ᠭᠡᠭᠡᠨ ᠭᠤᠣᠯ ᠬᠤᠳᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠲᠠᠷᠢᠶᠠᠯᠠᠩ ᠤᠨ ᠪᠠᠩᠬᠢ ᠶᠢᠨ ᠭᠡᠭᠡᠨ ᠭᠤᠣᠯ ᠬᠤᠳᠠ ᠶᠢᠨ ᠰᠠᠯᠪᠤᠷᠢ ᠪᠠᠩᠬᠢ ᠲᠠᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠲᠤᠬᠢᠷᠠᠯᠴᠠᠵᠠᠢ
ᠨᠡᠶᠢᠲᠡᠯᠡᠭᠰᠡᠨ ᠴᠠᠭ᠄
2021/9/8
   ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭ᠎ᠠ ᠪᠣᠯ ᠲᠠᠷᠢᠶᠠᠯᠠᠩ ᠤᠨ ᠡᠵᠡᠩᠨᠡᠯᠲᠡ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠴᠢᠬᠤᠯᠠ ᠶᠡᠭᠡ ᠰᠢᠨ᠎ᠡ ᠡᠭᠦᠳᠦᠯᠲᠡ ᠮᠥᠨ᠂ ᠲᠡᠷᠡ ᠨᠢ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠢ ᠪᠣᠯᠭᠠᠬᠤ᠂ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢ ᠪᠡᠶᠡᠯᠡᠭᠦᠯᠬᠦ ᠳᠤ ᠴᠢᠬᠤᠯᠠ ᠶᠡᠭᠡ ᠰᠢᠨ᠎ᠡ ᠡᠭᠦᠳᠦᠯᠲᠡ ᠶᠢᠨ ᠠᠴᠢ ᠬᠤᠯᠪᠣᠭᠳᠠᠯ ᠪᠠ ᠦᠢᠯᠡᠳᠦᠯᠭᠡ ᠶᠢᠨ ᠠᠴᠢ ᠬᠤᠯᠪᠣᠭᠳᠠᠯ ᠲᠠᠢ ᠶᠤᠮ᠃ ︽ᠭᠤᠷᠪᠠ ᠶᠢ ᠨᠢᠭᠡ ᠴᠤᠭᠴᠠᠵᠢᠭᠤᠯᠬᠤ︾ ᠪᠠᠷ ᠦᠢᠯᠡᠳᠪᠦᠷᠢᠯᠡᠬᠦ᠂ ᠬᠠᠩᠭᠠᠨ ᠪᠣᠷᠣᠯᠠᠭᠤᠯᠬᠤ᠂ ᠢᠲᠡᠭᠡᠮᠵᠢ ᠵᠡᠷᠭᠡ ᠭᠤᠷᠪᠠᠨ ᠶᠡᠭᠡ ᠦᠢᠯᠡᠴᠢᠯᠡᠭᠡᠨ ᠤ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠬᠢᠭᠡᠳ ᠭᠦᠢᠯᠭᠡᠭᠡᠨ ᠤ ᠦᠢᠯᠡᠴᠢᠯᠡᠭᠡᠨ ᠤ ᠲᠠᠯ᠎ᠠ ᠪᠠᠷ᠂ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ᠂ ᠬᠥᠲᠥᠴᠢ ᠠᠵᠤ ᠠᠬᠤᠶᠢᠯᠠᠯ ᠳᠤ ᠲᠦᠰᠢᠭᠯᠡᠨ ᠪᠥᠬᠦ ᠠᠵᠤ ᠦᠢᠯᠡᠰ ᠤᠨ ᠬᠡᠯᠬᠢᠶᠡᠨ ᠤ ᠬᠠᠩᠭᠠᠯᠭ᠎ᠠ ᠶᠢᠨ ᠬᠡᠯᠬᠢᠶᠡᠨ ᠤ ᠡᠵᠡᠩᠨᠡᠯᠲᠡ ᠶᠢᠨ ᠲᠣᠤᠷ ᠰᠦᠯᠵᠢᠶ᠎ᠡ ᠶᠢ ᠬᠥᠭᠵᠢᠭᠦᠯᠵᠦ᠂ ︽ᠳᠠᠷᠢᠬᠤ᠂  ᠤᠷᠭᠤᠬᠤ᠂ ᠬᠤᠷᠢᠶᠠᠬᠤ᠂  ᠦᠢᠯᠡᠳᠪᠦᠷᠢᠯᠡᠬᠦ᠂ ᠨᠡᠮᠡᠬᠦ᠂ ᠪᠣᠷᠣᠯᠠᠭᠤᠯᠬᠤ︾ ᠪᠥᠬᠦ ᠬᠡᠯᠬᠢᠶᠡᠨ ᠤ ᠦᠢᠯᠡᠴᠢᠯᠡᠭᠡ ᠶᠢ ᠪᠣᠶ ᠪᠣᠯᠭᠠᠨ᠎ᠠ᠃ ᠢᠲᠡᠭᠡᠮᠵᠢ ᠶᠢᠨ ᠦᠢᠯᠡᠴᠢᠯᠡᠭᠡᠨ ᠤ ᠲᠠᠯ᠎ᠠ ᠪᠠᠷ᠂ ᠭᠡᠭᠡᠨ ᠭᠤᠤᠯ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠬᠢᠭᠡᠳ ᠲᠠᠷᠢᠶᠠᠯᠠᠩ ᠤᠨ ᠪᠠᠩᠬᠢ ᠶᠢᠨ ᠮᠥᠩᠭᠦᠨ  ᠭᠦᠢᠯᠭᠡᠭᠡᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠪᠠᠷ ᠳᠡᠮᠵᠢᠨ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠰᠢᠰᠲ᠋ᠧᠮᠵᠢ ᠶᠢ ᠪᠦᠷᠢᠨᠰᠢᠬᠦᠯᠵᠦ᠂ ᠪᠥᠬᠦ ᠬᠤᠲᠠ ᠶᠢᠨ ᠬᠠᠩᠭᠠᠨ ᠪᠣᠷᠣᠯᠠᠭᠤᠯᠬᠤ ᠰᠢᠰᠲ᠋ᠧᠮ ᠤᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠪᠠ ᠲᠠᠷᠢᠶᠠᠴᠢᠨ ᠡᠷᠦᠬᠡ ᠳᠤ ᠢᠲᠡᠭᠡᠮᠵᠢᠲᠦ ᠵᠢᠭᠡᠯᠡᠯᠭᠡ ᠶᠢᠨ ᠦᠢᠯᠡᠴᠢᠯᠡᠭᠡ ᠥᠷᠨᠢᠭᠦᠯᠦᠨ᠎ᠡ᠃ ᠬᠠᠩᠭᠠᠨ ᠪᠣᠷᠣᠯᠠᠭᠤᠯᠬᠤ ᠦᠢᠯᠡᠴᠢᠯᠡᠭᠡᠨ ᠤ ᠲᠠᠯ᠎ᠠ ᠪᠠᠷ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠲᠠᠷᠢᠶᠠᠯᠠᠩ ᠤᠨ ᠨᠡᠶᠢᠭᠡᠮᠴᠢᠯᠡᠭᠰᠡᠨ  ᠦᠢᠯᠡᠴᠢᠯᠡᠭᠡᠨ ᠤ ᠰᠢᠰᠲ᠋ᠧᠮᠵᠢ ᠶᠢ ᠤᠯᠠᠮ ᠨᠢᠭᠡ ᠠᠯᠬᠤᠮ ᠰᠠᠶᠢᠲᠤᠷ ᠪᠠᠶᠢᠭᠤᠯᠵᠤ᠂ ᠲᠠᠷᠢᠶᠠᠴᠢᠨ ᠭᠡᠰᠢᠭᠦᠳ ᠲᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ᠂ ᠡᠳᠦᠷ ᠲᠤᠲᠤᠮ ᠤᠨ ᠬᠡᠷᠡᠭᠯᠡᠭᠡᠨ ᠤ ᠵᠦᠢᠯ᠂ ᠲᠠᠷᠢᠶᠠᠯᠠᠩ ᠤᠨ ᠪᠦᠲᠦᠭᠡᠭᠳᠡᠬᠦᠨ ᠪᠠ ᠳᠠᠬᠢᠯᠲᠠ ᠡᠬᠢ ᠪᠠᠶᠠᠯᠢᠭ ᠵᠡᠷᠭᠡ ᠳᠥᠷᠪᠡᠨ ᠶᠡᠭᠡ ᠤᠯᠠᠮᠵᠢᠯᠠᠯᠲᠤ ᠭᠦᠢᠯᠭᠡᠭᠡᠨ‌‍ᠤ ᠰᠢᠰᠲ᠋ᠧᠮᠵᠢ ᠶᠢᠨ ᠦᠢᠯᠡᠴᠢᠯᠡᠭᠡ᠂ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠣᠤᠷ ᠰᠦᠯᠵᠢᠶ᠎ᠡ ᠵᠡᠷᠭᠡ ᠪᠥᠬᠦ ᠲᠠᠯ᠎ᠠ ᠶᠢᠨ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠶᠢ ᠬᠠᠩᠭᠠᠵᠤ᠂ ᠲᠠᠷᠢᠶᠠᠴᠢᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠤᠨ ᠠᠰᠠᠭᠤᠳᠠᠯ ᠢ ᠴᠢᠷᠮᠠᠶᠢᠨ ᠰᠢᠢᠳᠪᠦᠷᠢᠯᠡᠬᠦ ᠬᠡᠷᠡᠭᠲᠡᠶ᠃    ᠡᠨᠡ ᠤᠳᠠᠭ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭ᠎ᠠ ᠪᠣᠯ ᠭᠡᠭᠡᠨ ᠭᠤᠣᠯ ᠬᠤᠳᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠪᠣᠯᠤᠨ ᠲᠠᠷᠢᠶᠠᠯᠠᠩ ᠤᠨ ᠪᠠᠩᠬᠢ ᠶᠢᠨ ᠬᠤᠭᠤᠷᠣᠨᠳᠣᠬᠢ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭᠲᠠᠢ ᠬᠠᠷᠢᠯᠴᠠᠨ ᠠᠰᠢᠭ ᠬᠦᠷᠳᠡᠬᠦ ᠶᠢ ᠪᠡᠶᠡᠯᠡᠭᠦᠯᠬᠦ ᠶᠠᠪᠤᠳᠠᠯ ᠪᠣᠯᠤᠨ᠎ᠠ᠂ ᠮᠥᠨᠴᠦ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠠᠷᠢᠶᠠᠯᠠᠩ ᠢ ᠳᠡᠮᠵᠢᠬᠦ᠂ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠲᠤᠤᠱᠯᠠᠭᠤᠯᠬᠤ ᠴᠢᠬᠤᠯᠠ ᠠᠷᠭ᠎ᠠ  ᠬᠡᠮᠵᠢᠶ᠎ᠡ ᠪᠣᠯᠤᠨ᠎ᠠ᠂ ᠭᠡᠭᠡᠨ ᠭᠤᠣᠯ ᠬᠤᠳᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠢᠲᠡᠭᠡᠮᠵᠢ ᠶᠢᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠨ ᠰᠢᠢᠳᠪᠦᠷᠢᠯᠡᠵᠦ᠂ ᠪᠦᠬᠦ ᠬᠤᠳᠠ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠨᠡ ᠨᠢ ᠪᠥᠬᠦ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠳᠤ ᠬᠦᠴᠦᠲᠡᠶ ᠳᠡᠮᠵᠢᠯᠭᠡ ᠬᠠᠩᠭᠠᠬᠤ ᠪᠥᠭᠡᠳ ᠲᠠᠷᠢᠶᠠᠯᠠᠩ ᠤᠨ ᠪᠠᠩᠬᠢ ᠶᠢᠨ ᠲᠠᠷᠢᠶᠠᠯᠠᠩ ᠳᠤ ᠬᠤᠯᠪᠣᠭᠳᠠᠬᠤ ᠬᠦᠷᠢᠶᠡᠨ ᠳᠠᠬᠢ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠭᠦᠨᠵᠡᠭᠡᠶ ᠥᠷᠨᠢᠭᠦᠯᠬᠦ ᠶᠢ ᠠᠬᠢᠭᠤᠯᠬᠤ ᠳᠤ ᠴᠤ ᠠᠰᠢᠭᠲᠠᠶ ᠶᠤᠮ᠃    
 
ᠢᠷᠡᠯᠲᠡ᠄ ᠭᠡᠭᠡᠨ ᠭᠤᠤᠯ ᠬᠤᠳᠠ ᠶᠢᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号