ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶ ᠲᠦᠯᠬᠢᠨ | ᠠᠬᠢᠭᠤᠯᠵᠤ᠂ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠶᠢᠨ ᠬᠠᠤᠯᠢ ᠪᠠᠷ ᠲᠣᠭᠲᠠᠭᠠᠭᠰᠠᠨ ᠵᠢᠷᠤᠮ ᠢ ᠬᠢᠨᠠᠮᠠᠭᠠᠶ | ᠭᠦᠢᠴᠡᠳᠬᠡᠵᠦ᠂ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠲᠥᠪ | ᠭᠤᠣᠯᠴᠢ ᠪᠠᠷ ᠬᠠᠤᠯᠢ ᠬᠡᠷᠡᠭᠵᠢᠭᠦᠯᠬᠦ ᠪᠦᠲᠦᠮᠵᠢᠲᠡᠶ ᠲᠣᠭᠲᠠᠴᠠ ᠶᠢ ᠪᠦᠷᠢᠨᠰᠢᠬᠦᠯᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ | ᠨᠠᠷᠢᠯᠢᠭ ᠤᠨᠤᠪᠴᠢᠳᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ ᠶᠢ ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ | ᠠᠷᠠᠳᠴᠢᠯᠠᠭᠰᠠᠨ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠵᠠᠰᠠᠭ ᠵᠠᠬᠢᠷᠭᠠᠨ ᠤ ᠬᠢᠨᠠᠯᠲᠠ ᠪᠠ ᠬᠢᠨᠠᠨ | ᠪᠤᠳᠤᠯᠳᠠ ᠶᠢᠨ ᠬᠢᠨᠠᠯᠲᠠ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠬᠠᠤᠯᠢ ᠪᠠᠷ ᠵᠠᠰᠠᠬᠤ ᠵᠠᠮ ᠢᠶᠠᠷ ᠶᠠᠪᠤᠭᠳᠠᠬᠤ ᠶᠢ ᠪᠠᠳᠤᠯᠠᠨ᠎ᠠ᠃ | ᠪᠣᠳᠠᠲᠠᠶ ᠶᠢ ᠡᠷᠬᠢᠮᠯᠡᠨ ᠠᠵᠢᠯᠴᠢ ᠬᠢᠴᠢᠶᠡᠩᠭᠦᠶ ᠪᠠᠷ ᠵᠠᠰᠠᠭ ᠶᠠᠪᠤᠭᠤᠯᠤᠨ᠎ᠠ᠃ ᠬᠠᠷᠢᠭᠤᠴᠠᠯᠭ᠎ᠠ ᠪᠠ ᠡᠭᠦᠷᠭᠡ ᠬᠠᠷᠢᠭᠤᠴᠠᠯᠭ᠎ᠠ ᠪᠠᠨ ᠴᠠᠭ ᠢᠮᠠᠭᠲᠠ ᠪᠠᠲᠤ | ᠴᠡᠭᠡᠵᠢᠯᠡᠵᠦ᠂ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠪᠠᠨ ᠪᠠᠳᠠᠷᠠᠭᠤᠯᠵᠤ᠂ ᠠᠵᠢᠯ ᠤᠨ ᠰᠤᠷᠲᠠᠯ ᠢᠶᠠᠨ ᠦᠷᠭᠦᠯᠵᠢᠯᠡᠨ ᠬᠤᠪᠢᠷᠠᠭᠤᠯᠵᠤ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠵᠦ᠂ ᠰᠢᠷᠭᠠᠭᠤ ᠬᠠᠲᠠᠭᠤᠵᠢᠯᠲᠠᠢ ᠠᠵᠢᠯᠯᠠᠬᠤ ᠠᠵᠢᠯ ᠤᠨ ᠪᠠᠶᠢᠳᠠᠯ ᠢᠶᠠᠨ ᠢᠮᠠᠭᠲᠠ ᠪᠠᠲᠤᠯᠠᠵᠤ᠂ ᠵᠣᠷᠢᠭᠲᠠᠢ ᠪᠠᠷ ᠲᠡᠮᠡᠴᠡᠬᠦ ᠪᠠ | ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠵᠢᠯ ᠤᠨ ᠠᠬᠢᠭᠤᠯᠬᠤ ᠬᠦᠴᠦᠨ᠂ ᠨᠠᠶᠢᠳᠠᠪᠤᠷᠢᠵᠢᠭᠤᠯᠬᠤ ᠬᠦᠴᠦᠨ | ᠂ ᠬᠡᠷᠡᠭᠵᠢᠭᠦᠯᠬᠦ ᠬᠦᠴᠦᠨ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ | ᠥᠨᠳᠥᠷ ᠪᠦᠲᠦᠮᠵᠢᠲᠡᠶ ᠪᠠᠷ ᠲᠦᠷᠦ ᠪᠠᠷᠢᠬᠤ ᠶᠢ ᠪᠠᠷᠢᠮᠲᠠᠯᠠᠨ᠎ᠠ᠃ ᠠᠷᠠᠳ ᠤᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ | ᠦᠨᠳᠦᠰᠦᠨ ᠱᠠᠲᠤᠨ ᠳᠤ ︽ᠪᠡᠶ᠎ᠡ ᠪᠠᠷ ᠢᠶᠠᠨ ᠭᠦᠨᠵᠡᠭᠡᠶᠢᠷᠡᠵᠦ︾᠂ ᠤᠯᠠᠨ ᠲᠦᠮᠡᠨ ᠳᠤ ︽ᠰᠡᠳᠬᠢᠯ ᠵᠢᠷᠦᠬᠡ ᠪᠠᠷ︾ ᠬᠠᠨᠳᠤᠵᠤ᠂ ᠨᠢᠭᠤᠷ ᠤᠴᠠᠷᠠᠵᠦ | ᠦᠢᠯᠡᠴᠢᠯᠡᠭᠡᠨ ᠤ ᠠᠵᠢᠯ ᠢ ᠦᠨᠡᠨ ᠪᠣᠳᠠᠲᠠᠢ ᠪᠠᠷ ᠰᠠᠶᠢᠲᠤᠷ ᠬᠢᠵᠦ᠂ ᠵᠠᠰᠠᠭ ᠤᠨ ᠣᠷᠳᠣᠨ ᠤ ︽ᠦᠷ᠎ᠡ ᠪᠦᠲᠦᠮᠵᠢ ᠶᠢᠨ ᠵᠢᠭᠠᠯᠲᠠ ᠲᠤᠭ᠎ᠠ︾ ᠪᠠᠷ ᠤᠯᠠᠨ | ᠲᠦᠮᠡᠨ ᠤ ︽ᠵᠣᠯ ᠵᠢᠷᠭᠠᠯ ᠤᠨ ᠵᠢᠭᠠᠯᠲᠠ ᠲᠤᠭ᠎ᠠ︾ ᠶᠢ ᠳᠡᠭᠡᠭᠰᠢᠯᠡᠭᠦᠯᠬᠦ ᠬᠡᠷᠡᠭᠲᠡᠢ᠃ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ︽ | ᠲᠤᠰᠬᠠᠶ ᠮᠡᠷᠭᠡᠵᠢᠯ ᠢᠶᠠᠷ ᠢᠶᠠᠨ ᠦᠭᠡ ᠬᠡᠯᠡᠬᠦ᠂ ᠲᠠᠰ ᠳᠠᠷᠠᠭᠠᠯᠠᠯ ᠢᠶᠠᠷ ᠠᠵᠢᠯ ᠶᠠᠪᠤᠳᠠᠯ ᠭᠦᠶ᠋ᠴᠡᠳᠬᠡᠬᠦ︾ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠡᠯ᠎ᠡ ᠵᠦᠶ᠋ᠯ ᠤᠨ ᠠᠵᠢᠯ ᠢᠶᠠᠨ ᠬᠤᠷᠳᠤᠴᠠ ᠲᠠᠢ ᠬᠢᠵᠦ᠂ ᠴᠢᠨᠠᠷ ᠰᠠᠶᠢᠲᠠᠶ ᠬᠢᠵᠦ᠂ ᠰᠢᠨ᠎ᠡ ᠦᠷ᠎ᠡ ᠪᠦᠲᠦᠮᠵᠢ ᠲᠠᠢ ᠪᠣᠯᠭᠠᠬᠤ ᠪᠠᠷ ᠴᠢᠷᠮᠠᠶᠢᠬᠤ | ᠬᠡᠷᠡᠭᠲᠡᠶ᠃ | ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠰᠠᠬᠢᠯᠭ᠎ᠠ ᠪᠠᠲᠤ ᠶᠣᠰᠣ ᠲᠦᠷᠢᠮ ᠢ ᠢᠮᠠᠭᠲᠠ ᠲᠡᠷᠢᠭᠦᠨ ᠳᠤ ᠲᠠᠯᠪᠢᠵᠤ᠂ ᠲᠥᠪ ᠬᠤᠷᠢᠶᠠᠨ ᠤ | ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠪᠠ᠃ ᠨᠠᠮ ᠤᠨ | ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠ ︽ᠨᠢᠭᠡ ᠠᠵᠢᠯ ᠤᠨ ᠪᠠᠶᠢᠷᠢ ᠬᠤᠶᠠᠷ | ᠬᠠᠷᠢᠭᠤᠴᠠᠯᠭ᠎ᠠ︾ ᠶᠢ ᠬᠢᠨᠠᠮᠠᠭᠠᠶ ᠭᠦᠢᠴᠡᠳᠬᠡᠵᠦ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠵᠤ᠂ ᠶᠣᠰᠣ ᠮᠣᠷᠠᠯ ᠤᠨ ᠬᠢᠵᠠᠭᠠᠷ | ᠱᠤᠭᠤᠮ ᠢ ᠪᠠᠲᠤ ᠰᠠᠬᠢᠵᠤ᠂ ᠬᠠᠤᠯᠢ ᠴᠠᠭᠠᠵᠠ ᠶᠢᠨ ᠤᠯᠠᠭᠠᠨ ᠱᠤᠭᠤᠮ ᠠᠴᠠ ᠳᠠᠪᠠᠭ᠋ᠤ ᠦᠭᠡᠢ ᠪᠠᠶᠢᠬᠤ ᠬᠡᠷᠡᠭᠲᠡᠶ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠪᠠᠲᠤ | ᠪᠤᠢ ᠪᠣᠯᠭᠠᠵᠤ᠂ ᠡᠩ ᠤᠨ ᠴᠢᠨᠠᠷᠲᠠᠶ ᠵᠠᠷᠤᠯᠭ᠎ᠠ ᠶᠢ ᠪᠠᠭᠠᠰᠬᠠᠨ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠪᠠᠭᠠᠰᠬᠠᠬᠤ ᠠᠴᠠ ᠪᠢᠰᠢ ᠨᠡᠮᠡᠭᠳᠡᠭᠦᠯᠬᠦ ᠦᠭᠡᠢ᠃ | ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠤ ᠠᠵᠢᠯᠲᠠᠳ ᠤᠨ ᠲᠦᠷᠢᠮ ᠢ ᠴᠢᠩᠭ᠎ᠠ ᠵᠢᠷᠤᠮᠯᠠᠨ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ᠂ ᠡᠷᠬᠡ ᠪᠠᠨ ᠬᠡᠷᠡᠭᠵᠢᠭᠦᠯᠬᠦ ᠶᠢ ᠠᠬᠢᠭᠤᠯᠵᠤ᠂ ᠲᠦᠪ ᠴᠢᠬᠡᠴᠢ ᠠᠷᠢᠭᠤᠨ ᠴᠢᠬᠡᠴᠢ ᠪᠠᠶᠢᠬᠤ ᠶᠢ ᠵᠠᠰᠠᠭ ᠤᠨ ᠣᠷᠳᠣᠨ ᠤ ᠢᠯᠡ | ᠲᠣᠳᠣ ᠰᠠᠭᠤᠷᠢ ᠥᠩᠭᠡ ᠪᠣᠯᠭᠠᠨ᠎ᠠ᠃ | ᠲᠥᠯᠥᠭᠡᠯᠡᠭᠴᠢᠳ ᠡ᠂ ᠲᠡᠮᠡᠴᠡᠯ ᠢᠶᠠᠷ ᠢᠶᠠᠨ ᠭᠡᠷᠡᠯ ᠰᠠᠴᠤᠷᠠᠩᠭᠤᠶ ᠠᠮᠵᠢᠯᠲᠠ ᠶᠢ ᠡᠭᠦᠳᠴᠦ᠂ ᠦᠨᠡᠨ ᠪᠣᠳᠠᠲᠠᠶ ᠠᠵᠢᠯᠯᠠᠪᠠᠯ ᠢᠷᠡᠭᠡᠳᠦᠶ ᠪᠠᠨ ᠴᠣᠭᠴᠠᠯᠠᠨ᠎ᠠ᠃ | ᠰᠢᠨ᠎ᠡ ᠴᠠᠭ ᠦᠶ᠎ᠡ ᠶᠢᠨ ᠪᠦᠷᠢᠶ᠎ᠠ ᠨᠢᠭᠡᠨᠲᠡ ᠬᠠᠩᠭᠢᠨᠠᠯ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ | ᠨᠡᠩ ᠨᠢᠭᠲᠠᠷᠠᠨ ᠪᠦᠯᠬᠦᠮᠳᠡᠵᠦ᠂ ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠪᠠᠲᠤ | ᠴᠢᠩᠭ᠎ᠠ ᠤᠳᠤᠷᠢᠳᠤᠯᠭ᠎ᠠ ᠳᠣᠣᠷ᠎ᠠ᠂ ᠠᠵᠠ ᠲᠣᠬᠢᠶᠠᠯ ᠢ ᠠᠮᠵᠢᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ | ᠬᠠᠮᠲᠤᠳᠬᠠᠵᠤ᠂ ᠪᠣᠳᠠᠲᠠᠢ ᠢ ᠦᠨᠡᠨᠬᠦ ᠠᠳᠬᠤᠨ ᠠᠵᠢᠯᠯᠠᠵᠤ᠂ ᠭᠡᠭᠡᠨ ᠭᠤᠣᠯ ᠤᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ | ᠬᠦᠴᠦᠨ ᠢᠶᠠᠷ ᠢᠶᠠᠨ ᠠᠬᠢᠭᠤᠯᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ | ᠪᠡᠯᠭᠡᠯᠡᠶ᠎ᠡ︕ | ᠨᠡᠷ᠎ᠡ ᠦᠭᠡ ᠶᠢᠨ ᠲᠠᠶᠢᠯᠪᠤᠷᠢ | 1. ︽ᠵᠢᠷᠭᠤᠭ᠎ᠠ ᠶᠢ ᠲᠣᠭᠲᠠᠪᠤᠷᠢᠵᠢᠭᠤᠯᠬᠤ︾᠄ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠮᠥᠩᠭᠦᠨ ᠭᠦᠢᠯᠭᠡᠭᠡ ᠶᠢ ᠲᠣᠭᠲᠠᠪᠤᠷᠢᠵᠢᠭᠤᠯᠬᠤ᠂ | ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ᠂ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ᠂ | ᠵᠢᠱᠢᠯᠲᠡ ᠶᠢ ᠲᠣᠭᠲᠠᠪᠤᠷᠢᠵᠢᠭᠤᠯᠬᠤ᠃ | 2. ︽ᠵᠢᠷᠭᠤᠭ᠎ᠠ ᠶᠢ ᠪᠠᠲᠤᠯᠠᠬᠤ︾᠄ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠵᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠵᠤ᠂ | ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠵᠤ᠂ ᠠᠮᠤ ᠪᠤᠳᠠᠭᠠᠨ ᠤ ᠡᠨᠧᠷᠭᠢ ᠶᠢᠨ ᠠᠮᠤᠷ ᠲᠦᠪᠰᠢᠨ ᠢ ᠪᠠᠲᠤᠯᠠᠵᠤ᠂ ᠠᠵᠤ ᠦᠢᠯᠡᠰ ᠤᠨ ᠬᠡᠯᠬᠢᠶ᠎ᠡ ᠶᠢᠨ | ᠬᠠᠩᠭᠠᠯᠭ᠎ᠠ ᠬᠡᠯᠬᠢᠶ᠎ᠡ ᠶᠢᠨ ᠲᠣᠭᠲᠠᠭᠤᠨ ᠪᠠᠶᠢᠬᠤ ᠶᠢ ᠪᠠᠲᠤᠯᠠᠵᠤ᠂ ᠦᠨᠳᠦᠰᠦᠨ ᠱᠠᠲᠤᠨ ᠤ ᠠᠵᠢᠯᠯᠠᠭᠠᠨ ᠢ ᠪᠠᠲᠤᠯᠠᠨ᠎ᠠ᠃ | 3.︽ᠭᠤᠷᠪᠠᠨ ᠱᠠᠳᠤ ᠭᠤᠷᠪᠠᠨ ᠲᠦᠷᠦᠯ︾᠄ ᠭᠤᠷᠪᠠᠨ ᠱᠠᠳᠤ ᠭᠡᠳᠡᠭ ᠨᠢ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ ᠰᠢᠶᠠᠨ ᠢ ᠵᠢᠭᠠᠵᠤ | ᠪᠤᠢ︔ ᠭᠤᠷᠪᠠᠳᠤᠭᠠᠷ ᠲᠦᠷᠦᠯ ᠨᠢ ᠰᠢᠨ᠎ᠡ ᠪᠠᠷ ᠪᠠᠶᠢᠭᠤᠯᠬᠤ᠂ ᠦᠷᠭᠦᠯᠵᠢᠯᠡᠨ ᠪᠠᠶᠢᠭᠤᠯᠬᠤ᠂ ᠨᠥᠭᠡᠴᠡᠯᠡᠬᠦ ᠶᠢ ᠵᠢᠭᠠᠵᠤ ᠪᠠᠶᠢᠨ᠎ᠠ᠃ | 4. ︽ᠪᠠᠭᠤᠯᠭᠠᠬᠤ ᠬᠠᠮᠢᠶᠠᠷᠬᠤ ᠦᠢᠯᠡᠴᠢᠯᠡᠬᠦ︾᠄ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠪᠠᠭᠤᠯᠭᠠᠬᠤ ᠬᠠᠮᠢᠶᠠᠷᠬᠤ ᠶᠢ | ᠤᠶᠠᠯᠳᠤᠭᠤᠯᠤᠨ᠂ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ | 5. ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾᠄ ᠬᠢᠨᠠᠨ ᠬᠠᠮᠢᠶᠠᠷᠬᠤ ᠶᠠᠪᠤᠴᠠ ᠳᠤ ᠪᠠᠶᠢᠴᠠᠭᠠᠭᠳᠠᠬᠤ ᠡᠲᠡᠭᠡᠳ ᠢ | ᠲᠣᠬᠢᠶᠠᠯᠳᠤᠯ ᠢᠶᠠᠷ ᠰᠣᠩᠭᠤᠨ ᠭᠠᠷᠭᠠᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠠᠵᠢᠯᠲᠠᠨ ᠢ ᠲᠣᠬᠢᠶᠠᠯᠳᠤᠯ ᠢᠶᠠᠷ ᠰᠣᠩᠭᠤᠨ ᠲᠣᠮᠢᠯᠠᠵᠤ᠂ ᠰᠣᠩᠭᠤᠨ | ᠪᠠᠶᠢᠴᠠᠭᠠᠭᠰᠠᠨ ᠪᠠᠶᠢᠳᠠᠯ ᠵᠢᠴᠢ ᠪᠠᠶᠢᠴᠠᠭᠠᠨ ᠰᠢᠢᠳᠪᠦᠷᠢᠯᠡᠭᠰᠡᠨ ᠦᠷ᠎ᠡ ᠳ᠋ᠦᠩ ᠢ ᠴᠠᠭ ᠲᠤᠬᠠᠶ ᠳᠤᠨᠢ ᠨᠡᠶᠢᠭᠡᠮ ᠳᠤ ᠢᠯᠡ ᠪᠣᠯᠭᠠᠨ᠎ᠠ᠃ | 6. ︽ᠭᠤᠷᠪᠠᠨ ᠲᠣᠭᠤᠷᠢᠭ ᠬᠤᠶᠠᠷ ᠱᠤᠭᠤᠮ︾᠄ ᠳ᠋ᠧᠯᠪᠤᠷ ᠪᠠᠯᠭᠠᠰᠤ᠂ ᠬᠤᠲᠠ ᠶᠢᠨ ᠲᠣᠭᠤᠷᠢᠭ᠂ ᠮᠠᠨᠬᠦ᠋ᠢ ᠪᠠᠯᠭᠠᠰᠤ ᠭᠤᠷᠪᠠᠨ ᠵᠢᠭᠤᠯᠴᠢᠯᠠᠯ ᠤᠨ | ᠦᠵᠡᠮᠵᠢ ᠶᠢᠨ ᠣᠷᠣᠨ ᠢ ᠪᠠᠶᠢᠭᠤᠯᠵᠤ᠂ ᠭᠡᠭᠡᠨ ᠮᠠᠨᠬᠦ᠋ᠢ ᠶᠢᠨ ᠵᠠᠰᠠᠮᠠᠯ ᠵᠠᠮ᠂ ᠭᠡᠭᠡᠨ ᠴᠠᠭᠠᠨ ᠵᠠᠰᠠᠮᠠᠯ ᠵᠠᠮ ᠤᠨ ᠰᠣᠳᠣᠨ ᠵᠢᠭᠤᠯᠴᠢᠯᠠᠯ ᠤᠨ ᠵᠠᠮ ᠱᠤᠭᠤᠮ ᠢ | ᠪᠠᠶᠢᠭᠤᠯᠤᠨ᠎ᠠ᠃ | 7. ︽ ᠮᠦᠩᠬᠡ ᠰᠤᠪᠠᠭ︾ ᠤᠨ APP᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠭᠡ ᠴᠤᠭᠴᠠᠵᠢᠭᠤᠯᠤᠭᠰᠠᠨ ᠰᠦᠯᠵᠢᠶᠡᠨ ᠳᠡᠭᠡᠷᠡᠬᠢ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠰᠢᠯᠵᠢᠮᠡᠯ ᠦᠵᠦᠭᠦᠷ ᠲᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ | ︽ᠭᠤᠷᠪᠠᠨ ᠱᠠᠲᠤ︾ ᠶᠢᠨ ᠬᠠᠮᠲᠤ ᠪᠠᠷ ᠪᠠᠶᠢᠭᠤᠯᠵᠤ ᠬᠠᠮᠲᠤ ᠪᠠᠷ ᠬᠡᠷᠡᠭᠯᠡᠬᠦ ᠶᠢ ᠳᠡᠮᠵᠢᠵᠦ᠂ ᠥᠷᠭᠡᠨ ᠣᠯᠠᠨ ᠲᠦᠮᠡᠨ ᠳᠤ ᠲᠥᠬᠦᠮ ᠳᠥᠲᠡ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠪᠠᠶᠢᠴᠠᠭᠠᠨ ᠯᠠᠪᠯᠠᠬᠤ᠂ ᠭᠦᠢᠴᠡᠳᠬᠡᠬᠦ ᠵᠡᠷᠭᠡ ᠴᠢᠳᠠᠮᠵᠢ ᠶᠢ ᠬᠠᠩᠭᠠᠵᠤ᠂ ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ︽ᠠᠯᠠᠭᠠᠨ ᠲᠡᠭᠡᠷ᠎ᠠ ᠭᠦᠢᠴᠡᠳᠭᠡᠬᠦ︾ ︽ᠬᠤᠷᠤᠭᠤᠨ ᠦᠵᠦᠭᠦᠷ ᠪᠠᠷ ᠬᠦᠢᠴᠡᠳᠭᠡᠬᠦ︾ ᠢ ᠪᠡᠶᠡᠯᠡᠭᠦᠯᠦᠨ᠎ᠡ᠃ | |