ᠲᠥᠯᠥᠭᠡᠯᠡᠭᠴᠢ ᠯᠢ ᠴᠦ ᠵᠢᠩ᠄ ᠦᠨ᠎ᠡ ᠲᠥᠯᠥᠪᠦᠷᠢ ᠦᠭᠡᠢ ᠪᠠᠷ ᠴᠢᠰᠤ ᠥᠭᠬᠦ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡ ᠶᠢ ᠪᠠᠬᠢᠵᠢᠭᠦᠯᠦᠨ ᠪᠤᠵᠠᠭᠠᠶᠢᠷᠠᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2021/9/8
   ᠪᠦᠷᠢᠨ ᠪᠤᠰᠤ ᠪᠦᠷᠢᠳᠬᠡᠯ ᠢ ᠦᠨᠳᠦᠰᠦᠯᠡᠪᠡᠯ᠂ 2020 ᠣᠨ ᠤ ᠰᠡᠭᠦᠯᠴᠢ ᠪᠤᠯᠳᠠᠯ᠎ᠠ᠂ ᠬᠥᠯᠥᠨ ᠪᠤᠶᠢᠷ ᠤᠨ ᠦᠨ᠎ᠡ ᠲᠥᠯᠥᠪᠦᠷᠢ ᠦᠬᠡᠢ ᠪᠠᠷ ᠴᠢᠰᠤ ᠬᠠᠨᠳᠢᠪᠯᠠᠭᠰᠠᠨ ᠬᠥᠮᠦᠨ ᠤ ᠲᠤᠭ᠎ᠠ 2 ᠲᠦᠮᠡ ᠳᠤ ᠬᠦᠷᠴᠡᠢ᠃ ᠭᠡᠪᠡᠴᠦ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮ ᠤᠨ ᠲᠠᠰᠤᠷᠠᠯᠲᠠ ᠥᠬᠡᠶ ᠲᠡᠭᠦᠯᠳᠡᠷᠵᠢᠬᠦ ᠶᠢ ᠳᠠᠭᠠᠯᠳᠤᠨ᠂ ᠣᠯᠠᠨ ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ ᠨᠡᠮᠡᠭᠳᠡᠵᠦ᠂ ᠡᠮᠴᠢᠯᠡᠭᠡᠨ ᠳᠤ ᠬᠡᠷᠡᠭᠯᠡᠬᠦ ᠴᠢᠰᠤᠨ ᠤ ᠬᠡᠮᠵᠢᠶ᠎ᠡ ᠵᠢᠯ ᠳᠠᠷᠠᠭᠠᠯᠠᠨ ᠨᠡᠮᠡᠭᠳᠡᠬᠦ ᠬᠠᠨᠳᠤᠰᠢ ᠲᠠᠢ ᠪᠣᠯᠵᠣ᠂ ᠴᠢᠰᠤᠨ ᠤ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠵᠡᠷᠭᠡ ᠠᠰᠠᠭᠤᠳᠠᠯ ᠦᠷᠭᠦᠯᠵᠢ ᠭᠠᠷᠴᠤ ᠪᠠᠶᠢᠨ᠎ᠠ᠃ ᠡᠶᠢᠮᠦ ᠠᠴᠠ ᠮᠢᠨᠦ ᠦᠵᠡᠬᠦ ᠪᠠᠷ ᠴᠢᠰᠤ ᠬᠠᠨᠳᠢᠪᠯᠠᠬᠤ ᠰᠠᠶᠢᠨ ᠲᠤᠷᠠᠴᠤᠳ ᠤᠨ ᠡᠩᠨᠡᠭᠡ ᠶᠢ ᠲᠠᠰᠤᠷᠠᠯᠳᠠ ᠦᠭᠡᠢ ᠪᠠᠬᠢᠵᠢᠭᠦᠯᠦᠨ ᠪᠤᠵᠠᠭᠠᠶᠢᠷᠠᠭᠤᠯᠵᠤ᠂ ᠦᠯᠢᠭᠡᠷ ᠳᠠᠭᠤᠷᠢᠶᠠᠯ ᠤᠨ ᠬᠦᠴᠦᠨ ᠢ ᠪᠠᠳᠠᠷᠠᠭᠤᠯᠤᠨ᠂ ᠨᠡᠩ ᠤᠯᠠᠨ ᠬᠦᠮᠦᠰ ᠢ ᠳᠠᠶᠢᠴᠢᠯᠠᠨ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠭᠤᠯᠬᠤ ᠬᠡᠷᠡᠭᠲᠡᠶ᠃     ᠬᠥᠯᠥᠨ ᠪᠤᠶᠢᠷ ᠤᠨ ᠤᠯᠠᠭᠠᠨ ᠵᠠᠭᠠᠯᠮᠠᠶᠢᠲᠠᠨ ᠤ ᠦᠨ᠎ᠡ ᠲᠥᠯᠥᠪᠦᠷᠢ ᠥᠬᠡᠶ ᠪᠠᠷ ᠴᠢᠰᠤ ᠬᠠᠨᠳᠢᠪᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ 2020 ᠣᠨ ᠤ 11 ᠰᠠᠷ᠎ᠠ ᠳᠤ ᠪᠠᠶᠢᠭᠤᠯᠤᠭᠳᠠᠪᠠ᠃ ᠬᠤᠶᠢᠰᠢᠳᠠ ᠶᠢᠨ ᠠᠵᠢᠯ ᠳᠤᠮᠳᠠ ᠪᠠᠨ ᠪᠢᠳᠡ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠶᠢ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠪᠠ ᠬᠠᠯᠠᠮᠵᠢᠯᠠᠨ ᠬᠠᠶᠢᠷᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠰᠠᠶᠢᠨ ᠲᠤᠷᠠᠴᠤᠳ ᠤᠨ ᠡᠩᠨᠡᠭᠡᠨ ᠤ ᠪᠠᠶᠢᠭᠤᠯᠤᠯᠲᠠ ᠶᠢᠨ ᠡᠷᠡᠭᠦᠯ ᠮᠡᠨᠳᠤ᠂ ᠤᠷᠳᠤ ᠬᠤᠭᠤᠴᠠᠭ᠎ᠠ ᠪᠠ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ᠃ ᠡᠭᠦᠨ ᠤ ᠵᠡᠷᠭᠡᠪᠡᠷ᠂ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠤᠯᠠᠨ ᠨᠡᠶᠢᠲᠡ ᠶᠢᠨ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠬᠤ ᠤᠬᠠᠮᠰᠠᠷ ᠪᠠ ᠣᠶᠢᠯᠠᠭᠠᠭᠳᠠᠬᠤᠨ ᠶᠢ ᠳᠡᠭᠡᠭᠰᠢᠯᠡᠬᠦᠯᠦᠨ᠂ ᠴᠢᠰᠤ ᠬᠠᠨᠳᠢᠪᠯᠠᠬᠤ ᠮᠡᠳᠡᠯᠭᠡ ᠶᠢ ᠲᠦᠭᠡᠮᠡᠯᠵᠢᠭᠦᠯᠵᠤ᠂ ᠵᠣᠬᠢᠬᠤ ᠬᠡᠮᠵᠢᠶᠡᠨ ᠤ ᠴᠢᠰᠤ ᠬᠠᠨᠳᠢᠪᠯᠠᠬᠤ ᠨᠢ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠲᠤ ᠠᠰᠢᠭᠲᠠᠶ ᠪᠠᠷ ᠪᠠᠷᠠᠬᠤ ᠦᠭᠡᠢ᠂ ᠵᠠᠷᠢᠮ ᠴᠢᠰᠤᠨ ᠤ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠪᠠ ᠰᠠᠶᠢᠵᠢᠷᠠᠭᠤᠯᠤᠨ᠎ᠠ ᠭᠡᠳᠡᠭ ᠢ ᠬᠦᠮᠦᠰ ᠲᠤ ᠤᠶᠢᠯᠠᠭᠠᠭᠤᠯᠤᠨ᠂ ︽ᠬᠠᠯᠠᠭᠤᠨ ᠴᠢᠰᠤ ᠪᠠᠨ ᠬᠠᠨᠳᠢᠪᠯᠠᠵᠤ᠂ ᠠᠮᠢ ᠨᠠᠰᠤ ᠶᠢ ᠬᠠᠮᠳᠤᠪᠡᠷ ᠡᠳ᠋ᠯᠡᠬᠦ︾ ᠦᠵᠡᠯᠲᠡ ᠶᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠪᠠᠷ ᠴᠢᠷᠮᠠᠶᠢᠨ᠎ᠠ᠃    
 
ᠢᠷᠡᠯᠲᠡ᠄ ᠬᠦᠯᠦᠨ ᠪᠤᠶᠢᠷ ᠤᠨ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号