ᠨᠢᠭᠡ᠂ ᠤᠯᠤᠰ ᠪᠠ ᠦᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠠᠥᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠬᠠᠥᠯᠢ ᠴᠠᠭᠠᠵᠠ᠂ | ᠬᠠᠥᠯᠢ ᠲᠣᠭᠲᠠᠭᠠᠯ ᠪᠠ ᠴᠢᠭᠯᠡᠯᠲᠡ ᠲᠦᠷᠦ ᠶᠢᠨ ᠪᠣᠳᠤᠯᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ︔ ᠪᠦᠬᠦ ᠬᠤᠲᠠ ᠶᠢᠨ ᠬᠠᠥᠯᠢ ᠴᠠᠭᠠᠵᠠ ᠶᠢᠨ ᠵᠠᠰᠠᠭ | ᠵᠠᠬᠢᠷᠭᠠᠨ ᠤ ᠠᠵᠢᠯ ᠤᠨ ᠲᠦᠯᠦᠪᠵᠢᠭᠦᠯᠭᠡ᠂ ᠪᠦᠬᠦ ᠵᠢᠯ ᠤᠨ ᠠᠵᠢᠯ ᠤᠨ ᠴᠢᠬᠤᠯᠠ ᠵᠦᠢᠯ ᠢ ᠰᠣᠳᠣᠯᠣᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | ᠬᠤᠶᠠᠷ᠂ ᠦᠪᠡᠷᠲᠡᠭᠡᠨ ᠵᠠᠰᠠᠬᠤ ᠣᠷᠣᠨ ᠤ ᠬᠤᠣᠷᠲᠤ ᠡᠳ᠋ ᠢ ᠴᠠᠭᠠᠵᠠᠯᠠᠬᠤ ᠺᠤᠮᠢᠰ ᠵᠢᠴᠢ ᠬᠤᠤᠷ ᠲᠠᠲᠠᠬᠤ ᠶᠢ ᠠᠯᠪᠠᠳᠠᠨ ᠵᠣᠭᠰᠤᠭᠠᠬᠤ ᠲᠤᠰᠠᠭᠠᠷᠯᠠᠬᠤ ᠶᠢ | ᠲᠣᠭᠲᠠᠭᠠᠬᠤ ᠪᠠᠶᠢᠭᠤᠯᠭ᠎ᠠ ᠶᠢᠨ ᠰᠢᠢᠳᠪᠦᠷᠢ ᠲᠣᠭᠲᠠᠭᠠᠯ ᠢ ᠨᠠᠶᠢᠳᠠᠪᠤᠷᠢᠵᠢᠭᠤᠯᠵᠤ᠂ ᠬᠦᠯᠦᠨ ᠪᠤᠶᠢᠷ ᠬᠤᠲᠠ ᠶᠢᠨ ᠬᠤᠤᠷ ᠲᠠᠲᠠᠬᠤ ᠶᠢ ᠵᠣᠭᠰᠣᠭᠠᠬᠤ ᠠᠵᠢᠯ ᠢ | ᠬᠢᠨᠠᠨ ᠵᠢᠯᠣᠭᠤᠳᠣᠨ᠎ᠠ᠃ | ᠭᠤᠷᠪᠠ᠂ ᠪᠦᠬᠦ ᠬᠤᠲᠠ ᠶᠢᠨ ᠬᠠᠣᠯᠢ ᠲᠦᠷᠢᠮ ᠤᠨ ᠣᠬᠠᠭᠤᠯᠭ᠎ᠠ ᠪᠠ ᠬᠠᠣᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠦᠯᠦᠪᠵᠢᠭᠦᠯᠭᠡ ᠶᠢ | ᠲᠣᠭᠲᠠᠭᠠᠬᠤ ᠶᠢᠨ ᠬᠠᠮᠲᠦ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠡᠯ᠎ᠡ ᠬᠤᠰᠢᠭᠤ ᠬᠤᠲᠠ ︵ᠲᠣᠭᠤᠷᠢᠭ︶᠂ ᠡᠯ᠎ᠡ ᠠᠵᠢᠯ ᠲᠦᠷᠦᠯ ᠤᠨ ᠬᠠᠥᠯᠢ | ᠲᠦᠭᠡᠮᠡᠯᠵᠢᠭᠦᠯᠬᠦ ᠪᠠ ᠬᠠᠥᠯᠢ ᠪᠠᠷ ᠵᠠᠰᠠᠬᠤ ᠠᠵᠢᠯ ᠢ ᠵᠢᠯᠣᠭᠤᠳᠣᠨ᠎ᠠ᠃ | ᠳᠥᠷᠪᠡ᠂ ᠪᠦᠬᠦ ᠬᠤᠲᠠ ᠶᠢᠨ ᠬᠠᠥᠯᠢᠴᠢ᠂ ᠠᠯᠪᠠᠨ ᠭᠡᠷᠡᠴᠢᠯᠡᠭᠡ ᠶᠢᠨ ᠠᠵᠢᠯ ᠢ ᠬᠢᠨᠠᠨ ᠬᠠᠷᠢᠭᠤᠴᠠᠬᠤ ᠶᠢᠨ ᠬᠠᠮᠲᠤ ᠵᠣᠬᠢᠴᠠᠩᠭᠤᠢ ᠬᠠᠷᠢᠭᠤᠴᠠᠯᠭ᠎ᠠ | ᠡᠭᠦᠷᠭᠡᠯᠡᠨ᠎ᠡ᠃ | ᠲᠠᠪᠤ᠂ ᠪᠦᠬᠦ ᠬᠤᠲᠠ ᠶᠢᠨ ᠬᠠᠥᠯᠢ ᠴᠠᠭᠠᠵᠠ ᠶᠢᠨ ᠲᠤᠰᠠᠯᠠᠮᠵᠢ ᠶᠢᠨ ᠠᠵᠢᠯ ᠢ ᠬᠢᠨᠠᠨ ᠵᠢᠯᠣᠭᠤᠳᠣᠨ᠎ᠠ᠃ | ᠵᠢᠷᠭᠤᠭ᠎ᠠ᠂ ᠪᠦᠬᠦ ᠬᠤᠲᠠ ᠶᠢᠨ ᠦᠨᠳᠦᠰᠦᠨ ᠱᠠᠲᠤᠨ ᠤ ᠬᠠᠥᠯᠢ ᠴᠠᠭᠠᠵᠠ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠠᠷᠠᠳ ᠤᠨ ᠡᠶᠡᠳᠡᠭᠦᠯᠦᠭᠡ᠂ | ᠨᠡᠶᠢᠭᠡᠮ ᠲᠣᠭᠤᠷᠢᠭ ᠤᠨ ᠵᠠᠯᠠᠷᠠᠭᠤᠯᠤᠭ᠎ᠠ᠂ ᠦᠨᠳᠦᠰᠦᠨ ᠱᠠᠲᠤᠨ ᠤ ᠬᠠᠥᠯᠢ ᠴᠠᠭᠠᠵᠠ ᠶᠢᠨ ᠦᠢᠯᠡᠴᠢᠯᠡᠭᠡ ᠪᠠ ᠲᠦᠪᠬᠢᠨᠡᠭᠦᠯᠵᠦ ᠬᠠᠪᠰᠤᠷᠤᠨ ᠬᠦᠮᠦᠵᠢᠭᠦᠯᠬᠦ | ᠠᠵᠢᠯ ᠢ ᠵᠢᠯᠣᠭᠤᠳᠴᠤ ᠬᠢᠨᠠᠯᠲᠠ ᠲᠠᠯᠪᠢᠨ᠎ᠠ᠃ ᠠᠷᠠᠳ ᠤᠨ ᠬᠠᠪᠰᠤᠷᠤᠨ ᠰᠢᠭᠦᠭᠴᠢ ᠰᠤᠩᠭᠤᠨ ᠲᠣᠮᠢᠯᠠᠬᠤ᠂ ᠪᠣᠯᠪᠠᠰᠤᠷᠠᠭᠤᠯᠬᠤ ᠪᠠ ᠬᠢᠨᠠᠨ ᠰᠢᠯᠭᠠᠬᠤ ᠠᠵᠢᠯ ᠳᠤ | ᠣᠷᠣᠯᠴᠠᠨ᠎ᠠ᠃ | ᠳᠣᠯᠤᠭ᠎ᠠ᠂ ᠤᠯᠤᠰ ᠤᠨ ᠬᠠᠥᠯᠢ ᠴᠠᠭᠠᠵᠠ ᠶᠢᠨ ᠰᠢᠯᠭᠠᠯᠲᠠ ᠶᠢᠨ ᠬᠦᠯᠦᠨ ᠪᠤᠶᠢᠷ ᠲᠠᠬᠢ ᠰᠢᠯᠭᠠᠯᠲᠠ ᠶᠢᠨ ᠲᠣᠭᠤᠷᠢᠭ ᠤᠨ ᠰᠢᠯᠭᠠᠬᠤ ᠶᠠᠪᠤᠳᠠᠯ ᠤᠨ ᠠᠵᠢᠯ ᠢ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠨᠠᠢᠮᠠ᠂ ᠪᠦᠬᠦ ᠬᠤᠲᠠ ᠶᠢᠨ ᠬᠠᠥᠯᠢ ᠴᠠᠭᠠᠵᠠ ᠶᠢᠨ ᠬᠢᠨᠠᠨ ᠲᠣᠭᠲᠠᠭᠠᠬᠤ ᠪᠠᠶᠢᠭᠤᠯᠤᠮᠵᠢ ᠪᠠ ᠬᠠᠥᠯᠢ ᠴᠠᠭᠠᠵᠠ ᠶᠢᠨ ᠬᠢᠨᠠᠨ ᠲᠣᠭᠲᠠᠭᠠᠭᠴᠢ ᠶᠢ ᠪᠦᠷᠢᠳᠭᠡᠨ | ᠬᠠᠮᠢᠶᠠᠷᠬᠤ ᠠᠵᠢᠯ ᠢ ᠬᠠᠷᠢᠭᠤᠴᠠᠨ᠎ᠠ᠃ | ᠶᠢᠰᠦ᠂ ᠪᠦᠬᠦ ᠬᠤᠲᠠ ᠶᠢᠨ ᠬᠠᠥᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠫᠤᠤ ᠵᠡᠪᠰᠡᠭ᠂ ᠰᠣᠮᠣ ᠳᠠᠷᠢ᠂ ᠬᠤᠪᠴᠠᠰᠤ ᠬᠤᠨᠠᠷ ᠪᠠ ᠴᠠᠭᠳᠠᠭᠠᠨ | ᠲᠡᠷᠭᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠪᠦᠬᠦ ᠬᠤᠲᠠ ᠶᠢᠨ ᠬᠠᠥᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠲᠦᠯᠦᠪᠯᠡᠭᠡ ᠡᠳ᠋ ᠤᠨ | ᠶᠠᠪᠤᠳᠠᠯ ᠤᠨ ᠠᠵᠢᠯ ᠢ ᠵᠢᠯᠣᠭᠤᠳᠣᠨ᠎ᠠ᠃ | ᠠᠷᠪᠠ᠂ ᠪᠦᠬᠦ ᠬᠤᠲᠠ ᠶᠢᠨ ᠬᠠᠥᠯᠢ ᠴᠠᠭᠠᠵᠠ ᠶᠢᠨ ᠵᠠᠰᠠᠭ ᠵᠠᠬᠢᠷᠭᠠᠨ ᠤ ᠡᠩᠨᠡᠭᠡᠨ ᠤ ᠪᠠᠶᠢᠭᠤᠯᠤᠯᠲᠠ ᠪᠠ ᠦᠵᠡᠯ ᠰᠠᠨᠠᠭ᠎ᠠ ᠰᠤᠷᠲᠠᠯ᠂ ᠠᠵᠢᠯ ᠤᠨ | ᠰᠤᠷᠲᠠᠯ ᠤᠨ ᠪᠠᠶᠢᠭᠤᠯᠤᠯᠲᠠ ᠶᠢ ᠵᠢᠯᠣᠭᠤᠳᠴᠤ ᠬᠢᠨᠠᠯᠲᠠ ᠲᠠᠯᠪᠢᠨ᠎ᠠ︔ ᠪᠦᠬᠦ ᠬᠤᠲᠠ ᠶᠢᠨ ᠬᠠᠥᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ | ᠴᠠᠭᠳᠠᠭᠠᠨ ᠤ ᠶᠠᠪᠤᠳᠠᠯ ᠤᠨ ᠬᠠᠮᠢᠶᠠᠷᠤᠯᠲᠠ ᠪᠠ ᠴᠠᠭᠳᠠᠭᠠᠨ ᠤ ᠶᠠᠪᠤᠳᠠᠯ ᠤᠨ ᠬᠢᠨᠠᠨ ᠪᠠᠶᠢᠴᠠᠭᠠᠬᠤ ᠠᠵᠢᠯ ᠢ ᠬᠠᠷᠢᠭᠤᠴᠠᠨ᠎ᠠ︔ ᠬᠤᠰᠢᠭᠤ ᠬᠤᠲᠠ ︵ᠲᠣᠭᠤᠷᠢᠭ︶ | ᠶᠢ ᠬᠠᠮᠵᠢᠨ ᠬᠠᠥᠯᠢ ᠴᠠᠭᠠᠵᠠ ᠶᠢᠨ ᠲᠣᠪᠴᠢᠶ᠎ᠠ ᠶᠢᠨ ᠤᠳᠤᠷᠢᠳᠬᠤ ᠺᠠᠳ᠋ᠷ ᠢ ᠬᠠᠮᠢᠶᠠᠷᠤᠨ᠎ᠠ᠃ | ᠠᠷᠪᠠᠨ ᠨᠢᠭᠡ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠳᠠᠭᠠᠭᠠᠨ ᠭᠦᠢᠴᠡᠳᠭᠡᠨ᠎ᠡ᠃ |