ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︽ᠬᠥᠯᠥᠨ ᠪᠤᠶᠢᠷ ᠬᠤᠲᠠ ᠶᠢᠨ | ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠢ ᠬᠦᠭᠵᠢᠭᠦᠯᠦᠨ ᠲᠡᠳᠬᠦᠬᠦ ᠲᠥᠷᠥ ᠶᠢᠨ | ᠪᠣᠳᠣᠯᠭ᠎ᠠ︾ ᠶᠢ ᠲᠤᠭᠤᠷᠪᠢᠵᠤ᠂ ᠬᠤᠲᠠ ᠶᠢᠨ ᠵᠠᠰᠠᠭ ᠤᠨ ᠣᠷᠳᠣᠨ ᠤ 2020 ᠣᠨ ᠤ ᠬᠤᠷᠢᠨ ᠨᠢᠭᠡᠳᠦᠭᠡᠷ | ᠤᠳᠠᠭᠠᠨ ᠤ ᠪᠠᠶᠢᠩᠭᠤ ᠶᠢᠨ ᠬᠤᠷᠠᠯ ᠢᠶᠠᠷ ᠶᠠᠷᠢᠯᠴᠠᠨ ᠰᠣᠳᠣᠯᠬᠤ ᠶᠢᠨ ᠬᠠᠮᠲᠤ ᠵᠠᠷᠴᠢᠮ ᠳᠡᠭᠡᠷ᠎ᠡ ᠪᠠᠨ ᠪᠠᠲᠤᠯᠠᠵᠤ᠂ | ᠬᠤᠪᠢᠳᠠᠨ ᠬᠠᠮᠢᠶᠠᠷᠴᠤ ᠪᠥᠬᠦᠶ ᠳᠡᠳ᠋ ᠬᠤᠲᠠ ᠶᠢᠨ ᠳᠠᠷᠤᠭ᠎ᠠ ᠬᠤᠷᠠᠯ ᠡᠷᠬᠢᠯᠡᠵᠦ᠂ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠳᠡᠭᠡᠷ᠎ᠡ ᠳᠤᠷᠠᠳᠤᠭᠰᠠᠨ ᠵᠠᠰᠠᠪᠤᠷᠢ ᠣᠷᠣᠭᠤᠯᠬᠤ ᠰᠠᠨᠠᠯ ᠢ ᠦᠨᠳᠦᠰᠦᠯᠡᠨ ᠬᠡᠰᠡᠭ ᠵᠠᠰᠠᠪᠤᠷᠢ | ᠣᠷᠣᠭᠤᠯᠪᠠ᠃ ᠡᠳᠦᠭᠡ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠲᠤᠬᠠᠶ ᠳᠣᠤᠷᠠᠬᠢ ᠮᠡᠲᠦ | ᠲᠠᠶᠢᠯᠪᠤᠷᠢᠯᠠᠶ᠎ᠠ᠃ | ᠨᠢᠭᠡ᠂ ᠲᠤᠭᠤᠷᠪᠢᠭᠰᠠᠨ ᠠᠬᠤᠶ ᠪᠠᠶᠢᠳᠠᠯ ᠪᠠ ᠦᠨᠳᠦᠰᠦᠯᠡᠯ | ᠪᠦᠬᠦ ᠬᠤᠲᠠ ᠶᠢᠨ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ ᠶᠢ | ᠲᠦᠷᠭᠡᠳᠬᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠰᠦ | ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠨᠦᠭᠦᠳ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ | ︹2019︺ 33 ᠳ᠋ᠤᠭᠠᠷ ᠲᠣᠭᠠᠲᠤ︶᠂ ︽ᠪᠥᠬᠦ ᠣᠷᠣᠨ ᠤ ᠦᠨᠳᠦᠰᠦᠲᠡᠨ ᠤ ᠤᠯᠠᠮᠵᠢᠯᠠᠯᠲᠤ ᠴᠠᠭᠠᠨ | ᠢᠳᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠤᠨ ᠲᠤᠬᠠᠶ ᠮᠡᠳᠡᠭᠳᠡᠯ︾ ︵ | ᠥᠪᠥᠷ ᠵᠠᠰᠠᠭ ᠠᠯᠪᠠᠨ ᠲᠠᠷᠬᠠᠭᠠᠭᠰᠠᠨ ︹2019︺ 36 ᠳ᠋ᠤᠭᠠᠷ ᠲᠣᠭᠠᠲᠤ︶᠂ ︽ᠬᠥᠯᠥᠨ ᠪᠤᠶᠢᠷ | ᠬᠤᠲᠠ ᠶᠢᠨ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠲᠥᠯᠥᠪᠵᠢᠭᠦᠯᠭᠡ ︵2019 — | 2023 ᠣᠨ︶︾ ︵ᠬᠥᠯᠦᠨ ᠵᠠᠰᠠᠭ ᠠᠯᠪᠠᠨ ᠲᠠᠷᠬᠠᠭᠠᠭᠰᠠᠨ ︹2019︺ 12 ᠳ᠋ᠤᠭᠠᠷ ᠲᠣᠭᠠᠲᠤ︶᠂ ︽ | ᠬᠥᠯᠥᠨ ᠪᠤᠶᠢᠷ ᠬᠤᠲᠠ ᠶᠢᠨ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠢ ᠬᠦᠭᠵᠢᠭᠦᠯᠬᠦ | ᠭᠤᠷᠪᠠᠨ ᠵᠢᠯ ᠤᠨ ᠲᠤᠰᠬᠠᠶ ᠠᠵᠢᠯᠯᠠᠭᠠᠨ ᠤ ᠬᠡᠷᠡᠭᠵᠢᠭᠦᠯᠬᠦ ᠲᠥᠰᠦᠯ ︵2020 — 2022 ᠣᠨ︶︾ ︵ | ᠬᠥᠯᠦᠨ ᠵᠠᠰᠠᠭ ᠠᠯᠪᠠᠨ ᠲᠠᠷᠬᠠᠭᠠᠭᠰᠠᠨ ︹2020︺ 19 ᠳ᠋ᠦ᠋ᠭᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠶᠢ ᠦᠨᠳᠦᠰᠦᠯᠡᠵᠦ᠂ ︽ᠬᠥᠯᠥᠨ ᠪᠤᠶᠢᠷ ᠬᠤᠲᠠ ᠶᠢᠨ ᠦᠨᠳᠦᠰᠦᠲᠡᠨ ᠤ ᠤᠯᠠᠮᠵᠢᠯᠠᠯᠲᠤ ᠴᠠᠭᠠᠨ | ᠢᠳᠡᠭᠡᠨ ᠤ ᠠᠵᠤ ᠦᠢᠯᠡᠰ ᠢ ᠬᠦᠭᠵᠢᠭᠦᠯᠦᠨ ᠲᠡᠳᠬᠦᠬᠦ ᠲᠥᠷᠥ ᠶᠢᠨ ᠪᠣᠳᠣᠯᠭ᠎ᠠ︾ ᠶᠢ ᠲᠤᠭᠤᠷᠪᠢᠪᠠ᠃ | ᠬᠤᠶᠠᠷ᠂ ᠭᠤᠣᠯ ᠬᠠᠷᠠᠯᠲᠠ | ︽ᠬᠥᠯᠥᠨ ᠪᠤᠶᠢᠷ ᠬᠤᠲᠠ ᠶᠢᠨ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ | ᠲᠥᠯᠥᠪᠵᠢᠭᠦᠯᠭᠡ ︵2019 — 2023 ᠣᠨ︶︾ ᠪᠠ ︽ᠬᠥᠯᠥᠨ ᠪᠤᠶᠢᠷ ᠬᠤᠲᠠ ᠶᠢᠨ ᠦᠨᠳᠦᠰᠦᠲᠡᠨ ᠤ | ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠢ ᠬᠦᠭᠵᠢᠭᠦᠯᠬᠦ ᠭᠤᠷᠪᠠᠨ ᠵᠢᠯ ᠤᠨ ᠲᠤᠰᠬᠠᠶ ᠠᠵᠢᠯᠯᠠᠭᠠᠨ ᠤ | ᠬᠡᠷᠡᠭᠵᠢᠭᠦᠯᠬᠦ ᠲᠥᠰᠦᠯ ︵2020 — 2022 ᠣᠨ︶︾ ᠢ ᠪᠥᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠡᠷᠡᠭᠦᠯ᠂ ᠡᠮᠬᠢ | ᠵᠢᠷᠤᠮ ᠲᠠᠢ ᠬᠦᠭᠵᠢᠯᠲᠡ ᠶᠢ ᠲᠦᠷᠭᠡᠳᠬᠡᠨ ᠠᠬᠢᠭᠤᠯᠵᠤ᠂ ᠮᠠᠨ ᠤ ᠬᠤᠲᠠ ᠪᠠᠨ ᠦᠨᠳᠦᠰᠦᠲᠡᠨ ᠤ ᠤᠯᠠᠮᠵᠢᠯᠠᠯᠲᠤ | ᠴᠠᠭᠠᠨ ᠢᠳᠡᠭᠡᠨ ᠪᠠ ᠬᠠᠭᠤᠷᠠᠶ ᠰᠦᠨ ᠪᠦᠲᠦᠭᠡᠭᠳᠡᠬᠦᠨ ᠤ ᠴᠢᠬᠤᠯᠠ ᠭᠠᠷᠤᠯᠲᠠ ᠶᠢᠨ ᠣᠷᠣᠨ ᠪᠣᠯᠭᠠᠨ | ᠪᠠᠶᠢᠭᠤᠯᠤᠨ᠎ᠠ᠃ | ᠭᠤᠷᠪᠠ᠂ ᠭᠤᠣᠯ ᠠᠭᠤᠯᠭ᠎ᠠ | ︵ᠨᠢᠭᠡ︶ ᠶᠡᠷᠦᠩᠬᠡᠢ ᠱᠠᠭᠠᠷᠳᠠᠯᠭ᠎ᠠ ᠶᠢ ᠲᠣᠳᠣᠷᠬᠠᠶᠢᠯᠠᠪᠠ | ᠨᠢᠭᠡ ᠳᠤ᠂ ᠲᠣᠰ ᠲᠥᠷᠥ ᠶᠢᠨ ᠪᠣᠳᠣᠯᠭ᠎ᠠ ᠳᠤ ᠵᠢᠭᠠᠵᠤ ᠪᠠᠶᠢᠭ᠎ᠠ ᠦᠨᠳᠦᠰᠦᠲᠡᠨ ᠤ ᠤᠯᠠᠮᠵᠢᠯᠠᠯᠲᠤ ᠴᠠᠭᠠᠨ | ᠢᠳᠡᠭᠡ ᠭᠡᠳᠡᠭ ᠨᠢ ᠭᠤᠤᠯᠳᠠᠭᠤ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠪᠠᠷᠢᠮᠵᠢᠶ᠎ᠠ ᠵᠢᠷᠤᠮᠵᠢᠯ ᠵᠢᠴᠢ | ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠢ ᠠᠬᠢᠭᠤᠯᠬᠤ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ | ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ᠂ ᠦᠬᠡᠷ᠂ ᠮᠣᠷᠢ᠂ ᠬᠤᠨᠢ᠂ ᠲᠡᠮᠡᠭᠡ ᠵᠡᠷᠭᠡ ᠶᠢᠨ ᠲᠦᠭᠦᠬᠡᠶ | ᠰᠦ ᠪᠠᠷ ᠭᠤᠤᠯ ᠦᠢᠯᠡᠳᠪᠦᠷᠢᠯᠡᠯ ᠤᠨ ᠲᠦᠭᠦᠬᠡᠶ ᠮᠠᠲ᠋ᠧᠷᠢᠶᠠᠯ ᠪᠣᠯᠭᠠᠵᠤ᠂ ᠤᠯᠠᠮᠵᠢᠯᠠᠯᠲᠤ ᠭᠠᠷ | ᠦᠢᠯᠡᠳᠪᠦᠷᠢᠯᠡᠯ ᠢᠶᠠᠷ ᠡᠳ᠋ᠰᠢᠭᠦᠯᠦᠨ ᠦᠢᠯᠡᠳᠦᠭᠰᠡᠨ᠂ ᠦᠨᠳᠦᠰᠦᠲᠡᠨ ᠤ ᠣᠨᠴᠠᠯᠢᠭᠲᠣ ᠴᠠᠭᠠᠨ ᠢᠳᠡᠭᠡᠨ ᠢ ᠵᠢᠭᠠᠵᠤ | ᠪᠣᠶ᠃ ᠲᠡᠭᠦᠨ ᠤ ᠭᠤᠣᠯ ᠪᠦᠲᠦᠭᠡᠭᠳᠡᠬᠦᠨ ᠳᠤ᠄ ᠦᠨᠢᠶᠡᠨ ᠰᠦᠨ ᠤ ᠪᠦᠲᠦᠭᠡᠭᠳᠡᠬᠦᠨ᠂ ᠭᠡᠭᠦᠦ ᠶᠢᠨ ᠰᠦ ᠶᠢᠨ | ᠪᠦᠲᠦᠭᠡᠭᠳᠡᠬᠦᠨ᠂ ᠬᠤᠨᠢᠨ ᠰᠦᠨ ᠤ ᠪᠦᠲᠦᠭᠡᠭᠳᠡᠬᠦᠨ᠂ ᠲᠡᠮᠡᠭᠡᠨ ᠰᠦᠨ ᠤ ᠪᠦᠲᠦᠭᠡᠭᠳᠡᠬᠦᠨ ᠵᠡᠷᠭᠡ ᠪᠠᠭᠲᠠᠨ᠎ᠠ᠃ | ᠬᠤᠶᠠᠷ ᠲᠤ᠂ ᠲᠣᠰ ᠲᠥᠷᠥ ᠶᠢᠨ ᠪᠣᠳᠣᠯᠭ᠎ᠠ ᠶᠢᠨ ᠳᠡᠮᠵᠢᠬᠦ ᠡᠲᠡᠭᠡᠳ᠂ ᠭᠤᠤᠯᠳᠠᠭᠤ ᠬᠤᠲᠠ ᠶᠢᠨ ᠬᠡᠪᠴᠢᠶᠡᠨ | ᠳᠣᠲᠣᠷᠠᠬᠢ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡ ᠦᠢᠯᠡᠳᠪᠦᠷᠢᠯᠡᠬᠦ ᠠᠵᠤ ᠠᠬᠤᠶᠢᠯᠠᠯ᠂ ᠡᠳ᠋ᠰᠢᠭᠦᠯᠬᠦ | ᠦᠢᠯᠡᠳᠬᠡᠯ ᠤᠨ ᠭᠠᠵᠠᠷ ︵ᠳᠣᠷᠣᠭᠰᠢ ︽ᠡᠵᠡᠩᠨᠡᠯᠲᠡ ᠶᠢᠨ ᠭᠤᠤᠯ ᠴᠣᠭᠴᠠ︾ ᠭᠡᠵᠦ ᠲᠣᠪᠴᠢᠯᠠᠨ᠎ᠠ︶᠂ | ᠬᠤᠰᠢᠭᠤ ᠬᠤᠲᠠ ᠲᠣᠭᠤᠷᠢᠭ ᠤᠨ ᠲᠠᠰ ᠤᠨ ᠭᠤᠣᠯ ᠲᠤᠷᠰᠢᠯᠲᠠ ᠶᠢᠨ ᠲᠠᠰᠤᠭ ᠵᠡᠷᠭᠡ ᠪᠠᠭᠲᠠᠨ᠎ᠠ᠃ ᠡᠭᠦᠨ ᠳᠤ᠂ | ᠦᠨᠳᠦᠰᠦᠲᠡᠨ ᠤᠯᠠᠮᠵᠢᠯᠠᠯᠲᠤ ᠴᠠᠭᠠᠨ ᠢᠳᠡᠭᠡᠨ ᠤ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠡᠭᠦᠳᠦᠨ | ᠪᠠᠶᠢᠭᠤᠯᠬᠤ ᠨᠢᠭᠡᠴᠢ ᠪᠣᠯᠤᠨ ᠢᠳᠡᠭᠡᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠣᠯᠤᠭᠰᠠᠨ ᠠᠵᠤ | ᠠᠬᠤᠶᠢᠯᠠᠯ ᠢ ᠭᠤᠣᠯᠳᠠᠯᠭ᠎ᠠ ᠲᠠᠢ ᠳᠡᠮᠵᠢᠨ᠎ᠡ᠃ | ︵ᠬᠤᠶᠠᠷ︶ ᠪᠣᠳᠠᠲᠠᠶ ᠨᠥᠬᠦᠪᠥᠷᠢ ᠣᠯᠭᠤᠬᠤ ᠠᠭᠤᠯᠭ᠎ᠠ ᠶᠢ ᠲᠣᠭᠲᠠᠭᠠᠪᠠ | ᠲᠥᠬᠦᠭᠡᠷᠦᠮᠵᠢ ᠬᠤᠳᠠᠯᠳᠤᠨ ᠠᠪᠬᠤ ᠨᠥᠬᠦᠪᠥᠷᠢ ᠶᠢᠨ ᠲᠤᠬᠠᠢ — ᠡᠵᠡᠩᠨᠡᠯᠲᠡ ᠶᠢᠨ ᠭᠤᠤᠯ ᠴᠣᠭᠴᠠ ᠶᠢᠨ | ᠰᠢᠨ᠎ᠡ ᠪᠠᠷ ᠠᠪᠬᠤ ᠡᠳ᠋ᠰᠢᠭᠦᠯᠦᠨ ᠪᠣᠯᠪᠠᠰᠤᠷᠠᠭᠤᠯᠬᠤ ᠲᠥᠬᠦᠭᠡᠷᠦᠮᠵᠢ ᠶᠢ᠂ ᠨᠢᠭᠡᠨᠲᠡ ᠲᠠᠷᠢᠶᠠᠯᠠᠩ ᠤᠨ ᠮᠠᠰᠢᠨ | ᠪᠠᠭᠠᠵᠢ ᠶᠢᠨ ᠨᠥᠬᠦᠪᠥᠷᠢ ᠶᠢᠨ ᠬᠡᠪᠴᠢᠶᠡᠨ ᠳᠤ ᠣᠷᠣᠭᠤᠯᠤᠭᠰᠠᠨ ᠪᠠᠶᠢᠪᠠᠯ᠂ ᠤᠤᠯ ᠤᠨ ᠨᠥᠬᠦᠪᠥᠷᠢ ᠶᠢ ᠭᠥᠷᠳᠡᠭᠰᠡᠨ | ᠰᠠᠭᠤᠷᠢᠨ ᠳᠡᠭᠡᠷ᠎ᠡ᠂ ᠳᠠᠬᠢᠨ ᠲᠥᠬᠦᠭᠡᠷᠦᠮᠵᠢ ᠬᠤᠳᠠᠯᠳᠤᠨ ᠠᠪᠬᠤ ᠮᠥᠩᠭᠦ ᠶᠢᠨ 20% ᠶᠢᠨ ᠨᠥᠬᠦᠪᠥᠷᠢ | ᠣᠯᠭᠤᠨ᠎ᠠ︔ ᠲᠠᠷᠢᠶᠠᠯᠠᠩ ᠤᠨ ᠮᠠᠰᠢᠨ ᠪᠠᠭᠠᠵᠢ ᠶᠢᠨ ᠨᠥᠬᠦᠪᠥᠷᠢ ᠶᠢᠨ ᠬᠡᠪᠴᠢᠶᠡᠨ ᠳᠤ ᠣᠷᠣᠭᠤᠯᠤᠭᠰᠠᠨ ᠥᠬᠡᠶ | ᠪᠠᠶᠢᠪᠠᠯ᠂ ᠲᠥᠬᠦᠭᠡᠷᠦᠮᠵᠢ ᠬᠤᠳᠠᠯᠳᠤᠨ ᠠᠪᠬᠤ ᠮᠥᠩᠭᠦ ᠶᠢᠨ 30% ᠶᠢᠨ ᠨᠥᠬᠦᠪᠥᠷᠢ ᠣᠯᠭᠤᠵᠤ᠂ | ᠨᠥᠬᠦᠪᠥᠷᠢ ᠶᠢᠨ ᠲᠤᠭ᠎ᠠ ᠬᠡᠮᠵᠢᠶ᠎ᠡ ᠶᠢ ᠬᠠᠮᠤᠭ ᠥᠨᠳᠥᠷ ᠲᠡᠭᠡᠨ 15 ᠲᠦᠮᠡᠨ ᠲᠥᠭᠦᠷᠢᠭ ᠠᠴᠠ ᠳᠠᠪᠠᠭᠤᠯᠬᠤ ᠥᠬᠡᠶ | ᠃ ᠡᠵᠡᠩᠨᠡᠯᠲᠡ ᠶᠢᠨ ᠭᠤᠤᠯ ᠴᠣᠭᠴᠠ ᠶᠢᠨ ᠲᠦᠭᠦᠬᠡᠶ ᠰᠦ ᠶᠢ ᠲᠦᠷᠭᠡᠨ ᠪᠠᠶᠢᠴᠠᠭᠠᠨ ᠬᠡᠮᠵᠢᠬᠦ ᠲᠥᠬᠦᠭᠡᠷᠦᠮᠵᠢ | ᠰᠢᠨ᠎ᠡ ᠪᠠᠷ ᠬᠤᠳᠠᠯᠳᠤᠨ ᠠᠪᠬᠤ ᠳᠤ᠂ ᠲᠥᠬᠦᠭᠡᠷᠦᠮᠵᠢ ᠬᠤᠳᠠᠯᠳᠤᠨ ᠠᠪᠬᠤ ᠮᠥᠩᠭᠦ ᠶᠢᠨ 50% ᠶᠢᠨ ᠨᠥᠬᠦᠪᠥᠷᠢ | ᠣᠯᠭᠤᠵᠤ᠂ ᠨᠥᠬᠦᠪᠥᠷᠢ ᠶᠢᠨ ᠲᠤᠭ᠎ᠠ ᠬᠡᠮᠵᠢᠶ᠎ᠡ ᠶᠢ ᠬᠠᠮᠤᠭ ᠥᠨᠳᠥᠷ ᠲᠡᠭᠡᠨ 0.5 ᠲᠦᠮᠡᠨ ᠲᠥᠭᠦᠷᠢᠭ ᠠᠴᠠ | ᠳᠠᠪᠠᠭᠤᠯᠬᠤ ᠥᠬᠡᠶ᠃ ᠢᠳᠡᠭᠡᠨ ᠦᠢᠯᠡᠳᠪᠦᠷᠢᠯᠡᠬᠦ ᠵᠥᠪᠰᠢᠶᠡᠷᠡᠯ ᠤᠨ ᠦᠨᠡᠮᠯᠡᠯ ᠣᠯᠤᠭᠰᠠᠨ ᠠᠵᠤ ᠠᠬᠤᠶᠢᠯᠠᠯ ᠤᠳ | ᠪᠠᠶᠢᠴᠠᠭᠠᠨ ᠰᠢᠯᠭᠠᠬᠤ ᠲᠥᠬᠦᠭᠡᠷᠦᠮᠵᠢ ᠬᠤᠳᠠᠯᠳᠤᠨ ᠠᠪᠬᠤ ᠳᠤ ᠬᠤᠳᠠᠯᠳᠤᠨ ᠠᠪᠤᠭᠰᠠᠨ ᠮᠥᠩᠭᠦ ᠶᠢᠨ 70% ᠤᠨ | ᠨᠥᠬᠦᠪᠥᠷᠢ ᠣᠯᠭᠤᠵᠤ᠂ ᠨᠥᠬᠦᠪᠥᠷᠢ ᠶᠢᠨ ᠲᠤᠭ᠎ᠠ ᠬᠡᠮᠵᠢᠶ᠎ᠡ ᠶᠢ ᠬᠠᠮᠤᠭ ᠤᠨ ᠥᠨᠳᠥᠷ ᠲᠡᠭᠡᠨ 28 ᠲᠦᠮᠡᠨ | ᠲᠥᠭᠦᠷᠢᠭ ᠠᠴᠠ ᠳᠠᠪᠠᠭᠤᠯᠬᠤ ᠥᠭᠡᠢ᠃ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ ᠶᠢ ᠡᠭᠦᠳᠦᠨ ᠪᠠᠶᠢᠭᠤᠯᠵᠤ | ᠰᠢᠯᠭᠠᠨ ᠠᠪᠤᠯᠲᠠ ᠶᠢ ᠥᠩᠭᠡᠷᠡᠭᠡᠭᠰᠡᠨ ᠡᠵᠡᠩᠨᠡᠯᠲᠡ ᠶᠢᠨ ᠭᠤᠤᠯ ᠴᠣᠭᠴᠠ ᠶᠢᠨ ᠪᠤᠭᠤᠳᠠᠯᠯᠠᠬᠤ ᠲᠥᠬᠦᠭᠡᠷᠦᠮᠵᠢ | ᠰᠢᠨ᠎ᠡ ᠪᠠᠷ ᠬᠤᠳᠠᠯᠳᠤᠨ ᠠᠪᠬᠤ ᠮᠥᠩᠭᠦ ᠶᠢᠨ 50% ᠶᠢᠨ ᠨᠥᠬᠦᠪᠥᠷᠢ ᠣᠯᠭᠤᠵᠤ᠂ ᠨᠥᠬᠦᠪᠥᠷᠢ ᠶᠢᠨ ᠲᠤᠭ᠎ᠠ | ᠬᠡᠮᠵᠢᠶ᠎ᠡ ᠶᠢ ᠬᠠᠮᠤᠭ ᠤᠨ ᠥᠨᠳᠥᠷ ᠲᠡᠭᠡᠨ 15 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ | ᠭᠡᠷᠡᠴᠢᠯᠡᠯ ᠤᠨ ᠨᠥᠬᠦᠪᠥᠷᠢ ᠶᠢᠨ ᠲᠤᠬᠠᠢ — ᠡᠵᠡᠩᠨᠡᠯᠲᠡ ᠶᠢᠨ ᠭᠤᠤᠯ ᠴᠣᠭᠴᠠ ᠶᠢᠨ HACCP᠂ | GMP᠂ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠲᠤᠭᠲᠠᠯᠴᠠᠭ᠎ᠠ ᠪᠠ ︽ᠮᠣᠩᠭᠤᠯ ᠦᠰᠦᠭᠲᠦ | ᠲᠡᠮᠳᠡᠭ︾ ᠤᠨ ᠭᠡᠷᠡᠴᠢᠯᠡᠯ ᠢ ᠬᠡᠷᠡᠭᠵᠢᠭᠦᠯᠬᠦ ᠶᠢ ᠵᠣᠷᠢᠭᠵᠢᠭᠤᠯᠵᠤ᠂ ᠭᠡᠷᠡᠴᠢᠯᠡᠯ ᠢᠶᠠᠷ ᠳᠠᠮᠵᠢᠭᠰᠠᠨ ᠡᠵᠡᠩᠨᠡᠯᠲᠡ ᠶᠢᠨ | ᠭᠤᠤᠯ ᠴᠣᠭᠴᠠ ᠳᠤ 10 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃ | ᠬᠤᠰᠢᠭᠤ ᠬᠤᠲᠠ ᠲᠣᠭᠤᠷᠢᠭ ᠤᠨ ᠲᠠᠰ ᠤᠨ ᠭᠤᠣᠯ ᠲᠤᠷᠰᠢᠯᠲᠠ ᠶᠢᠨ ᠲᠠᠰᠤᠭ ᠤᠨ ᠰᠢᠯᠭᠠᠨ ᠪᠠᠶᠢᠴᠠᠭᠠᠬᠤ | ᠬᠡᠮᠵᠢᠭᠦᠷᠯᠢᠭ ᠲᠥᠬᠦᠭᠡᠷᠦᠮᠵᠢ ᠬᠤᠳᠠᠯᠳᠤᠨ ᠠᠪᠬᠤ ᠨᠥᠬᠦᠪᠥᠷᠢ ᠶᠢᠨ ᠲᠣᠬᠠᠢ — ᠬᠤᠰᠢᠭᠤ ᠬᠤᠲᠠ | ᠲᠣᠭᠤᠷᠢᠭ ᠤᠨ ᠲᠠᠰ ᠤᠨ ᠭᠤᠣᠯ ᠲᠤᠷᠰᠢᠯᠲᠠ ᠶᠢᠨ ᠲᠠᠰᠤᠭ ᠢ ᠪᠠᠶᠢᠭᠤᠯᠤᠭᠰᠠᠨ ᠪᠥᠭᠡᠳ ᠲᠤᠷᠰᠢᠯᠲᠠ ᠶᠢᠨ | ᠲᠠᠰᠤᠭ ᠤᠨ ᠬᠢᠷᠢ ᠬᠡᠮ ᠤᠨ ᠭᠡᠷᠡᠴᠢᠯᠡᠯᠲᠡ ᠶᠢ ᠥᠩᠭᠡᠷᠡᠭᠡᠭᠰᠡᠨ ᠪᠠᠶᠢᠪᠠᠯ᠂ ᠲᠥᠪ ᠲᠤᠷᠰᠢᠯᠲᠠ ᠶᠢᠨ ᠲᠠᠰᠤᠭ | ᠨᠢᠭᠡᠪᠦᠷᠢ ᠳᠤ ᠰᠢᠯᠭᠠᠨ ᠪᠠᠶᠢᠴᠠᠭᠠᠬᠤ ᠬᠡᠮᠵᠢᠭᠦᠷᠯᠢᠭ ᠲᠥᠬᠦᠭᠡᠷᠦᠮᠵᠢ ᠬᠤᠳᠠᠯᠳᠤᠨ ᠠᠪᠬᠤ ᠨᠥᠬᠦᠪᠥᠷᠢ 90 ᠲᠦᠮᠡᠨ | ᠲᠥᠭᠦᠷᠢᠭ ᠣᠯᠭᠤᠨ᠎ᠠ᠃ | ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠶᠢ | ᠡᠭᠦᠳᠦᠨ ᠪᠠᠶᠢᠭᠤᠯᠬᠤ ᠨᠥᠬᠦᠪᠥᠷᠢ ᠶᠢᠨ ᠲᠤᠬᠠᠶ — ᠪᠠᠷᠢᠮᠵᠢᠶᠠᠵᠢᠭᠤᠯᠤᠭᠰᠠᠨ ᠡᠭᠦᠳᠦᠨ ᠪᠠᠶᠢᠭᠤᠯᠤᠯᠲᠠ ᠶᠢᠨ | ᠰᠢᠯᠭᠠᠨ ᠠᠪᠬᠤ ᠶᠢ ᠥᠩᠭᠡᠷᠡᠭᠡᠭᠰᠡᠨ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠲᠤᠰᠬᠠᠶ ᠬᠤᠳᠠᠯᠳᠤᠭᠠᠨ ᠤ | ᠳᠡᠯᠭᠡᠭᠦᠷ ᠵᠡᠷᠭᠡ ᠪᠠᠷᠢᠮᠵᠢᠶᠠᠵᠢᠭᠤᠯᠤᠭᠰᠠᠨ ᠲᠤᠷᠰᠢᠯᠲᠠ ᠶᠢᠨ ᠴᠡᠭ ᠤᠨ ᠨᠢᠭᠡᠴᠢ ᠶᠢᠨ᠂ ᠡᠭᠦᠳᠦᠨ ᠪᠠᠶᠢᠭᠤᠯᠬᠤ | ᠨᠢᠭᠡᠴᠢ ᠨᠢᠭᠡᠪᠦᠷᠢ ᠳᠤ 2 ᠲᠦᠮᠡᠨ ᠲᠥᠭᠦᠷᠢᠭ ᠤᠨ ᠨᠥᠬᠦᠪᠥᠷᠢ ᠣᠯᠭᠤᠵᠤ᠂ ᠲᠤᠷᠰᠢᠯᠲᠠ ᠶᠢᠨ ᠴᠡᠭ ᠤᠨ ᠵᠢᠱᠢᠶ᠎ᠡ | ᠦᠵᠡᠭᠦᠯᠬᠦ ᠶᠢ ᠡᠭᠦᠳᠦᠨ ᠪᠠᠶᠢᠭᠤᠯᠵᠤ ᠰᠢᠯᠭᠠᠨ ᠠᠪᠤᠯᠲᠠ ᠶᠢ ᠥᠩᠭᠡᠷᠡᠭᠡᠭᠰᠡᠨ ᠤᠯᠤᠰ ᠤᠨ AAAA ᠲᠠᠰ ᠠᠴᠠ | ᠳᠡᠭᠡᠭᠰᠢᠬᠢ ᠵᠢᠭᠤᠯᠴᠢᠯᠠᠯ ᠤᠨ ᠦᠵᠡᠮᠵᠢ ᠶᠢᠨ ᠣᠷᠣᠨ ᠤ ᠪᠡᠶᠡᠴᠢᠯᠡᠨ ᠣᠶᠢᠯᠠᠭᠠᠬᠤ ᠳᠡᠯᠭᠡᠭᠦᠷ ᠶᠢᠨ᠂ ᠡᠭᠦᠳᠦᠨ | ᠪᠠᠶᠢᠭᠤᠯᠬᠤ ᠨᠢᠭᠡᠴᠢ ᠨᠢᠭᠡᠪᠦᠷᠢ ᠳᠤ 3 ᠲᠦᠮᠡᠨ ᠲᠥᠭᠦᠷᠢᠭ ᠤᠨ ᠨᠥᠬᠦᠪᠥᠷᠢ ᠣᠯᠭᠤᠨ᠎ᠠ᠃ | ᠵᠢᠭᠡᠯᠡᠯᠭᠡ ᠶᠢᠨ ᠬᠦᠤ ᠶᠢᠨ ᠨᠦᠬᠦᠪᠦᠷᠢ ᠶᠢᠨ ᠲᠤᠬᠠᠢ — ᠡᠵᠡᠩᠨᠡᠯᠲᠡ ᠶᠢᠨ ᠭᠤᠤᠯ ᠴᠣᠭᠴᠠ ᠶᠢᠨ | ᠵᠢᠭᠡᠯᠡᠯᠭᠡ ᠶᠢᠨ ᠪᠠᠯᠠ ᠲᠣᠬᠢᠷᠠᠭᠤᠯᠭ᠎ᠠ ᠶᠢᠨ ᠠᠷᠭ᠎ᠠ ᠬᠡᠯᠪᠡᠷᠢ ᠪᠠᠷ ᠳᠠᠮᠵᠢᠭᠤᠯᠤᠨ ᠦᠨᠳᠦᠰᠦᠲᠡᠨ ᠤ ᠤᠯᠠᠮᠵᠢᠯᠠᠯᠲᠤ | ᠴᠠᠭᠠᠨ ᠢᠳᠡᠭᠡᠨ ᠢ ᠦᠢᠯᠡᠳᠪᠦᠷᠢᠯᠡᠵᠦ ᠡᠳ᠋ᠰᠢᠭᠦᠯᠬᠦ ᠶᠢ ᠥᠷᠨᠢᠭᠦᠯᠦᠭᠰᠡᠨ ᠪᠠᠶᠢᠪᠠᠯ᠂ ᠵᠢᠭᠡᠯᠡᠯᠭᠡ ᠶᠢᠨ ᠬᠦᠤ | ᠮᠥᠩᠭᠦ ᠶᠢᠨ ᠶᠡᠷᠦᠩᠬᠡᠶ ᠲᠤᠭ᠎ᠠ ᠶᠢᠨ 50% ᠶᠢᠨ ᠬᠥᠥ ᠶᠢᠨ ᠨᠦᠬᠦᠪᠦᠷᠢ ᠣᠯᠭᠤᠵᠤ᠂ ᠬᠥᠥ ᠶᠢᠨ ᠨᠦᠬᠦᠪᠦᠷᠢ ᠶᠢᠨ | ᠲᠤᠭ᠎ᠠ ᠬᠡᠮᠵᠢᠶ᠎ᠡ ᠶᠢ ᠬᠠᠮᠤᠭ ᠤᠨ ᠥᠨᠳᠥᠷ ᠲᠡᠭᠡᠨ 4 ᠲᠦᠮᠡᠨ ᠲᠥᠭᠦᠷᠢᠭ ᠠᠴᠠ ᠳᠠᠪᠠᠭᠤᠯᠬᠤ ᠥᠬᠡᠶ᠃ | ᠪᠦᠲᠦᠭᠡᠭᠳᠡᠬᠦᠨ ᠢ ᠰᠢᠯᠭᠠᠨ ᠪᠠᠶᠢᠴᠠᠭᠠᠬᠤ ᠨᠥᠬᠦᠪᠥᠷᠢ ᠶᠢᠨ ᠲᠤᠬᠠᠶ — ᠦᠨᠳᠦᠰᠦᠲᠡᠨ ᠤ ᠤᠯᠠᠮᠵᠢᠯᠠᠯᠲᠤ | ᠴᠠᠭᠠᠨ ᠢᠳᠡᠭᠡᠨ ᠤ ᠶᠠᠰᠤ ᠴᠢᠨᠠᠷ ᠤᠨ ᠳᠡᠭᠡᠭᠰᠢᠯᠡᠯᠲᠡ ᠶᠢ ᠢᠳᠡᠪᠬᠢᠲᠡᠶ ᠠᠬᠢᠭᠤᠯᠵᠤ᠂ ᠬᠤᠲᠠ ᠶᠢᠨ ᠵᠠᠰᠠᠭ ᠤᠨ | ᠣᠷᠳᠣᠨ ᠠᠴᠠ ᠬᠤᠲᠠ ᠶᠢᠨ ᠢᠳᠡᠭᠡᠨ ᠪᠠ ᠡᠮ ᠤᠨ ᠵᠦᠢᠯ ᠢ ᠰᠢᠯᠭᠠᠨ ᠪᠠᠶᠢᠴᠠᠭᠠᠬᠤ ᠭᠠᠵᠠᠷ ᠲᠤ ᠨᠠᠶᠢᠳᠠᠵᠤ | ᠲᠣᠭᠲᠠᠭᠠᠯ ᠤᠨ ᠳᠣᠲᠣᠷᠠᠬᠢ ᠰᠢᠯᠭᠠᠨ ᠪᠠᠶᠢᠴᠠᠭᠠᠬᠤ ᠠᠵᠢᠯ ᠢ ᠦᠨ᠎ᠡ ᠲᠥᠯᠥᠪᠦᠷᠢ ᠥᠬᠡᠶ ᠬᠠᠩᠭᠠᠨ᠎ᠠ᠃ | ᠬᠤᠲᠠ ᠶᠢᠨ ᠢᠳᠡᠭᠡᠨ ᠪᠠ ᠡᠮ ᠤᠨ ᠵᠦᠢᠯ ᠢ ᠰᠢᠯᠭᠠᠨ ᠪᠠᠶᠢᠴᠠᠭᠠᠬᠤ ᠭᠠᠵᠠᠷ ᠤᠨ ᠰᠢᠯᠭᠠᠨ ᠪᠠᠶᠢᠴᠠᠭᠠᠬᠤ | ᠬᠡᠪᠴᠢᠶᠡᠨ ᠠᠴᠠ ᠭᠠᠳᠠᠨᠠᠬᠢ ᠭᠦᠢᠴᠡᠳᠬᠡᠬᠦ ᠲᠤᠭ᠎ᠠ ᠶᠢᠨ ᠰᠢᠯᠭᠠᠨ ᠪᠠᠶᠢᠴᠠᠭᠠᠯᠲᠠ ᠶᠢ ᠵᠠᠰᠠᠭ ᠤᠨ ᠣᠷᠳᠣᠨ ᠤ | ᠦᠢᠯᠡᠴᠢᠯᠡᠭᠡ ᠬᠤᠳᠠᠯᠳᠤᠨ ᠠᠪᠬᠤ ᠠᠷᠭ᠎ᠠ ᠬᠡᠯᠪᠡᠷᠢ ᠪᠠᠷ ᠨᠡᠶᠢᠭᠡᠮ ᠤᠨ ᠭᠤᠷᠪᠠᠳᠠᠬᠢ ᠡᠲᠡᠭᠡᠳ ᠤᠨ ᠰᠢᠯᠭᠠᠨ | ᠪᠠᠶᠢᠴᠠᠭᠠᠬᠤ ᠪᠠᠶᠢᠭᠤᠯᠤᠮᠵᠢ ᠠᠴᠠ ᠬᠠᠷᠢᠭᠤᠴᠠᠵᠤ᠂ ᠡᠳ᠋ᠰᠢᠭᠦᠯᠦᠨ ᠪᠣᠯᠪᠠᠰᠤᠷᠠᠭᠤᠯᠬᠤ ᠦᠢᠯᠡᠳᠬᠡᠯ ᠳᠤ | ᠦᠢᠯᠡᠳᠬᠦᠨ ᠤ ᠰᠢᠯᠭᠠᠨ ᠪᠠᠶᠢᠴᠠᠭᠠᠯᠲᠠ ᠶᠢ ᠦᠨ᠎ᠡ ᠲᠥᠯᠥᠪᠦᠷᠢ ᠥᠬᠡᠶ ᠪᠠᠷ ᠬᠠᠩᠭᠠᠨ᠎ᠠ᠃ ᠰᠢᠯᠭᠠᠨ ᠪᠠᠶᠢᠴᠠᠭᠠᠬᠤ | ᠤᠳᠠᠭ᠎ᠠ ᠨᠢ ᠬᠠᠭᠠᠰ ᠵᠢᠯ ᠨᠢᠭᠡ ᠤᠳᠠᠭ᠎ᠠ ᠪᠥᠬᠦ ᠲᠥᠷᠥᠯ ᠵᠦᠢᠯ ᠢ ᠬᠠᠮᠤᠷᠴᠤ ᠨᠠᠶᠢᠳᠠᠨ ᠰᠢᠯᠭᠠᠨ ᠪᠠᠶᠢᠴᠠᠭᠠᠯᠲᠠ | ᠬᠢᠨ᠎ᠡ᠃ | ︵ᠭᠤᠷᠪᠠ︶ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠬᠤ ᠨᠢᠭᠡᠴᠢ ᠶᠢ ᠲᠣᠳᠣᠷᠬᠠᠶᠢᠯᠠᠪᠠ | ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ ᠠᠴᠠ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠲᠤᠷᠠᠨ | ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠶᠢᠨ ᠶᠤᠰᠤᠭᠠᠷ ᠬᠠᠷᠢᠭᠤᠴᠠᠨ ᠲᠠᠶᠢᠯᠪᠤᠷᠢᠯᠠᠨ᠎ᠠ᠃ | ︵ᠲᠦᠷᠪᠡ︶ ᠬᠡᠷᠡᠭᠵᠢᠭᠦᠯᠬᠦ ᠴᠠᠭ ᠢ ᠲᠣᠭᠲᠠᠭᠠᠪᠠ | ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠴᠠᠭ ᠨᠢ 2021 — 2023 ᠣᠨ᠃ | | |