ᠭᠡᠭᠡᠨ ᠭᠤᠤᠯ ᠬᠤᠲᠠ ᠶᠢᠨ ᠵᠡᠮᠳᠡᠭᠴᠤᠳ ᠤᠨ ᠬᠤᠯᠪᠤᠭᠠᠲᠤ ᠬᠤᠷᠠᠯ ᠤᠨ ᠭᠤᠣᠯ ᠡᠭᠦᠷᠭᠡ ᠬᠠᠷᠢᠭᠤᠴᠠᠯᠭ᠎ᠠ
ᠨᠡᠶᠢᠲᠡᠯᠡᠭᠰᠡᠨ ᠴᠠᠭ᠄
2023/6/18
    ᠨᠢᠭᠡ᠂ ᠤᠯᠤᠰ᠂ ᠦᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠦᠢᠯᠡᠰ ᠤᠨ ᠴᠢᠭᠯᠡᠯᠲᠡ᠂ ᠲᠦᠷᠦ ᠶᠢᠨ ᠪᠣᠳᠤᠯᠭ᠎ᠠ᠂ ᠬᠠᠥᠯᠢ ᠴᠠᠭᠠᠵᠠ᠂ ᠬᠠᠥᠯᠢ ᠳᠦᠷᠢᠮ ᠢ ᠲᠤᠤᠱᠯᠠᠭᠤᠯᠤᠨ ᠬᠡᠷᠡᠭᠵᠢᠭᠦᠯᠦᠨ᠎ᠡ︔ ᠵᠡᠮᠳᠡᠭᠴᠦᠳ ᠤᠨ ᠬᠠᠮᠲᠤ ᠶᠢᠨ ᠠᠰᠢᠭ ᠲᠤᠰᠠ ᠶᠢ ᠲᠦᠯᠦᠭᠡᠯᠡᠵᠦ᠂ ᠵᠦᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃     ᠬᠤᠶᠠᠷ᠂ ᠵᠡᠮᠳᠡᠭᠴᠦᠳ ᠢ ᠪᠦᠯᠬᠦᠮᠳᠡᠭᠦᠯᠦᠨ ᠬᠦᠮᠦᠵᠢᠭᠦᠯᠵᠦ᠂ ᠵᠡᠮᠳᠡᠭᠴᠦᠳ ᠲᠤ ᠦᠢᠯᠡᠴᠢᠯᠡᠵᠦ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠣᠯᠭᠤᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠵᠦ᠂ ᠵᠡᠮᠳᠡᠭᠴᠦᠳ ᠤᠨ ᠦᠢᠯᠡᠰ ᠢ ᠬᠠᠮᠢᠶᠠᠷᠬᠤ ᠪᠠ ᠬᠦᠭᠵᠢᠭᠦᠯᠦᠨ᠎ᠡ᠃     ᠭᠤᠷᠪᠠ᠂ ᠬᠠᠮᠢᠶ᠎ᠠ ᠪᠦᠬᠦᠢ ᠰᠠᠯᠠᠭ᠎ᠠ ᠮᠦᠴᠢᠷ ᠵᠢᠴᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠣᠬᠢᠴᠠᠭᠤᠯᠵᠤ᠂ ᠵᠡᠮᠳᠡᠭᠴᠦᠳ ᠤᠨ ᠠᠵᠢᠯ ᠦᠷᠨᠢᠭᠦᠯᠵᠦ᠂ ᠵᠡᠮᠳᠡᠭᠴᠦᠳ ᠲᠤ ᠦᠢᠯᠡᠴᠢᠯᠡᠭᠡ ᠬᠠᠩᠭᠠᠨ᠎ᠠ᠃     ᠳᠥᠷᠪᠡ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠡᠮᠳᠡᠭᠴᠦᠳ ᠤᠨ ᠠᠵᠢᠯ ᠤᠨ ᠵᠦᠪᠯᠡᠯ ᠤᠨ ᠡᠳᠦᠷ ᠳᠤᠲᠤᠮ ᠤᠨ ᠠᠵᠢᠯ ᠢ ᠡᠭᠦᠷᠭᠡᠯᠡᠨ᠎ᠡ᠃     ᠲᠠᠪᠤ᠂ ᠬᠤᠲᠠ ᠶᠢᠨ ᠵᠡᠮᠳᠡᠭᠴᠦᠳ ᠤᠨ ᠬᠤᠯᠪᠣᠭᠠᠲᠤ ᠬᠤᠷᠠᠯ ᠤᠨ ᠡᠯ᠎ᠡ ᠲᠤᠰᠬᠠᠢ ᠨᠡᠶᠢᠭᠡᠮᠯᠢᠭ᠂ ᠡᠯ᠎ᠡ ᠲᠦᠷᠦᠯ ᠤᠨ ᠵᠡᠮᠳᠡᠭᠴᠦᠳ ᠤᠨ ᠨᠡᠶᠢᠭᠡᠮ ᠤᠨ ᠪᠦᠯᠬᠦᠮ ᠵᠣᠬᠢᠶᠠᠨ ᠪᠠᠶᠢᠭᠤᠯᠤᠯᠲᠠ ᠶᠢᠨ ᠠᠵᠢᠯᠯᠠᠭ᠎ᠠ ᠦᠷᠨᠢᠭᠦᠯᠬᠦ ᠶᠢ ᠵᠢᠯᠣᠭᠤᠳᠬᠤ ᠪᠠ ᠬᠠᠮᠢᠶᠠᠷᠤᠨ᠎ᠠ᠃     ᠵᠢᠷᠭᠤᠭ᠎ᠠ᠂ ᠡᠯ᠎ᠡ ᠬᠤᠰᠢᠭᠤ ᠬᠤᠲᠠ ᠲᠤᠭᠤᠷᠢᠭ ᠤᠨ ᠵᠡᠮᠳᠡᠭᠴᠦᠳ ᠤᠨ ᠬᠤᠯᠪᠣᠭᠠᠲᠤ ᠬᠤᠷᠠᠯ ᠤᠨ ᠠᠵᠢᠯ ᠢ ᠵᠣᠬᠢᠶᠠᠨ ᠪᠠᠶᠢᠭᠤᠯᠵᠤ᠂ ᠵᠣᠬᠢᠴᠠᠭᠤᠯᠵᠤ᠂ ᠵᠢᠯᠣᠭᠤᠳᠣᠨ᠎ᠠ᠃     ᠳᠣᠯᠤᠭ᠎ᠠ᠂ ᠳᠡᠭᠡᠳᠦ ᠱᠠᠲᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠪᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠦᠢᠴᠡᠳᠭᠡᠯᠭᠡᠬᠦ ᠪᠠᠷ ᠲᠤᠰᠢᠶᠠᠭᠰᠠᠨ ᠠᠵᠢᠯ ᠢ ᠳᠠᠭᠠᠭᠠᠨ ᠭᠦᠢᠴᠡᠳᠭᠡᠨ᠎ᠡ᠃     ᠨᠠᠢᠮᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠡᠮᠳᠡᠭᠴᠦᠳ ᠤᠨ ᠠᠵᠢᠯ ᠤᠨ ᠵᠦᠪᠯᠡᠯ ᠪᠠ ᠵᠡᠮᠳᠡᠭᠴᠦᠳ ᠤᠨ ᠨᠡᠶᠢᠭᠡᠮ ᠤᠨ ᠠᠰᠠᠷᠠᠮᠵᠢ ᠶᠢᠨ ᠰᠠᠭᠤᠷᠢ ᠮᠦᠩᠭᠦᠨ ᠤ ᠨᠡᠶᠢᠭᠡᠮᠯᠢᠭ ᠤᠨ ᠡᠳᠦᠷ ᠳᠤᠲᠤᠮ ᠤᠨ ᠠᠵᠢᠯ ᠢ ᠳᠠᠭᠠᠭᠠᠨ ᠭᠦᠢᠴᠡᠳᠭᠡᠨ᠎ᠡ᠃
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠣᠷᠳᠣᠨ