ᠭᠡᠭᠡᠨ ᠭᠤᠤᠯ ᠬᠤᠲᠠ ᠶᠢᠨ ᠲᠠᠷᠢᠶᠠᠯᠠᠩ ᠮᠠᠯ ᠠᠵᠤ ᠠᠬᠤᠢ᠂  ᠣᠰᠣᠨ ᠠᠰᠢᠭᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ ᠶᠢᠨ ᠭᠤᠣᠯ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2023/6/18
    ᠨᠢᠭᠡ᠂ ᠤᠰᠤᠨ ᠠᠰᠢᠭᠯᠠᠯᠲᠠ ᠶᠢᠨ ᠠᠵᠢᠯ ᠤᠨ ᠲᠤᠬᠠᠢ ᠤᠯᠤᠰ᠂ ᠦᠪᠡᠷᠲᠡᠭᠡᠨ ᠵᠠᠰᠠᠬᠤ ᠤᠷᠤᠨ ᠤ ᠴᠢᠭᠯᠡᠯᠲᠡ᠂ ᠲᠦᠷᠦ ᠶᠢᠨ ᠪᠤᠳᠤᠯᠭ᠎ᠠ᠂ ᠬᠠᠤᠯᠢ ᠴᠠᠭᠠᠵᠠ ᠂ ᠬᠠᠤᠯᠢ ᠳᠦᠷᠢᠮ ᠢ ᠲᠤᠤᠱᠯᠠᠭᠤᠯᠣᠨ ᠬᠡᠷᠡᠭᠵᠢᠭᠦᠯᠦᠨ᠎ᠡ︔ ᠤᠰᠤᠨ ᠤ ᠡᠬᠢ ᠪᠠᠶᠠᠯᠢᠭ ᠤᠨ ᠵᠣᠬᠢᠰᠲᠠᠢ ᠨᠡᠭᠡᠭᠡᠨ ᠠᠰᠢᠭᠯᠠᠯᠲᠠ ᠶᠢ ᠪᠠᠲᠤᠯᠠᠬᠤ ᠶᠢ ᠬᠠᠷᠢᠭᠤᠴᠠᠵᠤ᠂ ᠪᠦᠬᠦ ᠬᠤᠲᠠ ᠶᠢᠨ ᠣᠰᠣᠨ ᠠᠰᠢᠭᠯᠠᠯᠲᠠ ᠶᠢᠨ ᠠᠵᠢᠯ ᠤᠨ ᠲᠤᠬᠠᠢ ᠲᠦᠷᠦ ᠶᠢᠨ ᠪᠤᠳᠤᠯᠭ᠎ᠠ᠂ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠪᠠ ᠳᠤᠮᠳᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠰᠤᠳᠤᠯᠤᠨ ᠲᠤᠭᠤᠷᠪᠢᠨ ᠲᠤᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠴᠢᠬᠤᠯᠠ ᠭᠤᠣᠯ ᠮᠥᠷᠡᠨ ᠨᠠᠭᠤᠷ ᠪᠦᠷᠢᠳᠤ ᠶᠢᠨ ᠰᠠᠪᠠ ᠭᠠᠵᠠᠷ ᠤᠨ ᠶᠡᠷᠦᠩᠬᠡᠢ ᠲᠥᠯᠥᠪᠵᠢᠭᠦᠯᠭᠡ᠂ ᠦᠶᠡᠷ ᠢ ᠰᠡᠷᠭᠡᠶᠢᠯᠡᠬᠦ ᠵᠡᠷᠭᠡ ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠨ᠎ᠠ︔ ᠪᠦᠬᠦ ᠬᠤᠲᠠ ᠶᠢᠨ ᠴᠢᠨᠠᠷᠲᠠᠢ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠳᠦᠷᠢᠮ ᠢ ᠲᠤᠭᠳᠠᠭᠠᠯ ᠶᠤᠰᠤᠭᠠᠷ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤᠨ ᠠᠰᠢᠭᠯᠠᠯᠲᠠ ᠶᠢᠨ ᠲᠣᠭᠲᠠᠮᠠᠯ ᠬᠦᠷᠥᠩᠭᠡ ᠶᠢᠨ ᠪᠡᠯᠡ ᠣᠷᠤᠭᠤᠯᠤᠯᠲᠠ ᠶᠢᠨ ᠬᠡᠪᠴᠢᠶᠡᠵᠢᠯ ᠪᠠ ᠴᠢᠭᠯᠡᠯ ᠢ ᠳᠤᠷᠠᠳᠬᠤ ᠶᠢ ᠬᠠᠷᠢᠭᠤᠴᠠᠵᠤ᠂ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠤᠷᠤᠭᠤᠯᠤᠯᠲᠠ ᠶᠢᠨ ᠳᠤᠬᠢᠷᠠᠭᠤᠯᠬᠤ ᠰᠠᠨᠠᠭᠤᠯᠭ᠎ᠠ ᠶᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ᠬᠤᠶᠠᠷ᠂ ᠠᠮᠢᠳᠤᠷᠠᠯ᠂ ᠦᠢᠯᠡᠳᠪᠦᠷᠢᠯᠡᠯ ᠤᠨ ᠡᠵᠡᠩᠨᠡᠯᠲᠡ ᠪᠠ ᠠᠮᠢ ᠠᠬᠤᠢ ᠶᠢᠨ ᠣᠷᠴᠢᠨ ᠲᠣᠭᠤᠷᠢᠨ ᠤ ᠤᠰᠤ ᠬᠡᠷᠡᠭᠯᠡᠬᠦ ᠶᠢ ᠬᠠᠮᠳᠤ ᠳᠤᠨᠢ ᠬᠠᠷᠠᠭᠠᠯᠵᠠᠨ ᠨᠢᠭᠡᠳᠤᠯᠲᠠᠢ ᠲᠤᠭᠳᠠᠭᠠᠬᠤ ᠪᠠ ᠪᠠᠲᠤᠯᠠᠬᠤ ᠶᠢ ᠬᠠᠷᠢᠭᠤᠴᠠᠵᠤ᠂ ᠤᠰᠤᠨ ᠤ ᠡᠬᠢ ᠪᠠᠶᠠᠯᠢᠭ ᠢ ᠨᠢᠭᠡᠳᠦᠯᠲᠡᠢ ᠬᠠᠮᠢᠶᠠᠷᠬᠤ ᠶᠢ ᠬᠡᠷᠡᠭᠵᠢᠭᠦᠯᠵᠦ᠂ ᠪᠦᠬᠦ ᠬᠤᠲᠠ ᠶᠢᠨ ᠪᠠ ᠬᠤᠰᠢᠭᠤ ᠬᠤᠲᠠ ᠲᠤᠭᠤᠷᠢᠭ ᠠᠯᠤᠰᠯᠠᠭᠰᠠᠨ ᠤᠰᠤᠨ ᠤ ᠳᠤᠮᠳᠠ ᠤᠷᠲᠤ ᠬᠤᠭᠤᠴᠠᠭ᠎ᠠ ᠶᠢᠨ ᠬᠠᠩᠭᠠᠯᠭ᠎ᠠ ᠶᠢᠨ ᠲᠥᠯᠥᠪᠵᠢᠭᠦᠯᠭᠡ᠂ ᠤᠰᠤᠨ ᠤ ᠬᠡᠮᠵᠢᠶ᠎ᠡ ᠶᠢᠨ ᠬᠤᠪᠢᠶᠠᠷᠢᠯᠠᠯᠲᠠ ᠶᠢᠨ ᠲᠥᠰᠥᠯ ᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠤᠰᠤᠨ ᠤ ᠡᠬᠢ ᠪᠠᠶᠠᠯᠢᠭ ᠢ ᠪᠠᠶᠢᠴᠠᠭᠠᠵᠤ ᠦᠨᠡᠯᠡᠬᠦ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠦᠨ᠎ᠡ︔ ᠣᠰᠣᠨ ᠡᠨᠧᠷᠭᠢ ᠶᠢᠨ ᠡᠬᠢ ᠪᠠᠶᠠᠯᠢᠭ ᠢ ᠪᠠᠶᠢᠴᠠᠭᠠᠬᠤ ᠠᠵᠢᠯ ᠢ ᠲᠤᠭᠲᠠᠭᠠᠯ ᠶᠣᠰᠣᠭᠠᠷ ᠥᠷᠨᠢᠭᠦᠯᠦᠨ᠎ᠡ ︔ ᠤᠰᠤᠨ ᠤ ᠡᠬᠢ ᠪᠠᠶᠠᠯᠢᠭ᠂ ᠦᠶᠡᠷ ᠰᠡᠷᠭᠡᠶᠢᠯᠡᠬᠦ ᠨᠤᠲᠠᠯᠠᠯ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠤᠰᠤ ᠲᠠᠲᠠᠬᠤ ᠵᠥᠪᠰᠢᠶᠡᠷᠡᠯ ᠤᠨ ᠳᠦᠷᠢᠮ ᠪᠠ ᠤᠰᠤᠨ ᠤ ᠡᠬᠢ ᠪᠠᠶᠠᠯᠢᠭ ᠢ ᠲᠥᠯᠥᠪᠦᠷᠢ ᠲᠠᠢ ᠬᠡᠷᠡᠭᠯᠡᠬᠦ ᠳᠦᠷᠢᠮ ᠢ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠤᠰᠤᠨ ᠤ ᠡᠬᠢ ᠪᠠᠶᠠᠯᠢᠭ ᠤᠨ ᠠᠯᠪᠠᠨ ᠮᠡᠳᠡᠭᠡ ᠶᠢ ᠨᠡᠶᠢᠲᠡᠯᠡᠨ᠎ᠡ᠃     ᠭᠤᠷᠪᠠ᠂ ᠤᠰᠤ ᠠᠷᠪᠢᠯᠠᠨ ᠬᠡᠷᠡᠭᠯᠡᠬᠦ ᠤᠯᠤᠰ ᠪᠠ ᠦᠪᠡᠷᠲᠡᠭᠡᠨ ᠵᠠᠰᠠᠬᠤ ᠤᠷᠤᠨ ᠤ ᠲᠥᠷᠥ ᠶᠢᠨ ᠪᠣᠳᠣᠯᠭ᠎ᠠ ᠶᠢ ᠲᠤᠤᠱᠯᠠᠭᠤᠯᠣᠨ ᠬᠡᠷᠡᠭᠵᠢᠭᠦᠯᠵᠦ᠂ ᠤᠰᠤ ᠠᠷᠪᠢᠯᠠᠨ ᠬᠡᠷᠡᠭᠯᠡᠬᠦ ᠲᠦᠷᠦ ᠶᠢᠨ ᠪᠤᠳᠤᠯᠭ᠎ᠠ᠂ ᠪᠠᠷᠢᠮᠵᠢᠶ᠎ᠠ ᠶᠢ ᠲᠤᠭᠤᠷᠪᠢᠨ ᠲᠤᠭᠲᠠᠭᠠᠵᠤ᠂ ᠤᠰᠤ ᠠᠷᠪᠢᠯᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠤᠰᠤ ᠠᠷᠪᠢᠯᠠᠨ ᠬᠡᠷᠡᠭᠯᠡᠬᠦ ᠠᠵᠢᠯ ᠢ ᠵᠤᠬᠢᠶᠠᠨ ᠪᠠᠶᠢᠭᠤᠯᠤᠨ ᠵᠢᠯᠤᠭᠤᠳᠤᠨ᠎ᠠ︔ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠠᠵᠢᠯ ᠢ ᠵᠢᠯᠤᠭᠤᠳᠴᠤ᠂ ᠭᠠᠵᠠᠷ ᠳᠤᠤᠷᠠᠬᠢ ᠤᠰᠤ ᠶᠢ ᠨᠡᠭᠡᠭᠡᠨ ᠠᠰᠢᠭᠯᠠᠬᠤ ᠪᠠ ᠬᠤᠲᠠ ᠶᠢᠨ ᠲᠦᠯᠦᠪᠵᠢᠭᠦᠯᠭᠡ ᠶᠢᠨ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠢ ᠬᠠᠮᠢᠶᠠᠷᠤᠨ ᠬᠠᠮᠠᠭᠠᠯᠠᠬᠤ ᠠᠵᠢᠯ ᠢ ᠵᠢᠯᠤᠭᠤᠳᠴᠤ᠂ ᠭᠤᠤᠯᠳᠠᠯᠭᠠᠲᠤ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠤᠰᠤ ᠠᠷᠪᠢᠯᠠᠬᠤ ᠪᠡᠯᠡᠳᠭᠡᠮᠵᠢ ᠶᠢ ᠰᠢᠯᠭᠠᠨ ᠠᠪᠬᠤ ᠳᠤ ᠤᠷᠤᠯᠴᠠᠨ᠎ᠠ᠃     ᠳᠦᠷᠪᠡ᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠠᠵᠢᠯ ᠢ ᠬᠠᠷᠢᠭᠤᠴᠠᠵᠤ᠂ ᠪᠦᠬᠦ ᠬᠤᠲᠠ ᠶᠢᠨ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠤᠰᠤᠨ ᠴᠢᠳᠠᠪᠬᠢᠲᠦ ᠤᠷᠤᠨ ᠤ ᠬᠤᠪᠢᠶᠠᠷᠢᠯᠠᠯ ᠢ ᠵᠤᠬᠢᠶᠠᠨ ᠪᠠᠶᠢᠭᠤᠯᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ︔ ᠤᠰᠤᠨ ᠤ ᠪᠤᠵᠠᠷ ᠪᠤᠯᠠᠢ ᠶᠢ ᠬᠠᠳᠠᠭᠠᠯᠠᠬᠤ ᠴᠢᠳᠠᠪᠤᠷᠢ ᠶᠢ ᠬᠢᠨᠠᠨ ᠲᠤᠭᠲᠠᠭᠠᠨ᠎ᠠ︔ ᠪᠣᠬᠢᠷ ᠪᠣᠳᠠᠰ ᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠰᠠᠨᠠᠭᠤᠯᠭ᠎ᠠ ᠲᠤᠷᠠᠳᠤᠨ᠎ᠠ︔     ᠲᠠᠪᠤ᠂ ᠪᠦᠬᠦ ᠬᠤᠲᠠ ᠶᠢᠨ ᠤᠰᠤᠨ ᠠᠰᠢᠭᠯᠠᠯᠲᠠ ᠲᠠᠢ ᠬᠤᠯᠪᠣᠭᠳᠠᠭᠰᠠᠨ ᠬᠦᠨᠳᠦ ᠶᠡᠭᠡ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ︔ ᠪᠦᠬᠦ ᠬᠤᠲᠠ ᠶᠢᠨ ᠤᠰᠤᠨ ᠤ ᠶᠠᠪᠤᠳᠠᠯ ᠢ ᠬᠢᠨᠠᠨ ᠪᠠᠶᠢᠴᠠᠭᠠᠬᠤ ᠪᠠ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠵᠤᠬᠢᠶᠠᠨ ᠪᠠᠶᠢᠭᠤᠯᠤᠨ ᠵᠢᠯᠣᠭᠤᠳᠤᠨ᠎ᠠ︔ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠬᠠᠤᠯᠢ ᠶᠤᠰᠤᠭᠠᠷ ᠬᠠᠷᠢᠭᠤᠴᠠᠵᠤ᠂ ᠤᠰᠤᠨ ᠴᠦᠭᠦᠷᠥᠮ᠂ ᠤᠰᠤᠨ ᠴᠠᠬᠢᠯᠭᠠᠨ ᠤ ᠥᠷᠲᠡᠭᠡ ᠶᠢᠨ ᠲᠣᠮᠣ ᠬᠠᠰᠢᠯᠭ᠎ᠠ ᠶᠢᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ︔ ᠬᠤᠰᠢᠭᠤ ᠬᠤᠲᠠ ᠲᠤᠭᠤᠷᠢᠭ ᠤᠨ ᠬᠤᠭᠤᠷᠤᠨᠳᠤᠬᠢ ᠤᠰᠤᠨ ᠤ ᠬᠡᠷᠡᠭ ᠶᠠᠪᠤᠳᠠᠯ ᠤᠨ ᠵᠢᠭᠤᠷᠠᠯᠳᠤᠭᠠᠨ ᠢ ᠵᠤᠬᠢᠴᠠᠭᠤᠯᠬᠤ ᠶᠢᠨ ᠬᠠᠮᠲᠤ ᠬᠦᠨᠳᠡᠯᠡᠨ ᠠᠴᠠ ᠲᠠᠰᠤᠯᠤᠨ᠎ᠠ᠃     ᠵᠢᠷᠭᠤᠭ᠎ᠠ᠂ ᠪᠦᠬᠦ ᠬᠤᠲᠠ ᠶᠢᠨ ᠲᠤᠮᠤ ᠳᠤᠮᠳᠠ ᠪᠠᠭ᠎ᠠ ᠬᠡᠯᠪᠡᠷᠢ ᠶᠢᠨ ᠤᠰᠤᠨ ᠠᠰᠢᠭᠯᠠᠯᠲᠠ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠰᠠᠨᠠᠭᠤᠯᠭ᠎ᠠ ᠶᠢᠨ ᠪᠢᠴᠢᠭ ᠪᠠ ᠪᠤᠯᠤᠮᠵᠢᠲᠤ ᠰᠤᠳᠤᠯᠤᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠤᠬᠢᠶᠠᠵᠤ ᠬᠢᠨᠠᠨ ᠪᠠᠶᠢᠴᠠᠭᠠᠨ᠎ᠠ︔ ᠴᠢᠬᠤᠯᠠ ᠶᠡᠭᠡ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠤᠯ ᠪᠠ ᠮᠠᠷᠭᠡᠵᠢᠯ ᠤᠨ ᠳᠡᠯᠭᠡᠷᠡᠭᠦᠯᠦᠯᠲᠡ ᠶᠢ ᠵᠤᠬᠢᠶᠠᠨ ᠪᠠᠶᠢᠭᠤᠯᠤᠨ᠎ᠠ︔ ᠤᠯᠤᠰ ᠤᠨ ᠤᠰᠤᠨ ᠠᠰᠢᠭᠯᠠᠯᠲᠠ ᠶᠢᠨ ᠠᠵᠢᠯ ᠲᠦᠷᠦᠯ ᠤᠨ ᠮᠡᠷᠭᠡᠵᠢᠯ ᠶᠠᠰᠤ ᠴᠢᠨᠠᠷ ᠤᠨ ᠪᠠᠷᠢᠮᠵᠢᠶ᠎ᠠ ᠪᠠ ᠤᠰᠤᠨ ᠠᠰᠢᠭᠯᠠᠯᠲᠠ ᠶᠢᠨ ᠢᠨᠵᠧᠨᠧᠷᠢᠩ ᠤᠨ ᠳᠦᠷᠢᠮ ᠵᠢᠷᠤᠮᠵᠢᠯ ᠢ ᠬᠢᠨᠠᠨ ᠬᠡᠷᠡᠭᠵᠢᠭᠦᠯᠦᠨ᠎ᠡ︔     ᠳᠣᠯᠤᠭ᠎ᠠ᠂ ᠣᠰᠣᠨ ᠠᠰᠢᠭᠯᠠᠯᠲᠠ ᠶᠢᠨ ᠪᠡᠯᠡᠳᠬᠡᠮᠵᠢ᠂ ᠤᠷᠤᠰᠬᠠᠯ ᠤᠨ ᠤᠷᠤᠨ ᠵᠢᠴᠢ ᠡᠷᠭᠢ ᠳᠠᠭᠠᠤ ᠶᠢᠨ ᠬᠠᠮᠢᠶᠠᠷᠤᠯᠲᠠ ᠬᠢᠭᠡᠳ ᠬᠠᠮᠠᠭᠠᠯᠠᠯᠲᠠ ᠶᠢ ᠵᠢᠯᠤᠭᠤᠳᠤᠨ᠎ᠠ︔ ᠪᠦᠬᠦ ᠬᠤᠲᠠ ᠶᠢᠨ ᠴᠢᠬᠤᠯᠠ ᠭᠤᠣᠯ ᠮᠥᠷᠡᠨ᠂ ᠨᠠᠭᠤᠷ ᠪᠦᠷᠢᠳᠤ᠂ ᠴᠥᠬᠦᠷᠥᠮ ᠵᠢᠴᠢ ᠭᠤᠣᠯ ᠤᠨ ᠠᠳᠠᠭ ᠢ ᠵᠠᠰᠠᠬᠤ ᠪᠠ ᠨᠡᠭᠡᠭᠡᠨ ᠬᠦᠭᠵᠢᠭᠦᠯᠬᠦ ᠶᠢ ᠵᠢᠯᠣᠭᠤᠳᠤᠨ᠎ᠠ︔ ᠡᠵᠡᠮᠰᠢᠯ ᠤᠨ ᠴᠢᠨᠠᠷ ᠲᠠᠢ ᠪᠠ ᠬᠤᠰᠢᠭᠤ ᠬᠤᠲᠠ ᠲᠤᠭᠤᠷᠢᠭ ᠠᠯᠤᠰᠯᠠᠭᠰᠠᠨ ᠴᠢᠬᠤᠯᠠ ᠤᠰᠤ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠣᠯᠣᠨ ᠶᠠᠪᠤᠭᠳᠠᠯ ᠤᠨ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠬᠢᠭᠡᠳ ᠶᠠᠪᠤᠭᠳᠠᠯ ᠤᠨ ᠬᠠᠮᠢᠶᠠᠷᠤᠯᠲᠠ ᠶᠢ ᠵᠢᠯᠤᠭᠤᠳᠤᠨ᠎ᠠ︔ ᠤᠰᠤᠨ ᠠᠰᠢᠭᠯᠠᠯᠲᠠ ᠶᠢᠨ ᠢᠨᠵᠧᠨᠧᠷᠢᠩ ᠤᠨ ᠠᠷᠠᠳ ᠢ ᠨᠡᠭᠦᠯᠭᠡᠬᠦ ᠠᠵᠢᠯ ᠢ ᠳᠡᠮᠵᠢᠨ ᠰᠠᠶᠢᠳᠤᠷ ᠬᠢᠨ᠎ᠡ᠃     ᠨᠠᠢᠮᠠ᠂ ᠲᠠᠷᠢᠶᠠᠯᠠᠬᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠠᠵᠢᠯ ᠢ ᠵᠢᠯᠤᠭᠤᠳᠤᠨ᠎ᠠ︔ ᠲᠠᠷᠢᠶᠠᠨ ᠭᠠᠵᠠᠷ ᠬᠠᠳᠤᠯᠠᠩ ᠪᠡᠯᠴᠢᠭᠡᠷ ᠤᠨ ᠤᠰᠤᠨ ᠠᠰᠢᠭᠯᠠᠯᠲᠠ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠲᠠᠷᠢᠶᠠᠯᠠᠬᠤ ᠮᠠᠯᠵᠢᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ᠂ ᠤᠰᠤᠨ ᠳᠤ ᠠᠷᠪᠢᠲᠠᠢ ᠤᠰᠤᠯᠠᠯᠲᠠ ᠬᠢᠬᠦ ᠵᠡᠷᠭᠡ ᠢᠨᠵᠧᠨ᠋ᠷᠢᠩ ᠤᠨ ᠪᠦᠲᠦᠭᠡᠨ ᠪᠠᠶᠢᠭᠤᠯᠤᠯᠲᠠ ᠬᠢᠭᠡᠳ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ︔ ᠲᠠᠷᠢᠶᠠᠯᠠᠬᠤ ᠮᠠᠯᠵᠢᠬᠤ ᠣᠷᠣᠨ ᠤ ᠤᠰᠤᠨ ᠠᠰᠢᠭᠯᠠᠯᠲᠠ ᠶᠢᠨ ᠨᠡᠶᠢᠭᠡᠮᠴᠢᠯᠡᠭᠰᠡᠨ ᠲᠤᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ︔ ᠲᠠᠷᠢᠶᠠᠯᠠᠬᠤ ᠮᠠᠯᠵᠢᠬᠤ ᠣᠷᠣᠨ ᠤ ᠤᠰᠤᠨ ᠡᠨᠧᠷᠭᠢ ᠶᠢᠨ ᠡᠬᠢ ᠪᠠᠶᠠᠯᠢᠭ ᠤᠨ ᠨᠡᠭᠡᠭᠡᠨ ᠬᠦᠭᠵᠢᠭᠦᠯᠬᠦ ᠠᠵᠢᠯ ᠢ ᠲᠤᠭᠳᠠᠭᠠᠯ ᠶᠤᠰᠤᠭᠠᠷ ᠵᠢᠯᠣᠭᠤᠳᠴᠤ᠂ ᠤᠰᠤᠨ ᠴᠠᠬᠢᠯᠭᠠᠨ ᠢᠶᠠᠷ ᠬᠦᠳᠡᠭᠡ ᠲᠣᠰᠬᠤᠨ ᠢ ᠴᠠᠬᠢᠯᠭᠠᠨᠵᠢᠭᠤᠯᠬᠤ ᠪᠠ ᠵᠢᠵᠢᠭ ᠤᠰᠤᠨ ᠴᠠᠬᠢᠯᠭᠠᠨ ᠢᠶᠠᠷ ᠰᠢᠳᠠᠭᠠᠯᠭ᠎ᠠ ᠶᠢᠨ ᠬᠢ ᠶᠢ ᠤᠷᠤᠯᠠᠭᠤᠯᠬᠤ ᠠᠵᠢᠯ ᠢ ᠵᠢᠯᠣᠭᠤᠳᠤᠨ᠎ᠠ᠃     ᠶᠢᠰᠦ᠂ ᠬᠥᠷᠥᠰᠥ ᠰᠢᠷᠣᠢ ᠶᠢᠨ ᠬᠠᠮᠠᠭᠠᠯᠠᠯᠲᠠ ᠶᠢᠨ ᠠᠵᠢᠯ ᠢ ᠵᠤᠬᠢᠶᠠᠨ ᠪᠠᠶᠢᠭᠤᠯᠵᠤ᠂ ᠬᠥᠷᠥᠰᠥ ᠰᠢᠷᠣᠢ ᠶᠢ ᠬᠠᠮᠠᠭᠠᠯᠠᠬᠤ ᠰᠡᠷᠭᠡᠶᠢᠯᠡᠨ ᠵᠠᠰᠠᠬᠤ ᠵᠢᠴᠢ ᠶᠡᠷᠦᠩᠬᠡᠶᠢᠯᠡᠨ ᠵᠠᠰᠠᠬᠤ ᠲᠥᠯᠥᠪᠵᠢᠭᠦᠯᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠤᠰᠤ ᠰᠢᠷᠣᠢ ᠶᠢᠨ ᠤᠷᠤᠰᠤᠭᠳᠠᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠤᠰᠤ ᠰᠢᠷᠣᠢ ᠶᠢᠨ ᠤᠷᠤᠰᠤᠭᠳᠠᠯ ᠢ ᠬᠢᠨᠠᠨ ᠬᠡᠮᠵᠢᠵᠦ ᠶᠢ ᠵᠣᠬᠢᠶᠠᠨ ᠪᠠᠶᠢᠭᠤᠯᠬᠤ ᠶᠢᠨ ᠬᠠᠮᠲᠤ ᠲᠣᠭᠲᠠᠭᠰᠠᠨ ᠬᠤᠭᠤᠴᠠᠭ᠎ᠠ ᠲᠠᠢ ᠪᠠᠷ ᠤᠯᠠᠨ ᠳᠤ ᠵᠠᠷᠯᠠᠨ᠎ᠠ︔ ᠬᠤᠲᠠ ᠶᠢᠨ ᠲᠤᠰ ᠳᠡᠰ ᠤᠨ ᠲᠣᠭᠲᠠᠭᠠᠭᠰᠠᠨ ᠨᠡᠭᠡᠭᠡᠨ ᠬᠦᠭᠵᠢᠭᠦᠯᠵᠦ ᠪᠦᠲᠦᠭᠡᠨ ᠪᠠᠶᠢᠭᠤᠯᠬᠤ ᠲᠦᠷᠦᠯ ᠵᠦᠢᠯ᠂ ᠬᠥᠷᠥᠰᠥ ᠰᠢᠷᠣᠢ ᠶᠢᠨ ᠬᠠᠮᠠᠭᠠᠯᠠᠯᠲᠠ ᠶᠢᠨ ᠲᠦᠰᠦᠯ ᠢ ᠬᠢᠨᠠᠨ ᠵᠥᠪᠰᠢᠶᠡᠷᠡᠬᠦ᠂ ᠬᠢᠨᠠᠯᠲᠠ ᠲᠠᠯᠪᠢᠨ ᠬᠡᠷᠡᠭᠵᠢᠭᠦᠯᠬᠦ ᠵᠢᠴᠢ ᠬᠥᠷᠥᠰᠥ ᠰᠢᠷᠤᠢ ᠶᠢᠨ ᠬᠠᠮᠠᠭᠠᠯᠠᠯᠲᠠ ᠶᠢᠨ ᠪᠡᠯᠡᠳᠬᠡᠮᠵᠢ ᠶᠢᠨ ᠰᠢᠯᠭᠠᠨ ᠠᠪᠬᠤ ᠠᠵᠢᠯ ᠢ ᠬᠠᠷᠢᠭᠤᠴᠠᠨ᠎ᠠ︔ ᠬᠥᠷᠥᠰᠥ ᠰᠢᠷᠣᠢ ᠶᠢᠨ ᠬᠠᠮᠠᠭᠠᠯᠠᠯᠲᠠ ᠶᠢᠨ ᠭᠤᠤᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠬᠡᠷᠡᠭᠵᠢᠭᠦᠯᠦᠯᠲᠡ ᠶᠢ ᠵᠢᠯᠣᠭᠤᠳᠤᠨ᠎ᠠ᠃     ᠠᠷᠪᠠ᠂ ᠪᠦᠬᠦ ᠬᠤᠲᠠ ᠶᠢᠨ ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠢ ᠬᠠᠷᠢᠭᠤᠴᠠᠨ᠎ᠠ︔ ᠤᠰᠤᠨ ᠠᠰᠢᠭᠯᠠᠯᠲᠠ ᠶᠢᠨ ᠲᠤᠭ᠎ᠠ ᠪᠦᠷᠢᠳᠬᠡᠯ ᠤᠨ ᠠᠵᠢᠯ ᠢ ᠡᠭᠦᠷᠭᠡᠯᠡᠵᠦ᠂ ᠣᠯᠠᠨ ᠣᠯᠣᠰ ᠤᠨ ᠭᠤᠣᠯ ᠮᠥᠷᠡᠨ ᠤ ᠭᠠᠳᠠᠭᠠᠳᠤ ᠲᠠᠢ ᠬᠤᠯᠪᠤᠭᠳᠠᠬᠤ ᠬᠠᠮᠢᠶ᠎ᠠ ᠪᠦᠬᠦᠢ ᠬᠡᠷᠡᠭ ᠶᠠᠪᠤᠳᠠᠯ ᠢ ᠡᠷᠬᠡ ᠮᠡᠳᠡᠯ ᠤᠨ ᠶᠤᠰᠤᠭᠠᠷ ᠡᠷᠬᠢᠯᠡᠨ ᠭᠦᠢᠴᠡᠳᠬᠡᠨ᠎ᠡ᠃ ᠪᠦᠬᠦ ᠬᠤᠲᠠ ᠶᠢᠨ ᠤᠰᠤᠨ ᠠᠰᠢᠭᠯᠠᠯᠲᠠ ᠶᠢᠨ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠵᠢᠯᠤᠭᠤᠳᠤᠨ᠎ᠠ᠃     ᠠᠷᠪᠠᠨ ᠨᠢᠭᠡ᠂ ᠤᠰᠤᠳᠤᠯ ᠭᠠᠩᠳᠠᠯ ᠤᠨ ᠭᠠᠢ ᠭᠠᠮᠰᠢᠭ ᠢ ᠰᠡᠷᠭᠡᠶᠢᠯᠡᠨ ᠵᠠᠰᠠᠬᠤ ᠶᠢ ᠬᠠᠷᠢᠭᠤᠴᠠᠵᠤ᠂ ᠪᠦᠬᠦ ᠬᠤᠲᠠ ᠶᠢᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠢ ᠵᠣᠬᠢᠶᠠᠨ ᠪᠠᠶᠢᠭᠤᠯᠵᠤ᠂ ᠵᠣᠬᠢᠴᠠᠭᠤᠯᠵᠤ᠂ ᠬᠢᠨᠠᠯᠲᠠ ᠲᠠᠯᠪᠢᠵᠤ᠂ ᠵᠢᠯᠣᠭᠤᠳᠴᠤ᠂ ᠴᠢᠬᠤᠯᠠ ᠭᠤᠣᠯ ᠮᠥᠷᠡᠨ ᠨᠠᠭᠤᠷ ᠪᠦᠷᠢᠳᠤ ᠪᠠ ᠴᠢᠬᠤᠯᠠ ᠤᠰᠤᠨ ᠠᠰᠢᠭᠯᠠᠯᠲᠠ ᠶᠢᠨ ᠢᠨᠵᠧᠨᠧᠷᠢᠩ ᠳᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠲᠣᠬᠢᠷᠠᠭᠤᠯᠭ᠎ᠠ ᠪᠠ ᠪᠠᠴᠢᠮ ᠪᠠᠶᠢᠳᠠᠯ ᠢ ᠠᠷᠭᠠᠴᠠᠬᠤ ᠤᠰᠤᠨ ᠬᠡᠮᠵᠢᠶ᠎ᠡ ᠶᠢᠨ ᠲᠣᠬᠢᠷᠠᠭᠤᠯᠭ᠎ᠠ ᠶᠢ ᠬᠡᠷᠡᠭᠵᠢᠭᠦᠯᠵᠦ᠂ ᠪᠦᠬᠦ ᠬᠤᠲᠠ ᠶᠢᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠲᠥᠰᠥᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠤᠰᠤᠨ ᠠᠰᠢᠭᠯᠠᠯᠲᠠ ᠶᠢᠨ ᠭᠡᠨᠡᠳᠲᠡ ᠡᠭᠦᠰᠦᠭᠰᠡᠨ ᠤᠯᠠᠨ ᠨᠡᠶᠢᠲᠡ ᠶᠢᠨ ᠬᠡᠷᠡᠭ ᠶᠠᠪᠤᠳᠠᠯ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ᠬᠦᠯᠦᠨ ᠪᠤᠶᠢᠷ ᠬᠤᠲᠠ ᠶᠢᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠵᠢᠯᠤᠭᠤᠳᠬᠤ ᠭᠠᠵᠠᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃     ᠠᠷᠪᠠᠨ ᠬᠤᠶᠠᠷ᠂ ᠬᠤᠲᠠ ᠶᠢᠨ ᠵᠠᠰᠠᠭ ᠤᠨ ᠣᠷᠳᠣᠨ ᠠᠴᠠ ᠬᠦᠢᠴᠡᠳᠭᠡᠯᠭᠡᠬᠦ ᠪᠠᠷ ᠲᠤᠰᠢᠶᠠᠭᠰᠠᠨ ᠪᠣᠰᠣᠳ ᠶᠠᠪᠤᠳᠠᠯ ᠤᠳ ᠢ ᠳᠠᠭᠠᠭᠠᠨ ᠭᠦᠢᠴᠡᠳᠬᠡᠨ᠎ᠡ᠃     ᠠᠷᠪᠠᠨ  ᠭᠤᠷᠪᠠ᠂ ᠲᠠᠷᠢᠶᠠᠯᠠᠩ ᠮᠠᠯ ᠠᠵᠤ ᠠᠬᠤᠢ ᠶᠢ ᠬᠦᠭᠵᠢᠭᠦᠯᠬᠦ᠂ ᠲᠠᠷᠢᠶᠠᠯᠠᠩ ᠮᠠᠯ ᠠᠵᠤ ᠠᠬᠤᠢ ᠶᠢ ᠠᠵᠤ ᠦᠢᠯᠡᠰᠵᠢᠭᠦᠯᠬᠦ ᠪᠠ ᠲᠠᠷᠢᠶᠠᠯᠠᠬᠤ ᠮᠠᠯᠵᠢᠬᠤ ᠤᠷᠤᠨ ᠤ ᠠᠵᠤ ᠠᠬᠤᠢ ᠶᠢᠨ ᠠᠵᠢᠯ ᠢ ᠠᠬᠢᠭᠤᠯᠬᠤ ᠲᠤᠬᠠᠢ ᠤᠯᠤᠰ᠂ ᠦᠪᠡᠷᠲᠡᠭᠡᠨ ᠵᠠᠰᠠᠬᠤ ᠤᠷᠤᠨ ᠪᠠ ᠬᠦᠯᠦᠨ ᠪᠤᠶᠢᠷ ᠬᠤᠲᠠ ᠶᠢᠨ ᠴᠢᠭᠯᠡᠯᠲᠡ ᠲᠦᠷᠦ ᠶᠢᠨ ᠪᠤᠳᠤᠯᠭ᠎ᠠ᠂ ᠬᠠᠤᠯᠢ ᠴᠠᠭᠠᠵᠠ ᠬᠠᠤᠯᠢ ᠳᠦᠷᠢᠮ ᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃     ᠠᠷᠪᠠᠨ ᠳᠦᠷᠪᠡ᠂ ᠪᠦᠬᠦ ᠬᠤᠲᠠ ᠶᠢᠨ ᠲᠠᠷᠢᠶᠠᠯᠠᠩ ᠮᠠᠯ ᠠᠵᠣ ᠠᠬᠤᠢ ᠪᠠ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠢ ᠶᠢᠨ ᠬᠦᠭᠵᠢᠯᠲᠡ ᠶᠢᠨ ᠪᠠᠶᠢᠯᠳᠤᠬᠤ ᠪᠣᠳᠣᠯᠭ᠎ᠠ᠂ ᠳᠤᠮᠳᠠ ᠤᠷᠲᠤ ᠬᠤᠭᠤᠴᠠᠭᠠᠨ ᠤ ᠬᠦᠭᠵᠢᠯᠲᠡ ᠶᠢᠨ ᠲᠦᠯᠦᠪᠵᠢᠭᠦᠯᠭᠡ ᠶᠢ ᠰᠣᠳᠣᠯᠣᠨ ᠲᠣᠭᠲᠠᠭᠠᠨ᠎ᠠ︔ ᠪᠦᠬᠦ ᠬᠤᠲᠠ ᠶᠢᠨ ᠲᠠᠷᠢᠶᠠᠯᠠᠩ ᠮᠠᠯ ᠠᠵᠤ ᠠᠬᠤᠢ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠴᠢᠯᠡᠯᠲᠡ ᠶᠢᠨ ᠲᠦᠷᠦ ᠶᠢᠨ ᠪᠣᠳᠤᠯᠭ᠎ᠠ ᠶᠢ ᠰᠣᠳᠣᠯᠣᠨ ᠳᠤᠷᠠᠳᠴᠤ᠂ ᠲᠠᠷᠢᠶᠠᠯᠠᠩ ᠮᠠᠯ ᠠᠵᠤ ᠠᠬᠤᠢ ᠶᠢᠨ ᠠᠵᠣ ᠦᠢᠯᠡᠰ ᠤᠨ ᠪᠦᠲᠦᠴᠡ ᠶᠢ ᠲᠣᠬᠢᠷᠠᠭᠤᠯᠬᠤ᠂ ᠡᠬᠢ ᠪᠠᠶᠠᠯᠢᠭ ᠢ ᠵᠣᠬᠢᠰᠲᠠᠢ ᠲᠣᠬᠢᠷᠠᠭᠤᠯᠬᠤ ᠶᠢ ᠬᠦᠲᠦᠯᠦᠨ ᠵᠢᠯᠣᠭᠤᠳᠴᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠣᠰᠣᠨ ᠤ ᠭᠠᠷᠣᠯᠲᠠ ᠵᠢᠴᠢ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠬᠠᠩᠰᠢ᠂ ᠭᠦᠢᠯᠭᠡᠭᠡ᠂ ᠬᠦᠳᠡᠭᠡ ᠲᠣᠰᠬᠤᠨ ᠤ ᠢᠲᠡᠭᠡᠮᠵᠢᠲᠦ ᠵᠢᠭᠡᠯᠡᠯᠭᠡ᠂ ᠭᠠᠶᠢᠯᠢ ᠲᠠᠲᠠᠪᠤᠷᠢ ᠵᠢᠴᠢ ᠲᠠᠷᠢᠶᠠᠯᠠᠩ ᠮᠠᠯ ᠠᠵᠤ ᠠᠬᠤᠢ ᠶᠢᠨ ᠡᠳ᠋ ᠤᠨ ᠵᠠᠰᠠᠭ ᠤᠨ ᠨᠦᠬᠦᠪᠦᠷᠢ ᠵᠡᠷᠭᠡ ᠳᠤ ᠬᠤᠯᠪᠣᠭᠳᠠᠬᠤ ᠲᠦᠷᠦ ᠶᠢᠨ ᠪᠣᠳᠣᠯᠭ᠎ᠠ ᠰᠠᠨᠠᠯ ᠵᠦᠪᠯᠡᠯᠭᠡ ᠶᠢ ᠳᠤᠷᠠᠳᠤᠨ᠎ᠠ᠃      ᠠᠷᠪᠠᠨ ᠲᠠᠪᠤ᠂ ᠲᠠᠷᠢᠶᠠᠯᠠᠩ ᠮᠠᠯ ᠠᠵᠤ ᠠᠬᠤᠢ ᠶᠢᠨ ᠵᠠᠰᠠᠭ ᠵᠠᠬᠢᠷᠭᠠᠨ ᠤ ᠬᠠᠥᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ︔ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠢ ᠶᠢᠨ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠠᠨᠠᠯ ᠢ ᠰᠣᠳᠣᠯᠣᠨ ᠳᠤᠷᠠᠳᠴᠤ᠂ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠣᠭᠲᠠᠮᠵᠢ ᠶᠢᠨ ᠪᠠᠶᠢᠭᠤᠯᠤᠯᠲᠠ ᠪᠠ ᠦᠨᠳᠦᠰᠦᠨ ᠱᠠᠲᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠬᠤᠷᠰᠢᠭᠰᠠᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠠᠵᠢᠯ ᠲᠦᠷᠦᠯ ᠤᠨ ᠨᠡᠶᠢᠭᠡᠮᠯᠢᠭ᠂ ᠵᠠᠭᠤᠴᠢ ᠶᠢᠨ ᠵᠣᠬᠢᠶᠠᠨ ᠪᠠᠶᠢᠭᠤᠯᠤᠯᠲᠠ᠂ ᠵᠠᠭᠤᠴᠢᠯᠠᠭᠴᠢ ᠶᠢᠨ ᠡᠩᠨᠡᠭᠡᠨ ᠤ ᠪᠠᠶᠢᠭᠤᠯᠤᠯᠲᠠ ᠶᠢ ᠵᠢᠯᠣᠭᠤᠳᠣᠨ᠎ᠠ︔ ᠲᠠᠷᠢᠶᠠᠴᠢᠨ ᠮᠠᠯᠴᠢᠳ ᠤᠨ ᠳᠠᠷᠤᠭᠠᠰᠤ ᠶᠢ ᠬᠦᠩᠭᠡᠯᠡᠬᠦ ᠪᠠ ᠲᠠᠷᠢᠶᠠᠨ ᠭᠠᠵᠠᠷ᠂ ᠨᠤᠲᠤᠭ ᠪᠡᠯᠴᠢᠭᠡᠷ᠂ ᠤᠰᠤᠨ ᠤ ᠴᠠᠷᠠᠭ᠎ᠠ ᠶᠢᠨ ᠬᠡᠷᠡᠭᠯᠡᠬᠦ ᠡᠷᠬᠡ ᠶᠢ ᠳᠠᠭᠠᠭᠠᠴᠢᠯᠠᠬᠤ᠂ ᠰᠢᠯᠵᠢᠭᠦᠯᠬᠦ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ᠃     ᠠᠷᠪᠠᠨ ᠵᠢᠷᠭᠤᠭ᠎ᠠ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠣᠰᠤᠨ ᠤ ᠭᠠᠷᠤᠯᠲᠠ ᠶᠢᠨ ᠵᠠᠬ᠎ᠠ ᠳᠡᠯᠭᠡᠭᠦᠷ ᠤᠨ ᠲᠣᠭᠲᠠᠮᠵᠢ ᠶᠢᠨ ᠪᠠᠶᠢᠭᠤᠯᠤᠯᠲᠠ ᠪᠠ ᠬᠦᠭᠵᠢᠯᠲᠡ ᠶᠢᠨ ᠲᠦᠯᠦᠪᠵᠢᠭᠦᠯᠭᠡ ᠶᠢ ᠰᠣᠳᠣᠯᠣᠨ ᠲᠣᠭᠲᠠᠭᠠᠵᠤ᠂ ᠲᠠᠷᠢᠶᠠᠯᠠᠩ ᠮᠠᠯ ᠠᠵᠤ ᠠᠬᠤᠢ ᠤᠨ ᠠᠵᠤ ᠦᠢᠯᠡᠰᠴᠢᠯᠡᠯᠲᠡ ᠶᠢᠨ ᠠᠬᠢᠴᠠ ᠶᠢ ᠲᠦᠷᠭᠡᠳᠬᠡᠨ᠎ᠡ︔ ᠲᠠᠷᠢᠶᠠᠯᠠᠩ ᠮᠠᠯ ᠠᠵᠤ ᠠᠬᠤᠢ ᠤᠨ ᠠᠵᠤ ᠦᠢᠯᠡᠰ᠂ ᠪᠦᠲᠦᠭᠡᠭᠳᠡᠬᠦᠨ ᠵᠢᠴᠢ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠬᠡᠷᠡᠭᠴᠡᠭᠡ ᠵᠡᠷᠭᠡ ᠠᠵᠤ ᠠᠬᠤᠢ ᠶᠢᠨ ᠮᠡᠳᠡᠭᠡ ᠵᠠᠩᠭᠢ ᠶᠢ ᠲᠦᠰᠦᠭᠡᠯᠡᠬᠦ ᠶᠢᠨ ᠬᠠᠮᠲᠤ ᠨᠡᠶᠢᠲᠡᠯᠡᠨ᠎ᠡ᠃     ᠠᠷᠪᠠᠨ ᠳᠣᠯᠤᠭ᠎ᠠ᠂ ᠲᠠᠷᠢᠶᠠᠯᠠᠩ ᠮᠠᠯ ᠠᠵᠤ ᠠᠬᠤᠢ ᠶᠢᠨ ᠡᠬᠢ ᠪᠠᠶᠠᠯᠢᠭ ᠤᠨ ᠣᠷᠣᠨ ᠬᠤᠪᠢᠶᠠᠷᠢᠯᠠᠯ᠂ ᠠᠮᠢ ᠠᠬᠤᠢ ᠶᠢᠨ ᠲᠠᠷᠢᠶᠠᠯᠠᠩ ᠮᠠᠯ ᠠᠵᠣ ᠠᠬᠤᠢ ᠪᠠ ᠲᠠᠷᠢᠶᠠᠯᠠᠩ ᠮᠠᠯ ᠠᠵᠣ ᠠᠬᠤᠢ ᠶᠢᠨ ᠦᠷᠬᠦᠯᠵᠢᠯᠡᠬᠦ᠋ᠢᠴᠡ ᠬᠦᠭᠵᠢᠯᠲᠡ ᠶᠢᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠲᠠᠷᠢᠶᠠᠨ ᠳᠤ ᠬᠡᠷᠡᠭᠯᠡᠬᠦ ᠭᠠᠵᠠᠷ᠂ ᠨᠤᠲᠤᠭ ᠪᠡᠯᠴᠢᠭᠡᠷ᠂ ᠣᠰᠣᠨ ᠤ ᠴᠠᠷᠠᠭ᠎ᠠ᠂ ᠬᠦᠳᠡᠭᠡ ᠲᠣᠰᠬᠤᠨ ᠮᠠᠯᠵᠢᠬᠤ ᠣᠷᠣᠨ ᠤ ᠳᠠᠬᠢᠨ ᠡᠭᠦᠰᠬᠦ ᠡᠨᠧᠷᠬᠢ ᠶᠢᠨ ᠰᠤᠷᠪᠤᠯᠵᠢ ᠶᠢ ᠨᠡᠭᠡᠭᠡᠨ ᠠᠰᠢᠭᠯᠠᠬᠤ ᠵᠢᠴᠢ ᠲᠠᠷᠢᠶᠠᠯᠠᠩ ᠮᠠᠯ ᠠᠵᠤ ᠠᠬᠤᠢ ᠶᠢᠨ ᠠᠮᠢᠳᠤ ᠪᠤᠳᠠᠰ ᠤᠨ ᠡᠬᠢ ᠪᠠᠶᠠᠯᠢᠭ ᠤᠨ ᠬᠠᠮᠠᠭᠠᠯᠠᠯᠲᠠ ᠪᠠ ᠬᠠᠮᠢᠶᠠᠷᠤᠯᠲᠠ ᠶᠢᠨ ᠠᠵᠢᠯ ᠢ ᠵᠢᠯᠣᠭᠤᠳᠣᠨ᠎ᠠ︔ ᠲᠠᠷᠢᠶᠠᠯᠠᠩ ᠮᠠᠯ ᠠᠵᠤ ᠠᠬᠤᠢ ᠶᠢᠨ ᠭᠠᠮᠰᠢᠭ ᠠᠴᠠ ᠰᠡᠷᠭᠡᠶᠢᠯᠡᠵᠦ ᠭᠠᠮᠰᠢᠭ ᠢ ᠡᠰᠡᠷᠭᠦᠴᠡᠬᠦ ᠠᠵᠢᠯ ᠢ ᠬᠠᠷᠢᠭᠤᠴᠠᠨ᠎ᠠ︔ ᠤᠰᠤᠨ ᠤ ᠴᠠᠷᠠᠭ᠎ᠠ ᠶᠢᠨ ᠠᠮᠢ ᠠᠬᠤᠢ ᠶᠢᠨ ᠣᠷᠴᠢᠨ ᠲᠣᠭᠤᠷᠢᠨ ᠪᠠ ᠤᠰᠤᠨ ᠤ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠠᠵᠢᠯ ᠢ ᠬᠠᠷᠢᠭᠤᠴᠠᠨ᠎ᠠ︔ ᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠵᠢᠭᠠᠰᠤᠨ ᠤ ᠦᠢᠯᠡᠰ᠂ ᠵᠢᠭᠠᠰᠣᠨ ᠭᠠᠷᠠᠮ ᠳᠤ ᠬᠢᠨᠠᠨ ᠬᠠᠮᠢᠶᠠᠷᠣᠯᠲᠠ ᠬᠢᠬᠦ ᠡᠷᠬᠡ ᠶᠢ ᠬᠡᠷᠡᠭᠵᠢᠭᠦᠯᠦᠨ᠎ᠡ᠃     ᠠᠷᠪᠠᠨ‌ᠨᠠᠢᠮᠠ ᠂ ᠪᠦᠬᠦ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠰᠣᠳᠣᠯᠭᠠᠨ᠂ ᠤᠬᠠᠭᠤᠯᠭ᠎ᠠ ᠬᠦᠮᠦᠵᠢᠯ᠂ ᠮᠡᠷᠭᠡᠵᠢᠯ ᠳᠡᠯᠭᠡᠷᠡᠭᠦᠯᠬᠦ ᠲᠦᠯᠦᠪᠵᠢᠭᠦᠯᠭᠡ ᠪᠠ ᠬᠠᠮᠢᠶ᠎ᠠ ᠪᠦᠬᠦᠢ ᠲᠦᠷᠦ ᠶᠢᠨ ᠪᠣᠳᠤᠯᠭ᠎ᠠ ᠶᠢ ᠲᠣᠭᠲᠠᠭᠠᠵᠤ᠂ ᠰᠢᠨᠵᠢᠯᠡᠭᠡ ᠰᠣᠳᠣᠯᠭᠠᠨ ᠪᠠ ᠮᠡᠷᠭᠡᠵᠢᠯ ᠳᠡᠯᠭᠡᠷᠡᠭᠦᠯᠬᠦ ᠲᠦᠷᠦᠯ ᠵᠦᠢᠯ ᠢ ᠰᠣᠩᠭᠤᠬᠤ ᠪᠠ ᠬᠡᠷᠡᠭᠵᠢᠭᠦᠯᠬᠦ ᠶᠢ ᠵᠣᠬᠢᠶᠠᠨ ᠪᠠᠶᠢᠭᠤᠯᠤᠨ᠎ᠠ︔ ᠲᠠᠷᠢᠶᠠᠯᠠᠩ ᠮᠠᠯ ᠠᠵᠤ ᠠᠬᠤᠢ ᠵᠢᠭᠠᠰᠤᠨ ᠤ ᠦᠢᠯᠡᠰ ᠤᠨ ︽ᠦᠷ᠎ᠡ ᠶᠢᠨ ᠢᠨᠵᠧᠨᠧᠷᠢᠩ︾᠂ ︽ᠬᠤᠯᠢᠰᠢᠨ ᠢᠳᠡᠭᠡᠨ ᠤ ᠢᠨᠵᠧᠨᠧᠷᠢᠩ︾ ᠵᠡᠷᠭᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠲᠠᠷᠢᠶᠠᠴᠢᠨ ᠮᠠᠯᠴᠢᠳ ᠤᠨ ᠮᠡᠷᠭᠡᠵᠢᠯ ᠤᠨ ᠪᠣᠯᠪᠠᠰᠤᠷᠠᠯ᠂ ᠠᠵᠢᠯ ᠮᠡᠷᠭᠡᠵᠢᠯ ᠤᠨ ᠴᠢᠳᠠᠪᠤᠷᠢ ᠶᠢᠨ ᠨᠡᠭᠡᠭᠡᠯᠲᠡ ᠬᠢᠬᠦ ᠠᠵᠢᠯ ᠢ ᠵᠢᠯᠤᠭᠤᠳᠤᠨ᠎ᠠ᠃     ᠠᠷᠪᠠᠨ ᠶᠢᠰᠦ ᠂ ᠨᠣᠲᠤᠭ ᠪᠡᠯᠴᠢᠭᠡᠷ ᠤᠨ ᠡᠬᠢ ᠪᠠᠶᠠᠯᠢᠭ ᠤᠨ ᠬᠠᠮᠠᠭᠠᠯᠠᠯᠲᠠ᠂ ᠲᠠᠯ᠎ᠠ ᠨᠤᠲᠤᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠨ ᠬᠡᠮᠵᠢᠯᠲᠡ᠂ ᠵᠠᠰᠠᠯᠲᠠ᠂ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠪᠠ ᠨᠡᠭᠡᠭᠡᠨ ᠠᠰᠢᠭᠯᠠᠯᠲᠠ ᠵᠢᠴᠢ ᠲᠠᠯ᠎ᠠ ᠨᠤᠲᠤᠭ ᠤᠨ ᠬᠢᠨᠠᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠢ ᠬᠠᠮᠵᠢᠵᠤ ᠲᠠᠯ᠎ᠠ ᠨᠤᠲᠤᠭ ᠤᠨ ᠭᠠᠯ ᠤᠨ ᠰᠡᠷᠭᠡᠶᠢᠯᠡᠬᠦ ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠭᠠᠯ ᠢ ᠰᠡᠷᠭᠡᠶᠢᠯᠡᠬᠦ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠡᠳ᠋ ᠪᠤᠳᠠᠰ ᠨᠦᠬᠡᠴᠡᠯᠡᠬᠦ ᠠᠵᠢᠯ ᠢ ᠬᠠᠷᠢᠭᠤᠴᠠᠨ᠎ᠠ᠃     ᠬᠤᠷᠢ᠂ ᠲᠠᠷᠢᠮᠠᠯ᠂ ᠦᠷ᠎ᠡ ᠶᠢᠨ ᠮᠠᠯ ᠵᠢᠭᠦᠷᠲᠡᠨ ᠤᠰᠤᠨ ᠤ ᠭᠠᠷᠤᠯᠲᠠ ᠶᠢᠨ ᠰᠠᠶᠢᠨ ᠡᠭᠦᠯᠳᠡᠷ᠂ ᠡᠪᠡᠰᠦᠨ ᠤ ᠦᠷ᠎ᠡ ᠪᠠ ᠣᠰᠤᠨ ᠤ ᠭᠠᠷᠤᠯᠲᠠ ᠶᠢᠨ ᠨᠢᠯᠬ᠎ᠠ ᠦᠷ᠎ᠡ ᠶᠢ ᠪᠤᠶᠢᠵᠢᠭᠤᠯᠬᠤ᠂ ᠲᠠᠲᠠᠨ ᠣᠷᠣᠭᠤᠯᠬᠤ᠂ ᠭᠠᠷᠭᠠᠬᠤ ᠪᠠ ᠲᠦᠭᠡᠮᠡᠯᠵᠢᠭᠦᠯᠬᠦ ᠠᠵᠢᠯ ᠢ ᠲᠦᠯᠦᠪᠵᠢᠭᠦᠯᠬᠦ ᠪᠠ ᠬᠢᠨᠠᠨ ᠬᠠᠮᠢᠶᠠᠷᠬᠤ ᠢ ᠬᠠᠷᠢᠭᠤᠴᠠᠨ᠎ᠠ︔ ᠡᠯ᠎ᠡ ᠵᠦᠢᠯ ᠤᠨ ᠰᠠᠶᠢᠨ ᠡᠭᠦᠯᠳᠡᠷ᠂ ᠨᠢᠯᠬ᠎ᠠ ᠦᠷ᠎ᠡ ᠵᠢᠴᠢ ᠲᠡᠵᠢᠭᠡᠯ ᠪᠣᠷᠳᠤᠭ᠎ᠠ ᠶᠢᠨ ᠦᠢᠯᠡᠳᠪᠦᠷᠢᠯᠡᠯ ᠪᠠ ᠴᠢᠨᠠᠷ ᠴᠢᠨᠰᠠᠭ᠎ᠠ ᠶᠢ ᠰᠢᠯᠭᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠦᠢᠯᠡᠳᠪᠦᠷᠢᠯᠡᠯ ᠡᠵᠡᠩᠨᠡᠯᠲᠡ ᠶᠢᠨ ᠬᠠᠮᠢᠶ᠎ᠠ ᠪᠦᠬᠦᠢ ᠵᠦᠪᠰᠢᠶᠡᠷᠡᠯ ᠤᠨ ᠦᠨᠡᠮᠯᠡᠯ ᠣᠯᠭᠤᠬᠤ ᠶᠢ ᠬᠢᠨᠠᠨ ᠬᠠᠷᠭᠤᠭᠤᠯᠣᠨ᠎ᠠ᠃     ᠬᠤᠷᠢᠨ ᠨᠢᠭᠡ᠂ ᠲᠠᠷᠢᠶᠠᠨ ᠡᠮ᠂ ᠮᠠᠯ ᠤᠨ ᠡᠮ ᠤᠨ ᠶᠠᠪᠤᠳᠠᠯ ᠡᠮ ᠤᠨ ᠪᠠᠶᠢᠴᠠᠭᠠᠯᠲᠠ ᠪᠠ ᠮᠠᠯ ᠤᠨ ᠡᠮᠴᠢ ᠶᠢᠨ ᠡᠮᠨᠡᠯᠭᠡ ᠶᠢᠨ ᠶᠠᠪᠤᠳᠠᠯ ᠢ ᠬᠠᠷᠢᠭᠤᠴᠠᠨ᠎ᠠ︔ ᠮᠠᠯ ᠤᠨ ᠡᠮᠴᠢ᠂ ᠮᠠᠯ ᠤᠨ ᠡᠮ᠂ ᠲᠡᠵᠢᠭᠡᠯ ᠪᠣᠷᠳᠤᠭ᠎ᠠ ᠶᠢᠨ ᠠᠵᠢᠯ ᠲᠦᠷᠦᠯ ᠤᠨ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠬᠤ ᠶᠢ ᠬᠠᠷᠢᠭᠤᠴᠠᠨ᠎ᠠ᠃     ᠬᠤᠷᠢᠨ ᠬᠤᠶᠠᠷ ᠂ ᠪᠦᠬᠦ ᠬᠤᠲᠠ ᠶᠢᠨ ᠲᠠᠷᠢᠶᠠᠯᠠᠩ ᠮᠠᠯ ᠠᠵᠣ ᠠᠬᠤᠢ ᠶᠢᠨ ᠠᠵᠤ ᠦᠢᠯᠡᠰ ᠤᠨ ᠮᠡᠷᠭᠡᠵᠢᠯ ᠤᠨ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠨ᠎ᠠ︔ ᠲᠠᠷᠢᠶᠠᠯᠠᠩ ᠮᠠᠯ ᠠᠵᠤ ᠠᠬᠤᠢ ᠶᠢᠨ ᠰᠢᠯᠢᠳᠡᠭ ᠪᠦᠲᠦᠭᠡᠭᠳᠡᠬᠦᠨ᠂ ᠬᠤᠣᠷᠳᠤᠯ ᠦᠬᠡᠢ ᠪᠦᠲᠦᠭᠡᠭᠳᠡᠬᠦᠨ᠂ ᠪᠤᠬᠢᠷᠲᠤᠯ ᠦᠬᠡᠢ ᠢᠳᠡᠭᠡᠨ ᠤ ᠴᠢᠨᠠᠷ ᠴᠢᠨᠰᠠᠭ᠎ᠠ ᠳᠤ ᠬᠢᠨᠠᠯᠲᠠ ᠲᠠᠯᠪᠢᠬᠤ᠂ ᠭᠡᠷᠡᠴᠢᠯᠡᠬᠦ ᠪᠠ ᠲᠠᠷᠢᠶᠠᠯᠠᠩ ᠮᠠᠯ ᠠᠵᠤ ᠠᠬᠤᠢ ᠶᠢᠨ ᠰᠢᠯᠢᠳᠡᠭ ᠰᠢᠨ᠎ᠡ ᠲᠦᠷᠦᠯ ᠵᠦᠢᠯ ᠢ ᠬᠠᠮᠠᠭᠠᠯᠠᠬᠤ᠂ ᠭᠧᠨ ᠰᠢᠯᠵᠢᠭᠦᠯᠦᠭᠰᠡᠨ ᠠᠮᠢᠳᠤ ᠪᠣᠳᠠᠰ ᠤᠨ ᠠᠶᠤᠯ ᠦᠬᠡᠢ ᠶᠢᠨ ᠬᠢᠨᠠᠨ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠬᠦᠯᠦᠨ᠎ᠡ︔ ᠡᠪᠡᠰᠦᠨ ᠦᠷ᠎ᠡ᠂ ᠦᠷ᠎ᠡ ᠶᠢᠨ ᠮᠠᠯ ᠵᠢᠭᠦᠷᠳᠡᠨ᠂ ᠤᠰᠤᠨ ᠤ ᠭᠠᠷᠤᠯᠲᠠ᠂ ᠲᠠᠷᠢᠶᠠᠯᠠᠩ ᠤᠨ ᠮᠧᠬᠠᠨᠢᠭ ᠵᠡᠷᠭᠡ ᠲᠠᠷᠢᠶᠠᠯᠠᠩ ᠮᠠᠯ ᠠᠵᠣ ᠠᠬᠤᠢ ᠳᠤ ᠣᠷᠤᠭᠤᠯᠬᠤ ᠵᠦᠢᠯᠡᠰ ᠤᠨ ᠴᠢᠨᠠᠷ ᠴᠢᠨᠰᠠᠭ᠎ᠠ ᠶᠢ ᠬᠢᠨᠠᠨ ᠬᠡᠮᠵᠢᠬᠦ᠂ ᠬᠢᠨᠠᠨ ᠲᠣᠭᠲᠠᠭᠠᠬᠤ ᠪᠠ ᠬᠠᠥᠯᠢ ᠬᠡᠷᠡᠭᠵᠢᠭᠦᠯᠬᠦ ᠳᠤ ᠬᠢᠨᠠᠯᠲᠠ ᠲᠠᠯᠪᠢᠵᠤ ᠬᠠᠮᠢᠶᠠᠷᠬᠤ ᠶᠢ ᠵᠣᠬᠢᠶᠠᠨ ᠪᠠᠶᠢᠭᠤᠯᠤᠨ ᠵᠣᠬᠢᠴᠠᠭᠤᠯᠣᠨ᠎ᠠ︔ ᠬᠤᠲᠠ ᠶᠢᠨ ᠳᠣᠲᠣᠷ᠎ᠠ ᠦᠢᠯᠡᠳᠪᠦᠷᠢᠯᠡᠭᠰᠡᠨ ᠲᠠᠷᠢᠮᠠᠯ᠂ ᠡᠪᠡᠰᠦ᠂ ᠦᠷ᠎ᠡ᠂ ᠦᠷ᠎ᠡ ᠶᠢᠨ ᠮᠠᠯ ᠵᠢᠭᠦᠷᠲᠡᠨ᠂ ᠤᠰᠤᠨ ᠤ ᠭᠠᠷᠤᠯᠲᠠ᠂ ᠲᠠᠷᠢᠶᠠᠨ ᠡᠮ᠂ ᠮᠠᠯ ᠤᠨ ᠡᠮ ᠂ ᠪᠣᠷᠳᠤᠭᠤᠷ ᠵᠡᠷᠭᠡ ᠪᠦᠲᠦᠭᠡᠭᠳᠡᠬᠦᠨ ᠢ ᠪᠦᠷᠢᠳᠬᠡᠨ ᠳᠠᠩᠰᠠᠯᠠᠬᠤ ᠦᠨᠡᠮᠯᠡᠯ ᠣᠯᠭᠤᠬᠤ ᠪᠠ ᠲᠠᠷᠢᠶᠠᠯᠠᠩ ᠮᠧᠬᠠᠨᠢᠭ ᠤᠨ ᠠᠶᠤᠯ ᠦᠬᠡᠢ ᠶᠢᠨ ᠬᠢᠨᠠᠨ ᠬᠡᠮᠵᠢᠬᠦ ᠠᠵᠢᠯ ᠢ ᠵᠣᠬᠢᠶᠠᠨ ᠪᠠᠶᠢᠭᠤᠯᠤᠨ᠎ᠠ᠃     ᠬᠤᠷᠢᠨ‌ᠭᠤᠷᠪᠠ᠂ ᠪᠦᠬᠦ ᠬᠤᠲᠠ ᠶᠢᠨ ᠣᠷᠭᠤᠮᠠᠯ᠂ ᠠᠮᠢᠲᠠᠨ ᠵᠢᠴᠢ ᠲᠡᠳᠡᠭᠡᠷ ᠤᠨ ᠪᠦᠲᠦᠭᠡᠭᠳᠡᠬᠦᠨ ᠤ ᠬᠢᠵᠢᠭ ᠢ ᠰᠡᠷᠭᠡᠶᠢᠯᠡᠬᠦ᠂ ᠬᠢᠵᠢᠭ ᠤᠨ ᠪᠠᠶᠢᠴᠠᠭᠠᠯᠲᠠ ᠪᠠ ᠬᠢᠵᠢᠭ ᠤᠨ ᠪᠠᠶᠢᠳᠠᠯ ᠢ ᠨᠡᠶᠢᠲᠡᠯᠡᠬᠦ᠂ ᠠᠷᠢᠯᠭᠠᠬᠤ ᠠᠵᠢᠯ ᠢ ᠵᠣᠬᠢᠶᠠᠨ ᠪᠠᠶᠢᠭᠤᠯᠤᠨ ᠬᠢᠨᠠᠯᠲᠠ ᠲᠠᠯᠪᠢᠨ᠎ᠠ᠃     ᠬᠤᠷᠢᠨ ᠳᠦᠷᠪᠡ᠂ ᠵᠠᠰᠠᠭ ᠤᠨ ᠣᠷᠳᠣᠨ ᠤ ᠲᠠᠷᠢᠶᠠᠯᠠᠩ ᠮᠠᠯ ᠠᠵᠤ ᠠᠬᠤᠢ ᠶᠢᠨ ᠭᠠᠳᠠᠭᠠᠳᠤ ᠳᠤ ᠬᠤᠯᠪᠣᠭᠳᠠᠬᠤ ᠶᠠᠪᠤᠳᠠᠯ ᠢ ᠳᠠᠭᠠᠭᠠᠨ ᠬᠢᠨ᠎ᠡ︔ ᠲᠠᠷᠢᠶᠠᠯᠠᠩ ᠮᠠᠯ ᠠᠵᠤ ᠠᠬᠤᠢ ᠶᠢᠨ ᠮᠡᠷᠭᠡᠵᠢᠯ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠵᠣᠬᠢᠶᠠᠨ ᠪᠠᠶᠢᠭᠤᠯᠤᠨ᠎ᠠ︔ ᠣᠯᠠᠨ ᠤᠯᠤᠰ ᠤᠨ ᠲᠠᠷᠢᠶᠠᠯᠠᠩ ᠮᠠᠯ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠬᠤᠲᠠ ᠶᠢᠨ ᠳᠣᠲᠣᠷ᠎ᠠ ᠬᠡᠷᠡᠭᠵᠢᠭᠦᠯᠦᠭᠳᠡᠬᠦ ᠬᠠᠮᠢᠶ᠎ᠠ ᠪᠦᠬᠦᠢ ᠲᠦᠷᠦᠯ ᠵᠦᠢᠯ ᠢ ᠵᠣᠬᠢᠴᠠᠭᠤᠯᠤᠨ ᠬᠠᠮᠢᠶᠠᠷᠤᠨ᠎ᠠ᠃     ᠬᠤᠷᠢᠨ‌‍ᠲ᠋ᠠᠪᠤ᠂ ᠲᠠᠷᠢᠶᠠᠯᠠᠩ ᠮᠠᠯᠵᠢᠯ ᠤᠨ ᠲᠠᠯᠠᠪᠠᠢ᠂ ᠦᠷ᠎ᠡ ᠶᠢᠨ ᠮᠠᠯ ᠵᠢᠭᠦᠷᠲᠡᠨ ᠤ ᠲᠠᠯᠠᠪᠠᠢ ᠪᠠ ᠤᠰᠤᠨ ᠤ ᠭᠠᠷᠤᠯᠲᠠ ᠶᠢᠨ ᠰᠠᠶᠢᠨ ᠡᠭᠦᠯᠳᠡᠷ ᠤᠨ ᠲᠠᠯᠠᠪᠠᠢ ᠶᠢᠨ ᠠᠵᠤ ᠠᠬᠤᠢ ᠪᠠ ᠬᠦᠭᠵᠢᠯᠲᠡ ᠶᠢᠨ ᠠᠵᠢᠯ ᠢ ᠵᠢᠯᠣᠭᠤᠳᠬᠤ ᠪᠠ ᠵᠣᠬᠢᠴᠠᠭᠤᠯᠤᠨ᠎ᠠ᠃     ᠬᠤᠷᠢᠨ ᠵᠢᠷᠭᠤᠭ᠎ᠠ᠂ ᠠᠵᠤ ᠦᠢᠯᠡᠰᠴᠢᠯᠡᠭᠰᠡᠨ ᠲᠣᠯᠣᠭᠠᠶᠢᠯᠠᠭᠴᠢ ᠠᠬᠤ ᠠᠬᠤᠶᠢᠯᠠᠯ ᠳᠤ ᠬᠤᠷᠸ᠎ᠠ ᠬᠠᠮᠢᠶᠠᠷᠤᠯᠲᠠ ᠪᠠ ᠵᠢᠯᠣᠭᠤᠳᠤᠯᠭ᠎ᠠ ᠬᠡᠷᠡᠭᠵᠢᠭᠦᠯᠵᠦ᠂ ᠰᠢᠶᠠᠩ ᠪᠠᠯᠭᠠᠰᠣᠨ ᠤ ᠠᠵᠤ ᠠᠬᠤᠶᠢᠯᠠᠯ ᠢ ᠬᠦᠭᠵᠢᠭᠦᠯᠬᠦ ᠤᠯᠤᠰ᠂ ᠦᠪᠡᠷᠲᠡᠭᠡᠨ ᠵᠠᠰᠠᠬᠤ ᠣᠷᠣᠨ ᠪᠠ ᠬᠦᠯᠦᠨ ᠪᠤᠶᠢᠷ ᠬᠤᠲᠠ ᠶᠢᠨ ᠬᠠᠮᠢᠶ᠎ᠠ ᠪᠦᠬᠦᠢ ᠲᠦᠷᠦ ᠶᠢᠨ ᠪᠣᠳᠤᠯᠭ᠎ᠠ᠂ ᠬᠠᠥᠯᠢ ᠳᠦᠷᠢᠮ ᠢ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠪᠦᠬᠦ ᠬᠤᠲᠠ ᠶᠢᠨ ᠰᠢᠶᠠᠩ ᠪᠠᠯᠭᠠᠰᠤᠨ ᠤ ᠠᠵᠤ ᠠᠬᠤᠶᠢᠯᠠᠯ ᠪᠠ ᠬᠤᠪᠢ ᠪᠠᠷ ᠡᠵᠡᠩᠨᠡᠭᠰᠡᠨ ᠠᠵᠤ ᠠᠬᠤᠶᠢᠯᠠᠯ ᠤᠨ ᠠᠵᠢᠯ ᠢ ᠵᠢᠯᠣᠭᠤᠳᠣᠨ᠎ᠠ᠃      ᠬᠤᠷᠢᠨ ᠳᠤᠯᠤᠭ᠎ᠠ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠢ ᠬᠠᠮᠢᠶᠠᠷᠴᠣ ᠵᠢᠯᠣᠭᠤᠳᠣᠨ᠎ᠠ︔ ᠬᠠᠮᠢᠶᠠᠷᠤᠯᠲᠠ ᠶᠢᠨ ᠡᠷᠬᠡ ᠶᠢᠨ ᠬᠢᠵᠠᠭᠠᠷ ᠶᠣᠰᠣᠭᠠᠷ ᠰᠢᠭᠤᠳ ᠬᠠᠷᠢᠶ᠎ᠠ ᠨᠢᠭᠡᠴᠡ ᠶᠢᠨ ᠠᠵᠢᠯᠲᠠᠨ ᠤ ᠶᠠᠪᠤᠳᠠᠯ᠂ ᠬᠦᠳᠡᠯᠮᠦᠷᠢ ᠬᠦᠯᠦᠰᠦ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠢ ᠬᠠᠮᠢᠶᠠᠷᠴᠤ᠂ ᠲᠠᠷᠢᠶᠠᠯᠠᠩ ᠮᠠᠯ ᠠᠵᠤ ᠠᠬᠤᠢ ᠵᠢᠭᠠᠰᠤᠨ ᠤ ᠦᠢᠯᠡᠰ ᠵᠡᠷᠭᠡ ᠡᠯ᠎ᠡ ᠲᠦᠷᠦᠯ ᠤᠨ ᠲᠤᠰᠬᠠᠢ ᠨᠡᠶᠢᠭᠡᠮᠯᠢᠭ ᠤᠨ ᠠᠵᠢᠯ ᠢ ᠵᠣᠬᠢᠴᠠᠭᠤᠯᠤᠨ ᠵᠢᠯᠣᠭᠤᠳᠬᠤ ᠶᠢᠨ ᠬᠠᠮᠲᠤ ᠬᠠᠮᠢᠶ᠎ᠠ ᠪᠦᠬᠦᠢ ᠨᠡᠶᠢᠭᠡᠮ ᠤᠨ ᠪᠦᠯᠬᠦᠮ ᠨᠡᠶᠢᠲᠡ ᠶᠢ ᠵᠢᠯᠣᠭᠤᠳᠴᠤ ᠲᠠᠷᠢᠶᠠᠯᠠᠩ ᠮᠠᠯ ᠠᠵᠣ ᠠᠬᠤᠢ ᠶᠢᠨ ᠬᠦᠭᠵᠢᠯᠲᠡ ᠳᠤ ᠦᠢᠯᠡᠴᠢᠯᠡᠭᠦᠯᠦᠨ᠎ᠡ᠃     ᠬᠤᠷᠢᠨ ᠨᠠᠢᠮᠠ᠂ ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠪᠠ ᠦᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ᠂ ᠲᠠᠷᠢᠶᠠᠯᠠᠩ ᠮᠠᠯ ᠠᠵᠣ ᠠᠬᠤᠢ ᠶᠢᠨ ᠠᠵᠤ ᠦᠢᠯᠡᠰᠴᠢᠯᠡᠯᠳᠡ ᠶᠢ ᠠᠬᠢᠭᠤᠯᠬᠤ ᠠᠯᠪᠠᠨ ᠭᠡᠷ ᠤᠨ ᠲᠣᠰᠢᠶᠠᠨ ᠭᠦᠢᠴᠡᠳᠭᠡᠯᠭᠡᠭᠰᠡᠨ ᠪᠤᠰᠤᠳ ᠶᠠᠪᠤᠳᠠᠯ ᠢ ᠳᠠᠭᠠᠭᠠᠨ ᠬᠢᠨ᠎ᠡ᠃     ᠬᠤᠷᠢᠨ‌‍ᠶ᠋ᠢᠰᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠶᠢᠨ ᠠᠵᠢᠯ ᠤᠨ ᠬᠤᠯᠪᠣᠭᠳᠠᠯ ᠪᠦᠬᠦᠢ ᠴᠢᠭᠯᠡᠯᠲᠡ᠂ ᠲᠥᠷᠥ ᠶᠢᠨ ᠪᠣᠳᠣᠯᠭ᠎ᠠ᠂ ᠬᠠᠤᠯᠢ ᠲᠤᠭᠲᠠᠭᠠᠯ ᠢ ᠲᠤᠤᠱᠯᠠᠭᠤᠯᠤᠨ ᠬᠡᠷᠡᠭᠵᠢᠭᠦᠯᠦᠨ᠎ᠡ︔ ᠪᠦᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠠ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠵᠤ ᠠᠬᠤᠢ ᠬᠢᠭᠡᠳ ᠨᠡᠶᠢᠭᠡᠮ ᠤᠨ ᠬᠦᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ ᠰᠤᠳᠤᠯᠤᠨ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ᠭᠤᠴᠢ᠂ ᠬᠦᠯᠦᠨ ᠪᠤᠶᠢᠷ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠭᠵᠢᠯᠲᠡ ᠶᠢᠨ ᠪᠠᠶᠢᠷᠢᠯᠠᠭᠤᠯᠤᠯᠲᠠ ᠪᠠ ᠲᠡᠷᠢᠭᠦᠨ ᠤ ᠬᠦᠷᠢᠶ᠎ᠡ ᠴᠠᠷ᠎ᠠ ᠶᠢ ᠲᠤᠭᠲᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠦᠭᠵᠢᠯᠲᠡ ᠶᠢᠨ ᠳᠤᠮᠲᠠ ᠤᠷᠲᠤ ᠬᠤᠭᠤᠴᠠᠭᠠᠨ ᠤ ᠲᠦᠯᠦᠪᠵᠢᠭᠦᠯᠭᠡ ᠪᠠ ᠤᠨ ᠤ ᠲᠦᠯᠦᠪᠯᠡᠭᠡ ᠶᠢ ᠨᠠᠶᠢᠷᠠᠭᠤᠯᠤᠨ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ᠭᠤᠴᠢᠨ  ᠨᠢᠭᠡ᠂ ᠪᠦᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠪᠠ ᠠᠷᠭ᠎ᠠ ᠬᠡᠮᠵᠢᠶ᠎ᠡ ᠶᠢ ᠳᠤᠷᠠᠳᠤᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ︔ ᠪᠦᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢ ᠵᠢᠭᠠᠨ ᠵᠢᠯᠤᠭᠤᠳᠤᠨ᠎ᠠ᠃     ᠭᠤᠴᠢᠨ‌ᠬᠤᠶᠠᠷ᠂ ᠤᠯᠠᠨ ᠠᠷᠭ᠎ᠠ ᠵᠠᠮ ᠢᠶᠠᠷ ᠰᠢᠨᠵᠢᠯᠡᠬᠦ ᠤᠬᠠᠭᠠᠨ ᠮᠡᠷᠭᠡᠵᠢᠯ ᠤᠨ ᠪᠡᠯᠡ ᠤᠷᠤᠭᠤᠯᠤᠯᠲᠠ ᠶᠢᠨ ᠠᠷᠭ᠎ᠠ ᠬᠡᠮᠵᠢᠶ᠎ᠡ ᠶᠢ ᠰᠤᠳᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠡᠬᠢ ᠪᠠᠶᠠᠯᠢᠭ ᠤᠨ ᠲᠦᠬᠦᠷᠵᠢᠭᠦᠯᠦᠯᠲᠡ ᠶᠢ ᠰᠢᠯᠢᠳᠡᠭᠵᠢᠭᠦᠯᠦᠨ᠎ᠡ︔ ᠬᠡᠷᠡᠭᠯᠡᠭᠡᠨ ᠤ ᠮᠡᠷᠭᠡᠵᠢᠯ ᠤᠨ ᠰᠤᠳᠤᠯᠭᠠᠨ ᠬᠢᠭᠡᠳ ᠲᠤᠰᠬᠠᠢ ᠵᠦᠢᠯ ᠤᠨ ᠪᠡᠯᠡ ᠮᠦᠩᠭᠦ ᠤᠯᠭᠤᠬᠤ᠂ ᠰᠢᠨᠵᠢᠯᠡᠬᠦ ᠤᠬᠠᠭᠠᠨ ᠤ ᠠᠵᠢᠯ ᠦᠢᠯᠡᠰ ᠤᠨ ᠵᠠᠷᠤᠳᠠᠯ ᠵᠡᠷᠭᠡ ᠬᠠᠮᠢᠶ᠎ᠠ ᠪᠦᠬᠦᠢ ᠵᠠᠷᠤᠳᠠᠯ ᠤᠨ ᠬᠤᠪᠢᠶᠠᠷᠢᠯᠠᠯᠲᠠ᠂ ᠲᠦᠰᠦᠪ ᠪᠠ ᠲᠦᠰᠦᠪ ᠤᠨ ᠭᠦᠢᠴᠡᠳᠭᠡᠯ ᠵᠢᠴᠢ ᠵᠠᠷᠤᠳᠠᠯ ᠬᠡᠷᠡᠭᠯᠡᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠬᠤ ᠪᠠ ᠬᠠᠮᠢᠶᠠᠷᠬᠤ ᠶᠢ ᠰᠢᠰᠲ᠋ᠧᠮᠴᠢᠯᠠᠨ ᠬᠠᠮᠢᠶᠠᠷᠴᠤ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠡᠳ᠋ ᠤᠨ ᠵᠠᠰᠠᠭ᠂ ᠮᠦᠩᠭᠦᠨ ᠭᠦᠢᠯᠭᠡᠭᠡᠨ᠂ ᠭᠠᠶᠢᠯᠢ ᠬᠤᠷᠢᠶᠠᠬᠤ ᠵᠡᠷᠭᠡ ᠠᠵᠤ ᠠᠬᠤᠢ ᠶᠢᠨ ᠠᠷᠭ᠎ᠠ ᠬᠡᠷᠡᠭᠯᠡᠭᠦᠷ ᠢ ᠶᠡᠷᠦᠩᠬᠡᠶᠢᠯᠡᠨ ᠬᠡᠷᠡᠭᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯ ᠳᠠᠬᠢ ᠬᠤᠷᠸ᠎ᠠ ᠲᠤᠬᠢᠷᠠᠭᠤᠯᠭ᠎ᠠ ᠶᠢ ᠴᠢᠩᠭᠠᠳᠬᠠᠨ᠎ᠠ᠃     ᠭᠤᠴᠢᠨ‌ᠭᠤᠷᠪᠠ᠂ ᠪᠦᠬᠦ ᠬᠤᠲᠠ ᠶᠢᠨ ᠠᠵᠤ ᠦᠢᠯᠡᠳᠪᠦᠷᠢ᠂ ᠲᠠᠷᠢᠶᠠᠯᠠᠩ ᠮᠠᠯ ᠠᠵᠤ ᠠᠬᠤᠢ᠂ ᠨᠡᠶᠢᠭᠡᠮ ᠤᠨ ᠬᠦᠭᠵᠢᠯᠲᠡ ᠵᠡᠷᠭᠡ ᠬᠦᠷᠢᠶ᠎ᠡ ᠴᠠᠷ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠤᠭᠤᠮᠲᠠ ᠰᠢᠪᠲᠤᠯᠬᠤ᠂ ᠦᠷ᠎ᠡ ᠪᠦᠲᠦᠮᠵᠢ ᠶᠢᠨ ᠳᠡᠯᠭᠡᠷᠡᠭᠦᠯᠦᠯᠲᠡ ᠪᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰᠴᠢᠯᠡᠭᠰᠡᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠲᠠᠭᠠᠵᠤ᠂ ᠡᠯ᠎ᠡ ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠦᠯᠦᠪᠯᠡᠭᠡ ᠶᠢᠨ ᠲᠦᠷᠦᠯ ᠵᠦᠢᠯ ᠮᠡᠳᠡᠭᠦᠯᠬᠦ᠂ ᠵᠤᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃     ᠭᠤᠴᠢᠨ‌‍ᠲ᠋ᠦ᠋ᠷᠪᠡ᠂ ᠪᠦᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶᠡᠴᠢ ᠰᠠᠭᠤᠷᠢᠨ ᠭᠠᠵᠠᠷ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶᠡᠴᠢ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠦᠯᠦᠪᠵᠢᠭᠦᠯᠭᠡ᠂ ᠲᠦᠯᠦᠪᠯᠡᠭᠡ ᠶᠢ ᠨᠠᠶᠢᠷᠠᠭᠤᠯᠤᠨ ᠲᠤᠭᠲᠠᠭᠠᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ᠭᠤᠴᠢᠨ‌‍ᠲ᠋ᠠᠪᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠰᠢᠯᠴᠠᠭ᠎ᠠ ᠪᠠ ᠰᠣᠯᠢᠯᠴᠠᠭ᠎ᠠ ᠬᠢᠬᠦ ᠠᠵᠢᠯ ᠢ ᠰᠢᠰᠲ᠋ᠧᠮᠴᠢᠯᠡᠨ ᠬᠠᠮᠢᠶᠠᠷᠤᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠰᠢᠯᠴᠠᠭ᠎ᠠ ᠶᠢᠨ ᠲᠦᠯᠦᠪᠯᠡᠭᠡ ᠶᠢ ᠨᠠᠶᠢᠷᠠᠭᠤᠯᠤᠨ ᠲᠤᠭᠲᠠᠭᠠᠵᠤ᠂ ᠵᠠᠰᠠᠭ ᠤᠨ ᠤᠷᠳᠤᠨ ᠤ ᠬᠤᠭᠤᠷᠤᠨᠳᠤᠬᠢ ᠬᠤᠶᠠᠷ ᠲᠠᠯ᠎ᠠ ᠶᠢᠨ ᠪᠠ ᠣᠯᠠᠨ ᠲᠠᠯ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠰᠢᠯᠴᠠᠭ᠎ᠠ ᠬᠢᠭᠡᠳ ᠰᠣᠯᠢᠯᠴᠠᠭ᠎ᠠ ᠬᠢᠬᠦ ᠠᠵᠢᠯ ᠢ ᠬᠠᠷᠢᠭᠤᠴᠠᠵᠤ᠂ ᠬᠤᠰᠢᠭᠤ ᠬᠤᠲᠠ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠭᠠᠳᠠᠭᠠᠳᠤ ᠯᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠷᠰᠢᠯᠴᠠᠭ᠎ᠠ ᠪᠠ ᠰᠣᠯᠢᠯᠴᠠᠭ᠎ᠠ ᠬᠢᠬᠦ ᠠᠵᠢᠯ ᠢ ᠵᠢᠯᠣᠭᠤᠳᠤᠨ᠎ᠠ᠃    ᠭᠤᠴᠢᠨ‌ᠵᠢᠷᠭᠤᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠦᠯᠦᠨ ᠪᠤᠶᠢᠷ ᠬᠤᠲᠠ ᠶᠢᠨ ᠦᠢᠯᠡᠳᠪᠥᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠤᠭᠰᠠᠨ ᠬᠤᠯᠪᠤᠭᠳᠠᠯ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠤᠭᠲᠠᠭᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠡᠬᠢ ᠪᠠᠶᠠᠯᠢᠭ ᠤᠨ ᠵᠦᠢ ᠶᠤᠰᠤᠨ ᠤ ᠲᠤᠬᠢᠷᠠᠭᠤᠯᠤᠯᠲᠠ ᠶᠢ ᠠᠬᠢᠭᠤᠯᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠲᠤᠷᠠᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠪᠤᠶᠢᠵᠢᠯᠲᠠ ᠳᠤ ᠠᠰᠢᠭᠲᠠᠢ ᠬᠤᠯᠪᠤᠭᠳᠠᠯ ᠪᠦᠬᠦᠢ ᠲᠦᠷᠦ ᠶᠢᠨ ᠪᠤᠳᠤᠯᠭ᠎ᠠ ᠶᠢ ᠳᠤᠷᠠᠳᠤᠨ᠎ᠠ᠃     ᠭᠤᠴᠢᠨ‌‍ᠲ᠋ᠤᠯᠤᠭ᠎ᠠ᠂ ᠬᠦᠯᠦᠨ ᠪᠤᠶᠢᠷ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠤᠨ ᠬᠢᠨᠠᠨ ᠲᠤᠭᠲᠠᠭᠠᠯᠲᠠ ᠶᠢᠨ ᠵᠣᠬᠢᠶᠠᠨ ᠪᠠᠶᠢᠭᠤᠯᠬᠤ ᠠᠵᠢᠯ ᠢ ᠬᠠᠷᠢᠭᠤᠴᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠢᠨᠠᠨ ᠲᠤᠭᠲᠠᠭᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠢᠭᠤᠴᠠ ᠶᠢ ᠬᠠᠮᠠᠭᠠᠯᠠᠬᠤ᠂ ᠮᠡᠷᠭᠡᠵᠢᠯ ᠤᠨ ᠵᠠᠬ᠎ᠠ ᠳᠡᠯᠭᠡᠭᠦᠷ ᠵᠡᠷᠭᠡ ᠠᠵᠢᠯ ᠢ ᠬᠠᠷᠢᠭᠤᠴᠠᠨ ᠬᠠᠮᠢᠶᠠᠷᠤᠨ᠎ᠠ︔ ᠰᠢᠨᠵᠢᠯᠡᠬᠦ ᠤᠬᠠᠭᠠᠨ ᠮᠡᠷᠭᠡᠵᠢᠯ ᠢ ᠲᠦᠭᠡᠮᠡᠯᠵᠢᠭᠦᠯᠬᠦ ᠪᠠ ᠤᠬᠠᠭᠤᠯᠬᠤ ᠠᠵᠢᠯ ᠤᠨ ᠲᠦᠯᠦᠪᠵᠢᠭᠦᠯᠭᠡ ᠶᠢ ᠲᠤᠭᠲᠠᠭᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠯᠠᠪᠯᠠᠨ ᠠᠰᠠᠭᠤᠯᠲᠠ᠂ ᠳᠠᠭᠠᠭᠠᠴᠢᠯᠠᠯᠲᠠ ᠵᠠᠷᠯᠠᠬᠤ᠂ ᠦᠨᠡᠯᠡᠨ ᠵᠢᠱᠢᠬᠦ ᠵᠡᠷᠭᠡ ᠵᠠᠭᠤᠴᠢ ᠵᠤᠬᠢᠶᠠᠨ ᠪᠠᠶᠢᠭᠤᠯᠤᠯᠲᠠ ᠶᠢᠨ ᠬᠦᠭᠵᠢᠯᠲᠡ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃     ᠭᠤᠴᠢᠨ ᠨᠠᠢᠮᠠ᠂ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ᠂ ᠲᠤᠭ᠎ᠠ ᠪᠦᠷᠢᠳᠭᠡᠯ ᠤᠨ ᠠᠵᠢᠯ ᠢ ᠬᠠᠷᠢᠭᠤᠴᠠᠨ᠎ᠠ︔ ᠠᠷᠠᠳ ᠤᠨ ᠡᠵᠡᠩᠨᠡᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠬᠦᠭᠵᠢᠯᠲᠡ ᠶᠢ ᠳᠡᠮᠵᠢᠨ ᠵᠢᠯᠤᠭᠤᠳᠤᠨ᠎ᠠ᠃     ᠭᠤᠴᠢᠨ‌‍ᠶ᠋ᠢᠰᠦ᠂ ᠬᠤᠲᠠ ᠶᠢᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠬᠤᠰᠢᠭᠤ ᠬᠤᠲᠠ ᠲᠤᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠠᠵᠢᠯ ᠢ ᠵᠢᠯᠤᠭᠤᠳᠤᠨ ᠵᠤᠬᠢᠴᠠᠭᠤᠯᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠵᠢᠯᠴᠠᠨ ᠤᠷᠤᠨ ᠨᠤᠲᠤᠭ ᠪᠠ ᠠᠵᠢᠯ ᠲᠦᠷᠦᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢ ᠲᠦᠯᠬᠢᠨ ᠠᠬᠢᠭᠤᠯᠤᠨ᠎ᠠ︔ ᠪᠦᠬᠦ ᠬᠤᠲᠠ ᠶᠢᠨ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠤᠨ ᠲᠠᠪᠲᠠᠨ ᠪᠤᠯᠪᠠᠰᠤᠷᠠᠭᠤᠯᠬᠤ ᠲᠦᠯᠦᠪᠯᠡᠭᠡ ᠶᠢ ᠳᠤᠷᠠᠳᠬᠤ ᠶᠢᠨ ᠬᠠᠮᠲᠤ ᠵᠤᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ᠳᠦᠴᠢ᠂ ᠪᠦᠬᠦ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠭᠡ ᠵᠠᠩᠭᠢ ᠨᠧᠲ ᠰᠦᠯᠵᠢᠶ᠎ᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ᠂ ᠰᠢᠨ᠎ᠡ ᠡᠨᠧᠷᠭᠢ ᠶᠢᠨ ᠮᠡᠷᠭᠡᠵᠢᠯ ᠤᠨ ᠳᠡᠯᠭᠡᠷᠡᠭᠦᠯᠦᠯᠲᠡ ᠪᠠ ᠦᠢᠯᠡᠳᠪᠦᠷᠢᠯᠡᠯ ᠤᠨ ᠬᠦᠴᠦᠨ ᠤ ᠠᠬᠢᠭᠤᠯᠬᠤ ᠠᠵᠢᠯ ᠢ ᠬᠠᠷᠢᠭᠤᠴᠠᠨ ᠬᠠᠮᠢᠶᠠᠷᠤᠨ᠎ᠠ᠃     ᠳᠦᠴᠢᠨ ᠨᠢᠭᠡ᠂ ᠪᠦᠬᠦ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠲᠤᠰᠬᠠᠢ ᠠᠰᠢᠭ ᠤᠨ ᠠᠵᠢᠯ ᠢ ᠬᠠᠷᠢᠭᠤᠴᠠᠨ ᠬᠠᠮᠢᠶᠠᠷᠤᠨ᠎ᠠ ᠃     ᠳᠦᠴᠢᠨ‌ᠬᠤᠶᠠᠷ᠂ ᠬᠤᠲᠠ ᠶᠢᠨ ᠵᠠᠰᠠᠭ ᠤᠨ ᠣᠷᠳᠣᠨ ᠤ ᠲᠤᠰᠢᠶᠠᠵᠤ ᠭᠦᠢᠴᠡᠳᠭᠡᠯᠭᠡᠬᠦ ᠪᠣᠰᠣᠳ ᠶᠠᠪᠤᠳᠠᠯ ᠤᠳ ᠢ ᠳᠠᠭᠠᠭᠠᠨ ᠬᠢᠨ᠎ᠡ᠃     
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠣᠷᠳᠣᠨ