ᠵᠠᠰᠠᠭ ᠤᠨ ᠣᠷᠳᠣᠨ ᠤ ᠠᠵᠢᠯ ᠤᠨ ᠢᠯᠡᠳᠬᠡᠯ  ︵10︶
ᠨᠡᠶᠢᠲᠡᠯᠡᠭᠰᠡᠨ ᠴᠠᠭ᠄
2021/9/28
   ︵ᠵᠢᠷᠭᠤᠭ᠎ᠠ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠦᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠪᠣᠯᠤᠨ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠢ ᠨᠡᠩ ᠪᠦᠷᠢᠨ ᠲᠡᠭᠦᠯᠳᠡᠷ᠂ ᠵᠣᠯ ᠵᠢᠷᠭᠠᠯ ᠤᠨ ᠲᠦᠷᠦᠭᠳᠡᠯ ᠢ ᠨᠡᠩ ᠦᠨᠡᠨ ᠪᠣᠳᠠᠲᠠᠢ᠂ ᠠᠮᠤᠷ ᠲᠦᠪᠰᠢᠨ ᠤ ᠲᠦᠷᠦᠭᠳᠡᠯ ᠢ ᠨᠡᠩ ᠯᠠᠪᠳᠠᠭᠤᠨ ᠪᠠᠲᠤᠲᠠᠢ ᠪᠣᠯᠭᠠᠬᠤ ᠬᠡᠷᠡᠭᠲᠡᠢ᠃    ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠶᠢ ᠲᠤᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ᠂ ᠴᠡᠷᠢᠭ ᠠᠴᠠ ᠬᠠᠯᠠᠭᠳᠠᠭᠰᠠᠳ ᠵᠡᠷᠭᠡ ᠬᠠᠮᠲᠤᠯᠢᠭ ᠤᠨ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠵᠦ᠂ ᠪᠦᠬᠦ ᠵᠢᠯ ᠳᠤ ᠬᠤᠳᠠ ᠪᠠᠯᠭᠠᠰᠤᠨ ᠤ 600 ᠠᠴᠠ ᠳᠡᠭᠡᠭᠰᠢ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4% ᠶᠢᠨ ᠳᠣᠲᠣᠷ᠎ᠠ ᠬᠢᠵᠠᠭᠠᠷᠯᠠᠨ᠎ᠠ᠃ ᠴᠡᠷᠢᠭ ᠤᠨ ᠠᠯᠪᠠᠨ ᠠᠴᠠ ᠪᠠᠭᠤᠭᠰᠠᠳ ᠢ ᠬᠦᠯᠢᠶᠡᠨ ᠠᠪᠴᠤ ᠲᠥᠪᠬᠢᠨᠡᠭᠦᠯᠬᠦ ᠪᠠ ᠠᠰᠠᠷᠠᠨ ᠬᠠᠷᠠᠭᠠᠯᠵᠠᠬᠤ ᠠᠵᠢᠯ ᠢ ᠰᠠᠶᠢᠲᠤᠷ ᠬᠢᠵᠦ᠂ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠥᠰᠢᠶ᠎ᠡ ᠪᠠ ᠳᠤᠷᠠᠰᠬᠠᠯ ᠤᠨ ᠠᠭᠤᠳᠠᠮ ᠲᠠᠯᠠᠪᠠᠢ ᠶᠢ ᠠᠵᠢᠯ ᠡᠬᠢᠯᠡᠭᠦᠯᠦᠨ ᠪᠦᠳᠦᠭᠡᠨ ᠪᠠᠶᠢᠭᠤᠯᠤᠨ᠎ᠠ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠨᠠᠰᠤᠵᠢᠯ ᠤᠨ ᠠᠰᠠᠷᠠᠮᠵᠢ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠬᠦᠴᠢᠷᠳᠡᠯ ᠲᠠᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠨ᠎ᠠ᠃    ᠨᠡᠶᠢᠭᠡᠮ ᠤᠨ ᠦᠢᠯᠡᠰ ᠢ ᠲᠦᠷᠭᠡᠪᠴᠢᠯᠡᠨ ᠬᠥᠭᠵᠢᠭᠦᠯᠦᠨ᠎ᠡ᠃ ᠡᠷᠡᠭᠦᠯ ᠡᠩᠬᠡ ᠶᠢᠨ ᠭᠡᠭᠡᠨ ᠭᠤᠤᠯ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠵᠦ᠂ ᠡᠷᠡᠭᠦᠯ ᠬᠠᠮᠠᠭᠠᠯᠠᠯ ᠡᠷᠡᠭᠦᠯ ᠡᠩᠬᠡ ᠶᠢᠨ ᠮᠡᠳᠡᠯᠭᠡ ᠶᠢ ᠲᠦᠭᠡᠮᠡᠯᠵᠢᠭᠦᠯᠵᠦ᠂ ᠡᠷᠡᠭᠦᠯ ᠰᠠᠷᠠᠭᠤᠯ ᠪᠣᠯᠪᠠᠰᠤᠨ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠨ᠎ᠠ᠃ ᠤᠨᠢᠨ ᠳᠡᠭᠡᠷ᠎ᠡ ᠨᠢ ᠰᠡᠷᠭᠡᠶᠢᠯᠡᠨ ᠡᠵᠡᠮᠳᠡᠬᠦ ᠪᠠ ᠬᠡᠰᠡᠭ ᠲᠠᠯ᠎ᠠ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠶᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠨ᠎ᠠ᠃ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮ ᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠶᠡᠷᠦᠩᠬᠡᠶ ᠪᠡᠯᠡ ᠣᠷᠣᠭᠤᠯᠤᠯᠲᠠ ᠨᠢ 2560 ᠲᠦᠮᠡᠨ ᠲᠥᠭᠦᠷᠢᠭ ᠤᠨ ᠡᠬᠡ ᠨᠢᠯᠬᠠᠰ ᠤᠨ ᠡᠷᠡᠭᠦᠯᠵᠢᠯ ᠤᠨ ᠲᠥᠪ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠪᠡᠶᠡᠯᠡᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠳᠣᠲᠣᠭᠠᠳᠤ ᠶᠢᠨ ᠨᠡᠷᠡᠳᠤ ᠡᠮᠨᠡᠯᠭᠡ ᠶᠢᠨ ᠬᠤᠷᠢᠶ᠎ᠠ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠡᠮ ᠡᠮᠨᠡᠯᠭᠡ ᠶᠢᠨ ᠱᠠᠲᠤ ᠬᠤᠪᠢᠶᠠᠨ ᠣᠨᠣᠰᠢᠯᠠᠨ ᠡᠮᠨᠡᠬᠦ ᠵᠠᠭᠪᠤᠷ ᠢ ᠲᠡᠭᠦᠯᠳᠡᠷᠵᠢᠭᠦᠯᠵᠦ᠂ ᠡᠮᠨᠡᠯᠭᠡ ᠶᠢᠨ ᠬᠤᠷᠢᠶ᠎ᠠ ᠶᠢᠨ ᠡᠮᠴᠢᠯᠡᠭᠡᠨ ᠤ ᠵᠠᠷᠤᠳᠠᠯ ᠪᠠ ᠡᠮ ᠤᠨ ᠡᠵᠡᠯᠡᠬᠦ ᠬᠠᠷᠢᠴᠠᠯ ᠢ ᠪᠠᠭᠤᠷᠠᠭᠤᠯᠤᠨ᠂ ᠡᠪᠡᠳᠴᠢᠲᠡᠨ ᠤ ᠳᠠᠷᠤᠭᠠᠰᠤ ᠶᠢ ᠬᠥᠩᠭᠡᠷᠡᠭᠦᠯᠦᠨ᠎ᠡ᠃ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠦᠨᠡᠯᠡᠯᠲᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠ ᠬᠡᠷᠡᠭᠯᠡᠭᠡᠨ ᠤ ᠬᠢᠷᠢ  ᠲᠦᠪᠰᠢᠨ ᠢ ᠲᠡᠭᠡᠭᠰᠢᠯᠡᠭᠦᠯᠦᠨ᠎ᠡ᠃ ᠰᠤᠷᠭᠠᠭᠤᠯᠢ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠲᠡᠨ ᠤ ᠪᠠᠭ᠎ᠠ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠰᠦᠯᠢᠶᠣᠣ ᠴᠠᠪᠠᠤ ᠶᠢᠨ ᠲᠠᠮᠢᠷ ᠤᠨ ᠲᠠᠯᠠᠪᠠᠶ ᠶᠢᠨ ᠲᠥᠷᠥᠯ ᠵᠦᠢᠯ ᠢ ᠠᠬᠢᠭᠤᠯᠤᠨ᠂ ᠣᠯᠭᠤᠶᠠ ᠡᠸᠡᠩᠬᠢ ᠦᠨᠳᠦᠰᠦᠲᠡᠨ ᠤ ᠬᠡᠤᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠤᠯᠬᠤ ᠪᠠᠷ ᠢᠳᠡᠪᠬᠢᠲᠡᠶ ᠴᠢᠷᠮᠠᠶᠢᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ ᠤ ᠪᠠᠶᠢᠭᠤᠯᠤᠯᠲᠠ ᠶᠢ ᠪᠡᠶᠡᠯᠡᠭᠦᠯᠵᠦ᠂ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ ︽ᠤᠯᠠᠭᠠᠨᠮᠥ᠋ᠴᠢᠷ︾ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠤᠯᠠᠭᠠᠨᠮᠥ᠋ᠴᠢᠷ ᠢ ᠦᠨᠳᠦᠰᠦᠨ ᠱᠠᠲᠤᠨ ᠳᠤ ᠪᠠᠭᠤᠯᠭᠠᠬᠤ ᠰᠢᠷᠢᠰ ᠰᠣᠶᠣᠯ ᠤᠨ ᠠᠵᠢᠯᠯᠠᠭ᠎ᠠ ᠶᠢ ᠥᠷᠨᠢᠭᠦᠯᠵᠦ᠂ ᠤᠯᠠᠭᠠᠨᠮᠥ᠋ᠴᠢᠷ ᠤᠨ ᠪᠠᠷᠢᠮᠵᠢᠶᠠᠵᠢᠭᠤᠯᠤᠭᠰᠠᠨ ᠠᠯᠪᠠᠨ ᠬᠡᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠴᠠ ᠪᠤᠭᠤ ᠶᠢᠨ ᠵᠠᠩ ᠳᠠᠳᠬᠠᠯ ᠤᠨ ᠦᠵᠡᠭᠦᠯᠦᠯᠭᠡ ᠶᠢᠨ ᠲᠥᠪ᠂ ᠨᠣᠮ ᠤᠨ ᠰᠠᠩ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠪᠡ᠃ ᠦᠨᠳᠦᠰᠦᠲᠡᠨ ᠤ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠬᠠᠮᠠᠭᠠᠯᠠᠬᠤ ᠡᠷᠴᠢᠮ ᠢ ᠴᠢᠩᠭᠠᠷᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠨ ᠵᠠᠯᠭᠠᠮᠵᠢᠯᠠᠭᠴᠢ ᠶᠢᠨ ᠤᠯᠠᠮᠵᠢᠯᠠᠨ ᠵᠠᠯᠭᠠᠮᠵᠢᠯᠠᠬᠤ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ ᠲᠡᠮᠵᠢᠨ᠎ᠠ᠃ ᠣᠷᠣᠰᠢᠭᠤᠯᠭ᠎ᠠ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠹᠦ᠋ ᠱᠸᠦ ᠶᠤᠸᠠᠨ ᠴᠡᠴᠡᠷᠯᠢᠭ ᠤᠨ ᠨᠡᠶᠢᠲᠡ ᠶᠢᠨ ᠣᠩᠭᠤᠨ ᠤ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠬᠤ ᠶᠢ ᠠᠬᠢᠭᠤᠯᠤᠨ᠎ᠠ᠃ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠴᠢᠨᠠᠷ ᠰᠠᠶᠢᠲᠠᠶ ᠪᠡᠶᠡᠯᠡᠭᠦᠯᠦᠨ᠎ᠡ᠃     ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠬᠠᠮᠠᠭᠠᠯᠠᠨ᠎ᠠ᠃ ᠨᠡᠶᠢᠭᠡᠮ ᠤᠨ ᠵᠠᠰᠠᠯᠲᠠ ᠶᠢᠨ ᠰᠢᠰᠲ᠋ᠧᠮᠵᠢ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠠᠮᠤᠷ ᠲᠦᠪᠰᠢᠨ  ᠭᠡᠭᠡᠨ ᠭᠤᠤᠯ ᠤᠨ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠨᠡᠶᠢᠭᠡᠮ ᠤᠨ ᠵᠥᠷᠢᠴᠡᠯ ᠢ ᠵᠢᠭᠰᠠᠭᠠᠨ ᠪᠠᠶᠢᠴᠠᠭᠠᠵᠤ ᠠᠷᠢᠯᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠠᠶᠤᠯᠭᠦᠶ ᠦᠢᠯᠡᠳᠪᠦᠷᠢᠯᠡᠯ᠂ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠶ᠂ ᠬᠦᠨᠳᠦ ᠶᠡᠭᠡ ᠬᠢᠵᠢᠭ ᠤᠨ ᠪᠠᠶᠢᠳᠠᠯ ᠪᠠ ᠬᠦᠨᠳᠦ ᠶᠡᠭᠡ ᠣᠨᠴᠠ ᠶᠡᠭᠡ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠵᠡᠷᠭᠡ ᠠᠵᠢᠯ ᠢ ᠬᠦᠴᠦᠯᠡᠨ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠠᠬᠢ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠪᠠ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠪᠠᠶᠢᠭᠤᠯᠤᠯ ᠲᠣᠭᠲᠠᠴᠠ ᠶᠢ ᠴᠢᠩᠭᠠᠷᠠᠭᠤᠯᠤᠨ᠂ ᠬᠦᠨᠳᠦ ᠶᠡᠭᠡ ᠣᠨᠴᠠ ᠶᠡᠭᠡ ᠡ᠊ᠨᠳᠡᠯ ᠭᠠᠷᠬᠤ ᠶᠢ ᠡᠷᠡᠰ ᠬᠤᠷᠢᠭᠯᠠᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ᠂ ᠠᠷᠠᠳ ᠤᠨ ᠠᠭᠠᠷ ᠤᠨ ᠰᠡᠷᠭᠡᠶᠢᠯᠡᠯᠲᠡ᠂ ᠲᠠᠩᠰᠠ ᠡᠪᠬᠡᠮᠡᠯ ᠲᠡᠦᠬᠡ ᠣᠶᠢᠯᠠᠯᠭ᠎ᠠ ᠵᠡᠷᠭᠡ ᠠᠵᠢᠯ ᠢ ᠴᠢᠩᠭᠠᠳᠬᠠᠵᠤ᠂ ᠴᠠᠭ ᠠᠭᠤᠷ᠂ ᠨᠠᠰᠤᠲᠠᠶᠢᠴᠤᠳ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠵᠡᠮᠳᠡᠭᠴᠦᠳ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ ᠵᠡᠷᠭᠡ ᠦᠢᠯᠡᠰ ᠤᠨ ᠬᠥᠭᠵᠢᠯᠲᠡ ᠶᠢ ᠢᠳᠡᠪᠬᠢᠲᠡᠶ ᠲᠡᠮᠵᠢᠨ᠎ᠠ᠃    ︵ᠳᠣᠯᠤᠭ᠎ᠠ︶ ᠵᠠᠰᠠᠭ ᠤᠨ ᠣᠷᠳᠣᠨ ᠤ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠬᠤ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠬ ᠰᠠᠨᠠᠭ᠎ᠠ ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠠᠷᠠᠳ ᠲᠦᠮᠡᠨ ᠳᠤ ᠦᠢᠯᠡᠴᠢᠯᠡᠵᠦ᠂ ᠠᠷᠠᠳ ᠲᠦᠮᠡᠨ ᠳᠤ ᠬᠠᠷᠢᠭᠤᠴᠠᠵᠤ᠂ ᠠᠷᠠᠳ ᠲᠦᠮᠡᠨ ᠤ ᠬᠢᠨᠠᠯᠲᠠ ᠶᠢ ᠬᠦᠯᠢᠶᠡᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃
ᠢᠷᠡᠯᠲᠡ᠄ ᠭᠡᠭᠡᠨ ᠭᠤᠤᠯ ᠬᠤᠳᠠ ᠶᠢᠨ ᠵᠠᠰᠠᠭ ᠤᠨ ᠤᠷᠳᠤᠨ