ᠬᠡᠭᠡᠨ ᠭᠤᠤᠯ ᠬᠤᠲᠠ ᠶᠢᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠲᠥᠪ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ ᠤᠭᠤᠯᠢ ᠶᠢ ᠠᠪᠤᠷᠠᠵᠠᠢ
ᠨᠡᠶᠢᠲᠡᠯᠡᠭᠰᠡᠨ ᠴᠠᠭ᠄
2023/12/27
 10 ᠰᠠᠷ᠎ᠠ ᠶᠢᠨ 6 ᠤ ᠡᠳᠦᠷ ᠭᠡᠭᠡᠨ ᠭᠤᠣᠯ ᠤᠨ ᠰᠢᠶᠠ  ᠶᠠᠩᠭᠡᠴᠢ  ᠶᠢᠨ ᠳᠤᠲᠤᠭᠠᠲᠤ ᠶᠢ ᠬᠠᠮᠠᠭᠠᠯᠠᠬᠤ ᠲᠤᠪᠴᠢᠶ᠎ᠠ ᠶᠢᠨ ᠲᠣᠮᠢᠯᠠᠭᠰᠠᠨ ᠰᠠᠯᠪᠤᠷᠢ ᠠᠷᠠᠳ ᠤᠨ ᠴᠠᠭᠳᠠᠭ᠎ᠠ ᠶᠢᠨ ᠮᠡᠳᠡᠭᠦᠯᠦᠯᠲᠡ ᠶᠢ ᠣᠯᠵᠤ᠂ ᠣᠭᠤᠯᠢ ᠰᠢᠪᠠᠭᠤᠨ ᠤ ᠲᠥᠷᠥᠯ ᠢ ᠰᠢᠯᠵᠢᠭᠦᠯᠬᠦ ᠶᠢᠨ ᠠᠷᠭ᠎ᠠ ᠦᠭᠡᠶ ᠭᠡᠵᠦ ᠮᠡᠳᠡᠭᠡᠯᠡᠵᠡᠶ᠃ ᠳᠠᠷᠠᠭ᠎ᠠ ᠨᠢ ᠴᠠᠭᠳᠠᠭ᠎ᠠ ᠶᠢ ᠲᠤᠰᠴᠤ ᠲᠤᠬᠠᠶ ᠶᠢᠨ ᠲᠠᠯᠠᠪᠤᠷ ᠲᠤ ᠬᠦᠷᠴᠦ᠂ ᠲᠡᠭᠦᠨ ᠢ ᠭᠡᠭᠡᠨ ᠭᠤᠤᠯ ᠬᠤᠲᠠ ᠶᠢᠨ ᠬᠡᠭᠡᠷ᠎ᠡ ᠶᠢᠨ ᠠᠮᠢᠲᠠᠨ ᠢ ᠠᠪᠤᠷᠠᠨ ᠲᠤᠰᠠᠯᠠᠬᠤ ᠲᠥᠪ ᠲᠤ ᠬᠦᠷᠭᠡᠪᠡ᠂ ᠠᠪᠤᠷᠠᠨ ᠲᠤᠰᠠᠯᠠᠬᠤ ᠲᠥᠪ ᠤᠨ ᠠᠵᠢᠯᠲᠠᠨ ᠲᠡᠭᠦᠨ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠲᠡᠭᠦᠨ ᠢ ᠤᠯᠤᠰ ᠤᠨ ᠬᠤᠶᠠᠳᠤᠭᠠᠷ ᠳᠡᠰ ᠤᠨ ᠬᠠᠮᠠᠭᠠᠯᠠᠯᠲᠠ ᠶᠢᠨ ᠠᠮᠢᠲᠠᠨ᠂ ᠪᠡᠶ᠎ᠡ ᠭᠦᠢᠴᠡᠭᠰᠡᠨ  ᠱᠠᠲᠤᠨ ᠳᠤ ᠤᠷᠤᠰᠢᠵᠦ᠂ ᠢᠯᠡᠷᠬᠡᠶ ᠭᠠᠳᠠᠷ ᠰᠢᠷᠬ᠎ᠠ ᠥᠬᠡᠶ᠂ ᠮᠥᠷᠭᠦᠭᠰᠡᠨ ᠰᠡᠵᠢᠭ ᠲᠠᠢ ᠪᠣᠯᠬᠤᠷ ᠨᠢᠰᠬᠦ ᠶᠢᠨ ᠠᠷᠭ᠎ᠠ ᠥᠬᠡᠶ ᠪᠣᠯᠵᠠᠶ ᠭᠡᠵᠦ ᠮᠠᠭᠠᠳᠯᠠᠪᠠ᠃ ᠬᠡᠳᠦᠨ ᠡᠳᠦᠷ ᠤᠨ ᠲᠠᠶᠢᠪᠤᠩ ᠰᠤᠪᠢᠯᠠᠯᠲᠠ ᠪᠠᠷ ᠳᠡᠮᠵᠢᠨ᠂ ᠨᠢᠭᠡᠨᠲᠡ ᠡᠷᠡᠭᠦᠯᠵᠢᠨ ᠨᠢᠰᠬᠡᠬᠦ ᠱᠠᠭᠠᠷᠳᠠᠯᠭ᠎ᠠ ᠳᠤ ᠭᠦᠷᠦᠭᠰᠡᠨ ᠪᠠᠶᠢᠨ᠎ᠠ᠃ ᠣᠶᠢᠷ᠎ᠠ ᠳᠤ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠪᠣᠯᠤᠨ ᠠᠪᠤᠷᠠᠨ ᠲᠤᠰᠠᠯᠠᠬᠤ ᠲᠥᠪ ᠤᠨ ᠠᠵᠢᠯᠲᠠᠳ ᠲᠡᠭᠦᠨ ᠢ ᠬᠡᠭᠡᠷ᠎ᠡ ᠭᠠᠳᠠᠨ᠎ᠠ ᠨᠢᠰᠬᠡᠭᠡᠳ ᠡᠬᠡ ᠪᠠᠶᠢᠭᠠᠯᠢ ᠳᠤ ᠪᠤᠴᠠᠭᠠᠭᠰᠠᠨ ᠪᠠᠶᠢᠨ᠎ᠠ᠃    ᠭᠡᠭᠡᠨ ᠭᠤᠣᠯ ᠬᠤᠳᠠ ᠶᠢᠨ ᠬᠡᠭᠡᠷ᠎ᠡ ᠶᠢᠨ ᠠᠮᠢᠳᠠᠨ ᠢ ᠠᠪᠤᠷᠠᠨ ᠲᠤᠰᠠᠯᠠᠬᠤ ᠲᠥᠪ ᠬᠤᠶᠢᠰᠢᠳᠠ ᠪᠠᠰᠠ ᠬᠡᠭᠡᠷ᠎ᠡ ᠶᠢᠨ ᠠᠮᠢᠳᠠᠨ ᠢ ᠬᠠᠮᠠᠭᠠᠯᠠᠬᠤ ᠠᠵᠢᠯ ᠪᠣᠯᠤᠨ ᠤᠬᠠᠭᠤᠯᠭ᠎ᠠ ᠶᠢᠨ ᠡᠷᠴᠢᠮ ᠢᠶᠠᠨ ᠲᠠᠰᠤᠷᠠᠯᠳᠡ ᠦᠭᠡᠢ ᠴᠢᠩᠭᠠᠳᠬᠠᠵᠤ᠂ ᠤᠯᠠᠨ ᠲᠦᠮᠡᠨ ᠤ ᠬᠡᠭᠡᠷ᠎ᠡ ᠶᠢᠨ ᠠᠮᠢᠳᠠᠨ ᠢ ᠬᠠᠮᠠᠭᠠᠯᠠᠬᠤ ᠤᠬᠠᠮᠰᠠᠷ ᠢ ᠦᠷᠭᠦᠯᠵᠢᠯᠡᠨ ᠴᠢᠩᠭᠠᠳᠬᠠᠵᠤ᠂ ᠲᠡᠳᠡᠨ ᠤ ᠰᠢᠷᠬᠠᠲᠤᠵᠤ ᠡᠪᠡᠳᠴᠢᠯᠡᠭᠰᠡᠨ᠂ ᠲᠠᠩᠰᠠᠯᠠᠵᠤ ᠬᠤᠴᠣᠷᠤᠭᠰᠠᠨ ᠬᠡᠭᠡᠷ᠎ᠡ ᠶᠢᠨ ᠠᠮᠢᠳᠠᠨ ᠢ ᠴᠠᠭ ᠲᠤᠬᠠᠢ ᠳᠤᠨᠢ ᠠᠪᠤᠷᠠᠨ ᠵᠠᠰᠠᠬᠤ ᠶᠢᠨ ᠬᠠᠮᠲᠤ ᠡᠴᠦᠰ ᠲᠡᠭᠡᠨ ᠡᠭᠡ ᠪᠠᠶᠢᠭᠠᠯᠢ ᠳᠤ ᠲᠠᠬᠢᠨ ᠪᠤᠴᠠᠭᠠᠵᠤ᠂ ᠡᠭᠡ ᠤᠯᠤᠰ ᠤᠨ ᠤᠮᠠᠷᠠᠲᠤ ᠶᠢᠨ ᠬᠥᠬᠡᠮᠳᠦᠭ ᠨᠣᠭᠤᠭᠠᠨ ᠠᠭᠤᠯᠠ ᠤᠰᠤ ᠶᠢ ᠰᠠᠶᠢᠲᠤᠷ ᠬᠠᠮᠠᠭᠠᠯᠠᠵᠤ᠂ ᠬᠥᠮᠦᠨ ᠪᠣᠯᠤᠨ ᠬᠡᠭᠡᠷ᠎ᠡ ᠶᠢᠨ ᠠᠮᠢᠳᠠᠨ ᠤ ᠡᠶ᠎ᠡ ᠵᠣᠬᠢᠴᠠᠩᠭᠤᠢ ᠠᠮᠢ ᠠᠬᠤᠢ ᠶᠢᠨ ᠣᠷᠴᠢᠨ ᠲᠣᠭᠤᠷᠢᠨ ᠢ ᠪᠠᠶᠢᠭᠤᠯᠤᠨ᠎ᠠ᠃
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ