ᠵᠠᠰᠠᠭ ᠤᠨ ᠣᠷᠳᠣᠨ ᠤ ᠠᠵᠢᠯ ᠤᠨ ᠢᠯᠡᠳᠬᠡᠯ  ︵8︶
ᠨᠡᠶᠢᠲᠡᠯᠡᠭᠰᠡᠨ ᠴᠠᠭ᠄
2021/9/28
     ᠰᠣᠶᠣᠯ ᠵᠢᠭᠤᠯᠴᠢᠯᠠᠯ ᠤᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠠᠬᠢᠭᠤᠯᠤᠨ᠎ᠠ᠃ ᠤᠨᠢᠨ ᠳᠡᠭᠡᠷ᠎ᠡ ᠨᠢ ᠪᠠᠶᠢᠷᠢ ᠲᠣᠭᠲᠠᠭᠠᠬᠤ ᠶᠢ ᠪᠠᠷᠢᠮᠲᠠᠯᠠᠵᠤ᠂ ᠤᠨᠴᠠᠯᠢᠬᠳᠤ ᠵᠦᠷᠢᠶ᠎ᠠ ᠶᠢ ᠲᠤᠪᠤᠶᠢᠯᠭᠠᠵᠤ᠂ ᠰᠣᠶᠣᠯ ᠵᠤᠭᠠᠴᠠᠯ ᠤᠨ ᠠᠵᠤ ᠦᠢᠯᠡᠰ ᠤᠨ ᠲᠡᠰ ᠳᠡᠪᠰᠢᠬᠦ᠂ ᠴᠢᠨᠠᠷ ᠰᠠᠶᠢᠲᠠᠢ ᠬᠥᠭᠵᠢᠬᠦ ᠶᠢ ᠠᠬᠢᠭᠤᠯᠤᠨ᠎ᠠ᠃ ︽ᠭᠡᠭᠡᠨ ᠭᠤᠤᠯ ᠬᠤᠲᠠ ᠶᠢᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ︾ ᠶᠢ ᠰᠠᠶᠢᠲᠤᠷ ᠬᠡᠷᠡᠭᠵᠢᠭᠦᠯᠵᠦ᠂ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠬᠤᠯᠪᠣᠭᠠᠯᠠᠨ ᠬᠥᠳᠡᠯᠦᠯᠴᠡᠵᠦ ᠵᠣᠯᠭᠠᠭᠤᠯᠬᠤ ᠶᠢ ᠴᠢᠩᠭᠠᠳᠬᠠᠨ᠂ ᠭᠡᠭᠡᠨ‌ᠮᠠᠨᠬᠦ᠋ᠢ ᠶᠢᠨ ᠵᠠᠰᠠᠮᠠᠯ ᠵᠠᠮ᠂ ᠭᠡᠭᠡᠨ ᠴᠠᠭᠠᠨ ᠵᠠᠰᠠᠮᠠᠯ ᠵᠠᠮ ᠤᠨ ᠰᠣᠳᠣᠨ ᠵᠢᠭᠤᠯᠴᠢᠯᠠᠯ ᠤᠨ ᠵᠠᠮ ᠱᠤᠭᠤᠮ ᠢ ᠭᠠᠷᠭᠠᠵᠤ᠂ ᠬᠤᠶᠠᠷ ᠵᠤᠷᠪᠤᠰ ᠵᠢᠭᠤᠯᠴᠢᠯᠠᠯ ᠤᠨ ᠵᠠᠮ ᠱᠤᠭᠤᠮ ᠤᠨ ᠣᠷᠣᠨ ᠪᠠᠶᠢᠷᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠦᠵᠡᠮᠵᠢ ᠶᠢᠨ ᠣᠷᠣᠨ ᠤ ᠬᠤᠯᠪᠦᠭᠠᠳᠠᠭᠤᠯᠵᠦ᠂ ᠦᠵᠡᠮᠵᠢᠲᠦ ᠬᠤᠲᠠ ᠶᠢᠨ ᠠᠭᠤᠰᠤᠯᠴᠠᠯ ᠢ ᠠᠬᠢᠭᠤᠯᠤᠨ᠎ᠠ᠃  ᠤᠯᠭᠤᠶᠠ ᠶᠢᠨ ᠪᠤᠭᠤ ᠠᠶᠢᠮᠠᠭ᠂ ᠬᠡᠭᠡᠨ ᠭᠤᠤᠯ ᠤᠨ ᠡᠬᠢ ᠶᠢᠨ ᠤᠯᠤᠰ ᠤᠨ ᠨᠤᠭᠤ ᠭᠠᠵᠠᠷ ᠤᠨ ᠴᠡᠴᠡᠷᠯᠢᠭ᠂ ᠳ᠋ᠧᠯᠪᠦᠷ ᠤᠨ ᠺᠠ ᠯᠦ ᠪᠠᠨ᠂ ᠬᠦᠢᠳᠡᠨ ᠲᠦᠢᠯ ‍ᠦᠨ‌‍ᠲ᠋ᠣᠰᠬᠤᠨ ᠵᠡᠷᠭᠡ ᠭᠤᠤᠯ ᠦᠵᠡᠮᠵᠢ ᠶᠢᠨ ᠣᠷᠣᠨ ᠤ ᠦᠵᠡᠮᠵᠢ ᠶᠢᠨ ᠴᠢᠭ ᠢ ᠪᠥᠲᠥᠭᠡᠨ ᠪᠠᠶᠢᠭᠤᠯᠤᠨ ᠲᠠᠰ ᠳᠡᠪᠰᠢᠭᠦᠯᠬᠦ ᠠᠯᠬᠤᠴᠠ ᠶᠢ ᠲᠦᠷᠭᠡᠳᠬᠡᠨ᠎ᠡ᠃ ᠣᠯᠭᠤᠶᠠ ᠰᠠᠷᠠᠨ ᠠᠭᠤᠯᠠ᠂ ᠡᠸᠡᠩᠬᠢ ᠦᠨᠳᠦᠰᠦᠲᠡᠨ ᠤ  ᠴᠠ ᠪᠤᠭᠤ ᠶᠢᠨ ᠰᠣᠶᠣᠯ ᠤᠨ ᠮᠦᠽᠧᠶ ᠶᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠡᠷᠭᠡ ᠵᠢᠭᠤᠯᠴᠢᠯᠠᠯ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠥᠳᠥᠭᠡᠨ ᠪᠠᠶᠢᠭᠤᠯᠤᠨ᠎ᠠ᠃ ᠤᠯᠭᠤᠶᠠ ᠨᠠᠷᠮᠠᠶ ᠤᠮᠠᠷᠠᠲᠤ ᠲᠦᠢᠯ ᠤᠨ ᠴᠠᠭᠠᠷᠢᠭ ᠤᠨ ᠰᠣᠶᠣᠯ ᠤᠨ ᠰᠤᠳᠤᠯᠭᠠᠨ ᠤ ᠲᠥᠪ᠂ ᠬᠤᠰᠤ ᠮᠣᠳᠣᠨ ᠤ ᠬᠠᠯᠢᠰᠤ ᠶᠢᠨ ᠤᠷ᠎ᠠ ᠮᠡᠷᠭᠡᠵᠢᠯ ᠢ ᠤᠯᠠᠮᠵᠢᠯᠠᠨ ᠵᠠᠯᠭᠠᠮᠵᠢᠯᠠᠬᠤ ᠲᠥᠪ᠂ ᠵᠢᠭᠤᠯᠴᠢᠯᠠᠭᠴᠢᠳ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠥᠪ᠂ ᠤᠷᠠᠨ ᠰᠠᠶᠢᠬᠠᠨ ᠤ ᠲᠣᠭᠯᠠᠯᠲᠠ ᠶᠢᠨ ᠲᠥᠪ ᠤᠨ ᠲᠥᠷᠥᠯ ᠵᠦᠢᠯ ᠢ ᠬᠡᠷᠡᠭᠵᠢᠭᠦᠯᠬᠦ ᠶᠢ ᠠᠬᠢᠭᠤᠯᠤᠨ᠎ᠠ᠃ ᠵᠢᠭᠤᠯᠴᠢᠯᠠᠯ ᠤᠨ ᠴᠢᠳᠠᠪᠤᠷᠢᠲᠠᠨ ᠢ ᠬᠥᠮᠦᠵᠢᠭᠦᠯᠬᠦ ᠶᠢ ᠴᠢᠩᠭᠠᠳᠬᠠᠵᠤ᠂ ᠵᠢᠭᠤᠯᠴᠢᠯᠠᠯ ᠤᠨ ᠠᠵᠢᠯ ᠡᠷᠬᠢᠯᠡᠭᠰᠡᠳ ᠤᠨ ᠪᠣᠯᠪᠠᠰᠤᠷᠠᠭᠤᠯᠤᠯ ᠢ ᠰᠠᠶᠢᠲᠤᠷ ᠬᠢᠵᠦ᠂ ᠵᠢᠭᠤᠯᠴᠢᠯᠠᠯ ᠤᠨ ᠭᠥᠯᠢᠶᠡᠨ ᠠᠪᠴᠤ ᠦᠢᠯᠡᠴᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠵᠢᠭᠤᠯᠴᠢᠯᠠᠯ ᠤᠨ ᠰᠣᠶᠣᠯ ᠤᠨ ᠪᠦᠲᠦᠭᠡᠭᠳᠡᠬᠦᠨ ᠤ ᠠᠭᠤᠯᠤᠭᠳᠠᠬᠤᠨ ᠢ ᠨᠡᠮᠡᠭᠳᠡᠭᠦᠯᠵᠦ᠂  ᠤᠯᠭᠤᠶᠠ ᠶᠢᠨ ᠲᠠᠶᠢᠰᠠᠨ ᠤ ᠵᠦᠴᠦᠭᠡ ᠶᠢᠨ ᠬᠤᠳᠠᠯᠳᠤᠭᠠᠨ ᠤ ᠲᠣᠭᠯᠠᠯᠲᠠ ᠶᠢ ᠠᠬᠢᠭᠤᠯᠵᠤ᠂  ᠭᠡᠭᠡᠨ ᠭᠤᠤᠯ ᠤᠨ ᠣᠨᠴᠠᠯᠢᠭ ᠲᠠᠢ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠪᠣᠶ ᠪᠣᠯᠭᠠᠨ᠎ᠠ᠃ ᠵᠢᠭᠤᠯᠴᠢᠯᠠᠯ ᠤᠨ ᠤᠬᠠᠭᠤᠯᠭ᠎ᠠ ᠲᠠᠨᠢᠯᠴᠠᠭᠤᠯᠭ᠎ᠠ ᠶᠢᠨ ᠡᠷᠴᠢᠮ ᠢ ᠴᠢᠩᠭᠠᠷᠠᠭᠤᠯᠵᠤ᠂ ︽ᠰᠦᠯᠵᠢᠶᠡᠨ ᠤ  ᠬᠠᠯᠠᠮᠰᠢᠯ + ᠰᠦᠯᠵᠢᠶᠡᠨ ᠤ  ᠬᠠᠯᠠᠮᠰᠢᠯ ᠺᠠᠷᠲᠯᠠᠭᠰᠠᠨ ᠭᠠᠵᠠᠷ︾ ᠵᠡᠷᠭᠡ ᠵᠢᠭᠤᠯᠴᠢᠯᠠᠯ ᠤᠨ ᠰᠦᠯᠵᠢᠶᠡᠨ ᠤ ᠡᠵᠡᠩᠨᠡᠨ ᠪᠣᠷᠣᠯᠠᠭᠤᠯᠤᠯᠲᠠ ᠶᠢ ᠥᠷᠨᠢᠭᠦᠯᠵᠦ᠂ ︽ᠳᠤᠮᠳᠠᠳᠤ ᠤᠯᠤᠰ ᠤᠨ ᠬᠦᠢᠲᠡᠨ ᠲᠦᠢᠯ︾ ︽ᠣᠯᠭᠤᠶᠠ︾ ᠨᠠᠷᠠᠲᠤ ᠲᠡᠮᠳᠡᠭ ᠤᠨ ᠠᠯᠳᠠᠷᠰᠢᠯ ᠢ ᠳᠡᠭᠡᠭᠰᠢᠯᠡᠭᠦᠯᠦᠨ᠎ᠡ᠃ ᠡᠪᠦᠯ ᠤᠨ ᠤᠯᠠᠷᠢᠯ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠳᠠᠯᠳᠠ ᠬᠦᠴᠦᠨ ᠢ ᠭᠦᠨ ᠠᠭᠤᠳᠠᠯᠵᠤ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠨᠢᠳᠤᠷᠭᠠᠨ ᠪᠦᠲᠦᠭᠡᠭᠳᠡᠬᠦᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠴᠠᠰᠤᠲᠤ ᠭᠠᠵᠠᠷ ᠤᠨ ᠮᠣᠲ᠋ᠣᠷ᠂ ᠴᠠ ᠪᠤᠭᠤ ᠴᠢᠷᠭ᠎ᠠ ᠴᠢᠷᠬᠦ ᠵᠡᠷᠭᠡ ᠤᠨᠴᠠᠯᠢᠬᠳᠤ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠲᠥᠷᠥᠯ ᠵᠦᠢᠯ ᠢ ᠬᠤᠳᠠᠯᠳᠤᠭᠠᠴᠢᠯᠠᠨ ᠨᠡᠭᠡᠭᠡᠨ ᠬᠥᠭᠵᠢᠭᠦᠯᠵᠦ᠂ ︽ᠳᠤᠮᠳᠠᠳᠤ ᠤᠯᠤᠰ ᠤᠨ ᠬᠦᠢᠲᠡᠨ ᠲᠦᠢᠯ ᠤᠨ ᠮᠥᠰᠥ ᠴᠠᠰᠤᠨ ᠤ ᠤᠯᠠᠷᠢᠯ︾ ᠵᠡᠷᠭᠡ ᠰᠢᠷᠢᠰ ᠨᠠᠷᠠᠲᠤ ᠲᠥᠷᠥᠯ ᠲᠡᠮᠳᠡᠭᠲᠦ ᠶᠢᠨ ᠠᠵᠢᠯᠯᠠᠭ᠎ᠠ ᠶᠢ ᠰᠠᠶᠢᠲᠤᠷ ᠡᠷᠭᠢᠯᠡᠵᠦ᠂ ︽ᠳᠤᠮᠳᠠᠳᠤ ᠤᠯᠤᠰ ᠤᠨ ᠬᠦᠢᠲᠡᠨ ᠲᠦᠢᠯ ᠤᠨ ᠲᠣᠰᠬᠤᠨ︾ ᠤ ᠭᠠᠵᠠᠷ ᠤᠨ  ᠲᠦᠯᠦᠭᠡᠨ ᠤ ᠲᠡᠮᠳᠡᠭᠲᠦ ᠨᠠᠷᠠᠲᠤ ᠲᠥᠷᠥᠯ ᠲᠡᠮᠳᠡᠭᠲᠦ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠡᠪᠦᠯ ᠤᠨ ᠤᠯᠠᠷᠢᠯ ᠤᠨ ᠵᠢᠭᠤᠯᠴᠢᠯᠠᠯ ᠢ ᠦᠨᠡᠨ ᠬᠦ ᠬᠥᠭᠵᠢᠶᠡᠨ ᠲᠠᠢ ᠪᠣᠯᠭᠠᠵᠤ᠂ ︽ᠬᠦᠢᠲᠡᠨ ᠡᠬᠢ ᠪᠠᠶᠠᠯᠢᠭ︾ ᠢ ︽ᠬᠠᠯᠠᠭᠤᠨ ᠠᠵᠤ ᠦᠢᠯᠡᠰ︾ ᠪᠣᠯᠭᠠᠨ ᠬᠤᠪᠢᠷᠠᠭᠤᠯᠤᠨ᠎ᠠ᠃    ᠤᠨᠴᠠᠯᠢᠬᠳᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠣᠶ ᠶᠢᠨ ᠬᠤᠷᠮᠣᠶ ᠶᠢᠨ ᠡᠬᠢ ᠪᠠᠶᠠᠯᠢᠭ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠣᠨᠴᠠᠯᠢᠠᠠᠳᠣ ᠳᠠᠷᠢᠵᠤ ᠲᠡᠵᠢᠭᠡᠬᠦ ᠦᠢᠯᠡᠰ ᠤᠨ ᠨᠠᠷᠠᠲᠤ ᠲᠡᠮᠳᠡᠭᠵᠢᠬᠦ᠂ ᠡᠷᠴᠢᠮᠵᠢᠬᠦ᠂ ᠬᠡᠪᠴᠢᠶᠡᠵᠢᠬᠦ᠂ ᠪᠠᠷᠢᠮᠵᠢᠶᠠᠵᠢᠬᠤ ᠳᠠᠰᠢ ᠬᠥᠭᠵᠢᠬᠦ ᠶᠢ ᠲᠦᠷᠭᠡᠳᠬᠡᠨ ᠠᠬᠢᠭᠤᠯᠤᠨ᠎ᠠ᠃  ᠴᠠᠨ᠎ᠠ ᠴᠡᠴᠡᠭ ᠪᠠᠷ ᠭᠤᠣᠯ ᠪᠣᠯᠭᠠᠭᠰᠠᠨ ᠬᠢᠲᠠᠳ ᠡᠪᠡᠰᠦᠨ ᠡᠮ ᠲᠠᠷᠢᠬᠤ ᠠᠵᠢᠯ ᠢ ᠰᠠᠶᠢᠲᠤᠷ ᠠᠳᠬᠤᠵᠤ᠂ ᠥᠨᠳᠥᠷ ᠬᠦᠢᠳᠡᠨ ᠰᠢᠭᠤᠶᠢᠲᠤ ᠣᠷᠣᠨ ᠤ ᠬᠤᠨᠢᠨ ᠤ ᠴᠦᠨᠳᠦᠭᠦᠷ ᠮᠥᠭᠦ ᠶᠢ ᠲᠠᠷᠢᠬᠤ ᠶᠢ ᠳᠡᠯᠭᠡᠷᠡᠭᠦᠯᠵᠦ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠠᠷᠢᠮᠠᠯ ᠤᠨ ᠲᠤᠮᠤ ᠡᠷᠦᠭᠡ᠂  ᠬᠤᠷᠰᠢᠶᠠᠵᠢᠯ ᠶᠢᠨ ᠮᠦᠬᠦ᠂ ᠳᠡᠯᠳᠡᠦ ᠵᠡᠷᠭᠡ ᠢᠳᠡᠭᠡᠨ ᠤ ᠮᠥᠭᠦ ᠶᠢ ᠲᠠᠷᠢᠬᠤ ᠶᠢ ᠵᠣᠷᠢᠭᠵᠢᠭᠤᠯᠤᠨ᠎ᠠ᠃ ᠭᠡᠭᠡᠨ ᠭᠤᠣᠯ ᠤᠨ ᠪᠢᠯᠢᠭᠲᠦ ᠳᠡᠯᠳᠡᠦ ᠶᠢᠨ ᠠᠵᠤ ᠦᠢᠯᠡᠰ ᠤᠨ ᠬᠥᠭᠵᠢᠯᠲᠡ ᠶᠢᠨ ᠲᠦᠷᠦᠯ ᠵᠦᠢᠯ ᠢ ᠬᠡᠷᠡᠭᠵᠢᠭᠦᠯᠵᠦ᠂ ᠪᠢᠯᠢᠭᠲᠦ ᠳᠡᠯᠳᠡᠦ ᠶᠢᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠲᠡᠭᠦᠬᠦ᠂ ᠲᠣᠭᠤᠷᠢᠨ ᠦᠵᠡᠬᠦ ᠵᠡᠷᠭᠡ ᠵᠢᠭᠤᠯᠴᠢᠯᠠᠯ ᠤᠨ ᠬᠡᠯᠪᠡᠷᠢ ᠶᠢ ᠭᠦᠢᠴᠡᠳ ᠨᠡᠭᠡᠭᠡᠨ ᠬᠥᠭᠵᠢᠭᠦᠯᠵᠦ᠂ ︽ᠪᠢᠯᠢᠭᠲᠦ ᠳᠡᠯᠳᠡᠦ ᠶᠢᠨ ᠰᠠᠭᠤᠷᠢᠨ ᠭᠠᠵᠠᠷ + ᠵᠢᠭᠤᠯᠴᠢᠯᠠᠯ + ᠡᠯᠧᠺᠲᠷᠣᠨ ᠬᠤᠳᠠᠯᠳᠤᠭ᠎ᠠ︾ ︽ᠰᠦᠯᠵᠢᠶᠡᠨ ᠳᠡᠭᠡᠷᠡᠬᠢ ᠪᠣᠷᠣᠯᠠᠭᠤᠯᠭ᠎ᠠ + ᠰᠦᠯᠵᠢᠶᠡᠨ ᠭᠠᠳᠠᠨᠠᠬᠢ ᠦᠢᠯᠡᠳᠬᠦᠨ ᠢ ᠳᠡᠯᠭᠡᠨ ᠦᠵᠡᠭᠦᠯᠵᠦ ᠪᠡᠶᠡᠴᠢᠯᠡᠨ ᠡᠳ᠋ᠰᠢᠭᠦᠯᠬᠦ᠂ ᠰᠤᠳᠤᠯᠤᠨ ᠰᠤᠷᠤᠯᠴᠠᠬᠤ︾ ᠵᠢᠴᠢ ᠪᠠᠷᠠᠭᠠᠨ ᠤ ᠭᠦᠢᠯᠭᠡᠭᠡᠨ ᠤ ᠳᠣᠭᠢᠷᠠᠭᠤᠯᠤᠨ ᠬᠦᠷᠭᠡᠬᠦ ᠶᠢ ᠨᠢᠭᠡ ᠴᠣᠠᠠᠴᠠᠵᠢᠭᠤᠯᠥᠠᠠᠰᠠᠨ ᠶᠡᠷᠦᠩᠬᠡᠶᠢᠯᠡᠭᠰᠡᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠨ᠎ᠠ᠃ ᠪᠡᠯᠢᠤᠺ ᠡᠳ᠋ᠰᠢᠭᠦᠯᠬᠦ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠡᠪᠴᠢᠶ᠎ᠡ ᠪᠠᠨ ᠥᠷᠭᠡᠳᠬᠡᠬᠦ ᠶᠢ ᠳᠡᠮᠵᠢᠵᠦ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ︽ᠳᠠᠷᠢᠬᠤ᠂ ᠬᠠᠳᠠᠭᠠᠯᠠᠬᠤ᠂ ᠨᠡᠮᠡᠬᠦ᠂ ᠪᠣᠷᠣᠯᠠᠭᠤᠯᠬᠤ︾ ᠠᠵᠤ ᠦᠢᠯᠡᠰ ᠤᠨ ᠶᠡᠷᠦᠩᠬᠡᠶᠢᠯᠡᠭᠰᠡᠨ ᠴᠣᠭᠴᠠ ᠶᠢᠨ ᠪᠥᠲᠥᠭᠡᠨ ᠪᠠᠶᠢᠭᠤᠯᠤᠯᠲᠠ ᠥᠷᠨᠢᠭᠦᠯᠦᠨ᠎ᠡ᠃ ᠬᠡᠭᠡᠷ᠎ᠡ ᠶᠢᠨ ᠬᠥᠬᠡ ᠵᠢᠮᠢᠰᠭᠡᠨ᠎ᠡ ᠵᠡᠷᠭᠡ ᠬᠡᠭᠡᠷ᠎ᠡ ᠶᠢᠨ ᠵᠢᠮᠢᠰ ᠢ ᠬᠥᠮᠦᠨ ᠤ ᠬᠦᠴᠦ ᠪᠠᠷ ᠨᠣᠮᠣᠬᠠᠳᠬᠠᠬᠤ ᠡᠷᠴᠢᠮ ᠢ ᠴᠢᠩᠭᠠᠷᠠᠭᠤᠯᠵᠤ᠂ ᠬᠡᠭᠡᠷ᠎ᠡ ᠶᠢᠨ ᠰᠢᠭᠦᠰᠦᠯᠢᠭ ᠵᠢᠮᠢᠰ᠂ ᠬᠡᠭᠡᠷ᠎ᠡ ᠶᠢᠨ ᠨᠣᠭᠤᠭ᠎ᠠ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠶᠠᠰᠤ ᠴᠢᠨᠠᠷ ᠪᠠ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠣᠶ ᠶᠢᠨ ᠬᠤᠷᠮᠣᠶ ᠶᠢᠨ ᠪᠦᠲᠦᠭᠡᠭᠳᠡᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃ ᠬᠤᠩ ᠶᠤᠸᠠᠨ ᠺᠣᠮᠫᠠᠨᠢ ᠶᠢᠨ ᠷᠠᠰᠢᠶᠠᠨ ᠤᠰᠤᠨ ᠤ ᠲᠥᠷᠥᠯ ᠵᠦᠢᠯ ᠤᠨ ᠬᠠᠶᠢᠨ ᠰᠢᠨᠵᠢᠯᠡᠵᠦ ᠰᠢᠯᠵᠢᠭᠦᠯᠦᠨ ᠮᠠᠯᠲᠠᠬᠤ᠂ ᠬᠤᠯᠢᠫᠥ᠋ ᠷᠠᠰᠢᠶᠠᠨ ᠤᠰᠤᠨ ᠤ ᠲᠥᠷᠥᠯ ᠵᠦᠢᠯ ᠤᠨ ᠬᠠᠶᠢᠨ ᠪᠠᠶᠢᠴᠠᠭᠠᠬᠤ ᠠᠵᠢᠯ ᠢ ᠠᠬᠢᠭᠤᠯᠵᠤ᠂ ᠲᠣᠰ ᠭᠠᠵᠠᠷ ᠣᠷᠣᠨ ᠤ ᠤᠨᠴᠠᠯᠢᠬᠳᠤ ᠤᠰᠤᠨ ᠤ ᠡᠬᠢ ᠪᠠᠶᠠᠯᠢᠭ ᠤᠨ ᠪᠦᠲᠦᠭᠡᠭᠳᠡᠬᠦᠨ ᠢ ᠪᠣᠶ ᠪᠣᠯᠭᠠᠵᠤ᠂ ᠭᠡᠭᠡᠨ ᠭᠤᠤᠯ ᠲᠡᠮᠳᠡᠭᠲᠦ ᠤᠰᠤᠨ ᠤ ᠡᠬᠢ ᠪᠠᠶᠠᠯᠢᠭ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠨ᠎ᠠ᠃ ᠤᠨᠴᠠᠯᠢᠭᠳᠤ ᠲᠡᠵᠢᠭᠡᠨ ᠦᠷᠡᠵᠢᠭᠦᠯᠬᠦ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠴᠠ ᠪᠤᠭᠤ ᠶᠢᠨ ᠳᠦᠷᠰᠦ ᠶᠢᠨ ᠰᠦᠷᠦᠭ ᠢ ᠰᠠᠶᠢᠵᠢᠷᠠᠭᠤᠯᠬᠤ ᠪᠠ ᠴᠡᠪᠡᠷᠰᠢᠭᠦᠯᠦᠨ ᠴᠢᠭᠢᠷᠠᠭᠵᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠴᠠ ᠪᠤᠭᠤ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠶᠢ ᠥᠷᠨᠢᠭᠦᠯᠦᠨ᠂ ᠴᠠ ᠪᠤᠭᠤ ᠶᠢᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ᠃    ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠤᠨ᠎ᠠ᠃ ᠬᠦᠢᠲᠡᠨ ᠲᠦᠢᠯ ᠤᠨ ᠮᠥᠰᠥ ᠴᠠᠰᠤᠨ ᠤ ᠡᠬᠢ ᠪᠠᠶᠠᠯᠢᠭ ᠲᠤ ᠲᠦᠰᠢᠭᠯᠡᠨ ᠂ ᠬᠦᠢᠲᠡᠨ ᠭᠠᠵᠠᠷ ᠤᠨ ᠮᠥᠰᠥ ᠴᠠᠰᠤᠨ ᠤ ᠠᠵᠤ ᠠᠬᠤᠶ ᠶᠢᠨ ᠳᠠᠯᠳᠠ ᠴᠢᠳᠠᠪᠤᠷᠢ ᠶᠢ ᠠᠭᠤᠳᠠᠯᠵᠤ᠂ ᠮᠥᠰᠥ ᠴᠠᠰᠤᠨ ᠤ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ︽ᠳᠤᠮᠳᠠᠳᠤ ᠤᠯᠤᠰ ᠤᠨ ᠬᠦᠢᠲᠡᠨ ᠲᠦᠢᠯ︾ ᠤᠨ ᠨᠠᠷᠠᠲᠤ ᠲᠥᠷᠥᠯ ᠲᠡᠮᠳᠡᠭᠲᠦ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠲᠦᠢᠯ ᠤᠨ ᠬᠦᠢᠲᠡᠨ ᠣᠷᠴᠢᠨ ᠲᠣᠭᠤᠷᠢᠨ ᠤ ᠪᠦᠲᠦᠭᠡᠭᠳᠡᠬᠦᠨ ᠤ ᠬᠦᠢᠲᠡᠨ ᠴᠢᠨᠠᠷ ᠤᠨ ᠰᠣᠷᠢᠯᠲᠠ ᠶᠢ ᠥᠷᠨᠢᠭᠦᠯᠦᠨ᠎ᠡ᠃ ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠠᠯ ᠤᠨ ᠠᠵᠤ ᠦᠢᠯᠡᠰ ᠢ ᠥᠨᠳᠥᠷ ᠬᠢᠷᠢ ᠲᠦᠪᠰᠢᠨ ᠲᠠᠢ ᠬᠥᠭᠵᠢᠭᠦᠯᠵᠦ᠂ ᠭᠡᠭᠡᠨ ᠭᠤᠤᠯ ᠤᠨ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠠᠶᠢᠩᠭᠤᠵᠢᠭᠤᠯᠤᠨ ᠡᠵᠡᠩᠨᠡᠬᠦ᠂  ᠮᠠᠨᠬᠦ᠋ᠢ ᠨᠡᠶᠢᠳᠡᠮ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠠᠯ ᠤᠨ ᠠᠵᠤ ᠦᠢᠯᠡᠰ ᠬᠢᠭᠡᠳ ᠵᠢᠭᠤᠯᠴᠢᠯᠠᠯ ᠤᠨ ᠠᠵᠤ ᠦᠢᠯᠡᠰ᠂ ᠮᠥᠰᠥ ᠴᠠᠰᠤᠨ ᠤ ᠠᠵᠤ ᠦᠢᠯᠡᠰ ᠤᠨ ᠭᠦᠨᠵᠡᠭᠡᠶ ᠠᠭᠤᠰᠤᠯᠴᠠᠬᠤ ᠶᠢ ᠠᠬᠢᠭᠤᠯᠵᠤ᠂ ᠠᠶᠠᠯᠠᠯ ᠨᠡᠪᠲᠡᠷᠡᠬᠦ ᠪᠣᠯᠪᠠᠰᠤᠷᠠᠭᠤᠯᠤᠯ᠂ ᠠᠭᠠᠷ ᠤᠨ ᠠᠶᠠᠯᠠᠯ ᠤᠨ ᠵᠢᠭᠤᠯᠴᠢᠯᠠᠯ᠂ ᠬᠦᠢᠲᠡᠨ ᠳᠤ ᠲᠡᠰᠪᠦᠷᠢᠲᠡᠶ ᠢ ᠬᠡᠮᠵᠢᠨ ᠲᠤᠷᠰᠢᠬᠤ ᠵᠡᠷᠭᠡ ᠶᠢ ᠨᠢᠭᠡ ᠴᠤᠭᠴᠠᠵᠢᠭᠤᠯᠤᠭᠰᠠᠨ ᠠᠭᠠᠷ ᠤᠨ ᠠᠵᠤ ᠦᠢᠯᠡᠰ ᠢ ᠪᠣᠶ ᠪᠣᠯᠭᠠᠨ᠎ᠠ᠃ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠡᠪᠴᠢᠶᠡᠵᠢᠯ ᠤᠨ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠬᠦᠢᠲᠡᠨ ᠲᠦᠢᠯ ᠤᠨ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠵᠢᠴᠢ ᠮᠠᠷᠠᠰᠤᠨ ᠪᠣᠯᠪᠠᠰᠤᠷᠠᠯ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠬᠢᠵᠦ᠂ ︽ᠳᠤᠮᠳᠠᠳᠤ ᠤᠯᠤᠰ ᠤᠨ ᠬᠦᠢᠲᠡᠨ ᠲᠦᠢᠯ ᠤᠨ ᠮᠠᠷᠠᠰᠤᠨ ᠤᠷᠤᠯᠳᠤᠭᠠᠨ︾ ᠵᠡᠷᠭᠡ ᠪᠡᠶ᠎ᠡ ᠶᠢᠨ ᠲᠠᠮᠢᠷ ᠤᠨ ᠤᠷᠤᠯᠳᠤᠭᠠᠨ ᠢ ᠡᠷᠭᠢᠯᠡᠵᠦ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠴᠢᠳᠠᠪᠤᠷᠢᠲᠠᠨ ᠢ ᠬᠥᠮᠦᠵᠢᠭᠦᠯᠦᠨ᠂ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠤᠲᠠ ᠪᠠ ᠴᠠᠭ ᠤᠨ ᠥᠩᠭᠡ ᠶᠢ ᠳᠠᠭᠠᠭᠰᠠᠨ ᠮᠥᠰᠥ ᠴᠠᠰᠤᠨ ᠤ ᠵᠢᠭᠤᠯᠴᠢᠯᠠᠯ ᠤᠨ ᠦᠵᠡᠮᠵᠢᠲᠦ ᠣᠷᠣᠨ ᠢ ᠪᠥᠬᠦ ᠬᠦᠴᠦᠨ ᠪᠠᠷ ᠴᠤᠭᠴᠠᠯᠠᠨ ᠪᠠᠶᠢᠭᠤᠯᠤᠨ᠎ᠠ᠃ ᠲᠣᠭᠠᠴᠢᠯᠠᠭᠰᠠᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠡᠯᠧᠺᠲᠷᠣᠨ ᠬᠤᠳᠠᠯᠳᠤᠭᠠᠨ ᠤ ᠲᠠᠪᠴᠠᠩ ᠳᠤ ᠭᠡᠭᠡᠨ ᠭᠤᠤᠯ ᠤᠨ ᠣᠨᠴᠠ ᠭᠠᠷᠤᠯᠲᠠ ᠶᠢᠨ ᠪᠣᠷᠣᠯᠠᠭᠤᠯᠭ᠎ᠠ ᠶᠢᠨ ᠳᠡᠯᠭᠡᠭᠦᠷ ᠪᠠᠶᠢᠭᠤᠯᠬᠤ ᠶᠢ ᠵᠣᠷᠢᠭᠵᠢᠭᠤᠯᠤᠨ ᠳᠡᠮᠵᠢᠵᠦ᠂  ᠪᠡᠯᠢᠤᠺ᠂  ᠪᠢᠯᠢᠭᠳᠦ ᠲᠡᠯᠳᠡᠤ᠂ ᠬᠥᠬᠡ ᠵᠢᠮᠢᠰᠭᠡᠨ᠎ᠡ ᠵᠡᠷᠭᠡ ᠣᠨᠴᠠᠯᠢᠭ ᠲᠠᠢ ᠣᠶ ᠶᠢᠨ ᠬᠤᠷᠮᠣᠶ ᠶᠢᠨ ᠡᠬᠢ ᠪᠠᠶᠠᠯᠢᠭ ᠤᠨ ᠪᠣᠷᠣᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠎ᠡ᠃ ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ ᠶᠡᠬᠡᠪᠡᠷ ᠬᠥᠭᠵᠢᠭᠦᠯᠵᠦ᠂ ᠪᠠᠷᠠᠭᠠᠨ ᠤ ᠭᠦᠢᠯᠭᠡᠭᠡᠨ ᠤ ᠦᠢᠯᠡᠰ ᠤᠨ ᠬᠡᠪᠴᠢᠶᠡᠵᠢᠬᠦ᠂ ᠲᠤᠰᠬᠠᠶᠢᠵᠢᠬᠤ᠂ ᠣᠳᠣᠬᠢᠴᠢᠯᠠᠬᠤ ᠴᠢᠭᠯᠡᠯ ᠲᠡᠶᠢᠰᠢ ᠬᠥᠭᠵᠢᠬᠦ ᠶᠢ ᠲᠦᠯᠬᠢᠨ ᠠᠬᠢᠭᠤᠯᠤᠨ᠎ᠠ᠃ ᠪᠥᠬᠦ ᠤᠯᠤᠰ ᠤᠨ ᠣᠶ ᠰᠢᠭᠤᠶ ᠶᠢᠨ ᠡᠷᠡᠭᠦᠯᠵᠢᠯ ᠰᠤᠪᠢᠯᠠᠯᠲᠠ ᠶᠢᠨ ᠰᠠᠭᠤᠷᠢᠨ ᠭᠠᠵᠠᠷ ᠤᠨ ᠲᠤᠷᠰᠢᠯᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠺᠠᠩ ᠳ᠋ᠠ ᠯᠢᠩ ᠣᠶ ᠰᠢᠭᠤᠶ ᠶᠢᠨ ᠡᠷᠡᠭᠦᠯᠵᠢᠯ ᠰᠤᠪᠢᠯᠠᠯᠲᠠ ᠶᠢᠨ ᠰᠠᠭᠤᠷᠢᠨ ᠭᠠᠵᠠᠷ᠂ ᠭᠡᠭᠡᠨ ᠭᠤᠤᠯ ᠤᠨ ᠡᠬᠢ ᠤᠯᠤᠰ ᠤᠨ ᠨᠤᠭᠤ ᠭᠠᠵᠠᠷ ᠤᠨ ᠴᠡᠴᠡᠷᠯᠢᠭ ᠢᠶᠠᠷ ᠲᠦᠰᠢᠭ ᠪᠣᠯᠭᠠᠨ᠂ ᠡᠷᠡᠭᠦᠯᠵᠢᠯ ᠰᠤᠪᠢᠯᠠᠯᠲᠠ ᠬᠢᠭᠡᠳ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠳᠤᠨ ᠬᠥᠭᠵᠢᠬᠦ ᠶᠢ ᠲᠦᠷᠭᠡᠳᠬᠡᠨ ᠠᠬᠢᠭᠤᠯᠵᠤ᠂ ᠤᠯᠤᠰ ᠤᠨ ᠲᠠᠰ ᠤᠨ ᠣᠶ ᠰᠢᠭᠤᠶ ᠶᠢᠨ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃    ᠤᠯᠠᠮᠵᠢᠯᠠᠯᠲᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠤᠨ᠎ᠠ᠃ ᠡᠬᠢ ᠪᠠᠶᠠᠯᠢᠭ ᠢ ᠬᠤᠪᠢᠷᠠᠭᠤᠯᠤᠨ ᠥᠷᠲᠡᠭ ᠢ ᠨᠡᠮᠡᠭᠳᠡᠭᠦᠯᠬᠦ ᠶᠢᠨ ᠲᠣᠭᠤᠷᠢᠨ ᠳᠤ᠂ ᠮᠣᠳᠣᠨ ᠮᠠᠲ᠋ᠧᠷᠢᠶᠠᠯ ᠢ ᠨᠠᠷᠢᠯᠢᠭ ᠭᠦᠨ ᠡᠳ᠋ᠰᠢᠭᠦᠯᠬᠦ ᠠᠵᠤ ᠦᠢᠯᠡᠰ ᠪᠠ ᠪᠣᠬᠢᠷᠲᠤᠯ ᠥᠬᠡᠶ ᠠᠭᠤᠷᠬᠠᠶ ᠶᠢᠨ ᠭᠠᠷᠤᠯᠲᠠ ᠶᠢ ᠨᠡᠭᠡᠭᠡᠨ ᠬᠥᠭᠵᠢᠭᠦᠯᠬᠦ ᠦᠢᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠲᠦᠷᠭᠡᠳᠬᠡᠨ᠎ᠡ᠃ ᠮᠣᠳᠣᠨ ᠮᠠᠲ᠋ᠧᠷᠢᠶᠠᠯ ᠡᠳ᠋ᠰᠢᠭᠦᠯᠬᠦ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠭᠧᠨ ᠯᠢᠨ ᠮᠣᠳᠣᠨ ᠤ ᠦᠢᠯᠡᠰ ᠤᠨ ᠺᠣᠮᠫᠠᠨᠢ ᠶᠢᠨ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠤᠨᠤᠪᠴᠢᠳᠠᠢ ᠪᠠᠷ ᠵᠣᠯᠭᠠᠭᠤᠯᠬᠤ ᠶᠢ ᠳᠡᠮᠵᠢᠵᠦ᠂ ᠮᠣᠳᠣᠨ ᠪᠠᠶᠢᠰᠢᠩ ᠵᠡᠷᠭᠡ ᠪᠦᠲᠦᠭᠡᠭᠳᠡᠬᠦᠨ ᠤ ᠵᠠᠬᠢᠶᠠᠯᠠᠭ᠎ᠠ ᠶᠢᠨ ᠴᠢᠨᠠᠷᠲᠠᠶ ᠦᠢᠯᠡᠳᠪᠦᠷᠢᠯᠡᠯ ᠢ ᠥᠷᠭᠡᠳᠬᠡᠨ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ᠂ ᠡᠵᠡᠯᠡᠬᠦ ᠨᠣᠷᠮ᠎ᠠ ᠶᠢ ᠳᠡᠭᠡᠭᠰᠢᠯᠡᠭᠦᠯᠦᠨ᠎ᠡ᠃ ᠵᠢᠭᠤᠯᠴᠢᠯᠠᠯ ᠤᠨ ᠦᠵᠡᠮᠵᠢ ᠶᠢᠨ ᠣᠷᠣᠨ ᠢ ᠨᠡᠭᠡᠭᠡᠨ ᠬᠥᠭᠵᠢᠭᠦᠯᠬᠦ ᠲᠠᠢ ᠤᠶᠠᠯᠳᠤᠭᠤᠯᠤᠨ᠂ ᠲᠤᠰᠬᠠᠶ ᠮᠡᠷᠭᠡᠵᠢᠯ ᠤᠨ ᠢᠵᠢ ᠪᠥᠷᠢᠳᠦᠭᠦᠯᠬᠦ ᠦᠢᠯᠡᠳᠬᠦᠨ ᠢ ᠪᠥᠲᠥᠭᠡᠨ ᠪᠠᠶᠢᠭᠤᠯᠵᠤ᠂ ᠣᠶ ᠰᠢᠭᠤᠶ ᠶᠢᠨ ᠭᠠᠷᠤᠯᠲᠠ ᠶᠢᠨ ᠠᠵᠤ ᠦᠶ᠋ᠯᠡᠳᠪᠦᠷᠢ ᠶᠢᠨ ᠣᠶ ᠰᠢᠭᠤᠶ ᠶᠢᠨ ᠵᠢᠭᠤᠯᠴᠢᠯᠠᠯ ᠤᠨ ᠠᠵᠤ ᠦᠶ᠋ᠯᠡᠳᠪᠦᠷᠢ ᠳᠠᠰᠢ ᠬᠥᠭᠵᠢᠬᠦ ᠶᠢ ᠠᠬᠢᠭᠤᠯᠤᠨ᠂ ᠡᠬᠢ ᠪᠠᠶᠠᠯᠢᠭ ᠤᠨ ᠶᠡᠷᠦᠩᠬᠡᠶᠢᠯᠡᠨ ᠠᠰᠢᠭᠯᠠᠬᠤ ᠨᠣᠷᠮ᠎ᠠ ᠪᠠ ᠦᠢᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃ ᠡᠷᠬᠢᠯᠳᠡᠳᠦ ᠬᠥᠭᠵᠢᠯᠲᠡ ᠶᠢᠨ ᠦᠢᠯᠡᠳᠪᠦᠷᠢᠯᠡᠯ ᠤᠨ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠠᠭᠤᠷᠬᠠᠶ ᠶᠢᠨ ᠠᠵᠤ ᠠᠬᠤᠶᠢᠯᠠᠯ ᠤᠨ ᠦᠢᠯᠡᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠪᠠᠳᠠᠷᠠᠭᠤᠯᠤᠨ᠂ ᠱᠠᠨ ᠶᠢᠨ ᠠᠭᠤᠷᠬᠠᠶ ᠶᠢᠨ ᠦᠢᠯᠡᠰ ᠤᠨ ᠦᠯᠡᠳᠡᠭᠳᠡᠯ ᠬᠦᠳᠡᠷ ᠤᠨ ᠬᠥᠮᠥᠷᠭᠡ ᠶᠢ ᠵᠠᠰᠠᠬᠤ ᠵᠢᠴᠢ ᠥᠷᠭᠡᠳᠬᠡᠨ ᠪᠠᠶᠢᠭᠤᠯᠬᠤ ᠢᠨᠵᠧᠨᠧᠷᠢᠩ ᠢ ᠰᠠᠶᠢᠲᠤᠷ ᠬᠢᠵᠦ᠂  ᠪᠢ ᠯᠢ ᠶᠠ ᠠᠭᠤᠷᠬᠠᠶ ᠶᠢᠨ ᠦᠢᠯᠡᠰ ᠤᠨ ᠦᠯᠡᠳᠡᠭᠳᠡᠯ ᠬᠦᠳᠡᠷ ᠤᠨ ᠬᠥᠮᠥᠷᠭᠡ ᠶᠢᠨ ᠪᠠᠭᠲᠠᠭᠠᠮᠵᠢ ᠶᠢ ᠨᠡᠮᠡᠭᠳᠡᠭᠦᠯᠬᠦ ᠵᠢᠴᠢ ᠳᠠᠭᠠᠯᠲᠠ ᠪᠡᠯᠡᠳᠬᠡᠮᠵᠢ ᠶᠢᠨ ᠲᠥᠷᠥᠯ ᠵᠦᠢᠯ ᠤᠨ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠵᠤ᠂ ᠪᠣᠬᠢᠷᠲᠤᠯ ᠥᠬᠡᠶ ᠠᠭᠤᠷᠬᠠᠶ ᠶᠢᠨ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃
ᠢᠷᠡᠯᠲᠡ᠄ ᠭᠡᠭᠡᠨ ᠭᠤᠤᠯ ᠬᠤᠳᠠ ᠶᠢᠨ ᠵᠠᠰᠠᠭ ᠤᠨ ᠤᠷᠳᠤᠨ