ᠭᠡᠭᠡᠨ ᠭᠤᠤᠯ ᠬᠤᠲᠡ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠭᠤᠣᠯ ᠡᠭᠦᠷᠭᠡ ᠬᠠᠷᠢᠭᠤᠴᠠᠯᠭ᠎ᠠ᠄ | ︵ᠨᠢᠭᠡ︶ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢ ᠬᠥᠭᠵᠢᠭᠦᠯᠬᠦ ᠲᠤᠬᠠᠢ ᠤᠯᠤᠰ᠂ ᠥᠪᠡᠷᠲᠡᠭᠡᠨ ᠵᠠᠰᠠᠬᠤ ᠣᠷᠣᠨ ᠪᠠ ᠪᠦᠬᠦ ᠬᠤᠲᠠ ᠶᠢᠨ | ᠪᠠᠶᠢᠯᠳᠤᠬᠤ ᠪᠣᠳᠣᠯᠭ᠎ᠠ ᠪᠠ ᠲᠥᠷᠦ ᠶᠢᠨ ᠪᠣᠳᠣᠯᠭ᠎ᠠ ᠶᠢ ᠲᠤᠭᠤᠰᠢᠯᠠᠭᠤᠯᠵᠤ᠂ ᠬᠤᠯᠪᠣᠭᠳᠠᠯ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠤᠭᠤᠷᠪᠢᠨ | ᠪᠢᠴᠢᠵᠦ᠂ ᠪᠦᠬᠦ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠰᠢᠨ᠎ᠡ ᠮᠠᠶ᠋ᠢᠭ ᠤᠨ ᠠᠵᠤ ᠦᠢᠯᠡᠳᠪᠦᠷᠢᠵᠢᠯᠲᠡ ᠶᠢᠨ ᠠᠬᠢᠴᠠ ᠳᠤᠮᠳᠠᠬᠢ ᠴᠢᠬᠤᠯᠠ ᠶᠡᠭᠡ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠵᠦ᠂ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠲᠦᠴᠡ ᠶᠢᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠲᠣᠬᠢᠷᠠᠭᠤᠯᠤᠯᠲᠠ ᠪᠠ | ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠲᠦᠯᠬᠢᠨ ᠠᠬᠢᠭᠤᠯᠤᠨ᠎ᠠ᠃ | ︵ᠬᠤᠶᠠᠷ︶ ᠪᠦᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠤᠨ ᠰᠢᠨᠵᠢᠯᠡᠵᠦ᠂ | ᠬᠤᠯᠪᠣᠭᠳᠠᠯ ᠪᠦᠬᠦᠢ ᠮᠡᠳᠡᠭᠡ ᠵᠠᠩᠭᠢ ᠶᠢ ᠨᠡᠶᠢᠲᠡᠯᠡᠨ᠂ ᠤᠷᠢᠳᠴᠢᠯᠠᠨ ᠲᠥᠰᠦᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠ ᠮᠡᠳᠡᠭᠡ ᠵᠠᠩᠭᠢ ᠪᠠᠷ ᠬᠥᠲᠥᠯᠥᠨ | ᠵᠢᠯᠣᠭᠤᠳᠴᠤ᠂ ᠠᠵᠢᠯ ᠲᠥᠷᠥᠯ ᠤᠨ ᠠᠵᠢᠯᠯᠠᠭᠠᠨ ᠤ ᠬᠥᠭᠵᠢᠯᠲᠡ ᠶᠢᠨ ᠳᠤᠮᠳᠠᠬᠢ ᠬᠤᠯᠪᠣᠭᠳᠠᠯ ᠪᠦᠬᠦᠢ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢᠨ | ᠬᠠᠮᠲᠤ ᠲᠥᠷᠦ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ᠠᠵᠤ ᠦᠢᠯᠡᠳᠪᠦᠷᠢ ᠶᠢᠨ ᠠᠵᠢᠯᠯᠠᠭᠠᠨ ᠳᠠᠬᠢ ᠨᠡᠭᠦᠷᠡᠰᠦ ᠴᠠᠬᠢᠯᠭᠠᠨ ᠴᠢᠯᠠᠭᠤᠨ ᠲᠣᠰᠣ ᠶᠢᠨ | ᠵᠥᠭᠡᠭᠡᠪᠦᠷᠢ ᠶᠢᠨ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠪᠦᠬᠦ ᠬᠤᠲᠠ ᠶᠢᠨ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠣᠨ ᠤ ᠴᠠᠬᠢᠯᠭᠠᠨ | ᠭᠠᠷᠭᠠᠬᠤ ᠬᠡᠮᠵᠢᠶ᠎ᠡ ᠶᠢᠨ ᠵᠢᠱᠢᠭᠰᠡᠨ ᠲᠣᠬᠢᠷᠠᠭᠤᠯᠤᠯ ᠡᠵᠡᠮᠳᠡᠯ ᠤᠨ ᠬᠠᠷᠠᠯᠲᠠ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ | ᠲᠥᠰᠦᠯ ᠵᠢᠴᠢ ᠣᠨ ᠤ ᠬᠡᠷᠡᠭᠵᠢᠭᠦᠯᠬᠦ ᠲᠥᠯᠥᠪᠯᠡᠭᠡ ᠶᠢ ᠰᠤᠳᠤᠯᠤᠨ ᠨᠠᠶᠢᠳᠠᠪᠤᠷᠢᠵᠢᠭᠤᠯᠤᠨ᠎ᠠ᠃ | ︵ᠭᠤᠷᠪᠠ︶ ᠠᠵᠤ ᠦᠢᠯᠡᠳᠪᠦᠷᠢ ᠪᠣᠯᠤᠨ ᠮᠡᠳᠡᠭᠡ ᠵᠠᠩᠬᠢᠴᠢᠯᠠᠯᠲᠠ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠬᠤ ᠬᠡᠪᠴᠢᠶᠡᠵᠢᠯ ᠪᠣᠯᠤᠨ ᠴᠢᠭᠯᠡᠯ᠂ | ᠬᠤᠲᠠ ᠶᠢᠨ ᠡᠳ᠋ ᠤᠨ ᠵᠠᠰᠠᠭ ᠤᠨ ᠴᠢᠨᠠᠷᠲᠠᠶ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠲᠣᠬᠢᠷᠠᠭᠤᠯᠬᠤ ᠰᠠᠨᠠᠭᠤᠯᠭ᠎ᠠ ᠶᠢ ᠬᠠᠷᠢᠭᠤᠴᠠᠨ ᠳᠤᠷᠠᠳᠤᠨ᠎ᠠ᠃ | ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠠᠵᠤ ᠦᠢᠯᠡᠰ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠵᠢᠯᠯᠠᠭᠠᠨ ᠪᠠ ᠵᠣᠬᠢᠴᠠᠭᠤᠯᠭ᠎ᠠ ᠶᠢ | ᠵᠢᠯᠣᠭᠤᠳᠴᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃ | ︵ᠳᠥᠷᠪᠡ︶ ᠪᠦᠬᠦ ᠬᠤᠲᠠ ᠶᠢᠨ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠪᠣᠯᠤᠨ ᠠᠵᠤ | ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠦᠨᠳᠦᠰᠦᠯᠡᠨ᠂ ᠤᠯᠠᠮᠵᠢᠯᠠᠯᠲᠤ ᠠᠵᠤ ᠦᠢᠯᠡᠰ ᠤᠨ ᠮᠡᠷᠭᠡᠵᠢᠯ ᠤᠨ ᠥᠭᠡᠷᠡᠴᠢᠯᠡᠯᠲᠡ ᠶᠢᠨ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠪᠣᠯᠤᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠶᠢ ᠳᠤᠷᠠᠳᠤᠨ᠎ᠠ᠃ | ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠣᠨ ᠤ ᠬᠥᠭᠵᠢᠯᠲᠡ ᠶᠢᠨ ᠲᠥᠯᠥᠪᠯᠡᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠠᠵᠢᠯ ᠲᠥᠷᠥᠯ ᠳᠤ ᠵᠥᠪᠰᠢᠶᠡᠷᠡᠨ ᠣᠷᠣᠭᠤᠯᠬᠤ ᠳᠦᠷᠢᠮ ᠢ ᠬᠡᠷᠡᠭᠵᠢᠭᠦᠯᠵᠦ᠂ | ᠠᠵᠤ ᠦᠢᠯᠡᠳᠪᠦᠷᠢ ᠶᠢᠨ ᠪᠠᠶᠢᠷᠢᠰᠢᠯ ᠤᠨ ᠲᠣᠬᠢᠷᠠᠭᠤᠯᠤᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠨ ᠳᠠᠬᠢ ᠠᠵᠢᠯ | ᠲᠥᠷᠥᠯ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠪᠦᠬᠦ ᠬᠤᠲᠠ ᠶᠢᠨ ᠳᠠᠪᠤᠰᠦᠨ ᠤ ᠦᠢᠯᠡᠰ ᠤᠨ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠶᠢᠨ ᠠᠵᠢᠯ | ᠲᠥᠷᠥᠯ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ ᠭᠦᠢᠴᠡᠳᠬᠡᠨ᠎ᠡ᠃ ᠪᠦᠬᠦ ᠬᠤᠲᠠ ᠶᠢᠨ ᠠᠷᠠᠳ ᠤᠨ ᠬᠡᠷᠡᠭᠯᠡᠭᠡᠨ ᠤ ᠳᠡᠯᠪᠡᠷᠡᠬᠦ | ᠪᠣᠳᠠᠰ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ | ︵ᠲᠠᠪᠤ︶ ᠠᠵᠤ ᠦᠢᠯᠡᠳᠪᠦᠷᠢ ᠶᠢᠨ ᠪᠣᠬᠢᠷᠲᠤᠯ ᠥᠬᠡᠶ ᠬᠥᠭᠵᠢᠯᠲᠡ ᠶᠢ ᠵᠢᠯᠣᠭᠤᠳᠤᠨ᠎ᠠ᠃ ᠪᠦᠬᠦ ᠬᠤᠲᠠ ᠶᠢᠨ ᠠᠵᠤ ᠦᠢᠯᠡᠳᠪᠦᠷᠢ ᠶᠢᠨ ᠡᠨᠧᠷᠭᠢ ᠶᠢ | ᠠᠷᠪᠢᠯᠠᠬᠤ᠂ ᠡᠬᠢ ᠪᠠᠶᠠᠯᠢᠭ ᠢ ᠶᠡᠷᠦᠩᠬᠡᠢᠯᠡᠨ ᠠᠰᠢᠭᠯᠠᠬᠤ᠂ ᠰᠠᠶᠢᠨ ᠳᠤᠷ᠎ᠠ ᠶᠢᠨ ᠬᠡᠯᠪᠡᠷᠢ ᠶᠢᠨ ᠠᠷᠢᠭᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠲᠥᠷᠦ ᠶᠢᠨ | ᠪᠣᠳᠣᠯᠭ᠎ᠠ ᠵᠢᠴᠢ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠪᠣᠬᠢᠷᠲᠤᠯ | ᠦᠭᠡᠢ ᠬᠥᠭᠵᠢᠯᠲᠡ ᠶᠢᠨ ᠴᠢᠬᠤᠯᠠ ᠶᠡᠭᠡ ᠵᠢᠱᠢᠶ᠎ᠡ ᠦᠵᠡᠭᠦᠯᠬᠦ ᠲᠥᠷᠥᠯ ᠵᠦᠢᠯ ᠪᠣᠯᠤᠨ ᠰᠢᠨ᠎ᠡ ᠦᠢᠯᠡᠳᠬᠦᠨ᠂ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ᠂ | ᠰᠢᠨ᠎ᠡ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠶᠢᠨ ᠬᠢᠨᠠᠨ | ᠪᠠᠶᠢᠴᠠᠭᠠᠬᠤ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠠᠵᠤ ᠦᠢᠯᠡᠳᠪᠦᠷᠢ ᠪᠣᠯᠤᠨ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠬᠦ ᠰᠢᠰᠲ᠋ᠧᠮᠵᠢ ᠶᠢᠨ | ᠪᠠᠶᠢᠭᠤᠯᠤᠯᠲᠠ ᠶᠢ ᠬᠠᠷᠢᠭᠤᠴᠠᠵᠤ᠂ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠬᠠᠷᠢᠯᠴᠠᠨ ᠤᠶᠠᠯᠳᠤᠭᠤᠯᠬᠤ ᠶᠢ | ᠲᠦᠯᠬᠢᠨ ᠠᠬᠢᠭᠤᠯᠤᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠪᠠ ᠪᠦᠬᠦ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠠᠵᠤ | ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠬᠤᠯᠠ ᠶᠡᠭᠡ ᠲᠤᠰᠬᠠᠢ ᠵᠦᠢᠯ ᠳᠤ ᠣᠷᠣᠯᠴᠠᠵᠤ᠂ ᠬᠠᠮᠢᠶ᠎ᠠ ᠪᠦᠬᠦᠢ ᠠᠵᠤ ᠦᠢᠯᠡᠰᠵᠢᠯᠲᠡ ᠶᠢ ᠠᠬᠢᠭᠤᠯᠤᠨ᠎ᠠ᠃ | ᠠᠵᠤ ᠦᠢᠯᠡᠳᠪᠦᠷᠢ ᠶᠢᠨ ᠠᠵᠢᠯ ᠲᠥᠷᠥᠯ ᠤᠨ ᠶᠠᠰᠤ ᠴᠢᠨᠠᠷ ᠤᠨ ᠬᠠᠮᠢᠶᠠᠷᠤᠯᠲᠠ ᠪᠠ ᠨᠡᠷᠡᠲᠦ ᠲᠥᠷᠥᠯ ᠲᠡᠮᠳᠡᠭᠲᠦ ᠶᠢ ᠪᠤᠶᠢᠵᠢᠭᠤᠯᠬᠤ ᠶᠢ ᠵᠢᠯᠣᠭᠤᠳᠤᠨ᠎ᠠ᠃ | ︵ᠳᠣᠯᠤᠭ᠎ᠠ︶ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠮᠡᠷᠭᠡᠵᠢᠯ | ᠲᠣᠨᠣᠭᠯᠠᠯ ᠤᠨ ᠬᠥᠭᠵᠢᠯᠲᠡ ᠪᠠ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠵᠤ | ᠂ ᠤᠯᠤᠰ᠂ ᠥᠪᠡᠷᠲᠡᠭᠡᠨ ᠵᠠᠰᠠᠬᠤ ᠣᠷᠣᠨ ᠪᠠ ᠪᠦᠬᠦ ᠬᠤᠲᠠ ᠶᠢᠨ ᠭᠤᠤᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ ᠬᠤᠯᠪᠣᠭᠳᠠᠯ | ᠪᠦᠬᠦᠢ ᠴᠢᠬᠤᠯᠠ ᠶᠡᠭᠡ ᠲᠤᠰᠬᠠᠶ ᠵᠦᠢᠯ ᠤᠨ ᠬᠡᠷᠡᠭᠵᠢᠭᠦᠯᠦᠯᠲᠡ ᠶᠢ ᠵᠣᠬᠢᠴᠠᠭᠤᠯᠵᠤ᠂ ᠮᠡᠷᠭᠡᠵᠢᠯ ᠲᠣᠨᠣᠭᠯᠠᠯ ᠤᠨ ᠤᠯᠤᠰ ᠲᠠᠭᠠᠨ ᠦᠢᠯᠡᠳᠪᠦᠷᠢᠯᠡᠬᠦ ᠶᠢ ᠲᠦᠯᠬᠢᠨ | ᠠᠬᠢᠭᠤᠯᠵᠤ᠂ ᠮᠡᠷᠭᠡᠵᠢᠯ ᠲᠣᠨᠣᠭᠯᠠᠯ ᠤᠨ ᠰᠢᠩᠭᠡᠭᠡᠨ ᠠᠪᠴᠤ ᠰᠢᠨ᠎ᠡ ᠶᠢ ᠡᠭᠦᠳᠬᠦ ᠶᠢ ᠵᠢᠯᠣᠭᠤᠳᠤᠨ᠂ ᠰᠢᠨ᠎ᠡ ᠪᠠᠷ ᠪᠤᠢ ᠪᠣᠯᠤᠭᠰᠠᠨ ᠠᠵᠤ ᠦᠢᠯᠡᠰ ᠤᠨ | ᠬᠥᠭᠵᠢᠯᠲᠡ ᠶᠢ ᠲᠦᠯᠬᠢᠨ ᠠᠬᠢᠭᠤᠯᠤᠨ᠎ᠠ᠃ | ︵ᠨᠠᠢᠮᠠ︶ ᠠᠵᠤ ᠦᠢᠯᠡᠳᠪᠦᠷᠢ ᠶᠢᠨ ᠬᠦᠷᠢᠶᠡᠨ ᠤ ᠮᠡᠳᠡᠭᠡ ᠵᠠᠩᠬᠢᠴᠢᠯᠠᠯᠲᠠ ᠶᠢᠨ ᠠᠵᠢᠯ ᠢ ᠬᠠᠷᠢᠭᠤᠴᠠᠨ᠎ᠠ᠃ ᠮᠡᠳᠡᠭᠡ ᠵᠠᠩᠬᠢᠴᠢᠯᠠᠯᠲᠠ ᠪᠠ ᠠᠵᠤ | ᠦᠢᠯᠡᠳᠪᠦᠷᠢᠵᠢᠯᠲᠡ ᠶᠢᠨ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠵᠥᠭᠡᠯᠡᠨ ᠲᠣᠨᠤᠭ ᠤᠨ | ᠦᠢᠯᠡᠰ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ ᠠᠵᠤ ᠦᠢᠯᠡᠳᠪᠦᠷᠢ ᠶᠢᠨ ᠡᠵᠡᠮᠳᠡᠯ ᠤᠨ ᠰᠢᠰᠲ᠋ᠧᠮ ᠤᠨ ᠲᠣᠤᠷ | ᠰᠦᠯᠵᠢᠶ᠎ᠡ ᠬᠢᠭᠡᠳ ᠮᠡᠳᠡᠭᠡ ᠵᠠᠩᠬᠢ ᠶᠢᠨ ᠠᠮᠤᠷ ᠲᠥᠪᠰᠢᠨ ᠢ ᠬᠠᠷᠢᠭᠤᠴᠠᠨ᠎ᠠ᠃ ᠴᠢᠮᠡᠭᠡ ᠬᠤᠯᠪᠣᠭᠠᠨ ᠤ ᠲᠣᠤᠷ ᠰᠦᠯᠵᠢᠶ᠎ᠡ ᠶᠢᠨ ᠰᠠᠭᠤᠷᠢ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ | ︵ᠶᠢᠰᠦ︶ ᠳᠤᠮᠳᠠ ᠵᠢᠵᠢᠭ ᠠᠵᠤ ᠠᠬᠤᠶᠢᠯᠠᠯ ᠬᠢᠭᠡᠳ ᠨᠡᠶᠢᠲᠡ ᠶᠢᠨ ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ | ᠬᠤᠷᠸ᠎ᠠ ᠵᠢᠯᠣᠭᠤᠳᠣᠯᠭ᠎ᠠ ᠶᠢ ᠬᠠᠷᠢᠭᠤᠴᠠᠨ᠎ᠠ᠃ ᠳᠤᠮᠳᠠ ᠵᠢᠵᠢᠭ ᠠᠵᠤ ᠠᠬᠤᠶᠢᠯᠠᠯ ᠪᠣᠯᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠦᠢᠯᠡᠳᠪᠦᠷᠢ ᠶᠢᠨ ᠠᠵᠤ | ᠠᠬᠤᠢ ᠶᠢᠨ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠪᠣᠯᠤᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠨ᠎ᠠ᠃ | ︵ᠠᠷᠪᠠ︶ ᠴᠡᠷᠢᠭ ᠠᠷᠠᠳ ᠤᠨ ᠬᠤᠶᠠᠷ ᠬᠡᠷᠡᠭᠴᠡᠭᠡᠲᠦ ᠮᠡᠷᠭᠡᠵᠢᠯ ᠢ ᠬᠤᠣᠰ ᠴᠢᠭᠯᠡᠯ ᠢᠶᠠᠷ ᠰᠢᠯᠵᠢᠭᠦᠯᠬᠦ᠂ ᠴᠡᠷᠢᠭ ᠠᠷᠠᠳ ᠤᠨ ᠨᠡᠶᠢᠳᠡᠮ ᠬᠡᠷᠡᠭᠯᠡᠭᠡᠨ ᠤ | ᠪᠠᠷᠢᠮᠵᠢᠶᠠᠲᠤ ᠰᠢᠰᠲ᠋ᠧᠮᠵᠢ ᠶᠢᠨ ᠪᠠᠶᠢᠭᠤᠯᠤᠯᠲᠠ ᠵᠡᠷᠭᠡ ᠴᠡᠷᠢᠭ ᠠᠷᠠᠳ ᠢ ᠤᠶᠠᠯᠳᠤᠭᠤᠯᠤᠨ ᠬᠥᠭᠵᠢᠭᠦᠯᠬᠦ ᠲᠥᠯᠥᠪᠵᠢᠭᠦᠯᠭᠡ ᠶᠢ ᠨᠠᠶᠢᠳᠠᠪᠤᠷᠢᠵᠢᠭᠤᠯᠤᠨ᠎ᠠ᠃ ᠴᠡᠷᠢᠭ | ᠠᠷᠠᠳ ᠢ ᠤᠶᠠᠯᠳᠤᠭᠤᠯᠤᠨ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠲᠦᠯᠬᠢᠨ ᠠᠬᠢᠭᠤᠯᠤᠨ᠎ᠠ᠃ | ︵ᠠᠷᠪᠠᠨ ᠨᠢᠭᠡ︶ ᠪᠦᠬᠦ ᠬᠤᠲᠠ ᠶᠢᠨ ᠨᠡᠭᠦᠷᠡᠰᠦᠨ ᠤ ᠠᠵᠢᠯ ᠲᠥᠷᠥᠯ ᠤᠨ ᠬᠠᠮᠢᠶᠠᠷᠤᠯᠲᠠ᠂ ᠪᠦᠲᠦᠴᠡ ᠶᠢᠨ ᠲᠣᠬᠢᠷᠠᠭᠤᠯᠤᠯᠲᠠ ᠵᠡᠷᠭᠡ ᠠᠵᠢᠯ ᠢ ᠡᠭᠦᠷᠭᠡᠯᠡᠵᠦ | ᠂ ᠠᠵᠢᠯ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠨ᠎ᠠ᠃ | ︵ᠠᠷᠪᠠᠨ ᠬᠤᠶᠠᠷ︶ ᠨᠡᠭᠦᠷᠡᠰᠦᠨ ᠠᠭᠤᠷᠬᠠᠢ ᠶᠢᠨ ᠪᠦᠲᠦᠭᠡᠨ ᠪᠠᠶᠢᠭᠤᠯᠤᠯᠲᠠ᠂ ᠦᠢᠯᠡᠳᠪᠦᠷᠢᠯᠡᠯ ᠤᠨ ᠡᠮᠬᠢ ᠳᠢᠭᠯᠢᠮ ᠵᠢᠴᠢ ᠨᠡᠭᠦᠷᠡᠰᠦᠨ ᠠᠭᠤᠷᠬᠠᠢ ᠶᠢᠨ ᠭᠠᠯ | ᠨᠣᠴᠣᠭᠰᠠᠨ ᠣᠷᠣᠨ᠂ ᠮᠠᠯᠲᠠᠵᠤ ᠬᠥᠨᠳᠡᠶᠢᠷᠡᠭᠦᠯᠦᠭᠰᠡᠨ ᠣᠷᠣᠨ ᠪᠣᠯᠤᠨ ᠳᠣᠷᠣᠭᠰᠢ ᠰᠠᠭᠤᠭᠰᠠᠨ ᠣᠷᠣᠨ ᠵᠡᠷᠭᠡ ᠶᠢᠨ ᠭᠠᠮᠰᠢᠭ ᠢ ᠶᠡᠷᠦᠩᠬᠡᠶᠢᠯᠡᠨ ᠵᠠᠰᠠᠬᠤ ᠠᠵᠢᠯ ᠢ | ᠬᠠᠷᠢᠭᠤᠴᠠᠨ᠎ᠠ᠃ | ︵ᠠᠷᠪᠠᠨ ᠭᠤᠷᠪᠠ︶ ᠪᠦᠬᠦ ᠬᠤᠲᠠ ᠶᠢᠨ ᠴᠠᠬᠢᠯᠭᠠᠨ ᠬᠦᠴᠦᠨ ᠤ ᠠᠵᠢᠯ ᠲᠥᠷᠥᠯ ᠤᠨ ᠬᠠᠮᠢᠶᠠᠷᠤᠯᠲᠠ᠂ ᠴᠠᠬᠢᠯᠭᠠᠨ ᠬᠦᠴᠦᠨ ᠤ ᠣᠯᠠᠨ ᠲᠠᠯᠠᠲᠤ ᠠᠷᠠᠯᠵᠢᠶ᠎ᠠ | ᠵᠡᠷᠭᠡ ᠪᠠᠶᠢᠭᠤᠯᠤᠯ ᠤᠨ ᠥᠭᠡᠷᠡᠴᠢᠯᠡᠯᠲᠡ ᠶᠢᠨ ᠠᠵᠢᠯ ᠢ ᠡᠭᠦᠷᠭᠡᠯᠡᠵᠦ᠂ ᠠᠵᠢᠯ ᠲᠥᠷᠥᠯ ᠤᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠠᠵᠤ ᠦᠢᠯᠡᠰ ᠤᠨ | ᠲᠥᠷᠥ ᠶᠢᠨ ᠪᠣᠳᠣᠯᠭ᠎ᠠ ᠶᠢ ᠲᠣᠭᠲᠠᠭᠠᠨ᠎ᠠ᠃ ᠴᠠᠬᠢᠯᠭᠠᠨ ᠬᠦᠴᠦᠨ ᠤ ᠠᠵᠢᠯ ᠲᠥᠷᠥᠯ ᠤᠨ ᠠᠵᠢᠯᠯᠠᠭᠠᠨ ᠤ ᠪᠠᠶᠢᠳᠠᠯ ᠢ ᠬᠢᠨᠠᠨ ᠬᠡᠮᠵᠢᠵᠦ ᠵᠠᠳᠠᠯᠤᠯᠲᠠ ᠬᠢᠨ᠎ᠡ᠃ | ᠴᠠᠬᠢᠯᠭᠠᠨ ᠬᠦᠴᠦᠨ ᠤ ᠠᠵᠢᠯ ᠲᠥᠷᠥᠯ ᠤᠨ ᠠᠵᠢᠯᠯᠠᠭᠠᠨ ᠤ ᠠᠮᠤᠷ ᠲᠦᠪᠰᠢᠨ ᠪᠠ ᠴᠠᠬᠢᠯᠭᠠᠨ ᠬᠦᠴᠦᠨ ᠤ ᠮᠡᠷᠭᠡᠵᠢᠯ ᠤᠨ ᠬᠢᠨᠠᠯᠲᠠ ᠲᠠᠯᠪᠢᠬᠤ ᠠᠵᠢᠯ ᠢ | ᠵᠢᠯᠣᠭᠤᠳᠤᠨ᠎ᠠ᠃ ᠴᠠᠬᠢᠯᠭᠠᠨ ᠬᠦᠴᠦᠨ ᠤ ᠪᠡᠯᠡᠳᠬᠡᠮᠵᠢ ᠶᠢ ᠬᠠᠮᠠᠭᠠᠯᠠᠬᠤ ᠪᠠ ᠴᠠᠬᠢᠯᠭᠠᠨ ᠬᠦᠴᠦᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠤᠯᠢ | ᠶᠣᠰᠣᠭᠠᠷ ᠥᠷᠨᠢᠭᠦᠯᠵᠦ᠂ ᠴᠠᠬᠢᠯᠭᠠᠨ ᠬᠦᠴᠦᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃ | ᠴᠠᠬᠢᠯᠭᠠᠨ ᠬᠦᠴᠦᠨ ᠤ ᠰᠢᠰᠲ᠋ᠧᠮ ᠤᠨ ᠠᠵᠢᠯᠯᠠᠭᠠᠨ ᠤ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠴᠠᠬᠢᠯᠭᠠᠨ ᠬᠦᠴᠦᠨ ᠤ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠎ᠠ᠃ | ︵ᠠᠷᠪᠠᠨ ᠳᠥᠷᠪᠡ︶ ᠪᠦᠬᠦ ᠬᠤᠲᠠ ᠶᠢᠨ ᠨᠡᠭᠦᠷᠡᠰᠦᠨ ᠠᠭᠤᠷᠬᠠᠢ ᠶᠢᠨ ᠠᠵᠢᠯ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ᠂ | ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠪᠠᠶᠢᠴᠠᠭᠠᠯᠲᠠ ᠬᠢᠬᠦ ᠪᠠ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠬᠠᠷᠢᠭᠤᠴᠠᠵᠤ᠂ ᠠᠶᠤᠯ ᠦᠭᠡᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠬᠢᠨᠠᠯᠲᠠ ᠲᠠᠯᠪᠢᠨ ᠨᠠᠶᠢᠳᠠᠪᠤᠷᠢᠵᠢᠭᠤᠯᠤᠨ᠎ᠠ᠃ ᠬᠤᠰᠢᠭᠤ ᠰᠢᠶᠠᠨ ᠲᠣᠭᠤᠷᠢᠭ ᠤᠨ ᠬᠠᠷᠢᠭᠤᠴᠠᠵᠤ ᠪᠠᠶᠢᠭ᠎ᠠ | ᠨᠡᠭᠦᠷᠡᠰᠦᠨ ᠠᠭᠤᠷᠬᠠᠶ᠂ ᠴᠠᠬᠢᠯᠭᠠᠨ ᠬᠦᠴᠦᠨ ᠵᠡᠷᠭᠡ ᠠᠵᠢᠯ ᠲᠥᠷᠥᠯ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠠᠵᠤ | ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠢᠮᠳᠠᠭᠤᠯᠤᠨ ᠪᠠᠶᠢᠴᠠᠭᠠᠨ᠎ᠠ᠃ ᠨᠡᠭᠦᠷᠡᠰᠦᠨ | ᠠᠭᠤᠷᠬᠠᠢ ᠶᠢᠨ ᠠᠶᠤᠯ ᠦᠭᠡᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠵᠢᠴᠢ ᠪᠣᠯᠪᠠᠰᠤᠷᠠᠭᠤᠯᠤᠯ ᠤᠨ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ | ︵ᠠᠷᠪᠠᠨ ᠲᠠᠪᠤ︶ ᠪᠦᠬᠦ ᠬᠤᠲᠠ ᠶᠢᠨ ᠰᠢᠨ᠎ᠡ ᠡᠨᠧᠷᠭᠢ ᠶᠢᠨ ᠰᠤᠷᠪᠤᠯᠵᠢ ᠪᠠ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠦᠢᠯᠡᠳᠪᠦᠷᠢᠯᠡᠯ ᠤᠨ | ᠠᠵᠢᠯᠯᠠᠭᠠᠨ ᠤ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ | ︵ᠠᠷᠪᠠᠨ ᠵᠢᠷᠭᠤᠭ᠎ᠠ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯ ᠦᠭᠡᠢ ᠦᠢᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ ᠮᠡᠨᠳᠦ | ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃ | ︵ᠠᠷᠪᠠᠨ ᠳᠣᠯᠤᠭ᠎ᠠ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ |