ᠳᠡᠯᠡᠬᠡᠢ ᠨᠡᠶᠢᠳᠡ ᠪᠠᠷ ᠢᠶᠠᠨ ᠬᠢᠮᠤᠷᠠᠯ ᠳᠤ ᠣᠷᠣᠭᠠᠳ ᠪᠠᠶᠢᠨ᠎ᠠ
ᠨᠡᠶᠢᠲᠡᠯᠡᠭᠰᠡᠨ ᠴᠠᠭ᠄
2022/4/19
    ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠠᠨ᠋ᠲ᠋ᠤᠨᠢᠦ ᠭᠦᠲ᠋ᠧᠷᠧᠰ 3 ᠳ᠋ᠤᠭᠠᠷ ᠰᠠᠷ᠎ᠠ ᠶᠢᠨ 30 ᠤ ᠡᠳᠦᠷ ᠢᠯᠡᠷᠬᠡᠶᠢᠯᠡᠬᠦ ᠳᠡᠭᠡᠨ᠂ ᠣᠳᠣᠬᠠᠨ ᠳᠤ ᠳᠤᠮᠳᠠᠳᠤ ᠳᠣᠷᠣᠨᠠᠲᠤ ᠣᠷᠣᠨ ᠪᠤᠯᠤᠨ ᠡᠸᠦ᠋ᠷᠦᠫᠡ ᠠᠹᠷᠢᠺᠠ ᠠᠮᠧᠷᠢᠺᠠ ᠲᠢᠪ ᠤᠨ ᠬᠡᠰᠡᠭ ᠭᠠᠵᠠᠷ ᠣᠷᠣᠨ ᠳᠤ ᠡᠯ᠎ᠡ ᠵᠦᠢᠯ ᠤᠨ ᠮᠥᠷᠭᠦᠯᠳᠦᠭᠡᠨ ᠵᠠᠯᠭ᠎ᠠ ᠪᠠᠷ ᠭᠠᠷᠴᠦ᠂ ᠳᠡᠯᠡᠬᠡᠢ ᠨᠡᠶᠢᠳᠡ ᠪᠠᠷ ᠢᠶᠠᠨ 1945 ᠣᠨ ᠠᠴᠠ ᠨᠠᠰᠢ ᠪᠠᠨ ᠬᠠᠮᠤᠭ ᠤᠨ ᠤᠯᠠᠨ ᠵᠦᠷᠢᠴᠡᠯ ᠮᠥᠷᠭᠦᠯᠳᠦᠭᠡᠨ ᠳᠤ ᠲᠤᠯᠭᠠᠷᠠᠵᠤ ᠪᠠᠶᠢᠨ᠎ᠠ ᠬᠡᠵᠠᠢ᠃ ᠭᠦᠲ᠋ᠧᠷᠧᠰ ᠬᠡᠯᠡᠬᠦ ᠳᠡᠭᠡᠨ᠂ ᠲᠠᠶᠢᠨ ᠳᠠᠵᠢᠨ ᠳᠤ ᠬᠥᠮᠥᠨ ᠬᠠᠷ᠎ᠠ ᠶᠡᠬᠡᠪᠡᠷ ᠦᠬᠦᠵᠦ ᠰᠢᠷᠬᠠᠲᠤᠬᠤ ᠪᠥᠭᠡᠳ ᠮᠠᠰᠢ ᠤᠯᠠᠨ ᠬᠥᠮᠥᠨ ᠣᠷᠣᠬᠤ ᠭᠡᠷ ᠣᠭᠤᠴᠢᠬᠤ ᠠᠶᠠᠭ᠎ᠠ ᠦᠭᠡᠢ ᠪᠣᠯᠬᠤ ᠪᠣᠯᠣᠨ᠎ᠠ᠃ ᠡᠩᠬᠡ ᠲᠠᠶᠢᠪᠤᠩ ᠪᠣᠯ ᠰᠠᠶ᠋ᠢ ᠬᠥᠮᠥᠨ ᠲᠥᠷᠥᠯᠬᠢᠲᠡᠨ ᠤ ᠬᠥᠭᠵᠢᠯᠲᠡ ᠶᠢᠨ ᠤᠷᠢᠲᠠᠯ ᠮᠥᠨ ᠬᠡᠵᠠᠢ᠃     ᠲᠡᠷᠡ ᠪᠠᠰᠠ ᠴᠢᠬᠤᠯᠴᠢᠯᠠᠬᠤ ᠳᠠᠭᠠᠨ᠂ ᠲᠠᠶᠢᠨ ᠳᠠᠵᠢᠨ ᠤ ᠬᠠᠮᠤᠭ ᠤᠨ ᠶᠡᠭᠡ ᠦᠷᠡᠭᠳᠡᠯ ᠰᠦᠢᠳᠦᠯ ᠪᠣᠯ ᠬᠥᠮᠥᠨ ᠬᠠᠷ᠎ᠠ ᠦᠬᠦᠵᠦ ᠰᠢᠷᠬᠠᠲᠤᠬᠤ ᠶᠠᠪᠤᠳᠠᠯ ᠪᠣᠯᠣᠨ᠎ᠠ ᠭᠡᠳᠡᠭ ᠢ ᠪᠢᠳᠡ ᠮᠠᠷᠲᠠᠵᠤ ᠪᠣᠯᠬᠤ ᠦᠭᠡᠢ᠃ ᠬᠡᠳᠦᠨ ᠠᠷᠪᠠᠨ ᠵᠢᠯ ᠤᠨ ᠲᠤᠷᠰᠢ᠂ ᠣᠯᠠᠨ ᠳᠣᠭᠠᠨ ᠤ ᠭᠡᠮ ᠦᠭᠡᠢ ᠬᠥᠮᠥᠰ ᠲᠠᠶᠢᠨ ᠤ ᠳᠤᠮᠳᠠ ᠰᠢᠷᠬᠠᠲᠤᠭᠰᠠᠨ ᠪᠤᠶᠤ ᠵᠡᠮᠳᠡᠭ ᠪᠣᠯᠵᠤ᠂ ᠦᠶ᠎ᠡ ᠦᠶ᠎ᠡ ᠶᠢᠨ ᠬᠡᠦᠬᠡᠳ ᠤᠨ ᠰᠤᠷᠭᠠᠨ ᠬᠥᠮᠦᠵᠢᠯ ᠪᠠ ᠬᠥᠭᠵᠢᠯᠲᠡ ᠬᠠᠷᠭᠢᠰ ᠬᠡᠷᠴᠡᠭᠡᠢ ᠪᠠᠷ ᠪᠤᠯᠢᠶᠠᠭᠳᠠᠵᠤ᠂ ᠭᠠᠴᠢᠭᠳᠠᠯᠲᠤ ᠠᠷᠠᠳ ᠪᠠ ᠣᠷᠣᠨ ᠰᠠᠭᠤᠴᠠ ᠪᠠᠨ ᠠᠯᠳᠠᠭᠰᠠᠨ ᠬᠥᠮᠥᠰ ᠠᠷᠭ᠎ᠠ ᠪᠤᠰᠤ ᠭᠡᠷ ᠣᠷᠣᠨ ᠠᠴᠠ ᠪᠠᠨ ᠳᠦᠷᠪᠡᠨ ᠭᠠᠷᠴᠤ᠂ ᠰᠤᠷᠭᠠᠭᠤᠯᠢ᠂ ᠡᠮᠨᠡᠯᠭᠡ᠂ ᠵᠤᠭ᠎ᠠ ᠴᠡᠩᠬᠡᠬᠦᠨ᠂ ᠭᠡᠷ ᠣᠷᠣᠨ ᠴᠢᠨᠠᠭᠰᠢᠯᠠᠭᠠᠳ ᠪᠦᠬᠦ᠋ᠢᠯᠡ ᠨᠡᠶᠢᠭᠡᠮ ᠲᠣᠭᠤᠷᠢᠭ ᠢᠶᠠᠷ ᠢᠶᠠᠨ ᠲᠠᠯᠬᠢᠭᠳᠠᠭᠰᠠᠨ ᠪᠠᠶᠢᠨ᠎ᠠ᠃ ᠪᠢᠳᠡ ᠲᠠᠶᠢᠨ ᠳᠠᠵᠢᠨ ᠠᠴᠠ ᠪᠤᠯᠵᠦ ᠮᠡᠳᠡᠬᠦ ᠪᠦᠬᠦ ᠪᠥᠮᠪᠥᠷᠴᠡᠭ ᠤᠨ ᠠᠵᠤ ᠠᠬᠤᠢ ᠶᠢᠨ ᠦᠷᠡᠭᠳᠡᠯ ᠰᠦᠢᠳᠦᠯ ᠢ ᠪᠣᠳᠣᠯᠬᠢᠯᠠᠬᠤ ᠬᠡᠷᠡᠭᠲᠡᠢ᠂ ᠭᠡᠪᠡᠴᠦ ᠬᠠᠮᠤᠭ ᠤᠨ ᠴᠢᠬᠤᠯᠠ ᠨᠢ ᠬᠥᠮᠥᠨ ᠲᠥᠷᠥᠯᠬᠢᠲᠡᠨ ᠳᠤ ᠳᠣᠯᠭᠠᠷᠠᠬᠤ ᠦᠷᠡᠭᠳᠡᠯ ᠰᠦᠢᠳᠦᠯ ᠪᠣᠯᠣᠨ᠎ᠠ᠃ ᠡᠩᠬᠡ ᠲᠠᠶᠢᠪᠤᠩ ᠢ ᠪᠠᠶᠢᠭᠤᠯᠬᠤ ᠪᠣᠯ ᠪᠤᠢ ᠪᠦᠬᠦᠢ ᠬᠥᠮᠥᠰ ᠤᠨ ᠬᠥᠭᠵᠢᠯᠲᠡ ᠪᠠ ᠨᠡᠩ ᠰᠠᠶᠢᠨ ᠰᠠᠶᠢᠬᠠᠨ ᠢᠷᠡᠭᠡᠳᠦᠢ ᠶᠢᠨ ᠤᠷᠢᠳᠠᠯ ᠨᠥᠬᠦᠴᠡᠯ ᠮᠥᠨ ᠬᠡᠵᠠᠢ᠃                                                    ᠲᠤᠷᠤᠨ᠎ᠠ
 
ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号