ᠨᠢᠭᠡ᠂ ᠵᠠᠮ ᠲᠡᠭᠡᠭᠡᠪᠦᠷᠢ ᠶᠢᠨ ᠲᠤᠬᠠᠢ ᠤᠯᠤᠰ᠂ ᠦᠪᠡᠷᠳᠡᠭᠡᠨ ᠵᠠᠰᠠᠬᠤ ᠤᠷᠤᠨ ᠪᠠ ᠬᠦᠯᠦᠨ ᠪᠤᠶᠢᠷ ᠬᠤᠲᠠ ᠶᠢᠨ ᠴᠢᠭᠯᠡᠯᠲᠡ ᠲᠦᠷᠦ ᠶᠢᠨ ᠪᠤᠳᠤᠯᠭ᠎ᠠ ᠪᠠ | ᠬᠠᠤᠯᠢ ᠴᠠᠭᠠᠵᠠ᠂ ᠳᠦᠷᠢᠮ ᠲᠤᠭᠳᠠᠭᠠᠯ ᠢ ᠲᠤᠤᠱᠯᠠᠭᠤᠯᠤᠨ ᠭᠦᠢᠴᠡᠳᠭᠡᠨ᠎ᠡ︔ ᠪᠦᠬᠦ ᠬᠤᠲᠠ ᠶᠢᠨ ᠵᠠᠮ ᠲᠡᠭᠡᠭᠡᠪᠦᠷᠢ ᠶᠢᠨ ᠠᠵᠢᠯ ᠲᠦᠷᠦᠯ ᠤᠨ ᠬᠦᠭᠵᠢᠯᠳᠡ ᠶᠢᠨ | ᠲᠦᠯᠦᠪᠵᠢᠬᠦᠯᠭᠡ ᠵᠢᠴᠢ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠲᠦᠯᠦᠪᠵᠢᠭᠦᠯᠭᠡ ᠶᠢ ᠲᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ︔ | ᠬᠤᠶᠠᠷ᠂ ᠪᠦᠬᠦ ᠬᠤᠲᠠ ᠶᠢᠨ ᠵᠠᠮ ᠲᠡᠭᠡᠭᠡᠪᠦᠷᠢ ᠶᠢᠨ ᠵᠠᠬ᠎ᠠ ᠲᠡᠯᠭᠡᠬᠦᠷ ᠤᠨ ᠬᠢᠨᠠᠯᠳᠠ ᠲᠠᠯᠪᠢᠵᠤ ᠬᠠᠮᠢᠶᠠᠷᠬᠤ ᠬᠠᠷᠢᠭᠤᠴᠠᠯᠭ᠎ᠠ ᠶᠢ ᠡᠬᠦᠷᠭᠡᠯᠡᠵᠤ᠂ ᠵᠠᠰᠠᠮᠠᠯ ᠵᠠᠮ᠂ | ᠤᠰᠤᠨ ᠵᠠᠮ ᠤᠨ ᠲᠡᠭᠡᠭᠡᠪᠦᠷᠢ ᠶᠢᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ᠂ ᠤᠷᠤᠬᠤ ᠶᠢ ᠵᠦᠪᠰᠢᠶᠡᠷᠡᠬᠦ ᠲᠦᠷᠢᠮ᠂ ᠮᠡᠷᠭᠡᠵᠢᠯ ᠤᠨ ᠪᠠᠷᠢᠮᠵᠢᠶ᠎ᠠ ᠪᠠ | ᠲᠡᠭᠡᠬᠡᠪᠤᠷᠢ ᠶᠢ ᠵᠢᠷᠤᠮᠵᠢᠭᠤᠯᠬᠤ ᠠᠷᠭ᠎ᠠ ᠬᠡᠮᠵᠢᠶ᠎ᠡ ᠶᠢ ᠵᠤᠬᠢᠶᠠᠨ ᠪᠠᠶᠢᠭᠤᠯᠤᠨ ᠭᠦᠢᠴᠡᠳᠭᠡᠨ᠎ᠡ︔ ᠬᠤᠳᠠ ᠬᠦᠳᠡᠭᠡ ᠶᠢᠨ ᠠᠶᠠᠨᠴᠢᠨ ᠤ ᠲᠡᠭᠡᠭᠡᠪᠦᠷᠢ ᠵᠢᠴᠢ ᠬᠠᠮᠢᠶ᠎ᠠ | ᠪᠦᠬᠦᠢ ᠲᠦᠬᠦᠭᠡᠷᠦᠮᠵᠢ ᠶᠢᠨ ᠲᠦᠯᠦᠪᠵᠢᠬᠦᠯᠭᠡ ᠪᠠ ᠬᠠᠮᠢᠶᠠᠷᠤᠯᠳᠠ ᠶᠢᠨ ᠠᠵᠢᠯ ᠢ ᠵᠢᠯᠤᠭᠤᠳᠤᠨ᠎ᠠ︔ ᠵᠠᠮ ᠲᠡᠭᠡᠭᠡᠪᠦᠷᠢ ᠶᠢᠨ ᠠᠵᠢᠯ ᠲᠦᠷᠦᠯ ᠤᠨ | ᠬᠠᠮᠢᠶᠠᠷᠤᠯᠳᠠ ᠶᠢᠨ ᠠᠵᠢᠯ ᠢ ᠡᠭᠦᠷᠭᠡᠯᠡᠨ᠎ᠡ︔ ᠮᠠᠰᠢᠨ ᠲᠡᠷᠭᠡᠨ ᠤ ᠬᠢᠯᠢ ᠪᠠᠷ ᠤᠷᠤᠵᠤ ᠭᠠᠷᠬᠤ ᠲᠡᠭᠡᠭᠡᠪᠦᠷᠢ ᠶᠢ ᠵᠤᠯᠭᠠᠯᠳᠤᠭᠤᠯᠬᠤ ᠬᠢᠭᠡᠳ ᠬᠠᠮᠳᠤᠷᠠᠴᠠᠭᠤᠯᠬᠤ | ᠶᠠᠪᠤᠳᠠᠯ ᠢ ᠬᠠᠷᠢᠭᠤᠴᠠᠨ᠎ᠠ︔ ᠤᠯᠤᠰ ᠤᠨ ᠬᠢᠯᠢ ᠶᠢᠨ ᠭᠤᠤᠯ ᠮᠦᠷᠡᠨ ᠤ ᠲᠡᠭᠡᠭᠡᠪᠤᠷᠢ ᠵᠢᠴᠢ ᠠᠶᠠᠯᠠᠯ ᠤᠨ ᠵᠠᠮ ᠤᠨ ᠬᠠᠮᠢᠶᠠᠷᠤᠯᠳᠠ ᠶᠢᠨ ᠬᠠᠮᠢᠶ᠎ᠠ ᠪᠦᠬᠦᠢ ᠶᠠᠪᠤᠳᠠᠯ ᠢ | ᠵᠢᠯᠤᠭᠤᠳᠤᠨ᠎ᠠ︔ ᠪᠦᠬᠦ ᠬᠤᠲᠠ ᠶᠢᠨ ᠭᠤᠤᠯᠳᠠᠯᠭ᠎ᠠ ᠲᠠᠢ ᠡᠳ᠋ ᠪᠤᠳᠠᠰ ᠤᠨ ᠲᠡᠭᠡᠭᠡᠪᠦᠷᠢ ᠪᠠ ᠪᠠᠴᠢᠮ ᠠᠶᠠᠨᠴᠢᠨ ᠪᠠᠷᠠᠭ᠎ᠠ ᠲᠡᠭᠡᠬᠡᠪᠤᠷᠢ ᠶᠢ ᠲᠤᠬᠢᠷᠠᠭᠤᠯᠤᠨ | ᠡᠵᠡᠮᠳᠡᠬᠦ ᠶᠢ ᠬᠠᠷᠢᠭᠤᠴᠠᠨ᠎ᠠ᠃ | ᠭᠤᠷᠪᠠ᠂ ᠪᠦᠬᠦ ᠬᠤᠲᠠ ᠶᠢᠨ ᠵᠠᠰᠠᠮᠠᠯ ᠵᠠᠮ᠂ ᠤᠰᠤᠨ ᠵᠠᠮ ᠤᠨ ᠪᠦᠳᠦᠭᠡᠨ ᠪᠠᠶᠢᠭᠤᠯᠤᠯᠳᠠ ᠶᠢᠨ ᠵᠠᠬ᠎ᠠ ᠲᠡᠯᠭᠡᠬᠦᠷ ᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ | ᠡᠬᠦᠷᠭᠡᠯᠡᠵᠤ᠂ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠳᠠ᠂ ᠵᠠᠮ ᠬᠠᠮᠠᠭᠠᠯᠠᠬᠤ᠂ ᠵᠠᠮ ᠤᠨ ᠶᠠᠪᠤᠳᠠᠯ ᠤᠨ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ᠂ | ᠲᠦᠷᠢᠮ ᠪᠠ ᠮᠡᠷᠭᠡᠵᠢᠯ ᠤᠨ ᠪᠠᠷᠢᠮᠵᠢᠶ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠭᠦᠢᠴᠡᠳᠭᠡᠨ᠎ᠡ︔ ᠵᠠᠮ ᠬᠠᠷᠢᠯᠴᠠᠭᠠᠨ ᠤ ᠭᠤᠤᠯᠳᠠᠯᠭ᠎ᠠ ᠲᠠᠢ ᠪᠠᠷᠢᠯᠭ᠎ᠠ ᠶᠢᠨ | ᠪᠦᠳᠦᠭᠡᠨ ᠪᠠᠶᠢᠭᠤᠯᠤᠯᠳᠠ ᠶᠢᠨ ᠪᠡᠯᠡ ᠮᠦᠩᠬᠦ ᠪᠠ ᠪᠠᠷᠢᠯᠭ᠎ᠠ ᠶᠢᠨ ᠶᠠᠰᠤ ᠴᠢᠨᠠᠷ᠂ ᠠᠶᠤᠯ ᠦᠭᠡᠢ ᠦᠢᠯᠡᠳᠪᠦᠷᠢᠯᠡᠯ ᠢ ᠬᠢᠨᠠᠨ ᠬᠠᠮᠢᠶᠠᠷᠬᠤ ᠠᠵᠢᠯ ᠢ ᠵᠤᠬᠢᠶᠠᠨ | ᠪᠠᠶᠢᠭᠤᠯᠤᠨ ᠵᠤᠬᠢᠴᠠᠭᠤᠯᠤᠨ᠎ᠠ︔ ᠵᠠᠮ ᠲᠡᠭᠡᠭᠡᠪᠤᠷᠢ ᠶᠢᠨ ᠰᠠᠭᠤᠷᠢ ᠪᠡᠯᠡᠳᠭᠡᠮᠵᠢ ᠶᠢ ᠬᠠᠮᠢᠶᠠᠷᠬᠤ ᠪᠠ ᠬᠠᠮᠠᠭᠠᠯᠠᠬᠤ ᠶᠢ ᠵᠢᠯᠤᠭᠤᠳᠤᠨ᠎ᠠ᠃ | ᠳᠦᠷᠪᠡ᠂ ᠪᠦᠬᠦ ᠬᠤᠲᠠ ᠶᠢᠨ ᠶᠡᠷᠦᠩᠭᠡᠶᠢᠯᠡᠭᠰᠡᠨ ᠲᠡᠭᠡᠭᠡᠪᠦᠷᠢ ᠶᠢᠨ ᠲᠤᠭᠲᠠᠯᠴᠠᠭ᠎ᠠ ᠲᠠᠢ ᠬᠤᠯᠪᠤᠭᠳᠠᠬᠤ ᠲᠦᠯᠤᠪᠵᠢᠭᠦᠯᠭᠡ ᠶᠢ ᠵᠤᠬᠢᠴᠠᠭᠤᠯᠬᠤ ᠠᠵᠢᠯ ᠢ | ᠡᠬᠦᠷᠭᠡᠯᠡᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠶᠡᠷᠦᠩᠭᠡᠶᠢᠯᠡᠭᠰᠡᠨ ᠲᠡᠭᠡᠭᠡᠪᠤᠷᠢ ᠶᠢᠨ ᠲᠤᠭᠲᠠᠯᠴᠠᠭ᠎ᠠ ᠶᠢᠨ ᠲᠦᠯᠦᠪᠵᠢᠬᠦᠯᠭᠡ ᠶᠢ ᠨᠠᠶᠢᠷᠠᠭᠤᠯᠤᠨ | ᠵᠤᠬᠢᠶᠠᠬᠤ ᠪᠠ ᠵᠠᠮ ᠲᠡᠭᠡᠭᠡᠪᠤᠷᠢ ᠶᠢᠨ ᠵᠠᠩᠬᠢᠯᠠᠭ᠎ᠠ ᠶᠢᠨ ᠲᠦᠯᠦᠪᠵᠢᠬᠦᠯᠭᠡ ᠵᠢᠴᠢ ᠬᠠᠮᠢᠶᠠᠷᠤᠯᠳᠠ ᠶᠢ ᠵᠤᠬᠢᠶᠠᠨ ᠪᠠᠶᠢᠭᠤᠯᠤᠨ᠎ᠠ᠃ | ᠲᠠᠪᠤ᠂ ᠪᠦᠬᠦ ᠬᠤᠲᠠ ᠶᠢᠨ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠳᠠ ᠶᠢᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠬᠤ ᠬᠡᠪᠴᠢᠶ᠎ᠡ ᠪᠠ ᠴᠢᠭᠯᠡᠯ ᠤᠨ | ᠰᠠᠨᠠᠯ᠂ ᠰᠠᠨᠠᠭᠤᠯᠭ᠎ᠠ ᠶᠢ ᠰᠤᠳᠤᠯᠤᠨ ᠲᠤᠷᠠᠳᠤᠨ᠎ᠠ︔ ᠤᠯᠤᠰ ᠪᠠ ᠦᠪᠡᠷᠳᠡᠭᠡᠨ ᠵᠠᠰᠠᠬᠤ ᠤᠷᠤᠨ ᠤ ᠲᠦᠯᠦᠪᠵᠢᠬᠦᠯᠭᠡ ᠶᠢᠨ ᠲᠤᠳᠤᠷᠠᠬᠢ ᠪᠠ ᠤᠨ ᠤ | ᠲᠦᠯᠦᠪᠯᠡᠭᠡ ᠶᠢᠨ ᠬᠡᠪᠴᠢᠶᠠᠨ ᠲᠤᠳᠤᠷᠠᠬᠢ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠬᠤ ᠲᠦᠷᠦᠯ ᠵᠦᠢᠯ ᠢ ᠲᠤᠭᠳᠠᠭᠠᠭᠰᠠᠨ ᠡᠷᠭᠡ ᠮᠡᠳᠡᠯ ᠤᠨ ᠶᠤᠰᠤᠭᠠᠷ ᠬᠢᠨᠠᠨ | ᠴᠤᠬᠤᠯᠠᠪᠤᠷᠢᠯᠠᠵᠦ᠂ ᠬᠢᠨᠠᠨ ᠵᠦᠪᠰᠢᠶᠡᠷᠡᠨ᠎ᠡ᠃ | ᠵᠢᠷᠭᠤᠭ᠎ᠠ᠂ ᠵᠠᠮ ᠬᠠᠷᠢᠯᠴᠠᠭᠠᠨ ᠤ ᠠᠵᠢᠯ ᠦᠢᠯᠡᠰ ᠳᠤ ᠬᠡᠷᠡᠭᠰᠡᠬᠦ ᠡᠳ᠋ ᠤᠨ ᠵᠠᠰᠠᠭ ᠤᠨ ᠴᠢᠨᠠᠷᠳᠠᠢ ᠪᠡᠯᠡ ᠮᠦᠩᠬᠦ ᠪᠠ ᠲᠤᠰᠬᠠᠢ ᠲᠦᠷᠦᠯ ᠤᠨ ᠪᠡᠯᠡ | ᠮᠦᠩᠬᠦ ᠶᠢᠨ ᠤᠷᠤᠯᠭ᠎ᠠ ᠵᠠᠷᠤᠯᠭ᠎ᠠ ᠶᠢᠨ ᠲᠦᠰᠦᠪ ᠤᠨ ᠰᠠᠨᠠᠯ ᠢ ᠰᠤᠳᠤᠯᠤᠨ ᠲᠤᠷᠠᠳᠤᠨ᠎ᠠ︔ ᠵᠠᠮ ᠬᠠᠷᠢᠯᠴᠠᠭᠠᠨ ᠤ ᠪᠦᠳᠦᠭᠡᠨ ᠪᠠᠶᠢᠭᠤᠯᠤᠯᠳᠠ ᠶᠢᠨ ᠲᠦᠷᠦᠯ | ᠵᠦᠢᠯ ᠤᠨ ᠲᠤᠳᠤᠭᠠᠳᠤ ᠶᠢᠨ ᠬᠢᠨᠠᠨ ᠪᠤᠳᠤᠬᠤ ᠠᠵᠢᠯ ᠢ ᠵᠤᠬᠢᠶᠠᠨ ᠪᠠᠶᠢᠭᠤᠯᠤᠨ᠎ᠠ︔ ᠵᠠᠮ ᠬᠠᠷᠢᠯᠴᠠᠭᠠᠨ ᠤ ᠲᠤᠭᠳᠠᠭᠠᠯ ᠢᠶᠠᠷ ᠰᠦᠢᠳᠭᠡᠯ ᠬᠤᠷᠢᠶᠠᠬᠤ ᠬᠠᠮᠢᠶ᠎ᠠ | ᠪᠦᠬᠦᠢ ᠲᠦᠷᠦ ᠶᠢᠨ ᠪᠤᠳᠤᠯᠭ᠎ᠠ ᠶᠢ ᠭᠦᠢᠴᠡᠳᠭᠡᠬᠦ ᠶᠢᠨ ᠬᠠᠮᠳᠤ ᠬᠢᠨᠠᠯᠳᠠ ᠲᠠᠯᠪᠢᠵᠤ ᠬᠡᠷᠡᠭᠵᠢᠭᠦᠯᠦᠨ᠎ᠡ︔ ᠡᠳ᠋ ᠤᠨ ᠵᠠᠰᠠᠭ᠂ ᠭᠠᠵᠠᠷ ᠰᠢᠷᠦᠢ᠂ ᠦᠨ᠎ᠡ ᠬᠠᠩᠰᠢ | ᠵᠡᠷᠭᠡ ᠬᠠᠮᠢᠶ᠎ᠠ ᠪᠦᠬᠦᠢ ᠲᠠᠯ᠎ᠠ ᠶᠢᠨ ᠠᠰᠠᠭᠤᠳᠠᠯ ᠳᠤ ᠲᠦᠷᠦ ᠶᠢᠨ ᠪᠤᠳᠤᠯᠭ᠎ᠠ ᠶᠢᠨ ᠰᠠᠨᠠᠯ ᠲᠤᠷᠠᠳᠤᠨ᠎ᠠ᠃ | ᠳᠤᠯᠤᠭ᠎ᠠ᠂ ᠤᠰᠤᠨ ᠵᠠᠮ ᠤᠨ ᠰᠠᠭᠤᠷᠢ ᠪᠡᠯᠡᠳᠭᠡᠮᠵᠢ ᠶᠢᠨ ᠲᠦᠯᠦᠪᠵᠢᠭᠦᠯᠭᠡ᠂ ᠪᠦᠳᠦᠭᠡᠨ ᠪᠠᠶᠢᠭᠤᠯᠤᠯᠳᠠ ᠪᠠ ᠰᠡᠯᠪᠢᠨ ᠵᠠᠰᠠᠬᠤ ᠶᠢ ᠵᠤᠬᠢᠶᠠᠨ ᠪᠠᠶᠢᠭᠤᠯᠤᠨ | ᠵᠤᠬᠢᠴᠠᠭᠤᠯᠵᠤ᠂ ᠪᠦᠬᠦ ᠬᠤᠲᠠ ᠶᠢᠨ ᠤᠰᠤᠨ ᠵᠠᠮ ᠬᠠᠷᠢᠯᠴᠠᠭᠠᠨ ᠤ ᠠᠮᠤᠷ ᠲᠦᠪᠰᠢᠨ ᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠡᠭᠦᠷᠭᠡᠯᠡᠨ᠎ᠡ︔ ᠤᠰᠤᠨ ᠵᠠᠮ ᠤᠨ | ᠲᠡᠭᠡᠭᠡᠪᠦᠷᠢ ᠶᠢᠨ ᠬᠠᠮᠢᠶᠠᠷᠤᠯᠲᠠ᠂ ᠤᠩᠭᠤᠴᠠ ᠰᠡᠯ ᠵᠢᠴᠢ ᠤᠰᠤᠨ ᠲᠡᠭᠡᠷᠡᠬᠢ ᠬᠤᠯᠪᠤᠭᠳᠠᠯ ᠪᠦᠬᠦᠢ ᠪᠡᠯᠡᠳᠭᠡᠮᠵᠢ ᠶᠢ ᠰᠢᠯᠭᠠᠨ ᠪᠠᠶᠢᠴᠠᠭᠠᠬᠤ᠂ ᠲᠠᠩᠰᠠᠯᠠᠬᠤ ᠪᠠ | ᠪᠤᠬᠢᠷᠳᠤᠯ ᠢ ᠰᠡᠷᠭᠡᠶᠢᠯᠡᠬᠦ᠂ ᠠᠪᠤᠷᠠᠨ ᠲᠤᠰᠠᠯᠠᠬᠤ᠂ ᠱᠦᠬᠦᠬᠦ᠂ ᠴᠢᠮᠡᠭᠡ ᠨᠡᠪᠳᠠᠷᠡᠯᠭᠡ ᠪᠠᠷ ᠵᠠᠮᠴᠢᠯᠠᠭᠤᠯᠬᠤ᠂ ᠠᠶᠠᠯᠠᠯ ᠤᠨ ᠳᠡᠮᠳᠡᠭ ᠤᠨ ᠬᠠᠮᠠᠭᠠᠯᠠᠯᠲᠠ᠂ ᠠᠶᠠᠯᠠᠬᠤ | ᠵᠠᠮ ᠬᠢᠭᠡᠳ ᠭᠠᠷᠠᠮ ᠤᠨ ᠪᠡᠯᠡᠳᠭᠡᠮᠵᠢ ᠵᠢᠴᠢ ᠠᠶᠤᠯᠳᠠᠢ ᠪᠤᠳᠠᠰ ᠲᠡᠭᠡᠭᠡᠪᠤᠷᠢᠯᠡᠬᠦ ᠶᠢ ᠬᠢᠨᠠᠨ ᠬᠠᠮᠢᠶᠠᠷᠬᠤ ᠵᠡᠷᠭᠡ ᠠᠵᠢᠯ ᠢ ᠬᠠᠷᠢᠭᠤᠴᠠᠨ᠎ᠠ︔ ᠤᠰᠤᠨ ᠵᠠᠮ ᠤᠨ | ᠭᠠᠷᠠᠮ ᠤᠨ ᠤᠩᠭᠤᠴᠠ ᠰᠡᠯ ᠤᠨ ᠬᠢᠯᠢ ᠪᠠᠷ ᠭᠠᠷᠴᠤ ᠤᠷᠤᠬᠤ ᠬᠠᠮᠢᠶᠠᠷᠤᠯᠲᠠ ᠪᠠ ᠤᠰᠤᠴᠢᠨ ᠤ ᠬᠠᠮᠢᠶᠠᠷᠤᠯᠳᠠ ᠶᠢᠨ ᠬᠤᠯᠪᠤᠭᠳᠠᠯ ᠪᠦᠬᠦᠢ ᠠᠵᠢᠯ ᠢ ᠬᠠᠷᠢᠭᠤᠴᠠᠨ᠎ᠠ | ᠃ | ᠨᠠᠢᠮᠠ᠂ ᠪᠦᠬᠦ ᠬᠤᠲᠠ ᠶᠢᠨ ᠵᠠᠮ ᠬᠠᠷᠢᠯᠴᠠᠭᠠᠨ ᠤ ᠠᠵᠢᠯ ᠲᠦᠷᠦᠯ ᠤᠨ ᠠᠶᠤᠯ ᠦᠭᠡᠢ ᠦᠢᠯᠡᠳᠪᠦᠷᠢᠯᠡᠯ ᠪᠠ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠳᠠ ᠶᠢᠨ ᠠᠵᠢᠯ ᠢ ᠵᠤᠬᠢᠶᠠᠨ ᠪᠠᠶᠢᠭᠤᠯᠤᠨ ᠵᠤᠬᠢᠴᠠᠭᠤᠯᠤᠨ᠎ᠠ︔ ᠠᠳᠡᠯ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠤᠯᠢ ᠶᠤᠰᠤᠭᠠᠷ ᠵᠤᠬᠢᠶᠠᠨ ᠪᠠᠶᠢᠭᠤᠯᠬᠤ | ᠪᠤᠶᠤ ᠲᠡᠭᠦᠨ ᠳᠤ ᠤᠷᠤᠯᠴᠠᠨ᠎ᠠ᠃ | ᠶᠢᠰᠦ᠂ ᠬᠦᠯᠦᠨ ᠪᠤᠶᠢᠷ ᠬᠤᠲᠠ ᠶᠢᠨ ᠲᠦᠷᠭᠡᠨ ᠬᠤᠷᠳᠤ ᠶᠢᠨ ᠵᠠᠮ ᠵᠢᠴᠢ ᠭᠤᠤᠯᠳᠠᠯᠭ᠎ᠠ ᠲᠠᠢ ᠭᠤᠤᠯ ᠱᠤᠭᠤᠮ ᠤᠨ ᠵᠠᠰᠠᠮᠠᠯ ᠵᠠᠮ ᠤᠨ ᠲᠤᠤᠷ ᠤᠨ | ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠬᠦ ᠪᠠ ᠵᠤᠬᠢᠴᠠᠭᠤᠯᠬᠤ ᠶᠢ ᠬᠠᠷᠢᠭᠤᠴᠠᠨ᠎ᠠ︔ ᠵᠠᠮ ᠲᠡᠭᠡᠭᠡᠪᠦᠷᠢ ᠶᠢᠨ ᠮᠡᠳᠡᠭᠡ ᠵᠠᠩᠭᠢᠴᠢᠯᠠᠯᠲᠠ ᠶᠢᠨ ᠪᠦᠳᠦᠭᠡᠨ | ᠪᠠᠶᠢᠭᠤᠯᠤᠯᠳᠠ ᠶᠢ ᠵᠢᠯᠤᠭᠤᠳᠴᠤ᠂ ᠶᠠᠪᠤᠭᠳᠠᠯ ᠤᠨ ᠪᠠᠶᠢᠳᠠᠯ ᠢ ᠬᠢᠨᠠᠨ ᠬᠡᠮᠵᠢᠵᠤ ᠵᠠᠳᠠᠯᠤᠯᠳᠠ ᠬᠢᠵᠦ᠂ ᠬᠠᠮᠢᠶ᠎ᠠ ᠪᠦᠬᠦᠢ ᠪᠦᠷᠢᠳᠭᠡᠯ ᠤᠨ ᠠᠵᠢᠯ ᠢ ᠦᠷᠨᠢᠭᠦᠯᠦᠨ᠎ᠡ︔ | ᠵᠠᠮ ᠬᠠᠷᠢᠯᠴᠠᠭᠠᠨ ᠤ ᠠᠵᠢᠯ ᠲᠦᠷᠦᠯ ᠤᠨ ᠤᠷᠴᠢᠨ ᠲᠤᠭᠤᠷᠢᠨ ᠢ ᠬᠠᠮᠠᠭᠠᠯᠠᠬᠤ ᠪᠠ ᠡᠨᠧᠷᠬᠢ ᠶᠢ ᠠᠷᠪᠢᠯᠠᠵᠤ ᠭᠠᠳᠠᠭᠰᠢᠯᠠᠭᠤᠯᠤᠯ ᠢ ᠪᠠᠭᠠᠰᠬᠠᠬᠤ ᠠᠵᠢᠯ ᠢ | ᠵᠢᠯᠤᠭᠤᠳᠤᠨ᠎ᠠ᠃ | ᠠᠷᠪᠠ᠂ ᠵᠠᠮ ᠬᠠᠷᠢᠯᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠭᠦᠭᠵᠢᠯᠲᠡ ᠶᠢᠨ ᠲᠦᠯᠦᠪᠵᠢᠭᠦᠯᠭᠡ ᠶᠢ ᠲᠤᠭᠲᠠᠭᠠᠵᠤ᠂ ᠪᠦᠬᠦ ᠬᠤᠲᠠ ᠶᠢᠨ ᠰᠢᠨᠵᠢᠯᠡᠬᠦ | ᠤᠬᠠᠭᠠᠨ ᠤ ᠰᠤᠳᠤᠯᠤᠯ ᠪᠠ ᠮᠡᠷᠭᠡᠵᠢᠯ ᠤᠨ ᠨᠡᠭᠡᠭᠡᠨ ᠬᠦᠭᠵᠢᠭᠦᠯᠬᠦ ᠠᠵᠢᠯ ᠵᠢᠴᠢ ᠵᠠᠮ ᠬᠠᠷᠢᠯᠴᠠᠭᠠᠨ ᠤ ᠠᠵᠢᠯ ᠲᠦᠷᠦᠯ ᠤᠨ ᠡᠯ᠎ᠡ ᠵᠦᠢᠯ ᠤᠨ ᠡᠷᠳᠡᠮ | ᠰᠢᠨᠵᠢᠯᠡᠭᠡᠨ ᠤ ᠨᠡᠶᠢᠭᠡᠮᠯᠢᠭ᠂ ᠨᠡᠶᠢᠭᠡᠮᠯᠢᠭ᠂ ᠰᠤᠳᠤᠯᠭᠠᠨ ᠤ ᠨᠡᠶᠢᠭᠡᠮᠯᠢᠭ ᠵᠡᠷᠭᠡ ᠶᠢᠨ ᠠᠵᠢᠯ ᠢ ᠵᠤᠬᠢᠶᠠᠨ ᠪᠠᠶᠢᠭᠤᠯᠵᠤ ᠵᠢᠯᠤᠭᠤᠳᠤᠨ᠎ᠠ︔ ᠪᠦᠬᠦ ᠬᠤᠲᠠ ᠶᠢᠨ ᠮᠠᠰᠢᠨ | ᠲᠡᠷᠭᠡᠨ ᠤ ᠵᠢᠯᠤᠭᠤᠴᠢ ᠶᠢᠨ ᠰᠤᠷᠭᠠᠭᠤᠯᠢ ᠪᠠ ᠵᠢᠯᠤᠭᠤᠴᠢ ᠶᠢᠨ ᠳᠠᠪᠲᠠᠨ ᠪᠤᠯᠪᠠᠰᠤᠷᠠᠭᠤᠯᠤᠯᠲᠠ ᠶᠢᠨ ᠠᠵᠢᠯ ᠲᠦᠷᠦᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ | ᠠᠷᠪᠠᠨ ᠨᠢᠭᠡ᠂ ᠬᠤᠲᠠ ᠶᠢᠨ ᠤᠯᠤᠰ ᠤᠨ ᠪᠠᠳᠤᠯᠠᠨ ᠬᠠᠮᠠᠭᠠᠯᠠᠯᠳᠠ ᠶᠢᠨ ᠲᠠᠶᠢᠴᠢᠯᠠᠯᠳᠠ ᠶᠢᠨ ᠵᠦᠪᠯᠡᠯ ᠤᠨ ᠬᠠᠮᠢᠶ᠎ᠠ ᠪᠦᠬᠦᠢ ᠠᠵᠢᠯ ᠢ ᠡᠬᠦᠷᠭᠡᠯᠡᠨ᠎ᠡ᠃ |