ᠭᠤᠣᠯ ᠡᠭᠦᠷᠭᠡ ᠬᠠᠷᠢᠭᠤᠴᠠᠯᠭ᠎ᠠ ᠄ | ︵ᠨᠢᠭᠡ︶ ᠪᠦᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠠᠶᠤᠯ ᠦᠭᠡᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠵᠡᠷᠭᠡ ᠭᠡᠨᠡᠳᠲᠡ ᠶᠢᠨ ᠬᠡᠷᠡᠭ ᠪᠠ ᠭᠠᠮᠰᠢᠭ ᠢ ᠰᠡᠷᠭᠡᠶᠢᠯᠡᠬᠦ | ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠶᠡᠷᠦᠩᠬᠡᠶᠢᠯᠡᠭᠰᠡᠨ ᠠᠵᠢᠯ ᠢ ᠵᠢᠯᠣᠭᠤᠳᠤᠨ᠎ᠠ᠃ ᠠᠶᠤᠯ ᠦᠭᠡᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ | ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠤᠯᠪᠣᠭᠳᠠᠯ ᠪᠦᠬᠦᠢ ᠠᠵᠤ ᠦᠢᠯᠡᠳᠪᠦᠷᠢ ᠠᠭᠤᠷᠬᠠᠶ ᠬᠤᠳᠠᠯᠳᠤᠭ᠎ᠠ ᠠᠷᠠᠯᠵᠢᠶᠠᠨ ᠤ ᠠᠵᠢᠯ ᠲᠥᠷᠥᠯ ᠤᠨ ᠠᠶᠤᠯ | ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠬᠤᠶᠠᠷ︶ ᠪᠦᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮᠵᠢ ᠶᠢᠨ ᠪᠠᠶᠢᠭᠤᠯᠤᠯᠲᠠ᠂ ᠠᠶᠤᠯ ᠦᠭᠡᠢ ᠦᠢᠯᠡᠳᠪᠦᠷᠢᠯᠡᠯ ᠪᠠ ᠭᠠᠮᠰᠢᠭ ᠢ | ᠶᠡᠷᠦᠩᠬᠡᠶᠢᠯᠡᠨ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ᠬᠠᠮᠢᠶ᠎ᠠ ᠪᠦᠬᠦᠢ ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠵᠤ᠂ ᠳᠦᠷᠢᠮ ᠲᠣᠭᠲᠠᠭᠠᠯ ᠪᠠ ᠪᠠᠷᠢᠮᠵᠢᠶ᠎ᠠ ᠶᠢ ᠵᠣᠬᠢᠶᠠᠨ ᠪᠠᠶᠢᠭᠤᠯᠤᠨ | ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃ | ︵ᠭᠤᠷᠪᠠ︶ ᠪᠦᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠵᠢᠯᠣᠭᠤᠳᠴᠤ᠂ | ᠤᠯᠤᠰ ᠤᠨ ᠡ᠊ᠨᠳᠡᠯ ᠤᠨ ᠭᠠᠶ ᠭᠠᠮᠰᠢᠭ ᠪᠠ ᠪᠠᠶᠢᠭᠠᠯᠢ ᠶᠢᠨ ᠭᠠᠶ ᠭᠠᠮᠰᠢᠭ ᠢ ᠱᠠᠲᠤ ᠬᠤᠪᠢᠶᠠᠨ ᠠᠷᠭᠠᠴᠠᠭᠠᠬᠤ ᠳᠦᠷᠢᠮ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠂ ᠪᠦᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠶᠡᠷᠦᠩᠬᠡᠶ ᠪᠡᠯᠡᠳᠬᠡᠯ ᠲᠥᠰᠦᠯ ᠪᠠ ᠠᠶᠤᠯ ᠦᠭᠡᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠶ | ᠭᠠᠮᠰᠢᠭ ᠤᠨ ᠲᠥᠷᠥᠯ ᠤᠨ ᠲᠤᠰᠬᠠᠶ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ | ᠵᠣᠯᠭᠠᠭᠤᠯᠬᠤ ᠠᠵᠢᠯ ᠢ ᠶᠡᠷᠦᠩᠬᠡᠶᠢᠯᠡᠨ ᠵᠣᠬᠢᠴᠠᠭᠤᠯᠵᠤ᠂ ᠬᠠᠮᠢᠶ᠎ᠠ ᠪᠦᠬᠦᠢ ᠪᠡᠯᠡᠳᠬᠡᠯ ᠲᠥᠰᠦᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ | ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠵᠤ ᠠᠶᠤᠯ ᠠᠴᠠ ᠵᠠᠶᠢᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ | ︵ᠳᠥᠷᠪᠡ︶ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠪᠦᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ | ᠰᠢᠰᠲ᠋ᠧᠮ ᠢ ᠲᠦᠷᠦᠭᠦᠯᠡᠨ ᠪᠠᠶᠢᠭᠤᠯᠵᠤ᠂ ᠮᠡᠳᠡᠭᠡ ᠵᠠᠩᠭᠢ ᠳᠠᠮᠵᠢᠭᠤᠯᠬᠤ ᠠᠷᠭ᠎ᠠ ᠵᠠᠮ ᠤᠨ ᠲᠥᠯᠥᠪᠵᠢᠭᠦᠯᠭᠡ ᠪᠠ ᠪᠠᠶᠢᠷᠢᠯᠠᠭᠤᠯᠤᠯᠲᠠ ᠶᠢᠨ ᠠᠵᠢᠯ ᠢ ᠲᠦᠯᠬᠢᠨ | ᠠᠬᠢᠭᠤᠯᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠳᠦᠷᠢᠮ ᠢ ᠪᠠᠶᠢᠭᠤᠯᠤᠨ᠂ ᠪᠠᠶᠢᠭᠠᠯᠢ ᠶᠢᠨ ᠭᠠᠮᠰᠢᠭ ᠤᠨ | ᠮᠡᠳᠡᠭᠡ ᠵᠠᠩᠭᠢ ᠶᠢᠨ ᠰᠤᠷᠪᠤᠯᠵᠢ ᠶᠢ ᠣᠯᠬᠤ ᠪᠠ ᠬᠠᠮᠲᠤ ᠪᠠᠷ ᠡᠳ᠋ᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠭᠠᠮᠰᠢᠭ ᠤᠨ ᠪᠠᠶᠢᠳᠠᠯ ᠵᠢᠴᠢ ᠪᠠᠴᠢᠮ ᠪᠠᠶᠢᠳᠠᠯ ᠢ | ᠠᠷᠭᠠᠴᠠᠭᠠᠵᠤ ᠠᠪᠤᠷᠠᠨ ᠲᠤᠰᠠᠯᠠᠭᠰᠠᠨ ᠪᠠᠶᠢᠳᠠᠯ ᠢ ᠬᠠᠤᠯᠢ ᠶᠣᠰᠣᠭᠠᠷ ᠨᠡᠶᠢᠲᠡᠯᠡᠨ᠎ᠡ᠃ | ︵ᠲᠠᠪᠤ︶ ᠪᠦᠬᠦ ᠬᠤᠲᠠ ᠶᠢᠨ ᠠᠶᠤᠯ ᠦᠭᠡᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠵᠡᠷᠭᠡ ᠭᠡᠨᠡᠳᠲᠡ ᠡᠭᠦᠰᠦᠭᠰᠡᠨ ᠬᠡᠷᠡᠭ | ᠶᠠᠪᠤᠳᠠᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ ᠵᠢᠯᠣᠭᠤᠳᠬᠤ ᠪᠠ ᠵᠣᠬᠢᠴᠠᠭᠤᠯᠵᠤ᠂ ᠪᠦᠬᠦ ᠬᠤᠲᠠ ᠶᠢᠨ ᠬᠦᠨᠳᠦ | ᠶᠡᠭᠡ ᠭᠠᠢ ᠭᠠᠮᠰᠢᠭ ᠢ ᠠᠷᠭᠠᠴᠠᠭᠠᠬᠤ ᠵᠢᠯᠣᠭᠤᠳᠬᠤ ᠭᠠᠵᠠᠷ ᠤᠨ ᠠᠵᠢᠯ ᠢ ᠡᠭᠦᠷᠭᠡᠯᠡᠵᠦ᠂ ᠭᠡᠨᠡᠳᠲᠡ ᠶᠢᠨ ᠬᠡᠷᠡᠭ ᠤᠨ ᠬᠥᠭᠵᠢᠯᠲᠡ ᠶᠢᠨ ᠪᠠᠶᠢᠳᠠᠯ ᠢ ᠶᠡᠷᠦᠩᠬᠡᠶᠢᠯᠡᠨ | ᠪᠣᠳᠣᠯᠬᠢᠯᠠᠬᠤ ᠶᠢᠨ ᠬᠠᠮᠲᠤ ᠠᠷᠭᠠᠴᠠᠭᠠᠬᠤ ᠰᠠᠨᠠᠭᠤᠯᠭ᠎ᠠ ᠳᠤᠷᠠᠳᠴᠤ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠵᠢᠭᠠᠨ ᠲᠣᠭᠲᠠᠭᠠᠭᠰᠠᠨ ᠬᠠᠷᠢᠭᠤᠴᠠᠯᠭᠠᠲᠠᠨ | ᠨᠥᠬᠦᠳ ᠢ ᠬᠠᠮᠵᠢᠨ ᠭᠠᠢ ᠭᠠᠮᠰᠢᠭ ᠤᠨ ᠪᠠᠴᠢᠮ ᠪᠠᠶᠢᠳᠠᠯ ᠢ ᠠᠷᠭᠠᠴᠠᠭᠠᠵᠤ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ | ︵ᠵᠢᠷᠭᠤᠭ᠎ᠠ︶ ᠡᠷᠬᠡ ᠮᠡᠳᠡᠯ ᠤᠨ ᠬᠡᠪᠴᠢᠶ᠎ᠡ ᠶᠣᠰᠣᠭᠠᠷ ᠪᠥᠬᠦ ᠬᠤᠲᠠ ᠶᠢᠨ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠶ ᠡᠩᠨᠡᠭᠡ ᠶᠢ | ᠵᠣᠬᠢᠴᠠᠭᠤᠯᠤᠨ ᠵᠢᠯᠣᠭᠤᠳᠴᠤ᠂ ᠪᠥᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠨ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ | ᠵᠢᠯᠣᠭᠤᠳᠬᠤ ᠲᠠᠪᠴᠠᠩ ᠢ ᠵᠣᠯᠭᠠᠭᠤᠯᠬᠤ ᠶᠢ ᠠᠬᠢᠭᠤᠯᠵᠤ᠂ ᠭᠠᠯ ᠤᠨᠲᠠᠷᠠᠭᠠᠬᠤ᠂ ᠣᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠡᠩᠨᠡᠭᠡ᠂ ᠴᠢᠯᠥᠭᠡᠯᠡᠬᠦ | ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢ ᠵᠣᠯᠭᠠᠭᠤᠯᠤᠨ ᠮᠠᠨ ᠤ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠵᠢᠯ ᠳᠤ | ᠣᠷᠣᠯᠴᠠᠭᠤᠯᠤᠨ᠎ᠠ᠃ ᠪᠦᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ | ᠵᠢᠯᠣᠭᠤᠳᠴᠤ᠂ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠭᠠᠯ ᠰᠡᠷᠭᠡᠢᠯᠡᠬᠦ᠂ ᠣᠢ ᠰᠢᠭᠤᠢ ᠪᠠ ᠲᠠᠯ᠎ᠠ ᠨᠤᠲᠤᠭ ᠤᠨ ᠭᠠᠯ ᠲᠦᠢᠮᠡᠷ ᠢ | ᠤᠨᠲᠠᠷᠠᠭᠠᠬᠤ᠂ ᠦᠶᠡᠷ ᠲᠠᠢ ᠲᠡᠮᠡᠴᠡᠨ ᠠᠶᠤᠯ ᠠᠴᠠ ᠠᠪᠤᠷᠠᠬᠤ᠂ ᠭᠠᠵᠠᠷ ᠬᠥᠳᠡᠯᠦᠯᠲᠡ ᠪᠠ ᠭᠠᠵᠠᠷ ᠵᠦᠢ ᠶᠢᠨ ᠭᠠᠢ ᠭᠠᠮᠰᠢᠭ ᠠᠴᠠ ᠠᠪᠤᠷᠠᠨ ᠲᠤᠰᠠᠯᠠᠬᠤ᠂ | ᠦᠢᠯᠡᠳᠪᠦᠷᠢᠯᠡᠯ ᠤᠨ ᠠᠮᠤᠷ ᠲᠦᠪᠰᠢᠨ ᠤ ᠠᠳᠠᠯ ᠤᠨ ᠠᠪᠤᠷᠠᠨ ᠲᠤᠰᠠᠯᠠᠬᠤ ᠵᠡᠷᠭᠡ ᠲᠤᠰᠬᠠᠢ ᠮᠡᠷᠭᠡᠵᠢᠯ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ | ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠡᠯ᠎ᠡ ᠭᠠᠵᠠᠷ ᠵᠢᠴᠢ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ | ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠠᠬᠢᠭᠤᠯᠤᠨ᠎ᠠ᠃ | ︵ᠳᠣᠯᠤᠭ᠎ᠠ︶ ᠡᠷᠬᠡ ᠮᠡᠳᠡᠯ ᠤᠨ ᠬᠡᠪᠴᠢᠶ᠎ᠡ ᠶᠣᠰᠣᠭᠠᠷ ᠪᠦᠬᠦ ᠬᠤᠲᠠ ᠶᠢᠨ ᠭᠠᠯ ᠰᠡᠷᠭᠡᠶᠢᠯᠡᠬᠦ ᠳᠤ ᠬᠢᠨᠠᠯᠲᠠ ᠲᠠᠯᠪᠢᠬᠤ᠂ ᠭᠠᠯ ᠤᠨ ᠠᠶᠤᠯ ᠢ ᠰᠡᠷᠭᠡᠶᠢᠯᠡᠬᠦ᠂ | ᠭᠠᠯ ᠤᠨ ᠠᠶᠤᠯ ᠢ ᠤᠨᠲᠠᠷᠠᠭᠠᠨ ᠠᠪᠤᠷᠠᠬᠤ ᠵᠡᠷᠭᠡ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ | ︵ᠨᠠᠢᠮᠠ︶ ᠪᠦᠬᠦ ᠬᠤᠲᠠ ᠶᠢᠨ ᠣᠢ ᠰᠢᠭᠤᠶ ᠪᠠ ᠲᠠᠯ᠎ᠠ ᠨᠤᠲᠤᠭ ᠤᠨ ᠭᠠᠯ ᠤᠨ ᠠᠶᠤᠯ᠂ ᠦᠶᠡᠷ ᠪᠠ ᠭᠠᠩ ᠤᠨ ᠭᠠᠮᠰᠢᠭ᠂ ᠭᠠᠵᠠᠷ ᠬᠥᠳᠡᠯᠦᠯᠲᠡ ᠪᠠ ᠭᠠᠵᠠᠷ | ᠵᠦᠢ ᠶᠢᠨ ᠭᠠᠢ ᠭᠠᠮᠰᠢᠭ ᠵᠡᠷᠭᠡ ᠶᠢ ᠰᠡᠷᠭᠡᠶᠢᠯᠡᠨ ᠵᠠᠰᠠᠬᠤ ᠠᠵᠢᠯ ᠢ ᠵᠣᠬᠢᠴᠠᠭᠤᠯᠤᠨ ᠵᠢᠯᠣᠭᠤᠳᠴᠤ᠂ ᠪᠦᠬᠦ ᠬᠤᠲᠠ ᠶᠢᠨ ᠪᠠᠶᠢᠭᠠᠯᠢ ᠶᠢᠨ ᠭᠠᠶ ᠭᠠᠮᠰᠢᠭ ᠢ | ᠶᠡᠷᠦᠩᠬᠡᠶᠢᠯᠡᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠬᠠᠷᠢᠭᠤᠴᠠᠵᠤ᠂ ᠪᠦᠬᠦ ᠬᠤᠲᠠ ᠶᠢᠨ ᠪᠠᠶᠢᠭᠠᠯᠢ ᠶᠢᠨ ᠭᠠᠶ ᠭᠠᠮᠰᠢᠭ ᠤᠨ ᠶᠡᠷᠦᠩᠬᠡᠶᠢᠯᠡᠭᠰᠡᠨ | ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠬᠤ ᠪᠠ ᠵᠢᠯᠣᠭᠤᠳᠤᠨ᠎ᠠ᠃ | ︵ᠶᠢᠰᠦ︶ ᠪᠦᠬᠦ ᠬᠤᠲᠠ ᠶᠢᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠮᠰᠢᠭ ᠤᠨ ᠪᠠᠶᠢᠳᠠᠯ ᠢ ᠬᠢᠨᠠᠨ | ᠪᠠᠶᠢᠴᠠᠭᠠᠵᠤ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ ᠭᠠᠮᠰᠢᠭ ᠠᠴᠠ ᠠᠪᠤᠷᠠᠨ ᠲᠤᠰᠠᠯᠠᠵᠤ ᠬᠠᠨᠳᠢᠪᠯᠠᠬᠤ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠴᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠭᠠᠮᠰᠢᠭ ᠠᠴᠠ ᠠᠪᠤᠷᠠᠬᠤ ᠵᠣᠭᠤᠰ ᠮᠥᠩᠭᠦ ᠡᠳ᠋ ᠪᠣᠳᠠᠰ ᠢ ᠬᠠᠮᠢᠶᠠᠷᠴᠤ | ᠬᠤᠪᠢᠶᠠᠷᠢᠯᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠯᠡᠨ᠎ᠡ᠃ | ︵ᠠᠷᠪᠠ︶ ᠪᠦᠬᠦ ᠬᠤᠲᠠ ᠶᠢᠨ ᠠᠶᠤᠯ ᠦᠭᠡᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠲᠤᠰᠢᠶᠠᠯ ᠢ ᠬᠠᠤᠯᠢ ᠶᠣᠰᠣᠭᠠᠷ | ᠬᠡᠷᠡᠭᠵᠢᠭᠦᠯᠵᠦ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠣᠯᠤᠨ ᠨᠡᠭᠡᠭᠡᠯᠲᠡ ᠶᠢᠨ ᠲᠣᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ | ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ ᠪᠠᠶᠢᠴᠠᠭᠠᠵᠤ᠂ ᠠᠶᠤᠯ ᠦᠭᠡᠢ ᠦᠢᠯᠡᠳᠪᠦᠷᠢᠯᠡᠯ ᠤᠨ ᠲᠣᠭᠤᠷᠢᠨ ᠪᠠᠶᠢᠴᠠᠭᠠᠬᠤ᠂ ᠬᠢᠨᠠᠨ ᠰᠢᠯᠭᠠᠬᠤ ᠠᠵᠢᠯ ᠢ | ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠᠨ ᠨᠢᠭᠡ︶ ᠱᠠᠲᠤ ᠬᠤᠪᠢᠶᠠᠬᠤ᠂ ᠬᠠᠷᠢᠶ᠎ᠠ ᠭᠠᠵᠠᠷ ᠤᠨ ᠵᠠᠷᠴᠢᠮ ᠤᠨ ᠶᠣᠰᠣᠭᠠᠷ᠂ ᠠᠵᠤ ᠦᠢᠯᠡᠳᠪᠦᠷᠢ ᠠᠭᠤᠷᠬᠠᠶ ᠬᠤᠳᠠᠯᠳᠤᠭ᠎ᠠ ᠠᠷᠠᠯᠵᠢᠶᠠᠨ ᠤ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠠᠶᠤᠯ ᠦᠭᠡᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ | ᠪᠠᠶᠢᠭ᠎ᠠ ᠪᠠᠶᠢᠳᠠᠯ ᠵᠢᠴᠢ ᠲᠡᠭᠦᠨ ᠤ ᠠᠶᠤᠯ ᠦᠭᠡᠢ ᠦᠢᠯᠡᠳᠪᠦᠷᠢᠯᠡᠯ ᠤᠨ ᠨᠥᠬᠦᠴᠡᠯ ᠪᠣᠯᠤᠨ ᠬᠤᠯᠪᠣᠭᠳᠠᠯ ᠪᠦᠬᠦᠢ ᠲᠥᠬᠦᠭᠡᠷᠦᠮᠵᠢ ︵ᠣᠨᠴᠠ ᠲᠥᠷᠥᠯ ᠤᠨ | ᠲᠥᠬᠦᠭᠡᠷᠦᠮᠵᠢ ᠪᠠᠭᠲᠠᠬᠤ ᠦᠭᠡᠢ︶᠂ ᠮᠠᠲ᠋ᠧᠷᠢᠶᠠᠯ᠂ ᠬᠥᠳᠡᠯᠮᠦᠷᠢ ᠶᠢᠨ ᠬᠠᠮᠠᠭᠠᠯᠠᠯᠲᠠ ᠶᠢᠨ ᠡᠳ᠋ᠯᠡᠯ ᠤᠨ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ | ᠠᠵᠢᠯ ᠢ ᠬᠠᠤᠯᠢ ᠶᠣᠰᠣᠭᠠᠷ ᠬᠢᠨᠠᠯᠲᠠ ᠲᠠᠯᠪᠢᠨ ᠪᠠᠶᠢᠴᠠᠭᠠᠨ᠎ᠠ᠃ ᠠᠶᠤᠯ ᠦᠭᠡᠢ ᠦᠢᠯᠡᠳᠪᠦᠷᠢᠯᠡᠯ ᠤᠨ ᠵᠥᠪᠰᠢᠶᠡᠷᠡᠨ ᠣᠷᠣᠭᠤᠯᠬᠤ ᠳᠦᠷᠢᠮ ᠢ ᠬᠡᠷᠡᠭᠵᠢᠭᠦᠯᠬᠦ ᠶᠢ | ᠬᠠᠤᠯᠢ ᠶᠣᠰᠣᠭᠠᠷ ᠵᠣᠬᠢᠶᠠᠨ ᠪᠠᠶᠢᠭᠤᠯᠬᠤ ᠪᠦᠭᠡᠳ ᠵᠢᠯᠣᠭᠤᠳᠬᠤ ᠪᠠ ᠬᠢᠨᠠᠯᠲᠠ ᠲᠠᠯᠪᠢᠨ᠎ᠡ᠃ ᠪᠦᠬᠦ ᠬᠤᠲᠠ ᠶᠢᠨ ᠠᠶᠤᠯᠲᠠᠶ ᠬᠢᠮᠢ ᠶᠢᠨ ᠪᠣᠳᠠᠰ ᠤᠨ ᠠᠶᠤᠯ | ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ ᠪᠠ ᠬᠤᠸᠠᠷ ᠫᠤᠤᠵᠢᠩ ᠤᠨ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ | ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠦᠢᠯᠡᠳᠪᠦᠷᠢᠯᠡᠯ ᠤᠨ ᠠᠮᠤᠷ ᠲᠥᠪᠰᠢᠨ ᠤ ᠠᠳᠡᠯ ᠢ ᠪᠠᠶᠢᠴᠠᠭᠠᠨ ᠰᠶᠢᠳᠪᠦᠷᠢᠯᠡᠬᠦ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ | ᠵᠢᠯᠣᠭᠤᠳᠴᠤ᠂ ᠠᠳᠡᠯ ᠢ ᠪᠠᠶᠢᠴᠠᠭᠠᠨ ᠰᠶᠢᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃ | ᠪᠠᠶᠢᠭᠠᠯᠢ ᠶᠢᠨ ᠭᠠᠮᠰᠢᠭ ᠤᠨ ᠲᠥᠷᠥᠯ ᠤᠨ ᠭᠡᠨᠡᠳᠲᠡ ᠶᠢᠨ ᠬᠡᠷᠡᠭ ᠢ ᠪᠠᠶᠢᠴᠠᠭᠠᠵᠤ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠᠨ ᠭᠤᠷᠪᠠ︶ ᠪᠦᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠨᠥᠭᠡᠴᠡᠯᠡᠯᠲᠡ ᠪᠠ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ | ᠲᠤᠰᠠᠯᠠᠬᠤ ᠲᠣᠨᠤᠭ ᠲᠥᠬᠦᠭᠡᠷᠦᠮᠵᠢ ᠶᠢᠨ ᠲᠥᠯᠥᠪᠵᠢᠭᠦᠯᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠲᠠ ᠶᠢᠨ ᠬᠥᠭᠵᠢᠭᠦᠯᠦᠯᠲᠡ | ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠤᠨ ᠮᠡᠳᠡᠭᠡ ᠵᠠᠩᠭᠢ ᠶᠢᠨ ᠲᠠᠪᠴᠠᠩ | ᠪᠠ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠭᠠᠮᠰᠢᠭ ᠠᠴᠠ ᠠᠪᠤᠷᠠᠬᠤ ᠦᠶ᠎ᠡ ᠳᠤ ᠨᠢᠭᠡᠳᠦᠯᠲᠡᠶ ᠲᠣᠬᠢᠷᠠᠭᠤᠯᠤᠨ᠎ᠠ᠃ | ︵ᠠᠷᠪᠠᠨ ᠳᠥᠷᠪᠡ︶ ᠪᠦᠬᠦ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠶᠤᠯ ᠦᠭᠡᠢ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ | ᠪᠠ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠶᠤᠯ ᠦᠭᠡᠢ ᠦᠢᠯᠡᠳᠪᠦᠷᠢᠯᠡᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠰᠤᠳᠤᠯᠭᠠᠨ᠂ ᠳᠡᠯᠭᠡᠷᠡᠭᠦᠯᠦᠨ ᠬᠡᠷᠡᠭᠯᠡᠬᠦ ᠪᠠ ᠮᠡᠳᠡᠭᠡ ᠵᠠᠩᠬᠢᠴᠢᠯᠠᠯᠲᠠ ᠶᠢᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ | ᠵᠢᠯᠣᠭᠤᠳᠤᠨ᠎ᠠ᠃ | ︵ᠠᠷᠪᠠᠨ ᠲᠠᠪᠤ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ | ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯ ᠦᠭᠡᠢ ᠦᠢᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ ᠮᠡᠨᠳᠦ᠂ ᠠᠮᠢ ᠠᠬᠤᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃ | ︵ᠠᠷᠪᠠᠨ ᠵᠢᠷᠭᠤᠭ᠎ᠠ︶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ |