ᠭᠡᠭᠡᠨ ᠭᠤᠤᠯ ᠬᠤᠲᠠ 2022 ᠣᠨ ᠤ ᠲᠥᠷᠥᠯ ᠵᠦᠢᠯ ᠢ ᠴᠤᠭᠯᠠᠭᠤᠯᠵᠤ ᠨᠥᠭᠡᠴᠡᠯᠡᠬᠦ ᠠᠵᠢᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2021/9/8
   ᠵᠢᠷᠭᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠰᠠᠭᠤᠷᠢ ᠶᠢ ᠪᠠᠲᠤᠳᠬᠠᠬᠤ ᠶᠢᠨ ᠲᠥᠯᠥᠭᠡ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠤᠢᠢᠷ᠎ᠠ ᠶᠢᠨ ᠡᠳᠦᠷ᠂ ᠮᠠᠨ ᠤ ᠬᠤᠳᠠ 2022 ᠣᠨ ᠤ ᠨᠥᠭᠡᠴᠡᠯᠡᠬᠦ ᠲᠦᠷᠦᠯ ᠵᠦᠢᠯ ᠢ ᠴᠤᠭᠯᠠᠭᠤᠯᠵᠤ ᠨᠥᠭᠡᠴᠡᠯᠡᠬᠦ ᠠᠵᠢᠯ ᠢ ᠡᠬᠢᠯᠡᠭᠦᠯᠵᠡᠢ᠃ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠬᠤᠷᠢᠶ᠎ᠠ ᠲᠦᠷᠦᠭᠦᠯᠡᠨ ᠵᠣᠬᠢᠴᠠᠭᠤᠯᠬᠤ ᠦᠢᠯᠡᠳᠤᠯ ᠢᠶᠠᠨ ᠭᠦᠢᠴᠡᠳ ᠪᠠᠳᠠᠷᠠᠭᠤᠯᠵᠤ᠂ ᠡᠯ᠎ᠡ ᠲᠥᠷᠥᠯ ᠵᠦᠢᠯ ᠤᠨ ᠨᠢᠭᠡᠴᠡ ᠶᠢᠨ ᠲᠥᠯᠥᠪᠯᠡᠭᠰᠡᠨ 2022 ᠣᠨ ᠤ 71 ᠲᠥᠷᠥᠯ ᠵᠦᠢᠯ ᠢ ᠠᠩᠬ᠎ᠠ ᠠᠯᠬᠤᠮ ᠴᠤᠭᠯᠠᠭᠤᠯᠤᠨ ᠬᠤᠷᠢᠶᠠᠩᠭᠤᠶᠢᠯᠠᠵᠤ᠂ ᠨᠡᠶᠢᠲᠡ 11.12 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 2022 ᠣᠨ ᠳᠤ 5.39 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ᠃ ᠡᠭᠦᠨ ᠳᠤ 12 ᠲᠦᠷᠦᠯ ᠵᠦᠢᠯ ᠢ ᠦᠷᠭᠦᠯᠵᠢᠯᠡᠨ ᠪᠠᠶᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 4.34 ᠳ᠋ᠦᠩᠰᠢᠭᠤᠷ ᠲᠥᠭᠦᠷᠢᠭ ᠲᠤ ᠬᠦᠷᠴᠦ᠂ 2022 ᠣᠨ ᠳᠤ 1.60 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠪᠡ︔ ᠰᠢᠨ᠎ᠡ ᠪᠠᠷ ᠪᠠᠶᠢᠭᠤᠯᠬᠤ ᠲᠥᠷᠥᠯ  ᠵᠦᠢᠯ 59 ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 6.78 ᠳ᠋ᠦᠩᠰᠢᠭᠤᠷ ᠲᠥᠭᠦᠷᠢᠭ ᠲᠤ ᠬᠦᠷᠴᠦ᠂ 2022 ᠣᠨ ᠳᠤ 3.79 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ᠃ ᠡᠯᠰᠡᠨ ᠴᠤᠭᠯᠠᠭᠤᠯᠵᠤ ᠡᠮᠬᠢᠯᠡᠨ ᠳᠢᠭᠯᠡᠬᠦ ᠶᠠᠪᠤᠴᠠ ᠳᠤ᠂ ᠬᠥᠭᠵᠢᠯᠲᠡ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠲᠥᠷᠥᠯ ᠵᠦᠢᠯ ᠢ ᠰᠠᠭᠤᠷᠢ ᠪᠡᠯᠡᠳᠬᠡᠮᠵᠢ᠂ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ᠂ ᠨᠡᠶᠢᠭᠡᠮ ‍ᠤᠨ‌ᠦᠢᠯᠡᠰ᠂ ᠰᠠᠭᠤᠷᠢ ᠠᠵᠤ ᠦᠢᠯᠡᠰ᠂ ᠠᠵᠤ ᠦᠢᠯᠡᠳᠪᠦᠷᠢ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠰᠣᠶᠣᠯ ᠵᠢᠭᠤᠯᠴᠢᠯᠠᠯ ᠵᠡᠷᠭᠡ ᠲᠤᠯᠤᠭᠠᠨ ᠶᠡᠭᠡ ᠲᠥᠷᠥᠯ ᠳᠤ ᠬᠤᠪᠢᠶᠠᠨ᠎ᠠ᠃ ᠡᠭᠦᠨ ᠳᠤ᠂ ᠰᠠᠭᠤᠷᠢ ᠲᠥᠬᠦᠭᠡᠷᠦᠮᠵᠢ᠂ ᠨᠡᠶᠢᠭᠡᠮ ᠤᠨ ᠦᠢᠯᠡᠰ᠂ ᠰᠠᠭᠤᠷᠢ ᠠᠵᠤ ᠦᠢᠯᠡᠰ ᠵᠢᠴᠢ ᠤᠰᠤᠨ ᠠᠰᠢᠭᠯᠠᠯᠲᠠ ᠵᠡᠷᠭᠡ ᠳᠤᠲᠠᠭᠤᠳᠠᠯ ᠢ ᠨᠥᠬᠦᠪᠥᠷᠢᠯᠡᠬᠦ ᠲᠥᠷᠥᠯ  ᠵᠦᠢᠯ ᠤᠨ ᠲᠥᠯᠥᠪᠯᠡᠭᠰᠡᠨ ᠲᠤᠭ᠎ᠠ ᠬᠡᠮᠵᠢᠶ᠎ᠡ 69% ᠶᠢ ᠡᠵᠡᠯᠡᠵᠦ᠂ ᠪᠤᠰᠤᠳ ᠨᠢ ᠭᠤᠤᠯᠳᠠᠭᠤ ᠤᠨᠴᠠᠯᠢᠬᠳᠤ ᠳᠠᠷᠢᠵᠤ ᠲᠡᠵᠢᠭᠡᠨ ᠦᠷᠡᠵᠢᠭᠦᠯᠬᠦ᠂ ᠪᠣᠬᠢᠷᠲᠤᠯ ᠥᠬᠡᠶ ᠢᠳᠡᠭᠡᠨ ᠢ  ᠦᠢᠯᠡᠳᠪᠦᠷᠢᠯᠡᠨ ᠡᠳ᠋ᠰᠢᠭᠦᠯᠬᠦ᠂ ᠰᠣᠶᠣᠯ ᠵᠢᠭᠤᠯᠴᠢᠯᠠᠯ ᠵᠡᠷᠭᠡ ᠠᠵᠤ ᠦᠢᠯᠡᠰ ᠤᠨ ᠲᠥᠷᠥᠯ ᠵᠦᠢᠯ ᠤᠨ ᠡᠵᠡᠯᠡᠬᠦ ᠬᠠᠷᠢᠴᠠᠯ 31% ᠪᠠᠶᠢᠵᠤ᠂ ᠡᠨᠡ ᠵᠢᠯ ᠤᠨ ᠬᠢ ᠠᠴᠠ 6 ᠵᠠᠭᠤᠨ ᠤ ᠨᠢᠭᠡᠴᠢ ᠨᠡᠮᠡᠭᠳᠡᠪᠡ᠃ ᠳᠤᠲᠠᠭᠤᠳᠠᠯ ᠢ ᠨᠥᠬᠦᠪᠥᠷᠢᠯᠡᠬᠦ ᠶᠢ ᠴᠢᠩᠭᠠᠳᠬᠠᠬᠤ ᠶᠢᠨ ᠬᠠᠮᠲᠤ᠂ ᠠᠵᠤ ᠦᠢᠯᠡᠰ ᠤᠨ ᠬᠥᠭᠵᠢᠨ ᠪᠤᠵᠠᠭᠠᠢᠢᠷᠠᠬᠤ ᠶᠢ ᠨᠡᠩ ᠴᠢᠬᠤᠯᠠᠴᠢᠯᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠠᠭᠤᠷᠢ ᠶᠢ ᠰᠠᠶᠢᠲᠤᠷ ᠲᠠᠯᠪᠢᠬᠤ ᠬᠡᠷᠡᠭᠲᠡᠢ᠃    ᠵᠠᠯᠭᠠᠭᠠᠳ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠡᠯ᠎ᠡ ᠲᠥᠷᠥᠯ ᠵᠦᠢᠯ ᠤᠨ ᠨᠢᠭᠡᠴᠡ ᠶᠢ  ᠭᠦᠢᠴᠡᠳ ᠵᠣᠬᠢᠴᠠᠭᠤᠯᠵᠤ᠂ 2022 ᠣᠨ ᠤ ᠠᠬᠢᠭᠤᠯᠬᠤ ᠲᠥᠷᠥᠯ  ᠵᠦᠢᠯ ᠢ ᠦᠷᠭᠦᠯᠵᠢᠯᠡᠨ ᠴᠤᠭᠯᠠᠭᠤᠯᠬᠤ ᠶᠢᠨ ᠬᠠᠮᠲᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠬᠥᠮᠥᠷᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠥᠷᠥᠯ ᠵᠦᠢᠯ ᠤᠨ ᠲᠥᠯᠥᠪᠵᠢᠭᠦᠯᠵᠦ ᠨᠥᠭᠡᠴᠡᠯᠡᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠮᠠᠨ ᠤ ᠬᠤᠲᠠ ᠶᠢᠨ ᠢᠷᠡᠭᠡᠳᠦᠶ ᠶᠢᠨ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠨ᠎ᠠ᠃    
 
ᠢᠷᠡᠯᠲᠡ᠄ ᠭᠡᠭᠡᠨ ᠭᠤᠤᠯ ᠬᠤᠳᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号