ᠭᠡᠭᠡᠨ ᠭᠤᠤᠯ ᠬᠤᠲᠠ ᠶᠢᠨ 2021 ᠣᠨ ᠤ ᠤᠤᠭᠤᠬᠤ ᠤᠰᠤᠨ ᠤ ᠠᠮᠤᠷ ᠲᠦᠪᠰᠢᠨ ᠤ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠢᠨᠵᠧᠨᠧᠷᠢᠩ ᠰᠢᠪᠲᠤᠷᠭᠠᠨ ᠳᠠᠭᠠᠨ ᠣᠷᠣᠪᠠ
ᠨᠡᠶᠢᠲᠡᠯᠡᠭᠰᠡᠨ ᠴᠠᠭ᠄
2021/9/8
   ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠬᠦ ᠲᠠᠯ᠎ᠠ ᠪᠠᠷ ᠪᠠᠬᠢᠵᠢᠭᠦᠯᠬᠦ ᠶᠢᠨ ᠲᠥᠯᠥᠭᠡ᠂ ᠪᠦᠬᠦ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠬᠠᠮᠠᠭᠠᠯᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠤᠭᠤᠬᠤ ᠤᠰᠤᠨ ᠤ ᠠᠮᠤᠷ ᠲᠦᠪᠰᠢᠨ᠂ ᠤᠰᠤᠨ ᠤ ᠬᠠᠩᠭᠠᠯᠭ᠎ᠠ ᠶᠢᠨ ᠬᠡᠪ ᠤᠨ ᠪᠠᠶᠢᠳᠠᠯ ᠢ ᠦᠨᠡᠨᠬᠦ ᠪᠠᠲᠤᠯᠠᠵᠤ᠂ ᠮᠠᠨ ᠤ ᠲᠣᠪᠴᠢᠶ᠎ᠠ ᠶᠢᠨ ᠨᠠᠷᠢᠨ ᠨᠢᠭᠲᠠ ᠪᠠᠶᠢᠷᠢᠯᠠᠭᠤᠯᠤᠯᠲᠠ ᠪᠠᠷ ᠳᠡᠮᠵᠢᠨ᠂ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠥᠷᠨᠢᠯᠲᠡ ᠶᠢ ᠦᠳᠲᠡᠷ ᠲᠦᠷᠭᠡᠨ ᠪᠣᠶ ᠪᠣᠯᠭᠠᠵᠤ᠂ ᠤᠤᠭᠤᠬᠤ ᠤᠰᠤᠨ ᠤ ᠠᠮᠤᠷ ᠲᠦᠪᠰᠢᠨ ᠤ ᠪᠡᠯᠡᠳᠬᠡᠮᠵᠢ ᠶᠢᠨ ᠬᠡᠪ ᠤᠨ ᠠᠵᠢᠯᠯᠠᠭᠠᠨ ᠢ ᠦᠨᠡᠨᠬᠦ ᠪᠠᠲᠤᠯᠠᠨ᠎ᠠ᠄ ᠨᠢᠭᠡ ᠳᠤ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠲᠣᠤᠷᠵᠢᠭᠤᠯᠤᠨ ᠵᠢᠭᠰᠠᠭᠠᠨ ᠪᠠᠶᠢᠴᠠᠭᠠᠵᠤ᠂ ᠳᠣᠲᠣᠷ᠎ᠠ ᠪᠠᠨ ᠲᠤᠭ᠎ᠠ ᠲᠠᠢ ᠪᠠᠶᠢᠬᠤ ᠶᠢ ᠪᠡᠶᠡᠯᠡᠭᠦᠯᠦᠨ᠂ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠳᠤ ᠰᠠᠭᠤᠷᠢ ᠲᠠᠯᠪᠢᠨ᠎ᠠ᠃ ᠬᠤᠶᠠᠷ ᠲᠤ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠡᠷᠦᠬᠡ ᠪᠦᠷᠢ ᠶᠢᠨ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠭᠤᠷᠪᠠ ᠳᠤ ᠦᠷᠭᠦᠯᠵᠢᠯᠡᠨ ᠭᠦᠨᠵᠡᠭᠡᠶ ᠤᠬᠠᠭᠤᠯᠵᠤ᠂ ᠵᠥᠪ ᠲᠠᠯ᠎ᠠ ᠶᠢᠨ ᠤᠬᠠᠭᠤᠯᠭ᠎ᠠ ᠶᠢ ᠴᠢᠩᠭᠠᠳᠬᠠᠨ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠤᠰᠤ ᠬᠠᠮᠢᠶᠠᠷᠬᠤ ᠤᠰᠤ ᠬᠡᠷᠡᠭᠯᠡᠬᠦ ᠮᠡᠷᠭᠡᠵᠢᠯ ᠢ ᠨᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠶ ᠶᠢᠨ ᠢᠨᠵᠧᠨᠧᠷᠢᠩ ᠤᠨ ᠬᠡᠪ ᠤᠨ ᠠᠵᠢᠯᠯᠠᠭ᠎ᠠ ᠶᠢ ᠦᠨᠡᠨ ᠬᠦ ᠪᠠᠲᠤᠯᠠᠨ᠎ᠠ᠃    ᠮᠠᠨ ᠤ ᠬᠤᠲᠠ ᠶᠢᠨ 2021 ᠣᠨ ᠤ ᠤᠤᠭᠤᠬᠤ ᠤᠰᠤᠨ ᠤ ᠠᠮᠤᠷ ᠲᠦᠪᠰᠢᠨ ᠤ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠢᠨᠵᠧᠨᠧᠷᠢᠩ ᠢ 2021 ᠣᠨ ᠤ 8 ᠰᠠᠷ᠎ᠠ ᠠᠴᠠ ᠡᠬᠢᠯᠡᠨ ᠪᠠᠶᠢᠭᠤᠯᠵᠤ᠂ ᠣᠳᠣᠬᠠᠨ ᠳᠤ ᠳ᠋ᠧᠯᠪᠤᠷ ᠪᠠᠯᠭᠠᠰᠤ᠂ ᠣᠯᠭᠤᠶᠠ ᠰᠢᠶᠠᠩ᠂  ᠮᠠᠠᠭᠦ᠋ᠢ ᠪᠠᠯᠭᠠᠰᠤ᠂ ᠢᠦᠶ ᠯᠢᠶᠠᠩ ᠲᠠᠷᠢᠶᠠᠯᠠᠩ ᠤᠨ ᠲᠠᠯᠠᠪᠠᠶ ᠵᠡᠷᠭᠡ 4 ᠭᠠᠵᠠᠷ ᠤᠨ ᠤᠤᠭᠤᠬᠤ ᠤᠰᠤᠨ ᠤ ᠠᠮᠤᠷ ᠲᠦᠪᠰᠢᠨ ᠤ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠨᠢᠭᠡᠨᠲᠡ ᠦᠨᠳᠦᠰᠦᠨ ᠳᠡᠭᠡᠨ ᠳᠠᠭᠤᠰᠬᠠᠵᠤ᠂ ᠡᠭᠦᠨ ᠳᠤ ᠣᠯᠭᠤᠶᠠ ᠰᠢᠶᠠᠩ᠂ ᠮᠠᠠᠭᠦ᠋ᠢ ᠪᠠᠯᠭᠠᠰᠤ᠂ ᠢᠦᠶ ᠯᠢᠶᠠᠩ ᠲᠠᠷᠢᠶᠠᠯᠠᠩ ᠤᠨ ᠲᠠᠯᠠᠪᠠᠶ ᠵᠡᠷᠭᠡ 3 ᠭᠠᠵᠠᠷ ᠤᠨ ᠤᠤᠭᠤᠬᠤ ᠤᠰᠤᠨ ᠤ ᠠᠮᠤᠷ ᠲᠦᠪᠰᠢᠨ ᠤ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠨᠢᠭᠡᠨᠲᠡ ᠪᠦᠬᠦᠨ ᠢ ᠳᠠᠭᠤᠰᠬᠠᠵᠤ᠂ ᠳ᠋ᠧᠯᠪᠤᠷ ᠪᠠᠯᠭᠠᠰᠤᠨ ᠤ ᠤᠤᠭᠤᠬᠤ ᠤᠰᠤᠨ ᠤ ᠠᠮᠤᠷ ᠲᠦᠪᠰᠢᠨ ᠤ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠢᠨᠵᠧᠨᠧᠷᠢᠩ ᠢ 9 ᠰᠠᠷ᠎ᠠ ᠶᠢᠨ 20 ᠤ ᠡᠳᠦᠷ ᠠᠴᠠ ᠡᠮᠦᠨ᠎ᠡ ᠳᠠᠭᠤᠰᠬᠠᠬᠤ ᠪᠣᠯᠤᠨ᠎ᠠ᠃ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠶᠡᠷᠦᠩᠬᠡᠶ ᠪᠠᠯᠠ ᠣᠷᠣᠭᠤᠯᠤᠯᠲᠠ 34.5 ᠲᠦᠮᠡᠨ ᠲᠥᠭᠦᠷᠢᠭ ᠲᠤ ᠬᠦᠷᠴᠦ᠂ ᠲᠣᠰ ᠤᠳᠠᠭᠠᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠦᠭᠰᠡᠨ ᠨᠢ ᠲᠤᠬᠠᠶ ᠶᠢᠨ ᠭᠠᠵᠠᠷ ᠤᠨ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠬᠡᠪ ᠤᠨ ᠠᠵᠢᠯᠯᠠᠭᠠᠨ ᠤ ᠬᠡᠷᠡᠭᠯᠡᠯᠲᠡ ᠶᠢ ᠦᠨᠡᠨ ᠬᠦ  ᠪᠠᠳᠤᠯᠠᠪᠠ᠃    
 
ᠢᠷᠡᠯᠲᠡ᠄ ᠭᠡᠭᠡᠨ ᠭᠤᠤᠯ ᠬᠤᠳᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号