᠨ᠎ᠡ᠃ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠠᠵᠢᠯ ᠦᠢᠯᠡᠰ ᠤᠨ ᠵᠣᠬᠢᠶᠠᠨ ᠪᠠᠶᠢᠭᠤᠯᠤᠯᠲᠠ ᠦᠭᠡᠢ ᠪᠠᠷ ᠭᠠᠳᠠᠭᠰᠢᠯᠠᠭᠤᠯᠬᠤ ᠪᠠ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠵᠦ᠂ ᠪᠠᠷᠢᠯᠭ᠎ᠠ ᠶᠢᠨ ᠭᠠᠵᠠᠷ᠂ ᠵᠠᠮ ᠤᠨ ᠬᠤᠭ ᠲᠣᠭᠤᠰᠣ ᠵᠡᠷᠭᠡ ᠶᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠳ᠋ᠠ ᠯᠢᠨ ᠺᠣᠮᠫᠠᠨᠢ ᠶᠢᠨ  ᠭᠦᠤᠸ᠋ᠯᠦ ᠶᠢᠨ ᠤᠲᠤᠭ᠎ᠠ ᠬᠡᠢ ᠶᠢᠨ ᠭᠠᠳᠠᠭᠰᠢᠯᠠᠭᠤᠯᠤᠯᠲᠠ ᠵᠢᠴᠢ ᠨᠠᠷᠢᠨ ᠲᠣᠭᠤᠰᠣᠨ ᠤ ᠪᠣᠬᠢᠷᠲᠤᠯ ᠢ ᠬᠤᠷᠢᠭᠯᠠᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠵᠦ᠂ ᠠᠭᠠᠷ ᠮᠠᠨᠳᠠᠯ ᠤᠨ ᠪᠣᠬᠢᠷᠲᠤᠯ ᠢ ᠡᠬᠢ ᠰᠤᠷᠪᠤᠯᠵᠢ ᠠᠴᠠ ᠨᠢ ᠬᠢᠵᠠᠭᠠᠷᠯᠠᠨ᠎ᠠ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠤᠨ᠂ ᠤᠤᠭᠤᠬᠤ ᠤᠰᠤᠨ ᠤ ᠡᠬᠢ ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠢᠶᠠᠩ ᠪᠠᠯᠭᠠᠰᠤ ᠶᠢᠨ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠢ ᠠᠬᠢᠭᠤᠯᠤᠨ᠂ ᠬᠤᠲᠠ ᠶᠢᠨ ᠲᠣᠭᠤᠷᠢᠭ ᠤᠨ ᠪᠣᠬᠢᠷ ᠤᠰᠤ ᠶᠢ ᠬᠤᠷᠢᠶᠠᠨ ᠴᠤᠭᠯᠠᠭᠤᠯᠬᠤ ᠨᠣᠷᠮ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ ᠵᠦᠢᠯ ᠢ ᠪᠡᠶᠡᠯᠡᠭᠦᠯᠵᠦ᠂ ᠪᠦᠬᠦ ᠬᠦᠴᠦᠨ ᠪᠠᠷ ᠭᠡᠭᠡᠨ ᠭᠤᠤᠯ ᠤᠨ ᠤᠰᠦᠨ ᠤ ᠤᠷᠴᠢᠨ ᠤ ᠠᠶᠤᠯᠭᠦᠢ ᠢ ᠪᠠᠳᠤᠯᠠᠨ᠎ᠠ᠃ ᠬᠥᠷᠥᠰᠥ ᠰᠢᠷᠣᠶ ᠶᠢᠨ ᠪᠣᠬᠢᠷᠲᠤᠯ ᠤᠨ ᠪᠠᠶᠢᠳᠠᠯ ᠤᠨ ᠪᠠᠶᠢᠴᠠᠭᠠᠯᠲᠠ ᠶᠢ ᠥᠷᠨᠢᠭᠦᠯᠵᠦ᠂ ᠬᠥᠷᠥᠰᠥ ᠰᠢᠷᠣᠶ ᠶᠢᠨ ᠣᠷᠴᠢᠨ ᠠᠬᠤᠶ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠵᠢᠴᠢ ᠠᠶᠤᠯᠲᠠᠶ ᠬᠠᠶᠠᠭᠳᠠᠮᠠᠯ ᠪᠣᠳᠠᠰ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠠᠭᠤᠷᠬᠠᠶ ᠶᠢᠨ ᠠᠮᠢ ᠠᠬᠤᠶ ᠶᠢᠨ ᠣᠷᠴᠢᠨ ᠨᠥᠬᠦᠴᠡᠯ ᠢ ᠵᠠᠰᠠᠬᠤ ᠪᠠ ᠪᠣᠬᠢᠷᠲᠤᠯ ᠦᠭᠡᠢ ᠠᠭᠤᠷᠬᠠᠶ ᠶᠢᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃    ︵ᠬᠤᠶᠠᠷ︶ ᠡᠬᠢ ᠪᠠᠶᠠᠯᠢᠭ ᠤᠨ ᠳᠠᠯᠳᠠ ᠬᠦᠴᠦᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠲᠠᠰ ᠳᠡᠪᠰᠢᠬᠦ ᠶᠢ ᠲᠦᠷᠭᠡᠳᠬᠡᠨ ᠠᠬᠢᠭᠤᠯᠤᠨ᠎ᠠ᠃  ᠭᠡᠭᠡᠨ ᠭᠤᠣᠯ ᠤᠨ ᠠᠮᠢ ᠠᠬᠤᠢ ᠰᠢᠯᠢᠳᠡᠭ ᠰᠠᠶᠢᠨ᠂ ᠡᠬᠢ ᠪᠠᠶᠠᠯᠢᠭ ᠡᠯᠪᠡᠭ ᠵᠡᠷᠭᠡ ᠳᠠᠪᠠᠭᠤᠯᠢᠭ ᠢ ᠶᠡᠬᠡᠰᠬᠡᠵᠦ᠂ ᠠᠮᠢ ᠠᠬᠤᠢ ᠶᠢ ᠠᠵᠤ ᠦᠢᠯᠡᠰᠵᠢᠭᠦᠯᠬᠦ᠂ ᠠᠵᠤ ᠦᠢᠯᠡᠰ ᠢ ᠠᠮᠢ ᠠᠬᠤᠢᠢᠵᠢᠭᠤᠯᠬᠤ ᠶᠢ ᠪᠠᠷᠢᠮᠲᠠᠯᠠᠵᠤ᠂ ︽ᠬᠥᠬᠡᠮᠳᠦᠭ ᠨᠣᠭᠤᠭᠠᠨ ᠠᠭᠤᠯᠠ ᠤᠰᠤ︾᠂ ︽ᠮᠥᠰᠥ ᠴᠠᠰᠤᠨ ᠳᠤ ᠬᠤᠴᠢᠭᠳᠠᠭᠰᠠᠨ ᠭᠠᠵᠠᠷ︾ ᠤᠨ ᠠᠵᠢᠯ ᠢ ᠰᠠᠶᠢᠲᠤᠷ ᠬᠢᠵᠦ᠂ ᠨᠢᠭᠡ ᠦᠢᠯᠡᠰ ᠢᠶᠠᠷ ᠬᠦᠴᠦᠷᠬᠡᠭᠵᠢᠭᠦᠯᠦᠨ ᠲᠠᠶᠢᠴᠢᠯᠠᠵᠤ ᠤᠯᠠᠨ ᠦᠢᠯᠡᠰ ᠢᠶᠠᠷ ᠬᠥᠭᠵᠢᠬᠦ᠂ ᠤᠯᠠᠨ ᠲᠠᠯ᠎ᠠ ᠪᠠᠷ ᠲᠤᠯᠭᠠᠭᠤᠷᠢᠯᠠᠬᠤ᠂ ᠤᠯᠠᠨ ᠦᠢᠯᠡᠰ ᠢ ᠵᠡᠷᠭᠡᠪᠡᠷ ᠬᠥᠭᠵᠢᠭᠦᠯᠬᠦ᠂ ᠤᠯᠠᠨ ᠡᠰᠢᠴᠢᠯᠡᠨ ᠬᠥᠭᠵᠢᠭᠦᠯᠬᠦ ᠤᠳᠤ ᠦᠶ᠎ᠡ ᠶᠢᠨ ᠠᠵᠤ ᠦᠢᠯᠡᠰ ᠤᠨ ᠪᠠᠶᠢᠷᠢᠰᠢᠯ ᠢ ᠲᠦᠷᠭᠡᠨ ᠪᠦᠷᠢᠯᠳᠦᠭᠦᠯᠦᠨ᠎ᠡ᠃
ᠢᠷᠡᠯᠲᠡ᠄ ᠭᠡᠭᠡᠨ ᠭᠤᠤᠯ ᠬᠤᠳᠠ ᠶᠢᠨ ᠵᠠᠰᠠᠭ ᠤᠨ ᠤᠷᠳᠤᠨ