ᠭᠡᠭᠡᠨ ᠭᠤᠤᠯ ᠬᠤᠲᠠ ᠶᠢᠨ ᠬᠦᠭᠵᠢᠭᠦᠯᠦᠯᠲᠡ ᠦᠭᠡᠷᠡᠴᠢᠯᠡᠯᠲᠠ ᠶᠢᠨ ᠵᠦᠪᠯᠡᠯ ᠤᠨ ᠲᠤᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2023/6/18
    ᠭᠡᠭᠡᠨ ᠭᠤᠤᠯ  ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠭᠡᠵᠦ ᠲᠣᠪᠴᠢᠯᠠᠨ᠎ᠠ︶ ᠪᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠢᠩᠭᠢᠨᠢ ᠭᠠᠵᠠᠷ ᠤᠨ ᠲᠠᠰ ᠠᠵᠢᠯ ᠤᠨ ᠰᠠᠯᠠᠭ᠎ᠠ ᠮᠥᠴᠢᠷ ᠪᠣᠯᠤᠨ᠎ᠠ᠃ ᠭᠡᠭᠡᠨ ᠭᠤᠤᠯ  ᠬᠤᠲᠠ ᠶᠢᠨ ᠡᠨᠧᠷᠭᠢ ᠶᠢᠨ ᠲᠣᠪᠴᠢᠶ᠎ᠠ᠂ ᠭᠡᠭᠡᠨ ᠭᠤᠤᠯ  ᠬᠤᠲᠠ ᠶᠢᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ᠂ ᠭᠡᠭᠡᠨ ᠭᠤᠤᠯ ᠬᠤᠲᠠ ᠶᠢᠨ ᠠᠮᠤ ᠪᠤᠳᠠᠭ᠎ᠠ ᠪᠠ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ ᠶᠢᠨ ᠫᠠᠶᠢᠰᠠ ᠶᠢ ᠨᠡᠮᠡᠵᠦ ᠡᠯᠭᠦᠨ᠎ᠡ᠃     ᠨᠢᠭᠡ ᠂ ᠭᠤᠣᠯ ᠡᠭᠦᠷᠭᠡ ᠬᠠᠷᠢᠭᠤᠴᠠᠯᠭ᠎ᠠ     ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠬᠥᠭᠵᠢᠭᠦᠯᠦᠯᠲᠡ ᠥᠭᠡᠷᠡᠴᠢᠯᠡᠯᠲᠡ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠦ ᠶᠢᠨ ᠪᠣᠳᠣᠯᠭ᠎ᠠ ᠶᠢ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶ᠎ᠠ ᠶᠢᠨ ᠬᠠᠮᠢᠶ᠎ᠠ ᠪᠦᠬᠦᠢ ᠰᠢᠢᠳᠪᠦᠷᠢᠲᠦ ᠪᠣᠳᠣᠯᠭ᠎ᠠ ᠶᠢᠨ ᠪᠠᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠨᠢ᠄     ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠠᠵᠢᠯ ᠤᠨ ᠲᠤᠬᠠᠶ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠬᠡᠷᠡᠭᠵᠢᠭᠦᠯᠵᠦ᠂ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠤᠷᠲᠤᠪᠲᠤᠷ ᠬᠤᠭᠤᠴᠠᠭᠠᠨ ᠤ ᠲᠥᠯᠥᠪᠵᠢᠭᠦᠯᠭᠡ ᠪᠣᠯᠤᠨ ᠣᠨ ᠤ ᠲᠥᠯᠥᠪᠯᠡᠭᠡ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠪᠥᠬᠦ ᠬᠤᠲᠠ ᠶᠢᠨ ᠲᠥᠯᠥᠪᠵᠢᠭᠦᠯᠭᠡ ᠶᠢᠨ ᠲᠤᠭᠲᠠᠯᠴᠠᠭ᠎ᠠ ᠶᠢ ᠲᠦᠷᠦᠭᠦᠯᠡᠨ ᠵᠣᠬᠢᠶᠠᠨ ᠪᠠᠶᠢᠭᠤᠯᠵᠤ᠂ ᠣᠷᠣᠨ ᠪᠦᠰᠡ ᠶᠢᠨ ᠴᠢᠨᠠᠷᠲᠠᠶ ᠶᠡᠷᠦᠩᠬᠡᠶᠢᠯᠡᠭᠰᠡᠨ ᠲᠦᠯᠦᠪᠵᠢᠭᠦᠯᠬᠡ᠂ ᠭᠤᠤᠯᠳᠠᠯᠭ᠎ᠠ ᠲᠠᠢ ᠲᠤᠰᠬᠠᠶ ᠵᠦᠢᠯ ᠤᠨ ᠲᠦᠯᠦᠪᠵᠢᠭᠦᠯᠭᠡ᠂ ᠣᠷᠣᠨ ᠪᠦᠰᠡ ᠶᠢᠨ ᠲᠦᠯᠦᠪᠵᠢᠭᠦᠯᠭᠡ ᠂ ᠣᠷᠣᠨ ᠵᠠᠶ ᠶᠢᠨ ᠲᠥᠯᠥᠪᠵᠢᠭᠦᠯᠭᠡ ᠶᠢ ᠪᠥᠬᠦ ᠬᠤᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠯᠦᠭᠡ ᠨᠢᠭᠡᠳᠦᠯᠲᠡᠶ ᠲᠥᠯᠥᠪᠯᠡᠨ ᠵᠣᠯᠭᠠᠭᠤᠯᠬᠤ ᠶᠢ ᠬᠠᠷᠢᠭᠤᠴᠠᠨ᠎ᠠ ᠃ ᠬᠤᠲᠠ ᠶᠢᠨ ᠵᠠᠰᠠᠭ ᠤᠨ ᠣᠷᠳᠣᠨ ᠤ ᠬᠥᠭᠵᠢᠯᠲᠡ ᠶᠢᠨ ᠣᠶᠤᠨ ᠤ ᠬᠥᠮᠥᠷᠭᠡ ᠶᠢᠨ ᠪᠠᠶᠢᠭᠤᠯᠤᠯᠳᠠ ᠶᠢ ᠵᠣᠬᠢᠶᠠᠨ ᠪᠠᠶᠢᠭᠤᠯᠵᠤ᠂ ᠴᠢᠬᠤᠯᠠ ᠶᠡᠭᠡ ᠠᠵᠤ ᠠᠬᠤᠢ ᠨᠡᠶᠢᠭᠡᠮ ᠤᠨ ᠠᠮᠢ ᠠᠬᠤᠢ ᠶᠢᠨ ᠰᠣᠶᠣᠯ ᠵᠡᠷᠭᠡ ᠴᠢᠬᠤᠯᠠ ᠶᠡᠭᠡ ᠬᠡᠷᠡᠭ ᠶᠠᠪᠤᠳᠠᠯ ᠪᠠ ᠠᠰᠠᠭᠤᠳᠠᠯ ᠤᠨ ᠰᠤᠳᠤᠯᠭᠠᠨ ᠢ ᠥᠷᠨᠢᠭᠦᠯᠵᠦ᠂ ᠲᠥᠰᠦᠯ ᠤᠨ ᠮᠡᠳᠡᠭᠦᠯᠦᠯᠲᠡ ᠳᠤᠷᠠᠳᠤᠨ᠎ᠠ᠃ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ᠂ ᠠᠵᠤ ᠠᠬᠤᠶ ᠶᠢᠨ ᠪᠠᠶᠢᠭᠤᠯᠤᠯ ᠤᠨ ᠥᠭᠡᠷᠡᠴᠢᠯᠡᠯᠲᠡ ᠪᠣᠯᠤᠨ ᠭᠠᠳᠠᠭᠠᠳᠤ ᠨᠡᠭᠡᠭᠡᠯᠲᠡ ᠶᠢᠨ ᠬᠤᠯᠪᠣᠭᠳᠠᠯ ᠪᠦᠬᠦᠢ ᠮᠡᠳᠡᠭᠦᠯᠦᠯᠲᠡ ᠶᠢᠨ ᠲᠥᠰᠦᠯ ᠵᠢᠴᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ ᠪᠢᠴᠢᠨ᠎ᠡ᠃     ︵ᠬᠤᠶᠠᠷ︶ ᠤᠳᠤ ᠦᠶ᠎ᠡ ᠶᠢᠨ ᠠᠵᠤ ᠠᠬᠤᠢ ᠶᠢᠨ ᠲᠤᠭᠲᠠᠯᠴᠠᠭ᠎ᠠ ᠶᠢ ᠲᠦᠷᠭᠡᠳᠬᠡᠨ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠡᠷᠦᠩᠬᠡᠢ ᠬᠠᠷᠠᠯᠲᠠ᠂ ᠴᠢᠬᠤᠯᠠ ᠶᠡᠭᠡ ᠡᠭᠦᠷᠭᠡ ᠵᠢᠴᠢ ᠬᠤᠯᠪᠣᠭᠳᠠᠯ ᠪᠦᠬᠦᠢ ᠠᠵᠢᠯ ᠢ ᠳᠤᠷᠠᠳᠪᠠ᠃ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ᠂ ᠴᠢᠬᠤᠯᠠ ᠶᠡᠭᠡ ᠲᠥᠷᠥ ᠶᠢᠨ ᠪᠣᠳᠣᠯᠭ᠎ᠠ᠂ ᠭᠤᠤᠯᠳᠠᠯᠭ᠎ᠠ ᠲᠠᠢ ᠲᠥᠷᠥᠯ ᠵᠦᠢᠯ ᠵᠢᠴᠢ ᠲᠥᠪ ᠤᠨ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠶᠢ ᠰᠢᠮᠳᠠᠭᠤᠯᠤᠨ ᠵᠢᠯᠣᠭᠤᠳᠴᠤ ᠦᠨᠡᠯᠡᠨ ᠵᠢᠱᠢᠬᠦ ᠪᠠ ᠠᠵᠢᠯ ᠬᠡᠷᠡᠭ ᠤᠨ ᠳᠤᠮᠳᠠᠬᠢ ᠪᠠ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠨ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠢᠶ᠎ᠠ ᠪᠥᠬᠦᠶ ᠲᠣᠬᠢᠷᠠᠭᠤᠯᠤᠯᠲᠠ ᠬᠢᠬᠦ ᠰᠠᠨᠠᠭᠤᠯᠭ᠎ᠠ ᠳᠤᠷᠠᠳᠤᠨ᠎ᠠ᠃     ︵ᠭᠤᠷᠪᠠ︶ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠶᠢ ᠨᠢᠭᠡᠳᠦᠯᠲᠡᠢ ᠲᠥᠯᠥᠪᠯᠡᠨ ᠳᠤᠷᠠᠳᠴᠤ᠂ ᠠᠵᠤ ᠠᠬᠤᠢ ᠶᠢᠨ ᠶᠠᠪᠤᠭᠳᠠᠯ᠂ ᠶᠡᠷᠦᠩᠬᠡᠢ ᠬᠡᠮᠵᠢᠶᠡᠨ ᠤ ᠲᠡᠩᠴᠡᠭᠦᠷᠢ᠂ ᠠᠵᠤ ᠠᠬᠤᠢ ᠶᠢᠨ ᠠᠮᠤᠷ ᠲᠦᠪᠰᠢᠨ ᠪᠠ ᠠᠵᠤ ᠦᠢᠯᠡᠰ ᠤᠨ ᠠᠮᠤᠷ ᠲᠦᠪᠰᠢᠨ ᠵᠡᠷᠭᠡ ᠴᠢᠬᠤᠯᠠ ᠶᠡᠭᠡ ᠠᠰᠠᠭᠤᠳᠠᠯ ᠢ ᠰᠤᠳᠤᠯᠵᠤ᠂ ᠬᠤᠷᠸ᠎ᠠ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠬᠠᠨᠳᠤᠰᠢ ᠶᠢ ᠵᠢᠱᠢᠨ ᠰᠡᠷᠡᠮᠵᠢᠯᠡᠭᠦᠯᠵᠦ᠂ ᠬᠤᠷᠸ᠎ᠠ ᠲᠤᠬᠢᠷᠠᠭᠤᠯᠭ᠎ᠠ ᠡᠵᠡᠮᠳᠡᠯ ᠤᠨ ᠲᠦᠷᠦ ᠶᠢᠨ ᠪᠤᠳᠤᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ ᠬᠤᠷᠸ᠎ᠠ ᠠᠵᠤ ᠠᠬᠤᠶ ᠶᠢᠨ ᠲᠥᠷᠥ ᠶᠢᠨ ᠪᠣᠳᠣᠯᠭ᠎ᠠ ᠶᠢ ᠶᠡᠷᠦᠩᠬᠡᠶᠢᠯᠡᠨ ᠲᠣᠬᠢᠷᠠᠭᠤᠯᠵᠤ ᠂ ᠬᠤᠷᠸ᠎ᠠ ᠠᠵᠤ ᠠᠬᠤᠶ ᠶᠢᠨ ᠠᠷᠭᠠᠴᠠᠬᠤ ᠠᠷᠭ᠎ᠠ ᠬᠡᠮᠵᠢᠶ᠎ᠡ ᠶᠢ ᠲᠦᠷᠦᠭᠦᠯᠡᠨ ᠰᠤᠳᠤᠯᠵᠤ᠂ ᠠᠵᠤ ᠠᠬᠤᠶ ᠶᠢᠨ ᠶᠠᠪᠤᠭᠳᠠᠯ ᠢ ᠲᠣᠬᠢᠷᠠᠭᠤᠯᠤᠨ᠎ᠠ᠃ ᠪᠦᠬᠦ ᠬᠤᠲᠠ ᠶᠢᠨ ᠦᠨ᠎ᠡ ᠬᠠᠩᠰᠢ ᠶᠢ ᠲᠣᠬᠢᠷᠠᠭᠤᠯᠤᠨ ᠡᠵᠡᠮᠳᠡᠬᠦ ᠬᠠᠷᠠᠯᠲᠠ ᠶᠢ ᠳᠤᠷᠠᠳᠴᠤ᠂ ᠬᠤᠯᠪᠣᠭᠳᠠᠯ ᠪᠦᠬᠦᠢ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶᠠᠷᠤᠯᠲᠠ ᠶᠢᠨ ᠡᠷᠬᠡ ᠶᠢᠨ ᠬᠢᠵᠠᠭᠠᠷ ᠤᠨ ᠶᠣᠰᠣᠭᠠᠷ ᠴᠢᠬᠤᠯᠠ ᠲᠠᠸᠠᠷ᠂ ᠦᠢᠯᠡᠴᠢᠯᠡᠭᠡᠨ ᠤ ᠦᠨ᠎ᠡ ᠬᠠᠩᠰᠢ ᠪᠣᠯᠤᠨ ᠴᠢᠬᠤᠯᠠ ᠰᠦᠢᠳᠬᠡᠯ ᠬᠤᠷᠢᠶᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠪᠠ ᠲᠣᠬᠢᠷᠠᠭᠤᠯᠤᠨ᠎ᠠ᠃ ᠡᠳ᠋ ᠤᠨ ᠵᠠᠰᠠᠭ ᠤᠨ ᠲᠦᠷᠦ ᠶᠢᠨ ᠪᠤᠳᠤᠯᠭ᠎ᠠ᠂ ᠵᠣᠭᠤᠰᠣᠨ ᠤ ᠲᠦᠷᠦ ᠶᠢᠨ ᠪᠤᠳᠤᠯᠭ᠎ᠠ ᠪᠠ ᠭᠠᠵᠠᠷ ᠰᠢᠷᠣᠢ ᠶᠢᠨ ᠲᠦᠷᠦ ᠶᠢᠨ ᠪᠤᠳᠤᠯᠭ᠎ᠠ ᠶᠢ ᠲᠤᠭᠤᠷᠪᠢᠬᠤ ᠳᠤ ᠣᠷᠣᠯᠴᠠᠨ᠎ᠠ᠃     ︵ᠳᠦᠷᠪᠡ︶ ᠪᠦᠬᠦ ᠬᠤᠲᠠ ᠶᠢᠨ ᠠᠵᠤ ᠠᠬᠤᠢ ᠶᠢᠨ ᠪᠠᠢᠭᠤᠯᠤᠮᠵᠢ ᠶᠢᠨ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠵᠢᠯ ᠢ ᠵᠣᠬᠢᠴᠠᠭᠤᠯᠤᠨ ᠠᠬᠢᠭᠤᠯᠬᠤ ᠪᠠ ᠶᠡᠷᠦᠩᠭᠡᠶᠢᠯᠡᠨ ᠵᠣᠬᠢᠴᠠᠭᠤᠯᠵᠤ᠂ ᠬᠠᠮᠢᠶ᠎ᠠ ᠪᠦᠬᠦᠢ ᠥᠭᠡᠷᠡᠴᠢᠯᠡᠯᠲᠡ ᠶᠢᠨ ᠰᠠᠨᠠᠭᠤᠯᠭ᠎ᠠ ᠳᠤᠷᠠᠳᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢᠨ ᠬᠤᠯᠪᠣᠭᠳᠠᠯ ᠪᠦᠬᠦᠢ ᠠᠵᠢᠯ ᠢ ᠵᠣᠬᠢᠶᠠᠨ ᠪᠠᠶᠢᠭᠤᠯᠵᠤ ᠠᠬᠢᠭᠤᠯᠤᠨ᠎ᠠ᠃ ᠦᠮᠴᠢᠯᠡᠯ ᠤᠨ ᠡᠷᠬᠡ ᠶᠢᠨ ᠳᠦᠷᠢᠮ ᠪᠣᠯᠤᠨ ᠬᠦᠴᠦᠨ ᠵᠦᠢᠯ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠬᠡᠷᠡᠭᠲᠡᠶ᠃ ᠠᠵᠤ ᠠᠬᠤᠢ ᠶᠢᠨ ᠦᠨᠳᠦᠰᠦᠨ ᠲᠦᠷᠢᠮ ᠪᠠ ᠤᠳᠤ ᠦᠶ᠎ᠡ ᠶᠢᠨ ᠵᠠᠬ᠎ᠠ ᠳᠡᠯᠭᠡᠭᠦᠷ ᠤᠨ ᠲᠤᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠤᠨ ᠲᠡᠭᠦᠯᠳᠡᠷᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠳᠠᠩᠰᠠ ᠶᠢᠨ ᠲᠦᠷᠢᠮ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠤᠭᠤᠷᠪᠢᠨ᠎ᠠ᠃     ︵ᠲᠠᠪᠤ︶ ᠪᠦᠬᠦ ᠬᠤᠲᠠ ᠶᠢᠨ ᠭᠠᠳᠠᠭᠠᠳᠤ ᠪᠡᠯᠡ ᠶᠢ ᠠᠰᠢᠭᠯᠠᠬᠤ ᠪᠠ ᠬᠢᠯᠢ ᠶᠢᠨ ᠭᠠᠳᠠᠨ᠎ᠠ ᠪᠡᠯᠡ ᠣᠷᠣᠭᠤᠯᠬᠤ ᠲᠥᠯᠥᠪᠵᠢᠭᠦᠯᠭᠡ᠂ ᠪᠠᠢᠷᠢᠯᠠᠭᠤᠯᠤᠯᠲᠠ᠂ ᠲᠥᠷᠦᠯ ᠵᠦᠢᠯ ᠪᠠ ᠪᠦᠲᠦᠴᠡ ᠶᠢ ᠰᠢᠯᠢᠳᠡᠭᠵᠢᠭᠦᠯᠬᠦ ᠬᠠᠷᠠᠯᠲᠠ ᠵᠢᠴᠢ ᠲᠥᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠤᠨ᠎ᠠ᠃ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ᠃ ᠭᠠᠷᠴᠤ ᠶᠠᠪᠤᠭᠤᠯᠬᠤ ᠬᠤᠯᠪᠣᠭᠳᠠᠯ ᠪᠦᠬᠦᠢ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠡᠭᠦᠷᠭᠡᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠬᠤ ᠶᠢ ᠵᠥᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠳᠠᠩᠰᠠ ᠶᠢ ᠳᠤᠷᠠᠳᠴᠤ᠂ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠪᠦᠬᠦ ᠬᠤᠲᠠ ᠶᠢᠨ ᠭᠠᠳᠠᠭᠠᠳᠤ ᠵᠢᠭᠡᠯᠡᠯᠭᠡ ᠶᠢᠨ ᠪᠠᠶᠢᠳᠠᠯ ᠤᠨ ᠵᠠᠳᠠᠯᠤᠯᠲᠠ ᠪᠠ ᠰᠠᠨᠠᠯ ᠤᠨ ᠮᠡᠳᠡᠭᠦᠯᠦᠯᠲᠡ ᠶᠢ ᠳᠤᠷᠠᠳᠤᠨ᠎ᠠ᠃     ︵ᠵᠢᠷᠭᠤᠭ᠎ᠠ︶ ᠪᠦᠬᠦ ᠬᠤᠲᠠ ᠶᠢᠨ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠬᠠᠮᠢᠶᠠᠷᠤᠯᠲᠠ ᠶᠢ ᠬᠠᠷᠢᠭᠤᠴᠠᠵᠤ᠂ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠬᠡᠪᠴᠢᠶ᠎ᠡ ᠪᠠ ᠪᠡᠯᠡ ᠣᠷᠣᠭᠤᠯᠤᠯᠲᠠ ᠶᠢᠨ ᠪᠦᠲᠦᠴᠡ ᠶᠢᠨ ᠲᠤᠬᠢᠷᠠᠭᠤᠯᠭ᠎ᠠ ᠡᠵᠡᠮᠳᠡᠯ ᠤᠨ ᠬᠠᠷᠠᠯᠲᠠ᠂ ᠲᠥᠷᠦ ᠶᠢᠨ ᠪᠣᠳᠣᠯᠭ᠎ᠠ ᠵᠢᠴᠢ ᠠᠷᠭ᠎ᠠ ᠬᠡᠮᠵᠢᠶ᠎ᠡ ᠶᠢ ᠲᠤᠭᠤᠷᠪᠢᠨ᠎ᠠ᠃ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠡᠷᠬᠡ ᠶᠢᠨ ᠬᠢᠵᠠᠭᠠᠷ ᠪᠣᠯᠤᠨ ᠵᠠᠰᠠᠭ ᠤᠨ ᠣᠷᠳᠣᠨ ᠤ ᠬᠢᠨᠠᠨ ᠵᠥᠪᠰᠢᠶᠡᠷᠡᠬᠦ ᠲᠥᠷᠥᠯ ᠵᠦᠢᠯ ᠤᠨ ᠭᠠᠷᠴᠠᠭ ᠢ ᠲᠤᠭᠤᠷᠪᠢᠬᠤ ᠶᠢ ᠳᠤᠷᠠᠳᠬᠤ ᠬᠡᠷᠡᠭᠲᠡᠶ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ ᠡᠳ᠋ ᠤᠨ ᠵᠠᠰᠠᠭ ᠤᠨ ᠴᠢᠨᠠᠷᠲᠠᠶ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠲᠣᠬᠢᠷᠠᠭᠤᠯᠵᠤ᠂ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠴᠢᠬᠤᠯᠠ ᠶᠡᠭᠡ ᠲᠥᠷᠥᠯ ᠵᠦᠢᠯ ᠢ ᠬᠢᠨᠠᠨ ᠵᠥᠪᠰᠢᠶᠡᠷᠡᠵᠦ᠂ ᠬᠠᠷᠭᠤᠭᠤᠯᠤᠨ ᠵᠦᠪᠰᠢᠶᠡᠷᠡᠵᠦ᠂ ᠬᠢᠨᠠᠨ ᠬᠠᠷᠭᠤᠭᠤᠯᠤᠨ᠎ᠠ᠃ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠵᠦᠢᠯᠡᠰ ᠪᠠ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠳᠠ ᠶᠢ ᠨᠢᠭᠡᠳᠦᠯᠲᠡᠢ ᠲᠦᠯᠦᠪᠯᠡᠵᠦ᠂ ᠭᠤᠣᠯᠳᠠᠯᠭ᠎ᠠ ᠲᠠᠢ ᠵᠦᠢᠯᠡᠰ ᠤᠨ ᠪᠦᠲᠦᠭᠡᠨ ᠪᠠᠶᠢᠭᠤᠯᠤᠯᠲᠠ ᠪᠠ ᠵᠦᠢᠯᠡᠰ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ᠎ᠠ᠃ ᠠᠷᠠᠳ ᠤᠨ ᠬᠦᠷᠦᠩᠭᠡ ᠶᠢᠨ ᠪᠡᠯᠡ ᠣᠷᠣᠭᠤᠯᠤᠯᠲᠠ ᠶᠢ ᠵᠣᠷᠢᠭᠵᠢᠭᠤᠯᠬᠤ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠤᠷᠪᠢᠬᠤ ᠪᠥᠭᠡᠳ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠭᠠᠳᠠᠭᠠᠳᠤ ᠶᠢᠨ ᠵᠢᠭᠡᠯᠡᠯᠭᠡ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠷᠡᠭᠯᠡᠯᠲᠡ ᠶᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ ᠬᠤᠲᠠ ᠶᠢᠨ ᠱᠠᠲᠤᠨ ᠤ ᠵᠠᠰᠠᠭ ᠤᠨ ᠣᠷᠳᠣᠨ ᠤ ᠴᠢᠨᠠᠷᠲᠠᠢ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠲᠥᠯᠥᠪᠯᠡᠭᠡ ᠶᠢ ᠨᠢᠭᠡᠳᠦᠯᠲᠡᠢ ᠲᠥᠯᠥᠪᠯᠡᠨ ᠳᠤᠷᠠᠳᠤᠨ᠎ᠠ᠃ ᠢᠨᠵᠧᠨᠧᠷᠢᠩ ᠤᠨ ᠯᠠᠪᠯᠠᠭ᠎ᠠ ᠶᠢᠨ ᠦᠢᠯᠡᠰ ᠤᠨ ᠬᠥᠭᠵᠢᠯᠲᠡ ᠶᠢ ᠵᠢᠯᠣᠭᠤᠳᠤᠨ᠎ᠠ᠃     ︵ᠲᠤᠯᠤᠭ᠎ᠠ︶ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠨᠢᠭᠡᠳᠦᠯᠲᠡᠢ ᠲᠥᠯᠥᠪᠯᠡᠨ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠬᠡᠷᠡᠭᠵᠢᠭᠦᠯᠬᠦ ᠲᠥᠰᠦᠯ ᠪᠠ ᠲᠦᠷᠦ ᠶᠢᠨ ᠪᠤᠳᠤᠯᠭ᠎ᠠ ᠶᠢ ᠵᠣᠬᠢᠶᠠᠨ ᠪᠠᠶᠢᠭᠤᠯᠵᠤ ᠲᠤᠭᠤᠷᠪᠢᠨ᠎ᠠ᠃ ᠪᠦᠬᠦ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠬᠠᠮᠲᠤᠷᠠᠯᠴᠠᠭᠠᠨ ᠤ ᠴᠢᠬᠤᠯᠠ ᠶᠡᠭᠡ ᠵᠦᠢᠯᠡᠰ ᠪᠠ ᠠᠵᠢᠯ ᠲᠦᠷᠦᠯ ᠢᠶᠠᠷ ᠲᠤᠰᠠᠯᠠᠬᠤ ᠠᠵᠢᠯ ᠢ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠴᠥᠭᠡᠨ ᠲᠣᠭᠠᠲᠤ ᠦᠨᠳᠦᠰᠦᠲᠡᠨ ᠤ ᠣᠷᠣᠨ ᠬᠢᠯᠢ ᠬᠢᠵᠠᠭᠠᠷ ᠣᠷᠣᠨ ᠶᠠᠳᠠᠭᠤ ᠬᠦᠴᠢᠷᠳᠡᠯᠲᠡᠶ ᠣᠷᠣᠨ ᠵᠢᠴᠢ ᠪᠤᠰᠤᠳ ᠤᠨᠴᠠ ᠬᠦᠴᠢᠷᠳᠡᠯᠲᠡᠶ ᠭᠠᠵᠠᠷ ᠣᠷᠣᠨ ᠤ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠤᠨᠳᠤᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠵᠡᠷᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠲᠠ ᠬᠥᠳᠡᠭᠡ ᠶᠢᠨ ᠠᠭᠤᠰᠤᠯᠴᠠᠯ ᠬᠢᠭᠡᠳ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢᠨ ᠬᠠᠮᠲᠤ ᠬᠡᠷᠡᠭᠵᠢᠭᠦᠯᠬᠦ ᠶᠢ ᠠᠬᠢᠭᠤᠯᠤᠨ᠎ᠠ᠃     ︵ᠨᠠᠢᠮᠠ︶ ᠶᠡᠷᠦᠩᠬᠡᠶᠢᠯᠡᠭᠰᠡᠨ ᠴᠢᠨᠠᠷᠲᠠᠶ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢᠨ ᠬᠠᠮᠲᠤ᠂ ᠬᠠᠮᠢᠶ᠎ᠠ ᠪᠦᠬᠦᠢ ᠬᠥᠭᠵᠢᠯᠲᠡ ᠶᠢᠨ ᠲᠦᠯᠦᠪᠵᠢᠭᠦᠯᠭᠡ ᠶᠢ ᠴᠢᠬᠤᠯᠠ ᠶᠡᠭᠡ ᠲᠥᠷᠥ ᠶᠢᠨ ᠪᠣᠳᠣᠯᠭ᠎ᠠ ᠯᠤᠭ᠎ᠠ ᠨᠢᠭᠡᠳᠦᠯᠲᠡᠶ ᠲᠥᠯᠥᠪᠯᠡᠨ ᠵᠣᠯᠭᠠᠭᠤᠯᠬᠤ ᠶᠢ ᠰᠠᠶᠢᠲᠤᠷ ᠬᠢᠨ᠎ᠡ᠃ ᠪᠦᠬᠦ  ᠬᠤᠲᠠ ᠶᠢᠨ ᠦᠢᠯᠡᠴᠢᠯᠡᠭᠡᠨ ᠤ ᠦᠢᠯᠡᠰ᠂ ᠣᠳᠣ ᠦᠶ᠎ᠡ ᠶᠢᠨ ᠪᠠᠷᠠᠭ᠎ᠠ ᠶᠢᠨ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠲᠦᠯᠦᠪᠵᠢᠭᠦᠯᠭᠡ ᠪᠠ ᠲᠥᠷᠦ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠬᠤ ᠶᠢᠨ ᠬᠠᠮᠲᠤ ᠬᠡᠷᠡᠭᠵᠢᠭᠦᠯᠬᠦ ᠶᠢ ᠠᠬᠢᠭᠤᠯᠵᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ᠰᠠᠭᠤᠷᠢ ᠪᠡᠯᠡᠳᠬᠡᠮᠵᠢ ᠶᠢᠨ ᠬᠥᠭᠵᠢᠯᠲᠡ ᠶᠢ ᠵᠣᠬᠢᠴᠠᠩᠭᠤᠶ ᠪᠠᠷ ᠠᠬᠢᠭᠤᠯᠵᠤ᠂ ᠲᠥᠯᠥᠪᠵᠢᠭᠦᠯᠭᠡ᠂ ᠲᠥᠰᠦᠯ ᠪᠣᠯᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠨ᠎ᠠ᠃ ᠬᠡᠷᠡᠭᠯᠡᠭᠡᠨ ᠤ ᠬᠤᠪᠢᠷᠠᠯᠲᠠ ᠶᠢᠨ ᠬᠠᠨᠳᠤᠰᠢ ᠶᠢ ᠶᠡᠷᠦᠩᠬᠡᠶᠢᠯᠡᠨ ᠰᠤᠳᠤᠯᠤᠨ ᠮᠠᠭᠠᠳᠯᠠᠵᠤ᠂ ᠬᠡᠷᠡᠭᠯᠡᠭᠡ ᠶᠢ ᠠᠬᠢᠭᠤᠯᠬᠤ ᠶᠡᠷᠦᠩᠬᠡᠶᠢᠯᠡᠭᠰᠡᠨ ᠴᠢᠨᠠᠷᠲᠠᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠵᠤ ᠬᠡᠷᠡᠭᠵᠢᠭᠦᠯᠦᠨ᠎ᠡ᠃     ︵ᠶᠢᠰᠦ︶ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠠᠬᠢᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠨ᠎ᠡ ᠶᠢ ᠡᠭᠦᠳᠬᠦ ᠪᠠ ᠳᠡᠭᠡᠳᠤ ᠮᠡᠷᠭᠡᠵᠢᠯ ᠤᠨ ᠬᠥᠭᠵᠢᠯᠲᠡ ᠶᠢ ᠠᠬᠢᠭᠤᠯᠬᠤ ᠲᠥᠯᠥᠪᠵᠢᠭᠦᠯᠪᠡ᠂ ᠲᠥᠷᠦ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠰᠢᠨ᠎ᠡ ᠶᠢ ᠡᠭᠦᠳᠬᠦ ᠬᠥᠭᠵᠢᠯᠲᠡ ᠪᠠ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ ᠪᠤᠶᠢᠵᠢᠭᠤᠯᠬᠤ ᠲᠥᠷᠦ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠲᠠ ᠶᠢᠨ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠰᠠᠭᠤᠷᠢ ᠪᠡᠯᠡᠳᠬᠡᠮᠵᠢ ᠶᠢ ᠲᠥᠯᠥᠪᠵᠢᠭᠦᠯᠦᠨ ᠪᠠᠶᠢᠷᠢᠰᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ ᠂ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠰᠠᠨᠠᠭᠤᠯᠭ᠎ᠠ ᠳᠤᠷᠠᠳᠤᠨ᠎ᠠ᠃ ᠠᠵᠤ ᠦᠢᠯᠡᠰ ᠤᠨ ᠲᠡᠰ ᠳᠡᠪᠰᠢᠬᠦ᠂ ᠴᠢᠬᠤᠯᠠ ᠶᠡᠭᠡ ᠮᠡᠷᠭᠡᠵᠢᠯ ᠤᠨ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ ᠵᠡᠷᠭᠡ ᠲᠠᠯ᠎ᠠ ᠶᠢᠨ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃  ᠁    ︵ᠠᠷᠪᠠ︶ ᠠᠵᠤ ᠠᠬᠤᠶ ᠶᠢᠨ ᠠᠮᠤᠷ ᠲᠦᠪᠰᠢᠨ᠂ ᠠᠮᠢ ᠠᠬᠤᠶ ᠶᠢᠨ ᠠᠮᠤᠷ ᠲᠦᠪᠰᠢᠨ᠂ ᠡᠬᠢ ᠪᠠᠶᠠᠯᠢᠭ ᠤᠨ ᠠᠮᠤᠷ ᠲᠦᠪᠰᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠦᠪᠰᠢᠨ ᠵᠡᠷᠭᠡ ᠳᠤ ᠬᠤᠯᠪᠣᠭᠳᠠᠭᠰᠠᠨ ᠡᠯ᠎ᠡ ᠲᠥᠷᠥᠯ ᠤᠨ ᠲᠦᠭᠰᠢᠭᠦᠷᠢ ᠶᠢᠨ ᠳᠠᠯᠳᠠ ᠬᠡᠮ ᠢ ᠮᠥᠷᠳᠡᠨ ᠰᠤᠳᠤᠯᠵᠤ ᠮᠠᠭᠠᠳᠯᠠᠨ᠂ ᠬᠠᠮᠢᠶ᠎ᠠ ᠪᠥᠬᠦᠶ ᠠᠵᠢᠯ ᠤᠨ ᠰᠠᠨᠠᠭᠤᠯᠭ᠎ᠠ ᠳᠤᠷᠠᠳᠤᠨ᠎ᠠ᠃ ᠠᠵᠤ ᠠᠬᠤᠢ᠂ ᠠᠮᠢ ᠠᠬᠤᠢ᠂ ᠡᠬᠢ ᠪᠠᠶᠠᠯᠢᠭ ᠵᠡᠷᠭᠡ ᠭᠤᠣᠯᠳᠠᠯᠭ᠎ᠠ ᠲᠠᠢ ᠬᠦᠷᠢᠶᠡᠨ ᠤ ᠤᠯᠤᠰ ᠤᠨ ᠠᠮᠤᠷ ᠲᠦᠪᠰᠢᠨ ᠤ ᠠᠵᠢᠯ ᠢ ᠵᠣᠬᠢᠴᠠᠩᠭᠤᠢ ᠬᠥᠭᠵᠢᠭᠦᠯᠬᠦ ᠰᠠᠨᠠᠭᠤᠯᠭ᠎ᠠ ᠳᠤᠷᠠᠳᠤᠨ᠎ᠠ᠃ ᠠᠵᠤ ᠠᠬᠤᠢ ᠶᠢᠨ ᠶᠠᠪᠤᠭᠳᠠᠯ ᠤᠨ ᠪᠠᠶᠢᠳᠠᠯ ᠢ ᠦᠨᠳᠦᠰᠦᠯᠡᠨ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠤ ᠶᠡᠷᠦᠩᠬᠡᠢ ᠬᠡᠮᠵᠢᠶᠡᠨ ᠤ ᠲᠥᠯᠥᠪᠯᠡᠭᠡ ᠳᠤ ᠲᠤᠬᠢᠷᠡᠭᠤᠯᠦᠯᠳᠠ ᠬᠢᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠥᠭᠡᠴᠡ ᠡᠳ᠋ ᠪᠣᠳᠠᠰ ᠤᠨ ᠶᠡᠷᠦᠩᠬᠡᠢ ᠬᠥᠭᠵᠢᠯᠲᠡ ᠶᠢᠨ ᠲᠥᠯᠥᠪᠵᠢᠭᠦᠯᠭᠡ᠂ ᠲᠦᠷᠦᠯ ᠵᠦᠢᠯ ᠤᠨ ᠭᠠᠷᠴᠠᠭ ᠢ ᠲᠤᠭᠤᠷᠪᠢᠨ ᠲᠣᠭᠲᠠᠭᠠᠨ᠎ᠠ᠃      ︵ᠠᠷᠪᠠᠨ ᠨᠢᠭᠡ︶ ᠪᠦᠬᠦ ᠬᠤᠲᠠ ᠶᠢᠨ ᠨᠡᠶᠢᠭᠡᠮ ᠤᠨ ᠬᠥᠭᠵᠢᠯᠲᠡ ᠶᠢ ᠤᠯᠤᠰ ᠠᠷᠠᠳ ᠤᠨ ᠠᠵᠤ ᠠᠬᠤᠢ ᠶᠢᠨ ᠬᠥᠭᠵᠢᠯᠲᠡ ᠶᠢᠨ ᠲᠥᠷᠦ ᠶᠢᠨ ᠪᠣᠳᠣᠯᠭ᠎ᠠ ᠲᠠᠢ ᠵᠣᠯᠭᠠᠯᠳᠤᠭᠤᠯᠬᠤ᠂ ᠬᠠᠮᠢᠶ᠎ᠠ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠬᠤ ᠬᠠᠷᠢᠭᠤᠴᠠᠨ᠎ᠠ᠃ ᠨᠡᠶᠢᠭᠡᠮ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠶᠡᠷᠦᠩᠬᠡᠶ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠤᠭᠲᠠᠯᠴᠠᠭ᠎ᠠ ᠶᠢᠨ ᠪᠠᠶᠢᠭᠤᠯᠤᠯᠲᠠ ᠪᠣᠯᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠬᠡᠷᠡᠭᠯᠡᠭᠡᠨ ᠤ ᠳᠦᠷᠢᠮ ᠤᠨ ᠥᠭᠡᠷᠡᠴᠢᠯᠡᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠠᠵᠢᠯ ᠣᠯᠭᠤᠯᠲᠠ ᠶᠢ ᠠᠬᠢᠭᠤᠯᠬᠤ᠂ ᠨᠡᠶᠢᠭᠡᠮ ᠤᠨ ᠪᠠᠲᠤᠯᠠᠭ᠎ᠠ ᠶᠢ ᠲᠡᠭᠦᠯᠳᠡᠷᠵᠢᠭᠦᠯᠬᠦ ᠬᠢᠭᠡᠳ ᠠᠵᠤ ᠠᠬᠤᠶ ᠶᠢ ᠵᠣᠬᠢᠴᠠᠩᠭᠤᠶ ᠬᠦᠭᠵᠢᠭᠦᠯᠬᠦ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠨᠡᠶᠢᠭᠡᠮ ᠤᠨ ᠢᠲᠡᠭᠡᠮᠵᠢ ᠶᠢᠨ ᠲᠤᠭᠲᠠᠯᠴᠠᠭ᠎ᠠ ᠶᠢᠨ ᠪᠠᠶᠢᠭᠤᠯᠤᠯᠲᠠ ᠶᠢ ᠥᠷᠨᠢᠭᠦᠯᠦᠨ᠎ᠡ᠃     ︵ᠠᠷᠪᠠᠨ ᠬᠤᠶᠠᠷ︶ ᠦᠷᠭᠦᠯᠵᠢᠯᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠠᠬᠢᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠣᠯᠤᠨ ᠥᠭᠡᠷᠡᠴᠢᠯᠡᠯᠲᠡ ᠶᠢ ᠠᠬᠢᠭᠤᠯᠵᠤ᠂ ᠠᠮᠢ ᠠᠬᠤᠶ ᠶᠢᠨ ᠪᠣᠯᠪᠠᠰᠤᠨ ᠤ ᠬᠠᠷᠠᠯᠲᠠ ᠶᠢ ᠰᠢᠯᠭᠠᠨ ᠦᠨᠡᠯᠡᠬᠦ ᠪᠠ ᠳᠦᠷᠢᠮ ᠤᠨ ᠲᠤᠭᠲᠠᠯᠴᠠᠭ᠎ᠠ ᠶᠢᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠵᠣᠬᠢᠶᠠᠨ ᠪᠠᠶᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠢ ᠰᠡᠷᠭᠦᠭᠡᠬᠦ᠂ ᠡᠨᠧᠷᠭᠢ ᠡᠬᠢ ᠪᠠᠶᠠᠯᠢᠭ ᠢ ᠠᠷᠪᠢᠯᠠᠬᠤ ᠪᠠ ᠶᠡᠷᠦᠩᠬᠡᠶᠢᠯᠡᠨ ᠠᠰᠢᠭᠯᠠᠬᠤ ᠵᠡᠷᠭᠡ ᠠᠵᠢᠯ ᠢ ᠵᠣᠬᠢᠴᠠᠭᠤᠯᠵᠤ᠂ ᠲᠠᠷᠢᠶᠠᠯᠠᠩ ᠮᠠᠯ ᠠᠵᠤ ᠠᠬᠤᠶ ᠪᠣᠯᠤᠨ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠠᠰᠠᠭᠤᠳᠠᠯ ᠤᠨ ᠪᠠᠶᠢᠴᠠᠭᠠᠨ ᠰᠤᠳᠤᠯᠤᠯᠲᠠ ᠶᠢ ᠥᠷᠨᠢᠭᠦᠯᠦᠨ᠎ᠡ᠃ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠥᠷᠢ ᠶᠢᠨ ᠲᠣᠭᠲᠠᠴᠠ ᠶᠢ ᠪᠦᠷᠢᠨᠰᠢᠬᠦᠯᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠳᠤᠷᠠᠳᠴᠤ᠂ ᠣᠷᠴᠢᠨ ᠠᠬᠤᠢ ᠶᠢᠨ ᠬᠠᠮᠠᠭᠠᠯᠠᠯᠲᠠ ᠶᠢᠨ ᠠᠵᠤ ᠦᠢᠯᠡᠰ ᠪᠠ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠬᠤᠯᠪᠣᠭᠳᠠᠯ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠤᠨ᠎ᠠ᠃ ᠡᠨᠧᠷᠭᠢ ᠶᠢᠨ ᠬᠡᠷᠡᠭᠯᠡᠭᠡ ᠶᠢ ᠡᠵᠡᠮᠳᠡᠬᠦ ᠬᠠᠷᠠᠯᠲᠠ᠂ ᠡᠭᠦᠷᠭᠡ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃     ︵ᠠᠷᠪᠠᠨ ᠭᠤᠷᠪᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠤ ᠠᠬᠤᠶ ᠶᠢᠨ ᠪᠦᠲᠦᠭᠡᠨ ᠪᠠᠶᠢᠭᠤᠯᠤᠯᠲᠠ ᠬᠢᠭᠡᠳ ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠣᠬᠢᠴᠠᠩᠭᠤᠶ ᠪᠠᠷ ᠬᠥᠭᠵᠢᠬᠦ ᠶᠢ ᠠᠬᠢᠭᠤᠯᠬᠤ ᠪᠠᠶᠢᠯᠳᠤᠬᠤ ᠪᠣᠳᠣᠯᠭ᠎ᠠ ᠪᠣᠯᠤᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠴᠡᠷᠢᠭ ᠤᠨ ᠬᠡᠷᠡᠭᠯᠡᠭᠡ ᠪᠠ ᠠᠷᠠᠳ ᠤᠨ ᠬᠡᠷᠡᠭᠯᠡᠭᠡ ᠶᠢ ᠠᠭᠤᠰᠤᠯᠳᠤᠭᠤᠯᠤᠨ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢ ᠠᠬᠢᠭᠤᠯᠵᠤ᠂ ᠤᠯᠤᠰ ᠤᠨ ᠤᠯᠤᠰ ᠠᠷᠠᠳ ᠤᠨ ᠠᠵᠤ ᠠᠬᠤᠢ ᠶᠢᠨ ᠲᠠᠶᠢᠴᠢᠯᠠᠯᠳᠠ ᠶᠢᠨ ᠲᠦᠷᠦ ᠶᠢᠨ ᠪᠤᠳᠤᠯᠭ᠎ᠠ᠂ ᠲᠥᠯᠥᠪᠵᠢᠭᠦᠯᠭᠡ᠂ ᠲᠥᠯᠥᠪᠯᠡᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠠᠷᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠤᠯᠤᠰ ᠠᠷᠠᠳ ᠤᠨ ᠠᠵᠤ ᠠᠬᠤᠢ ᠶᠢᠨ ᠲᠠᠶᠢᠴᠢᠯᠠᠯᠳᠠ ᠶᠢᠨ ᠬᠤᠯᠪᠣᠭᠳᠠᠯ ᠪᠦᠬᠦᠢ ᠠᠵᠢᠯ ᠢ ᠵᠣᠬᠢᠴᠠᠭᠤᠯᠤᠨ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃     ︵ᠠᠷᠪᠠᠨ ᠳᠥᠷᠪᠡ︶ ᠣᠳᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠣᠯᠤᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠡᠨᠧᠷᠭᠢ ᠶᠢᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠯᠥᠪᠯᠡᠭᠡ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠨᠧᠷᠭᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠠᠬᠢᠭᠤᠯᠵᠤ᠂ ᠬᠤᠯᠪᠣᠭᠳᠠᠯ ᠪᠦᠬᠦᠢ ᠥᠭᠡᠷᠡᠴᠢᠯᠡᠯᠲᠡ ᠶᠢᠨ ᠲᠥᠰᠦᠯ ᠢ ᠵᠣᠬᠢᠶᠠᠨ ᠪᠠᠶᠢᠭᠤᠯᠤᠨ ᠲᠣᠭᠲᠠᠭᠠᠵᠤ᠂ ᠡᠨᠧᠷᠭᠢ ᠶᠢᠨ ᠬᠥᠭᠵᠢᠯᠲᠡ ᠪᠠ ᠥᠭᠡᠷᠡᠴᠢᠯᠡᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ᠎ᠠ᠃ ᠪᠦᠬᠦ ᠬᠤᠲᠠ ᠶᠢᠨ ᠡᠨᠧᠷᠭᠢ ᠶᠢᠨ ᠨᠡᠭᠡᠭᠡᠯᠲᠡ᠂ ᠶᠠᠪᠤᠭᠳᠠᠯ ᠪᠠ ᠬᠠᠮᠢᠶᠠᠷᠤᠯᠲᠠ ᠶᠢ ᠬᠠᠷᠢᠭᠤᠴᠠᠵᠤ᠂ ᠡᠨᠧᠷᠭᠢ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ ᠬᠠᠮᠠᠭᠠᠯᠠᠨ᠎ᠠ᠃ ᠡᠨᠧᠷᠭᠢ ᠲᠠᠢ ᠬᠤᠯᠪᠤᠭᠳᠠᠬᠤ ᠡᠬᠢ ᠪᠠᠶᠠᠯᠢᠭ᠂ ᠡᠳ᠋ ᠤᠨ ᠵᠠᠰᠠᠭ ᠭᠠᠶᠢᠯᠢ᠂ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠲᠥᠷᠦ ᠶᠢᠨ ᠪᠣᠳᠣᠯᠭ᠎ᠠ ᠶᠢ ᠲᠣᠭᠲᠠᠭᠠᠬᠤ ᠳᠤ ᠣᠷᠣᠯᠴᠠᠵᠤ᠂ ᠲᠣᠭᠲᠠᠭᠰᠠᠨ ᠡᠷᠬᠡ ᠶᠢᠨ ᠬᠢᠵᠠᠭᠠᠷ ᠶᠣᠰᠣᠭᠠᠷ ᠪᠦᠬᠦ ᠬᠤᠲᠠ ᠶᠢᠨ ᠡᠨᠧᠷᠭᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠷᠦᠯ ᠵᠦᠢᠯ ᠢ ᠬᠢᠨᠠᠨ ᠵᠥᠪᠰᠢᠶᠡᠷᠡᠵᠦ᠂ ᠬᠠᠷᠭᠤᠭᠤᠯᠤᠨ ᠵᠦᠪᠰᠢᠶᠡᠷᠡᠵᠦ᠂ ᠳᠠᠩᠰᠠᠯᠠᠨ ᠲᠡᠮᠳᠡᠭᠯᠡᠵᠦ᠂ ᠬᠢᠨᠠᠨ ᠬᠠᠷᠭᠤᠭᠤᠯᠬᠤ ᠶᠢ ᠰᠢᠯᠵᠢᠭᠦᠯᠦᠨ ᠮᠡᠳᠡᠭᠦᠯᠦᠨ᠎ᠡ᠃ ᠪᠦᠬᠦ ᠬᠤᠲᠠ ᠶᠢᠨ ᠡᠨᠧᠷᠭᠢ ᠶᠢᠨ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠥᠷᠨᠢᠭᠦᠯᠬᠦ ᠶᠢ ᠬᠠᠷᠢᠭᠤᠴᠠᠵᠤ᠂ ᠭᠠᠵᠠᠷ ᠣᠷᠣᠨ ᠤ ᠬᠤᠭᠤᠷᠣᠨᠳᠣᠬᠢ ᠪᠠ ᠬᠢᠯᠢ ᠶᠢᠨ ᠭᠠᠳᠠᠨᠠᠬᠢ ᠡᠨᠧᠷᠭᠢ ᠶᠢ ᠨᠡᠭᠡᠭᠡᠨ ᠠᠰᠢᠭᠯᠠᠬᠤ ᠠᠵᠢᠯ ᠢ ᠵᠣᠬᠢᠴᠠᠭᠤᠯᠤᠨ᠎ᠠ᠃     ︵ᠠᠷᠪᠠᠨ ᠲᠠᠪᠤ︶ ᠪᠦᠬᠦ ᠬᠤᠲᠠ ᠶᠢᠨ ᠨᠡᠭᠦᠷᠡᠰᠦ᠂ ᠴᠠᠬᠢᠯᠭᠠᠨ ᠬᠦᠴᠦᠨ᠂ ᠴᠢᠯᠠᠭᠤᠨ ᠲᠣᠰᠣ᠂ ᠪᠠᠶᠢᠭᠠᠯᠢ ᠶᠢᠨ ᠰᠢᠲᠠᠮᠠᠬᠠᠶ ᠬᠡᠢ᠂ ᠰᠢᠨ᠎ᠡ ᠡᠨᠧᠷᠭᠢ ᠪᠠ ᠳᠠᠬᠢᠨ ᠡᠭᠦᠰᠴᠦ ᠪᠣᠯᠬᠤ ᠡᠨᠧᠷᠭᠢ ᠵᠢᠴᠢ ᠲᠣᠰᠣ ᠪᠣᠯᠪᠠᠰᠤᠷᠠᠭᠤᠯᠬᠤ᠂ ᠨᠡᠭᠦᠷᠡᠰᠦ ᠪᠠᠷ ᠲᠦᠯᠡᠰᠢ ᠬᠢᠬᠦ ᠪᠠ ᠲᠦᠯᠡᠰᠢᠨ ᠡᠲ᠋ᠢᠯ ᠠᠯᠺᠣᠣᠯ ᠵᠡᠷᠭᠡ ᠠᠵᠢᠯ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ ᠬᠢᠭᠡᠳ ᠬᠠᠮᠢᠶᠠᠷᠤᠯᠲᠠ ᠶᠢ ᠡᠭᠦᠷᠭᠡᠯᠡᠵᠦ᠂ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠣᠭᠲᠠᠭᠠᠨ᠎ᠠ᠃ ᠲᠠᠷᠢᠶᠠᠯᠠᠬᠤ ᠮᠠᠯᠵᠢᠬᠤ ᠣᠷᠣᠨ ᠤ ᠡᠨᠧᠷᠭᠢ ᠶᠢᠨ ᠬᠥᠭᠵᠢᠭᠦᠯᠦᠯᠲᠡ ᠶᠢᠨ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ ᠡᠨᠧᠷᠭᠢ ᠶᠢᠨ ᠴᠢᠬᠤᠯᠠ ᠶᠡᠭᠡ ᠲᠣᠨᠣᠭᠯᠠᠯ ᠤᠨ ᠮᠡᠷᠭᠡᠵᠢᠯ ᠢ ᠰᠤᠳᠤᠯᠤᠨ ᠨᠡᠭᠡᠭᠡᠬᠦ ᠵᠢᠴᠢ ᠬᠠᠮᠢᠶ᠎ᠠ ᠪᠦᠬᠦᠢ ᠴᠢᠬᠤᠯᠠ ᠶᠡᠭᠡ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠢ ᠵᠣᠬᠢᠶᠠᠨ ᠪᠠᠶᠢᠭᠤᠯᠤᠨ ᠠᠬᠢᠭᠤᠯᠵᠤ᠂ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ᠂ ᠢᠵᠢ ᠪᠦᠷᠢᠳᠦᠭᠰᠡᠨ ᠲᠥᠬᠦᠭᠡᠷᠦᠮᠵᠢ ᠶᠢ ᠣᠷᠣᠭᠤᠯᠵᠤ ᠢᠷᠡᠨ ᠰᠢᠩᠭᠡᠭᠡᠵᠦ ᠰᠢᠨ᠎ᠡ ᠶᠢ ᠡᠭᠦᠳᠬᠦ ᠶᠢ ᠵᠢᠯᠣᠭᠤᠳᠴᠤ᠂ ᠬᠠᠮᠢᠶ᠎ᠠ ᠪᠦᠬᠦᠢ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠪᠣᠯᠤᠨ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ ᠶᠢ ᠳᠡᠯᠭᠡᠷᠡᠭᠦᠯᠦᠨ ᠬᠡᠷᠡᠭᠯᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠡᠨᠧᠷᠭᠢ ᠶᠢᠨ ᠠᠵᠢᠯ ᠲᠥᠷᠥᠯ ᠤᠨ ᠡᠨᠧᠷᠭᠢ ᠠᠷᠪᠢᠯᠠᠬᠤ ᠪᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠬᠠᠷᠢᠭᠤᠴᠠᠵᠤ᠂ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ ᠡᠵᠡᠮᠳᠡᠬᠦ ᠬᠠᠷᠠᠯᠲᠠ ᠶᠢᠨ ᠰᠠᠨᠠᠭᠤᠯᠭ᠎ᠠ ᠶᠢ ᠰᠤᠳᠤᠯᠬᠤ ᠳᠤ ᠣᠷᠣᠯᠴᠠᠵᠤ᠂ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠶᠢ ᠡᠵᠡᠮᠳᠡᠬᠦ ᠬᠤᠯᠪᠣᠭᠳᠠᠯ ᠪᠦᠬᠦᠢ ᠠᠵᠢᠯ ᠢ ᠵᠢᠯᠣᠭᠤᠳᠤᠨ ᠵᠣᠬᠢᠴᠠᠭᠤᠯᠵᠤ᠂ ᠡᠨᠧᠷᠭᠢ ᠶᠢᠨ ᠦᠢᠯᠡᠳᠪᠦᠷᠢᠯᠡᠯ ᠤᠨ ᠪᠦᠲᠦᠭᠡᠨ ᠪᠠᠶᠢᠭᠤᠯᠤᠯᠲᠠ ᠪᠣᠯᠤᠨ ᠬᠠᠩᠭᠠᠯᠭ᠎ᠠ ᠬᠡᠷᠡᠭᠴᠡᠭᠡ ᠶᠢᠨ ᠲᠡᠩᠴᠡᠭᠦᠷᠢ ᠶᠢ ᠵᠣᠯᠭᠠᠯᠳᠤᠭᠤᠯᠤᠨ᠎ᠠ᠃ ᠨᠡᠭᠦᠷᠡᠰᠦᠨ ᠠᠭᠤᠷᠬᠠᠶ ᠶᠢᠨ ᠭᠠᠯ ᠨᠤᠴᠤᠬᠤ ᠣᠷᠣᠨ᠂ ᠮᠠᠯᠲᠠᠵᠤ ᠬᠥᠨᠳᠡᠶᠢᠷᠡᠭᠦᠯᠦᠭᠰᠡᠨ ᠣᠷᠣᠨ᠂ ᠳᠣᠷᠣᠭᠰᠢ ᠰᠠᠭᠤᠭᠰᠠᠨ ᠣᠷᠣᠨ ᠵᠡᠷᠭᠡ ᠭᠠᠮᠰᠢᠭ ᠢ ᠶᠡᠷᠦᠩᠬᠡᠶᠢᠯᠡᠨ ᠵᠠᠰᠠᠬᠤ ᠠᠵᠢᠯ ᠢ ᠨᠢᠭᠡᠳᠦᠯᠲᠡᠶ ᠲᠥᠯᠥᠪᠯᠡᠬᠦ ᠬᠡᠷᠡᠭᠲᠡᠶ᠃      ︵ᠠᠷᠪᠠᠨ ᠵᠢᠷᠭᠤᠭ᠎ᠠ︶ ᠪᠦᠬᠦ ᠬᠤᠲᠠ ᠶᠢᠨ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠢ ᠶᠢᠨ ᠤᠷᠲᠤ ᠳᠠᠮᠵᠢᠭᠤᠯᠬᠤ ᠬᠤᠭᠤᠯᠠᠶ ᠵᠠᠮ ᠤᠨ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ᠂ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠬᠠᠷᠢᠭᠤᠴᠠᠨ᠎ᠠ᠃ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠢ ᠶᠢᠨ ᠤᠷᠲᠤ ᠳᠠᠮᠵᠢᠭᠤᠯᠬᠤ ᠬᠤᠭᠤᠯᠠᠶ ᠵᠠᠮ ᠤᠨ ᠦᠢᠯᠡᠳᠪᠦᠷᠢᠯᠡᠯ ᠤᠨ ᠠᠶᠤᠯᠬᠦᠢ ᠶᠢᠨ ᠬᠦᠨᠳᠦ ᠣᠨᠴᠠ ᠶᠡᠭᠡ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠠᠶᠤᠯ ᠭᠠᠮᠰᠢᠭ ᠠᠴᠠ ᠠᠪᠤᠷᠠᠬᠤ᠂ ᠪᠠᠶᠢᠴᠠᠭᠠᠨ ᠰᠢᠢᠳᠪᠦᠷᠢᠯᠡᠬᠦ ᠵᠡᠷᠭᠡ ᠠᠵᠢᠯ ᠢ ᠬᠠᠮᠵᠢᠯᠴᠠᠨ ᠵᠣᠬᠢᠴᠠᠭᠤᠯᠤᠨ᠎ᠠ᠃ ᠡᠨᠧᠷᠭᠢ ᠶᠢ ᠲᠥᠰᠦᠭᠡᠯᠡᠵᠦ ᠰᠡᠷᠡᠮᠵᠢᠯᠡᠭᠦᠯᠬᠦ᠂ ᠮᠡᠳᠡᠭᠡ ᠵᠠᠩᠭᠢ ᠨᠡᠶᠢᠲᠡᠯᠡᠬᠦ᠂ ᠡᠨᠧᠷᠭᠢ ᠶᠢᠨ ᠠᠵᠢᠯᠯᠠᠭᠠᠨ ᠢ ᠲᠣᠬᠢᠷᠠᠭᠤᠯᠬᠤ ᠪᠠ ᠪᠠᠴᠢᠮ ᠪᠠᠶᠢᠳᠠᠯ ᠢ ᠠᠷᠭᠠᠴᠠᠬᠤ ᠳᠤ ᠣᠷᠣᠯᠴᠠᠬᠤ ᠶᠢ ᠬᠠᠷᠢᠭᠤᠴᠠᠨ᠎ᠠ᠃     ︵ᠠᠷᠪᠠᠨ ᠳᠣᠯᠤᠭ᠎ᠠ︶ ᠣᠷᠣᠨ ᠪᠦᠰᠡ ᠶᠢᠨ ᠬᠤᠭᠤᠷᠣᠨᠳᠣ᠂ ᠠᠵᠤ ᠦᠢᠯᠡᠰ ᠤᠨ ᠬᠤᠭᠤᠷᠣᠨᠳᠣ ᠶᠢᠨ ᠬᠠᠮᠵᠢᠯᠴᠠᠨ ᠬᠥᠭᠵᠢᠬᠦ ᠪᠠ ᠬᠤᠷᠰᠢᠯᠴᠠᠬᠤ ᠶᠢ ᠨᠢᠭᠡᠳᠦᠯᠲᠡᠶ ᠲᠥᠯᠥᠪᠯᠡᠨ ᠰᠤᠳᠤᠯᠵᠤ᠂ ᠣᠷᠣᠨ ᠪᠦᠰᠡ ᠶᠢᠨ ᠠᠵᠤ ᠠᠬᠤᠶ ᠶᠢᠨ ᠬᠠᠮᠵᠢᠯᠴᠠᠭ᠎ᠠ ᠶᠢ ᠰᠤᠳᠤᠯᠤᠨ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠵᠡᠷᠭᠡ ᠬᠠᠭᠤᠴᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ ᠬᠥᠭᠵᠢᠭᠦᠯᠬᠦ ᠲᠥᠯᠥᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠰᠢᠯᠠᠭᠤᠯᠤᠨ᠎ᠠ᠃ ᠳᠤᠮᠳᠠᠳᠤ ᠣᠷᠣᠰ ᠮᠣᠩᠭᠤᠯ ᠤᠨ ᠣᠷᠣᠨ ᠪᠦᠰᠡ ᠶᠢᠨ ᠬᠤᠷᠰᠢᠯᠴᠠᠭ᠎ᠠ᠂ ᠨᠥᠬᠦᠷᠰᠡᠭ ᠬᠤᠲᠠ ᠳᠤ ᠬᠤᠯᠪᠣᠭ᠎ᠠ ᠪᠠᠶᠢᠭᠤᠯᠵᠤ᠂ ᠭᠠᠵᠠᠷ ᠣᠷᠣᠨ ᠤ ᠬᠤᠭᠤᠷᠣᠨᠳᠣᠬᠢ ᠠᠵᠤ ᠠᠬᠤᠶ ᠶᠢᠨ ᠬᠠᠮᠵᠢᠯᠴᠠᠭ᠎ᠠ ᠶᠢᠨ ᠠᠵᠢᠯ ᠢ ᠡᠭᠦᠷᠭᠡᠯᠡᠨ᠎ᠡ᠃ ᠨᠡᠭᠡᠭᠡᠯᠲᠡ ᠶᠢᠨ ᠲᠣᠭᠤᠷᠢᠭ ᠤᠨ ᠲᠥᠯᠥᠪᠵᠢᠭᠦᠯᠭᠡ ᠪᠣᠯᠤᠨ ᠬᠥᠭᠵᠢᠯᠲᠡ ᠶᠢᠨ ᠠᠵᠢᠯ ᠢ ᠶᠡᠷᠦᠩᠬᠡᠶᠢᠯᠡᠨ ᠵᠣᠬᠢᠴᠠᠭᠤᠯᠬᠤ ᠬᠡᠷᠡᠭᠲᠡᠶ᠃ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠶᠢᠨ ᠲᠥᠷᠦ ᠶᠢᠨ ᠪᠣᠳᠣᠯᠭ᠎ᠠ ᠶᠢᠨ ᠰᠠᠨᠠᠭᠤᠯᠭ᠎ᠠ ᠪᠠ ᠠᠷᠭ᠎ᠠ ᠬᠡᠮᠵᠢᠶ᠎ᠡ ᠠᠷᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠪᠦᠬᠦ ᠬᠤᠲᠠ ᠶᠢᠨ ᠳᠣᠲᠣᠷ᠎ᠠ ᠭᠠᠳᠠᠨᠠᠬᠢ ᠠᠵᠤ ᠠᠬᠤᠢ ᠶᠢᠨ ᠬᠠᠮᠲᠤᠷᠠᠯᠴᠠᠭ᠎ᠠ ᠶᠢᠨ ᠰᠠᠨᠠᠯ ᠵᠥᠪᠯᠡᠯᠭᠡ ᠶᠢ ᠨᠢᠭᠡᠳᠦᠯᠲᠡᠢ ᠲᠥᠯᠥᠪᠯᠡᠨ ᠳᠤᠷᠠᠳᠴᠤ᠂ ᠪᠦᠬᠦ ᠬᠤᠲᠠ ᠶᠢᠨ ᠪᠡᠯᠡ ᠣᠷᠣᠭᠤᠯᠤᠯᠲᠠ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠣᠯᠠᠨ ᠤᠯᠤᠰ ᠤᠨ ᠬᠤᠭᠤᠷᠣᠨᠳᠣᠬᠢ ᠠᠵᠤ ᠠᠬᠤᠶ ᠶᠢᠨ ᠰᠣᠯᠢᠯᠴᠠᠭ᠎ᠠ ᠬᠠᠮᠲᠤᠷᠠᠯᠴᠠᠭ᠎ᠠ ᠳᠤ ᠤᠷᠤᠯᠴᠠᠵᠤ᠂ ᠭᠤᠣᠯᠳᠠᠯᠭ᠎ᠠ ᠲᠠᠢ ᠭᠠᠵᠠᠷ ᠣᠷᠣᠨ ᠤ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃     ︵ᠠᠷᠪᠠᠨ ᠨᠠᠢᠮᠠ︶ ᠠᠵᠤ ᠦᠢᠯᠡᠳᠪᠦᠷᠢ ᠶᠢᠨ ᠬᠠᠭᠤᠴᠢᠨ ᠬᠤᠲᠠ ᠬᠢᠭᠡᠳ ᠬᠤᠲᠠ ᠶᠢᠨ ᠲᠣᠭᠤᠷᠢᠭ ᠤᠨ ᠠᠵᠤ ᠦᠢᠯᠡᠳᠪᠦᠷᠢ ᠶᠢᠨ ᠬᠠᠭᠤᠴᠢᠨ ᠲᠣᠭᠤᠷᠢᠭ ᠢ ᠲᠣᠬᠢᠷᠠᠭᠤᠯᠤᠨ ᠥᠭᠡᠷᠡᠴᠢᠯᠡᠬᠦ᠂ ᠡᠬᠢ ᠪᠠᠶᠠᠯᠢᠭ ᠤᠨ ᠬᠡᠯᠪᠡᠷᠢ ᠪᠦᠬᠦᠢ ᠭᠠᠵᠠᠷ ᠣᠷᠣᠨ ᠤ ᠠᠵᠤ ᠠᠬᠤᠶ ᠶᠢᠨ ᠬᠡᠯᠪᠡᠷᠢ ᠬᠤᠪᠢᠷᠠᠭᠤᠯᠬᠤ ᠪᠠ ᠨᠡᠭᠦᠷᠡᠰᠦ ᠮᠠᠯᠲᠠᠭᠰᠠᠨ ᠠᠴᠠ ᠪᠣᠯᠵᠤ ᠳᠣᠷᠣᠭᠰᠢ ᠰᠠᠭᠤᠭᠰᠠᠨ ᠣᠷᠣᠨ ᠬᠢᠭᠡᠳ ᠲᠤᠰᠠᠭᠠᠷ ᠦᠢᠯᠡᠳᠪᠦᠷᠢ ᠠᠭᠤᠷᠬᠠᠶ ᠶᠢᠨ ᠲᠣᠭᠤᠷᠢᠭ ᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠣᠷᠣᠨ ᠪᠦᠰᠡ ᠶᠢᠨ ᠴᠢᠨᠠᠷᠲᠠᠶ ᠭᠠᠵᠠᠷ ᠣᠷᠣᠨ ᠤ ᠬᠥᠭᠵᠢᠯᠲᠡ ᠶᠢᠨ ᠶᠡᠷᠦᠩᠬᠡᠶᠢᠯᠡᠭᠰᠡᠨ ᠲᠥᠯᠥᠪᠵᠢᠭᠦᠯᠭᠡ᠂ ᠬᠡᠷᠡᠭᠵᠢᠭᠦᠯᠬᠦ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ᠃ ᠤᠯᠤᠰ ᠤᠨ ᠭᠠᠵᠠᠷ ᠰᠢᠷᠣᠶ ᠶᠢ ᠴᠡᠭᠴᠡᠯᠡᠨ ᠵᠠᠰᠠᠬᠤ᠂ ᠨᠡᠭᠡᠭᠡᠨ ᠠᠰᠢᠭᠯᠠᠬᠤ ᠪᠠ ᠬᠠᠮᠠᠭᠠᠯᠠᠬᠤ ᠲᠥᠷᠥ ᠶᠢᠨ ᠪᠣᠳᠣᠯᠭ᠎ᠠ ᠶᠢ ᠵᠣᠬᠢᠴᠠᠭᠤᠯᠵᠤ᠂ ᠤᠰᠤᠨ ᠤ ᠡᠬᠢ ᠪᠠᠶᠠᠯᠢᠭ ᠢ ᠲᠡᠩᠴᠡᠭᠦᠷᠢᠲᠡᠶ ᠪᠠᠶᠢᠯᠭᠠᠬᠤ ᠪᠠ ᠠᠷᠪᠢᠯᠠᠬᠤ᠂ ᠭᠠᠵᠠᠷ ᠰᠢᠷᠣᠶ ᠬᠢᠭᠡᠳ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠲᠥᠯᠥᠪᠵᠢᠭᠦᠯᠭᠡ ᠪᠠ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠳᠤ ᠣᠷᠣᠯᠴᠠᠨ᠎ᠠ᠃ ᠭᠤᠣᠯᠳᠠᠯᠭ᠎ᠠ ᠲᠠᠢ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠪᠠ ᠰᠠᠪᠠ ᠭᠠᠵᠠᠷ ᠤᠨ ᠠᠵᠤ ᠠᠬᠤᠢ ᠶᠢᠨ ᠬᠥᠭᠵᠢᠯᠲᠡ ᠳᠤ ᠣᠷᠣᠯᠴᠠᠨ᠎ᠠ᠃     ︵ᠠᠷᠪᠠ ᠶᠢᠰᠦ︶ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠪᠦᠬᠦ ᠬᠤᠲᠠ ᠶᠢᠨ ᠨᠥᠭᠡᠴᠡᠯᠡᠯ ᠤᠨ ᠶᠡᠷᠦᠩᠬᠡᠶ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥᠯ ᠵᠦᠢᠯ ᠤᠨ ᠭᠠᠷᠴᠠᠭ ᠢ ᠦᠨᠳᠦᠰᠦᠯᠡᠨ᠂ ᠪᠦᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠴᠢᠬᠤᠯᠠ ᠨᠥᠭᠡᠴᠡ ᠡᠳ᠋ ᠪᠠᠷᠠᠭ᠎ᠠ ᠶᠢ ᠬᠤᠷᠢᠶᠠᠨ ᠨᠥᠭᠡᠴᠡᠯᠡᠬᠦ᠂ ᠡᠭᠡᠯᠵᠢᠯᠡᠭᠦᠯᠬᠦ ᠲᠥᠯᠥᠪᠯᠡᠭᠡ ᠶᠢ ᠨᠢᠭᠡᠳᠦᠯᠲᠡᠶ ᠲᠥᠯᠥᠪᠯᠡᠨ ᠳᠤᠷᠠᠳᠴᠤ᠂ ᠲᠥᠰᠦᠯ᠂ ᠠᠷᠭ᠎ᠠ ᠶᠢ ᠲᠤᠭᠤᠷᠪᠢᠬᠤ ᠶᠢᠨ ᠬᠠᠮᠲᠤ ᠡᠳᠦᠷ ᠲᠤᠲᠤᠮ ᠤᠨ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠮᠤ ᠪᠤᠳᠠᠭᠠᠨ ᠤ ᠭᠦᠢᠯᠭᠡᠭᠡᠨ ᠤ ᠬᠤᠷᠸ᠎ᠠ ᠲᠣᠬᠢᠷᠠᠭᠤᠯᠭ᠎ᠠ ᠡᠵᠡᠮᠰᠢᠯ ᠤᠨ ᠪᠣᠳᠠᠲᠠᠶ ᠠᠵᠢᠯ ᠢ ᠡᠭᠦᠷᠭᠡᠯᠡᠵᠦ᠂ ᠠᠮᠤ ᠪᠤᠳᠠᠭ᠎ᠠ ᠪᠣᠯᠤᠨ ᠨᠥᠭᠡᠴᠡ ᠡᠳ᠋ ᠪᠠᠷᠠᠭ᠎ᠠ ᠶᠢᠨ ᠬᠠᠩᠭᠠᠯᠭ᠎ᠠ ᠬᠡᠷᠡᠭᠴᠡᠭᠡ ᠶᠢᠨ ᠬᠤᠪᠢᠷᠠᠯᠲᠠ ᠶᠢ ᠬᠢᠨᠠᠨ ᠬᠡᠮᠵᠢᠨ᠎ᠡ᠃ ᠠᠮᠤ ᠪᠤᠳᠠᠭᠠᠨ ᠤ ᠭᠦᠢᠯᠭᠡᠭᠡ ᠪᠠ ᠡᠳ᠋ ᠪᠣᠳᠠᠰ ᠨᠥᠭᠡᠴᠡᠯᠡᠬᠦ ᠪᠠᠶᠢᠭᠤᠯᠤᠯ ᠤᠨ ᠥᠭᠡᠷᠡᠴᠢᠯᠡᠯᠲᠡ ᠶᠢᠨ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠠᠯ᠎ᠠ ᠪᠠᠷ ᠭᠠᠳᠠᠭᠠᠳᠤ ᠲᠠᠢ ᠬᠠᠮᠲᠤᠷᠠᠨ ᠠᠵᠢᠯᠯᠠᠬᠤ ᠪᠠ ᠰᠣᠯᠢᠯᠴᠠᠭ᠎ᠠ ᠬᠢᠬᠦ ᠠᠵᠢᠯ ᠢ ᠥᠷᠨᠢᠭᠦᠯᠦᠨ᠎ᠡ᠃     ︵ᠬᠤᠷᠢ︶ ᠠᠮᠤ ᠪᠤᠳᠠᠭ᠎ᠠ᠂ ᠢᠳᠡᠰᠢᠨ ᠲᠣᠰᠣ᠂ ᠡᠮ ᠤᠨ ᠵᠦᠢᠯ ᠪᠣᠯᠤᠨ ᠭᠠᠮᠰᠢᠭ ᠠᠴᠠ ᠠᠪᠤᠷᠠᠬᠤ ᠵᠡᠷᠭᠡ ᠬᠠᠮᠢᠶ᠎ᠠ ᠪᠦᠬᠦᠢ ᠡᠳ᠋ ᠪᠠᠷᠠᠭ᠎ᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢ ᠡᠭᠦᠷᠭᠡᠯᠡᠨ᠎ᠡ᠃ ᠠᠮᠤ ᠪᠤᠳᠠᠭ᠎ᠠ ᠪᠣᠯᠤᠨ ᠡᠳ᠋ ᠪᠣᠳᠠᠰ ᠨᠥᠭᠡᠴᠡᠯᠡᠬᠦ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ ᠪᠠ ᠵᠢᠷᠤᠮᠵᠢᠯ ᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠲᠥᠷᠥ ᠶᠢᠨ ᠪᠣᠳᠣᠯᠭ᠎ᠠ ᠶᠢᠨ ᠴᠢᠨᠠᠷᠲᠠᠶ ᠠᠮᠤ ᠪᠤᠳᠠᠭ᠎ᠠ ᠪᠣᠯᠤᠨ ᠴᠡᠷᠢᠭ ᠤᠨ ᠠᠮᠤ ᠪᠤᠳᠠᠭᠠᠨ ᠤ ᠬᠠᠩᠭᠠᠯᠭ᠎ᠠ ᠬᠢᠭᠡᠳ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠲᠠ ᠶᠢᠨ ᠨᠥᠭᠡᠴᠡᠯᠡᠨ ᠬᠥᠭᠵᠢᠭᠦᠯᠬᠦ ᠲᠥᠯᠥᠪᠵᠢᠭᠦᠯᠭᠡ ᠶᠢ ᠦᠨᠳᠦᠰᠦᠯᠡᠨ᠂ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠰᠠᠭᠤᠷᠢ ᠪᠡᠯᠡᠳᠬᠡᠮᠵᠢ ᠶᠢᠨ ᠲᠥᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠣᠬᠢᠶᠠᠨ ᠪᠠᠶᠢᠭᠤᠯᠵᠤ᠂ ᠨᠥᠭᠡᠴᠡᠯᠡᠨ ᠬᠠᠳᠠᠭᠠᠯᠠᠬᠤ ᠰᠠᠭᠤᠷᠢ ᠪᠡᠯᠡᠳᠬᠡᠮᠵᠢ᠂ ᠠᠮᠤ ᠪᠤᠳᠠᠭᠠᠨ ᠤ ᠭᠦᠢᠯᠭᠡᠭᠡᠨ ᠤ ᠪᠡᠯᠡᠳᠬᠡᠮᠵᠢ ᠶᠢᠨ ᠪᠦᠲᠦᠭᠡᠨ ᠪᠠᠢᠭᠤᠯᠤᠯᠲᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠮᠤ ᠪᠤᠳᠠᠭᠠᠨ ᠤ ᠭᠦᠢᠯᠭᠡᠭᠡᠨ ᠤ ᠠᠵᠢᠯ ᠲᠥᠷᠥᠯ ᠤᠨ ᠬᠠᠮᠢᠶᠠᠷᠤᠯᠲᠠ ᠪᠣᠯᠤᠨ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠲᠤᠭᠲᠠᠯᠴᠠᠭ᠎ᠠ ᠶᠢᠨ ᠪᠠᠶᠢᠭᠤᠯᠤᠯᠲᠠ ᠶᠢ ᠡᠭᠦᠷᠭᠡᠯᠡᠵᠦ᠂ ᠠᠵᠢᠯ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠷᠥ ᠶᠢᠨ ᠪᠣᠳᠣᠯᠭ᠎ᠠ ᠶᠢ ᠲᠣᠭᠲᠠᠭᠠᠨ᠂ ᠠᠮᠤ ᠪᠤᠳᠠᠭᠠᠨ ᠤ ᠭᠦᠢᠯᠭᠡᠭᠡᠨ ᠪᠣᠯᠤᠨ ᠡᠳ᠋ ᠪᠠᠷᠠᠭ᠎ᠠ ᠨᠥᠭᠡᠴᠡᠯᠡᠬᠦ ᠪᠠᠷᠢᠮᠵᠢᠶ᠎ᠠ᠂ ᠠᠮᠤ ᠪᠤᠳᠠᠭᠠᠨ ᠤ ᠶᠠᠰᠤ ᠴᠢᠨᠠᠷ ᠤᠨ ᠪᠠᠷᠢᠮᠵᠢᠶ᠎ᠠ ᠶᠢ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠮᠡᠷᠭᠡᠵᠢᠯ ᠤᠨ ᠵᠢᠷᠤᠮᠵᠢᠯ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃    ︵ᠬᠤᠷᠢᠨ ᠨᠢᠭᠡ︶ ᠠᠮᠤ ᠪᠤᠳᠠᠭᠠᠨ ᠤ ᠭᠦᠢᠯᠭᠡᠭᠡ ᠳᠤ ᠬᠢᠨᠠᠯᠲᠠ ᠲᠠᠯᠪᠢᠵᠤ ᠪᠠᠶᠢᠴᠠᠭᠠᠬᠤ ᠳᠦᠷᠢᠮ ᠢ ᠨᠠᠶᠢᠳᠠᠪᠤᠷᠢᠵᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠦᠨᠳᠦ ᠶᠡᠭᠡ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠ ᠰᠢᠪᠠᠳᠠᠨ ᠪᠠᠶᠢᠴᠠᠭᠠᠵᠤ ᠰᠢᠪᠠᠳᠠᠨ ᠰᠢᠢᠳᠪᠦᠷᠢᠯᠡᠭᠦᠯᠬᠦ ᠠᠵᠢᠯ ᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ᠎ᠠ᠃ ᠠᠮᠤ ᠪᠤᠳᠠᠭ᠎ᠠ ᠬᠤᠳᠠᠯᠳᠤᠨ ᠠᠪᠬᠤ᠂ ᠬᠠᠳᠠᠭᠠᠯᠠᠬᠤ᠂ ᠲᠡᠭᠡᠭᠡᠪᠦᠷᠢᠯᠡᠬᠦ ᠭᠤᠭᠴᠤᠭ᠎ᠠ ᠶᠢᠨ ᠠᠮᠤ ᠪᠤᠳᠠᠭᠠᠨ ᠤ ᠶᠠᠰᠤ ᠴᠢᠨᠠᠷ ᠤᠨ ᠠᠶᠤᠯᠭᠦᠢ ᠪᠠ ᠬᠠᠷ᠎ᠠ ᠠᠮᠤ ᠶᠢᠨ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠵᠢᠴᠢ ᠠᠮᠤ ᠪᠤᠳᠠᠭ᠎ᠠ ᠲᠣᠰᠣᠨ ᠤ ᠶᠠᠰᠤ ᠴᠢᠨᠠᠷ ᠤᠨ ᠠᠶᠤᠯᠭᠦᠢ ᠶᠢᠨ ᠠᠳᠡᠯ ᠬᠢᠭᠡᠳ ᠵᠢᠭᠤᠷᠠᠯᠳᠤᠭᠠᠨ ᠤ ᠪᠠᠶᠢᠴᠠᠭᠠᠯᠲᠠ ᠶᠢ ᠵᠣᠬᠢᠶᠠᠨ ᠪᠠᠶᠢᠭᠤᠯᠬᠤ ᠬᠡᠷᠡᠭᠲᠡᠶ᠃ ᠠᠮᠤ ᠪᠤᠳᠠᠭᠠᠨ ᠤ ᠭᠦᠢᠯᠭᠡᠭᠡᠨ ᠤ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠢᠨᠠᠯᠲᠠ ᠬᠠᠮᠢᠶᠠᠷᠤᠯᠲᠠ ᠶᠢ ᠡᠭᠦᠷᠭᠡᠯᠡᠵᠦ᠂ ᠠᠮᠤ ᠪᠤᠳᠠᠭ᠎ᠠ᠂ ᠡᠮ ᠤᠨ ᠵᠦᠢᠯ ᠤᠨ ᠨᠥᠭᠡᠴᠡ ᠪᠣᠯᠤᠨ ᠭᠠᠮᠰᠢᠭ ᠠᠴᠠ ᠠᠪᠤᠷᠠᠬᠤ ᠡᠳ᠋ ᠪᠠᠷᠠᠭ᠎ᠠ ᠨᠥᠭᠡᠴᠡᠯᠡᠬᠦ ᠶᠢ ᠳᠠᠭᠠᠭᠠᠨ ᠬᠠᠳᠠᠭᠠᠯᠠᠬᠤ ᠨᠢᠭᠡᠴᠢ ᠶᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠮᠤ ᠪᠤᠳᠠᠭᠠᠨ ᠤ ᠠᠵᠤ ᠦᠢᠯᠡᠰ ᠤᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠶ᠃     ︵ᠬᠤᠷᠢᠨ ᠬᠤᠶᠠᠷ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠠ ᠳᠡᠭᠡᠳᠤ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠨ ᠭᠦᠢᠴᠡᠳᠬᠡᠯᠬᠡᠬᠦ ᠪᠤᠰᠤᠳ ᠠᠵᠢᠯ ᠢ ᠪᠡᠶᠡᠯᠡᠭᠦᠯᠦᠨ᠎ᠡ᠃ 
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠣᠷᠳᠣᠨ