ᠭᠡᠭᠡᠨ ᠭᠤᠤᠯ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ
ᠨᠡᠶᠢᠲᠡᠯᠡᠭᠰᠡᠨ ᠴᠠᠭ᠄
2023/6/18
    ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠭᠤᠤᠯ  ᠡᠭᠦᠷᠭᠡ  ᠬᠠᠷᠢᠭᠤᠴᠠᠯᠭ᠎ᠠ᠄     ︵ᠨᠢᠭᠡ︶ ᠪᠦᠬᠦ ᠬᠤᠲᠠ ᠶᠢᠨ ᠵᠠᠬ᠎ᠠ ᠳᠡᠯᠭᠡᠭᠦᠷ ᠤᠨ ᠶᠡᠷᠦᠩᠬᠡᠢᠯᠡᠭᠰᠡᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠣᠷᠴᠢᠨ ᠠᠬᠤᠢ ᠶᠢᠨ ᠬᠠᠮᠠᠭᠠᠯᠠᠯᠲᠠ ᠳᠤ ᠬᠤᠯᠪᠣᠭᠳᠠᠬᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠥᠰᠦᠯ ᠢ ᠲᠤᠭᠤᠷᠪᠢᠨ ᠪᠢᠴᠢᠵᠦ᠂ ᠬᠤᠯᠪᠣᠭᠳᠠᠯ ᠪᠦᠬᠦᠢ ᠲᠥᠷᠦ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠨ᠎ᠠ᠃ ᠶᠠᠰᠤ ᠴᠢᠨᠠᠷ ᠢᠶᠠᠷ ᠬᠤᠲᠠ ᠶᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ᠂ ᠢᠳᠡᠭᠡᠨ ᠤ ᠠᠶᠤᠯ ᠦᠭᠡᠢ ᠶᠢᠨ ᠪᠠᠶᠢᠯᠳᠤᠬᠤ ᠪᠣᠳᠣᠯᠭ᠎ᠠ ᠪᠠ ᠪᠠᠷᠢᠮᠵᠢᠶᠠᠵᠢᠭᠤᠯᠬᠤ ᠪᠠᠶᠢᠯᠳᠤᠬᠤ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ ᠬᠠᠮᠠᠭᠠᠯᠠᠵᠤ᠂ ᠦᠨᠡᠨᠴᠢ ᠢᠲᠡᠭᠡᠮᠵᠢᠲᠡᠶ᠂ ᠲᠥᠪ ᠭᠤᠤᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠠᠬᠤᠢ ᠶᠢ ᠪᠤᠢ ᠪᠣᠯᠭᠠᠨ᠎ᠠ᠃     ︵ᠬᠤᠶᠠᠷ︶ ᠪᠦᠬᠦ ᠬᠤᠲᠠ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠢᠭᠡᠳᠦᠯᠲᠡᠢ ᠳᠠᠩᠰᠠᠯᠠᠨ ᠲᠡᠮᠳᠡᠭᠯᠡᠬᠦ ᠶᠢ ᠬᠠᠷᠢᠭᠤᠴᠠᠨ᠎ᠠ᠃ ᠡᠯ᠎ᠡ ᠲᠥᠷᠥᠯ ᠤᠨ ᠠᠵᠤ ᠠᠬᠤᠶᠢᠯᠠᠯ᠂ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ ᠪᠣᠯᠤᠨ ᠡᠵᠡᠩᠨᠡᠯᠲᠡ ᠶᠢᠨ ᠠᠵᠢᠯᠯᠠᠭ᠎ᠠ ᠡᠷᠬᠢᠯᠡᠵᠦ ᠪᠠᠶᠢᠭ᠎ᠠ ᠨᠢᠭᠡᠴᠢ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠵᠢᠴᠢ ᠡᠷᠬᠡ ᠣᠯᠭᠤᠭᠰᠠᠨ ᠬᠡᠪᠴᠢᠶᠡᠨ ᠳᠣᠲᠣᠷᠠᠬᠢ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠳᠠᠩᠰᠠᠯᠠᠨ ᠲᠡᠮᠳᠡᠭᠯᠡᠬᠦ ᠠᠵᠢᠯ ᠢ ᠵᠢᠯᠣᠭᠤᠳᠤᠨ᠎ᠠ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠪᠠ ᠬᠠᠮᠲᠤ ᠪᠠᠷ ᠬᠦᠷᠲᠡᠬᠦ ᠲᠣᠭᠲᠠᠴᠠ ᠶᠢ ᠪᠠᠶᠢᠭᠤᠯᠵᠤ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠬᠠᠤᠯᠢ ᠶᠣᠰᠣᠭᠠᠷ ᠢᠯᠡ ᠨᠡᠶᠢᠲᠡᠯᠡᠬᠦ ᠪᠠ ᠬᠠᠮᠲᠤ ᠪᠠᠷ ᠡᠳ᠋ᠯᠡᠵᠦ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃     ︵ᠭᠤᠷᠪᠠ︶ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢᠯᠡᠭᠰᠡᠨ ᠬᠠᠤᠯᠢ ᠬᠡᠷᠡᠭᠵᠢᠭᠦᠯᠬᠦ ᠠᠵᠢᠯ ᠢ ᠵᠣᠬᠢᠶᠠᠨ ᠪᠠᠶᠢᠭᠤᠯᠬᠤ ᠪᠠ ᠵᠢᠯᠣᠭᠤᠳᠬᠤ ᠶᠢ ᠬᠠᠷᠢᠭᠤᠴᠠᠨ᠎ᠠ᠃ ᠪᠦᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢ ᠨᠡᠶᠢᠯᠡᠭᠦᠯᠬᠦ ᠪᠠ ᠪᠠᠶᠢᠭᠤᠯᠬᠤ ᠶᠢ ᠵᠢᠯᠣᠭᠤᠳᠴᠤ᠂ ᠵᠠᠬ᠎ᠠ ᠳᠡᠯᠭᠡᠭᠦᠷ ᠤᠨ ᠨᠢᠭᠡᠳᠦᠯᠲᠡᠢ ᠬᠢᠨᠠᠯᠲᠠ ᠬᠠᠮᠢᠶᠠᠷᠤᠯᠲᠠ ᠬᠡᠷᠡᠭᠵᠢᠭᠦᠯᠬᠦ ᠶᠢ ᠠᠬᠢᠭᠤᠯᠤᠨ᠎ᠠ᠃ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠦᠨᠳᠦ ᠶᠡᠭᠡ ᠬᠠᠤᠯᠢ ᠶᠢ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠵᠤ᠂ ᠣᠷᠣᠨ ᠪᠦᠰᠡ ᠠᠯᠤᠰᠯᠠᠭᠰᠠᠨ ᠬᠠᠤᠯᠢ ᠶᠢ ᠵᠥᠷᠢᠴᠡᠭᠰᠡᠨ ᠬᠡᠷᠡᠭ ᠢ ᠵᠣᠬᠢᠴᠠᠭᠤᠯᠤᠨ ᠪᠠᠶᠢᠴᠠᠭᠠᠵᠦ ᠰᠢᠮᠳᠠᠭᠤᠯᠤᠨ ᠰᠢᠢᠳᠪᠦᠷᠢᠯᠡᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠎ᠠ᠃     ︵ᠳᠥᠷᠪᠡ︶ ᠪᠦᠬᠦ ᠬᠤᠲᠠ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠢᠨᠠᠨ ᠬᠠᠮᠢᠶᠠᠷᠬᠤ ᠶᠢ ᠬᠠᠷᠢᠭᠤᠴᠠᠨ᠎ᠠ᠃ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ ᠬᠠᠮᠠᠭᠠᠯᠠᠵᠤ᠂ ᠵᠠᠬ᠎ᠠ ᠳᠡᠯᠭᠡᠭᠦᠷ ᠤᠨ ᠠᠷᠠᠯᠵᠢᠶ᠎ᠠ᠂ ᠰᠦᠯᠵᠢᠶᠡᠨ ᠤ ᠲᠠᠸᠠᠷ ᠤᠨ ᠠᠷᠠᠯᠵᠢᠶ᠎ᠠ ᠵᠢᠴᠢ ᠬᠤᠯᠪᠣᠭᠳᠠᠯ ᠪᠦᠬᠦᠢ ᠦᠢᠯᠡᠴᠢᠯᠡᠭᠡᠨ ᠤ ᠠᠵᠢᠯᠯᠠᠭ᠎ᠠ ᠶᠢ ᠬᠠᠤᠯᠢ ᠶᠣᠰᠣᠭᠠᠷ ᠬᠢᠨᠠᠵᠤ ᠬᠠᠮᠢᠶᠠᠷᠤᠨ᠎ᠠ᠃ ᠦᠨ᠎ᠡ ᠬᠠᠩᠰᠢ ᠪᠣᠯᠣᠨ ᠰᠦᠢᠳᠬᠡᠯ ᠬᠤᠷᠢᠶᠠᠬᠤ ᠳᠤ ᠬᠠᠤᠯᠢ ᠲᠣᠭᠲᠠᠭᠠᠯ ᠠᠴᠠ ᠵᠥᠷᠢᠴᠡᠭᠰᠡᠨ᠂ ᠶᠣᠰᠣ ᠪᠣᠰᠤ ᠥᠷᠢᠰᠦᠯᠳᠦᠭᠰᠡᠨ᠂ ᠬᠠᠤᠯᠢ ᠠᠴᠠ ᠵᠥᠷᠢᠴᠡᠨ ᠰᠢᠭᠤᠳ ᠪᠣᠷᠣᠯᠠᠭᠤᠯᠤᠭᠰᠠᠨ᠂ ᠳᠠᠮᠵᠢᠭᠤᠯᠤᠨ ᠪᠣᠷᠣᠯᠠᠭᠤᠯᠤᠭᠰᠠᠨ᠂ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠥᠮᠴᠢᠯᠡᠬᠦ ᠡᠷᠬᠡ ᠳᠤ ᠬᠠᠯᠳᠠᠭᠰᠠᠨ ᠪᠠ ᠬᠤᠳᠠᠯ ᠬᠠᠭᠤᠷᠮᠠᠭ ᠲᠠᠸᠠᠷ ᠦᠢᠯᠡᠳᠴᠦ ᠪᠣᠷᠣᠯᠠᠭᠤᠯᠤᠭᠰᠠᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠵᠠᠷ ᠮᠡᠳᠡᠭᠡ ᠶᠢᠨ ᠦᠢᠯᠡᠰ ᠤᠨ ᠬᠥᠭᠵᠢᠯᠲᠡ ᠶᠢ ᠵᠢᠯᠣᠭᠤᠳᠴᠤ᠂ ᠵᠠᠷ ᠮᠡᠳᠡᠭᠡ ᠶᠢᠨ ᠠᠵᠢᠯᠯᠠᠭ᠎ᠠ ᠶᠢ ᠬᠢᠨᠠᠵᠤ ᠬᠠᠮᠢᠶᠠᠷᠤᠨ᠎ᠠ᠃ ᠦᠨᠡᠮᠯᠡᠯ ᠦᠭᠡᠢ ᠪᠠᠷ ᠦᠢᠯᠡᠳᠪᠦᠷᠢᠯᠡᠵᠦ ᠡᠵᠡᠩᠨᠡᠬᠦ ᠪᠠ ᠬᠠᠮᠢᠶ᠎ᠠ ᠪᠦᠬᠦᠢ ᠦᠨᠡᠮᠯᠡᠯ ᠦᠭᠡᠢ ᠪᠠᠷ ᠦᠢᠯᠡᠳᠪᠦᠷᠢᠯᠡᠵᠦ ᠡᠵᠡᠩᠨᠡᠬᠦ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠠᠵᠢᠯ ᠢ ᠵᠢᠯᠣᠭᠤᠳᠤᠨ᠎ᠠ᠃ ᠬᠤᠲᠠ ᠶᠢᠨ ᠬᠡᠷᠡᠭᠯᠡᠭᠴᠢᠳ ᠤᠨ ᠨᠡᠶᠢᠭᠡᠮᠯᠢᠭ ᠢ ᠵᠢᠯᠣᠭᠤᠳᠤᠨ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠠᠵᠢᠯ ᠢ ᠥᠷᠨᠢᠭᠦᠯᠦᠨ᠎ᠡ᠃     ︵ᠲᠠᠪᠤ︶ ᠳᠡᠭᠡᠳᠦ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠨᠠᠶᠢᠳᠠᠯᠭ᠎ᠠ ᠪᠠᠷ᠂ ᠭᠠᠭᠴᠠᠭᠠᠷ ᠡᠵᠡᠮᠰᠢᠯ ᠢ ᠡᠰᠡᠷᠭᠦᠴᠡᠬᠦ ᠬᠤᠯᠪᠣᠭᠳᠠᠯ ᠪᠦᠬᠦᠢ ᠪᠠᠶᠢᠴᠠᠭᠠᠯᠲᠠ ᠶᠢᠨ ᠠᠵᠢᠯ ᠢ ᠬᠠᠮᠵᠢᠯᠴᠠᠨ ᠪᠡᠶᠡᠯᠡᠭᠦᠯᠦᠨ᠎ᠡ᠃ ᠥᠷᠢᠰᠥᠯᠳᠦᠭᠡᠨ ᠤ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠲᠥᠪ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ︵ᠵᠢᠷᠭᠤᠭ᠎ᠠ︶ ᠪᠦᠬᠦ ᠬᠤᠲᠠ ᠶᠢᠨ ᠬᠤᠷᠸ᠎ᠠ ᠶᠠᠰᠤ ᠴᠢᠨᠠᠷ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠶᠠᠰᠤ ᠴᠢᠨᠠᠷ ᠤᠨ ᠬᠥᠭᠵᠢᠯᠲᠡ ᠶᠢᠨ ᠳᠦᠷᠢᠮ ᠤᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠡᠷᠡᠭᠵᠢᠭᠦᠯᠵᠦ᠂ ᠨᠡᠷᠡᠲᠦ ᠲᠥᠷᠥᠯ ᠲᠡᠮᠳᠡᠭᠲᠦ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠦᠯᠬᠢᠨ ᠠᠬᠢᠭᠤᠯᠤᠨ᠎ᠠ᠃ ᠶᠠᠰᠤ ᠴᠢᠨᠠᠷ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠬᠢᠭᠡᠳ ᠬᠡᠷᠡᠭᠯᠡᠯᠲᠡ ᠶᠢ ᠨᠢᠭᠡᠳᠦᠯᠲᠡᠶ ᠲᠥᠯᠥᠪᠯᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠴᠢᠬᠤᠯᠠ ᠶᠡᠭᠡ ᠪᠠᠷᠢᠯᠭ᠎ᠠ ᠶᠢᠨ ᠲᠥᠬᠦᠭᠡᠷᠦᠮᠵᠢ ᠶᠢᠨ ᠶᠠᠰᠤ ᠴᠢᠨᠠᠷ ᠢ ᠬᠢᠨᠠᠨ ᠬᠠᠮᠢᠶᠠᠷᠬᠤ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠦᠨᠳᠦ ᠶᠡᠭᠡ ᠶᠠᠰᠤ ᠴᠢᠨᠠᠷ ᠤᠨ ᠠᠳᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠭᠡᠮ ᠰᠣᠭᠤᠭ ᠲᠠᠢ ᠪᠦᠲᠦᠭᠡᠭᠳᠡᠬᠦᠨ ᠢᠶᠠᠨ ᠪᠤᠴᠭᠠᠠᠨ ᠲᠠᠲᠠᠬᠤ ᠳᠦᠷᠢᠮ ᠢ ᠲᠤᠭᠤᠰᠢᠯᠠᠭᠤᠯᠤᠨ ᠬᠡᠷᠡᠭᠵᠢᠭᠦᠯᠵᠦ᠂ ᠪᠦᠲᠦᠬᠡᠭᠳᠡᠬᠦᠨ ᠤ ᠬᠠᠭᠤᠷᠮᠠᠭ ᠢ ᠰᠡᠷᠭᠡᠶᠢᠯᠡᠬᠦ ᠠᠵᠢᠯ ᠢ ᠬᠢᠨᠠᠨ ᠬᠠᠮᠢᠶᠠᠷᠤᠨ᠎ᠠ᠃    ︵ᠳᠣᠯᠤᠭ᠎ᠠ︶ ᠪᠥᠬᠦ ᠬᠤᠲᠠ ᠶᠢᠨ ᠪᠦᠲᠦᠬᠡᠭᠳᠡᠬᠦᠨ ᠤ ᠶᠠᠰᠤ ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠪᠦᠲᠦᠬᠡᠭᠳᠡᠬᠦᠨ ᠤ ᠶᠠᠰᠤ ᠴᠢᠨᠠᠷ ᠤᠨ ᠠᠶᠤᠯ ᠦᠭᠡᠢ ᠶᠢᠨ ᠲᠦᠭᠰᠢᠭᠦᠷᠢ ᠶᠢ ᠬᠢᠨᠠᠨ ᠡᠵᠡᠮᠳᠡᠬᠦ᠂ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠠᠵᠢᠯ ᠢ ᠬᠠᠮᠢᠶᠠᠷᠴᠤ᠂ ᠪᠦᠬᠦ ᠬᠤᠲᠠ ᠶᠢᠨ ᠪᠦᠲᠦᠬᠡᠭᠳᠡᠬᠦᠨ ᠤ ᠶᠠᠰᠤ ᠴᠢᠨᠠᠷ ᠲᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠨᠢᠭᠡᠳᠦᠯᠲᠡᠶ ᠨᠠᠶᠢᠷᠠᠭᠤᠯᠤᠨ ᠵᠣᠬᠢᠶᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠶᠠᠰᠤ ᠴᠢᠨᠠᠷ ᠤᠨ ᠳᠡᠰ ᠬᠤᠪᠢᠶᠠᠬᠤ ᠳᠦᠷᠢᠮ᠂ ᠶᠠᠰᠤ ᠴᠢᠨᠠᠷ ᠤᠨ ᠠᠶᠤᠯ ᠦᠭᠡᠢ ᠶᠢ ᠮᠦᠷᠳᠡᠬᠦ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠠᠵᠤ ᠦᠢᠯᠡᠳᠪᠦᠷᠢ ᠶᠢᠨ ᠦᠢᠯᠡᠳᠬᠦᠨ ᠤ ᠦᠢᠯᠡᠳᠪᠦᠷᠢᠯᠡᠯ ᠤᠨ ᠵᠥᠪᠰᠢᠶᠡᠷᠡᠯ ᠤᠨ ᠬᠠᠮᠢᠶᠠᠷᠤᠯᠲᠠ ᠪᠠ ᠰᠢᠷᠬᠡᠭᠯᠢᠭ ᠤᠨ ᠶᠠᠰᠤ ᠴᠢᠨᠠᠷ ᠲᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃     ︵ᠨᠠᠢᠮᠠ︶ ᠪᠥᠬᠦ ᠬᠤᠲᠠ ᠶᠢᠨ ᠣᠨᠴᠠᠭᠠᠢ ᠲᠥᠷᠥᠯ ᠤᠨ ᠲᠥᠬᠦᠭᠡᠷᠦᠮᠵᠢ ᠶᠢᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠣᠨᠴᠠᠭᠠᠢ ᠲᠥᠷᠥᠯ ᠤᠨ ᠲᠥᠬᠦᠭᠡᠷᠦᠮᠵᠢ ᠶᠢᠨ ᠠᠶᠤᠯ ᠦᠭᠡᠢ ᠶᠢ ᠬᠢᠨᠠᠨ ᠪᠠᠶᠢᠴᠠᠭᠠᠬᠤ᠂ ᠬᠢᠨᠠᠯᠲᠠ ᠲᠠᠯᠪᠢᠬᠤ ᠠᠵᠢᠯ ᠢ ᠶᠡᠷᠦᠩᠬᠡᠶᠢᠯᠡᠨ ᠬᠠᠮᠢᠶᠠᠷᠴᠤ᠂ ᠡᠨᠧᠷᠭᠢ ᠶᠢᠨ ᠦᠨᠳᠦᠷ ᠬᠤᠷᠣᠭᠳᠠᠯᠲᠤ ᠣᠨᠴᠠᠭᠠᠢ ᠲᠥᠷᠥᠯ ᠤᠨ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠪᠠᠷᠢᠮᠵᠢᠶ᠎ᠠ ᠪᠣᠯᠤᠨ ᠰᠢᠲᠠᠭᠠᠯᠭ᠎ᠠ ᠶᠢᠨ ᠵᠤᠤᠬ᠎ᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠨ᠎ᠡ᠃     ︵ᠶᠢᠰᠦ︶ ᠪᠥᠬᠦ ᠬᠤᠲᠠ ᠶᠢᠨ ᠢᠳᠡᠭᠡᠨ ᠤ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠨ ᠵᠣᠬᠢᠴᠠᠭᠤᠯᠬᠤ ᠶᠢ ᠬᠠᠷᠢᠭᠤᠴᠠᠨ᠎ᠠ᠃ ᠢᠳᠡᠭᠡᠨ ᠤ ᠠᠶᠤᠯ ᠦᠭᠡᠢ ᠶᠢᠨ ᠳᠦᠷᠢᠮ ᠤᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠢᠳᠡᠭᠡᠨ ᠤ ᠠᠶᠤᠯ ᠦᠭᠡᠢ ᠶᠢᠨ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠬᠠᠷᠢᠭᠤᠴᠠᠵᠤ᠂ ᠢᠳᠡᠭᠡᠨ ᠤ ᠠᠶᠤᠯ ᠦᠭᠡᠢ ᠶᠢᠨ ᠬᠦᠨᠳᠦ ᠶᠡᠭᠡ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠪᠠᠶᠢᠴᠠᠭᠠᠨ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠢᠳᠡᠭᠡᠨ ᠤ ᠠᠶᠤᠯ ᠦᠭᠡᠢ ᠶᠢᠨ ᠴᠢᠬᠤᠯᠠ ᠮᠡᠳᠡᠭᠡ ᠵᠠᠩᠭᠢ ᠶᠢ ᠰᠢᠭᠤᠳ ᠮᠡᠳᠡᠭᠦᠯᠬᠦ ᠳᠦᠷᠢᠮ ᠢ ᠨᠠᠶᠢᠳᠠᠪᠤᠷᠢᠵᠢᠭᠤᠯᠤᠨ᠎ᠠ᠃ ᠬᠤᠲᠠ ᠶᠢᠨ ᠢᠳᠡᠭᠡᠨ ᠪᠠ ᠡᠮ ᠤᠨ ᠵᠦᠢᠯ ᠤᠨ ᠠᠶᠤᠯ ᠦᠭᠡᠢ ᠶᠢᠨ ᠵᠥᠪᠯᠡᠯ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃     ︵ᠠᠷᠪᠠ︶ ᠪᠥᠬᠦ ᠬᠤᠲᠠ ᠶᠢᠨ ᠢᠳᠡᠭᠡᠨ ᠤ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠢᠳᠡᠭᠡᠨ ᠤ ᠵᠦᠢᠯ ᠤᠨ ᠦᠢᠯᠡᠳᠪᠦᠷᠢᠯᠡᠯ᠂ ᠭᠦᠢᠯᠭᠡᠭᠡᠨ᠂ ᠬᠡᠷᠡᠭᠯᠡᠭᠡᠨ ᠤ ᠪᠦᠬᠦ ᠶᠠᠪᠤᠴᠠ ᠶᠢ ᠬᠠᠮᠤᠷᠤᠭᠰᠠᠨ ᠬᠢᠨᠠᠯᠲᠠ ᠲᠠᠯᠪᠢᠵᠤ ᠪᠠᠶᠢᠴᠠᠭᠠᠬᠤ ᠳᠦᠷᠢᠮ ᠪᠣᠯᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠲᠣᠭᠲᠠᠴᠠ ᠶᠢ ᠪᠠᠶᠢᠭᠤᠯᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ ᠢᠳᠡᠭᠡᠨ ᠤ ᠠᠶᠤᠯ ᠦᠭᠡᠢ ᠶᠢᠨ ᠲᠦᠭᠰᠢᠭᠦᠷᠢ ᠶᠢ ᠰᠡᠷᠭᠡᠶᠢᠯᠡᠨ᠎ᠡ᠃ ᠢᠳᠡᠭᠡᠨ ᠤ ᠵᠦᠢᠯ ᠤᠨ ᠦᠢᠯᠡᠳᠪᠦᠷᠢᠯᠡᠨ ᠡᠵᠡᠩᠨᠡᠭᠴᠢᠳ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠲᠣᠭᠲᠠᠴᠠ ᠶᠢ ᠪᠠᠶᠢᠭᠤᠯᠬᠤ ᠶᠢ ᠠᠬᠢᠭᠤᠯᠵᠤ᠂ ᠢᠳᠡᠭᠡᠨ ᠤ ᠵᠦᠢᠯ ᠤᠨ ᠠᠶᠤᠯ ᠦᠭᠡᠢ ᠶᠢ ᠮᠦᠷᠳᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠢᠳᠡᠭᠡᠨ ᠤ ᠠᠶᠤᠯ ᠦᠭᠡᠢ ᠶᠢᠨ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ᠂ ᠲᠦᠭᠰᠢᠭᠦᠷᠢ ᠶᠢ ᠬᠢᠨᠠᠨ ᠬᠡᠮᠵᠢᠬᠦ᠂ ᠰᠢᠯᠭᠠᠨ ᠪᠠᠶᠢᠴᠠᠭᠠᠵᠤ ᠰᠢᠢᠳᠪᠦᠷᠢᠯᠡᠬᠦ ᠪᠠ ᠲᠦᠭᠰᠢᠭᠦᠷᠢ ᠶᠢ ᠰᠡᠷᠡᠮᠵᠢᠯᠡᠭᠦᠯᠬᠦ᠂ ᠲᠦᠭᠰᠢᠭᠦᠷᠢ ᠶᠢᠨ ᠰᠠᠨᠠᠯ ᠰᠣᠯᠢᠯᠴᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠢᠳᠡᠰᠢᠨ ᠳᠠᠪᠤᠰᠤ ᠶᠢᠨ ᠶᠠᠰᠤ ᠴᠢᠨᠠᠷ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠪᠠ ᠣᠨᠴᠠᠭᠠᠢ ᠢᠳᠡᠭᠡᠨ ᠤ ᠬᠢᠨᠠᠯᠲᠠ ᠬᠠᠮᠢᠶᠠᠷᠤᠯᠲᠠ ᠵᠡᠷᠭᠡ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ︵ᠠᠷᠪᠠᠨ ᠨᠢᠭᠡ︶ ᠪᠦᠬᠦ ᠬᠤᠲᠠ ᠶᠢᠨ ᠬᠡᠮᠵᠢᠯᠲᠡ ᠶᠢᠨ ᠠᠵᠢᠯ ᠢ ᠨᠢᠭᠡᠳᠦᠯᠲᠡᠢ ᠬᠠᠮᠢᠶᠠᠷᠬᠤ ᠶᠢ ᠬᠠᠷᠢᠭᠤᠴᠠᠨ᠎ᠠ᠃ ᠤᠯᠤᠰ ᠤᠨ ᠬᠡᠮᠵᠢᠯᠲᠡ ᠶᠢᠨ ᠳᠦᠷᠢᠮ ᠢ ᠨᠠᠶᠢᠳᠠᠪᠤᠷᠢᠵᠢᠭᠤᠯᠵᠦ᠂ ᠬᠠᠤᠯᠢ ᠪᠠᠷ ᠲᠣᠭᠲᠠᠭᠠᠭᠰᠠᠨ ᠬᠡᠮᠵᠢᠯᠲᠡ ᠶᠢᠨ ᠨᠢᠭᠡᠴᠢ ᠶᠢ ᠬᠡᠷᠡᠭᠵᠢᠭᠦᠯᠦᠨ᠂ ᠬᠡᠮᠵᠢᠯᠲᠡ ᠶᠢᠨ ᠪᠠᠭᠠᠵᠢ ᠬᠡᠷᠡᠭᠰᠡᠯ ᠵᠢᠴᠢ ᠬᠡᠮᠵᠢᠭᠳᠡᠯ ᠳᠠᠮᠵᠢᠭᠤᠯᠬᠤ ᠪᠠ ᠬᠠᠷᠢᠴᠠᠭᠤᠯᠬᠤ ᠠᠵᠢᠯ ᠢ ᠬᠠᠮᠢᠶᠠᠷᠤᠨ᠎ᠠ᠃ ᠲᠠᠸᠠᠷ ᠤᠨ ᠬᠡᠮᠵᠢᠶ᠎ᠡ ᠪᠠ ᠵᠠᠬ᠎ᠠ ᠳᠡᠯᠭᠡᠭᠦᠷ ᠤᠨ ᠬᠡᠮᠵᠢᠯᠲᠡ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠬᠤ ᠪᠠ ᠬᠢᠨᠠᠯᠲᠠ ᠲᠠᠯᠪᠢᠨ᠎ᠠ᠃    ︵ᠠᠷᠪᠠᠨ ᠬᠤᠶᠠᠷ︶ ᠪᠦᠬᠦ ᠬᠤᠲᠠ ᠶᠢᠨ ᠪᠠᠷᠢᠮᠵᠢᠶᠠᠵᠢᠭᠤᠯᠤᠯᠲᠠ ᠶᠢᠨ ᠠᠵᠢᠯ ᠢ ᠨᠢᠭᠡᠳᠦᠯᠲᠡᠢ ᠬᠠᠮᠢᠶᠠᠷᠬᠤ ᠪᠠ ᠵᠢᠯᠣᠭᠤᠳᠬᠤ ᠶᠢ ᠬᠠᠷᠢᠭᠤᠴᠠᠨ᠎ᠠ᠃ ᠣᠷᠣᠨ ᠨᠤᠲᠤᠭ ᠤᠨ ᠪᠠᠷᠢᠮᠵᠢᠶ᠎ᠠ ᠶᠢᠨ ᠲᠥᠰᠥᠯ ᠲᠣᠭᠲᠠᠭᠠᠬᠤ᠂ ᠨᠣᠮᠧᠷᠯᠠᠬᠤ᠂ ᠨᠡᠶᠢᠲᠡᠯᠡᠬᠦ ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ᠃ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ᠂ ᠣᠷᠣᠨ ᠨᠤᠲᠤᠭ ᠤᠨ ᠪᠠᠷᠢᠮᠵᠢᠶ᠎ᠠ ᠶᠢ ᠬᠡᠷᠡᠭᠵᠢᠭᠦᠯᠦᠭᠰᠡᠨ ᠮᠡᠳᠡᠭᠡ ᠵᠠᠩᠭᠢ ᠳᠤ ᠬᠠᠷᠢᠭᠤ ᠲᠤᠰᠬᠠᠬᠤ ᠪᠠ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠦᠯᠬᠦᠮ ᠨᠡᠶᠢᠲᠡ ᠶᠢᠨ ᠪᠠᠷᠢᠮᠵᠢᠶ᠎ᠠ᠂ ᠠᠵᠤ ᠠᠬᠤᠶᠢᠯᠠᠯ ᠤᠨ ᠪᠠᠷᠢᠮᠵᠢᠶ᠎ᠠ ᠲᠣᠭᠲᠠᠭᠠᠬᠤ ᠠᠵᠢᠯ ᠢ ᠬᠠᠤᠯᠢ ᠶᠣᠰᠣᠭᠠᠷ ᠵᠣᠬᠢᠴᠠᠭᠤᠯᠤᠨ ᠵᠢᠯᠣᠭᠤᠳᠬᠤ ᠪᠠ ᠬᠢᠨᠠᠯᠲᠠ ᠲᠠᠯᠪᠢᠨ᠎ᠠ᠃     ︵ᠠᠷᠪᠠᠨ ᠭᠤᠷᠪᠠ︶ ᠪᠦᠬᠦ ᠬᠤᠲᠠ ᠶᠢᠨ ᠰᠢᠯᠭᠠᠨ ᠪᠠᠶᠢᠴᠠᠭᠠᠵᠦ ᠪᠠᠶᠢᠴᠠᠭᠠᠨ ᠬᠡᠮᠵᠢᠬᠦ ᠠᠵᠢᠯ ᠢ ᠨᠢᠭᠡᠳᠦᠯᠲᠡᠢ ᠬᠠᠮᠢᠶᠠᠷᠤᠨ᠎ᠠ᠃ ᠰᠢᠯᠭᠠᠨ ᠪᠠᠶᠢᠴᠠᠭᠠᠵᠦ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠰᠢᠯᠭᠠᠨ ᠪᠠᠶᠢᠴᠠᠭᠠᠵᠦ ᠪᠠᠶᠢᠴᠠᠭᠠᠨ ᠬᠡᠮᠵᠢᠬᠦ ᠵᠠᠬ᠎ᠠ ᠳᠡᠯᠭᠡᠭᠦᠷ ᠢ ᠵᠢᠷᠤᠮᠵᠢᠭᠤᠯᠤᠨ᠂ ᠰᠢᠯᠭᠠᠨ ᠪᠠᠶᠢᠴᠠᠭᠠᠵᠦ ᠪᠠᠶᠢᠴᠠᠭᠠᠨ ᠬᠡᠮᠵᠢᠬᠦ ᠰᠢᠰᠲ᠋ᠧᠮᠵᠢ ᠶᠢ ᠪᠦᠷᠢᠨᠰᠢᠭᠦᠯᠵᠦ᠂ ᠰᠢᠯᠭᠠᠨ ᠪᠠᠶᠢᠴᠠᠭᠠᠵᠦ ᠪᠠᠶᠢᠴᠠᠭᠠᠨ ᠬᠡᠮᠵᠢᠬᠦ ᠠᠵᠢᠯ ᠲᠥᠷᠥᠯ ᠤᠨ ᠬᠥᠭᠵᠢᠯᠲᠡ ᠶᠢ ᠵᠢᠯᠣᠭᠤᠳᠤᠨ ᠵᠣᠬᠢᠴᠠᠭᠤᠯᠤᠨ᠎ᠠ᠃    ︵ᠠᠷᠪᠠᠨ ᠳᠥᠷᠪᠡ︶ ᠪᠦᠬᠦ ᠬᠤᠲᠠ ᠶᠢᠨ ᠭᠡᠷᠡᠴᠢᠯᠡᠵᠦ ᠵᠥᠪᠰᠢᠶᠡᠷᠡᠬᠦ ᠠᠵᠢᠯ ᠢ ᠨᠢᠭᠡᠳᠦᠯᠲᠡᠢ ᠬᠠᠮᠢᠶᠠᠷᠴᠤ᠂ ᠬᠢᠨᠠᠯᠲᠠ ᠲᠠᠯᠪᠢᠬᠤ ᠪᠠ ᠶᠡᠷᠦᠩᠬᠡᠢᠯᠡᠨ ᠵᠣᠬᠢᠴᠠᠭᠤᠯᠤᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠬᠠᠮᠢᠶ᠎ᠠ ᠪᠦᠬᠦᠢ ᠭᠡᠷᠡᠴᠢᠯᠡᠵᠦ ᠵᠥᠪᠰᠢᠶᠡᠷᠡᠬᠦ ᠪᠠ ᠬᠢᠷᠢ ᠲᠡᠩᠴᠡᠬᠦ ᠶᠢ ᠦᠨᠡᠯᠡᠨ ᠲᠣᠭᠲᠠᠭᠠᠵᠤ ᠬᠢᠨᠠᠨ ᠬᠠᠮᠢᠶᠠᠷᠬᠤ ᠵᠡᠷᠭᠡ ᠠᠵᠢᠯ ᠢ ᠡᠭᠦᠷᠭᠡᠯᠡᠨ᠎ᠡ᠃     ︵ᠠᠷᠪᠠᠨ ᠲᠠᠪᠤ︶ ᠪᠦᠬᠦ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠬᠦ᠂ ᠬᠡᠷᠡᠭᠯᠡᠬᠦ᠂ ᠬᠠᠮᠠᠭᠠᠯᠠᠬᠤ᠂ ᠬᠠᠮᠢᠶᠠᠷᠬᠤ ᠪᠠ ᠦᠢᠯᠡᠴᠢᠯᠡᠬᠦ ᠠᠵᠢᠯ ᠢ ᠬᠠᠷᠢᠭᠤᠴᠠᠨ᠎ᠠ᠃ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠲᠤᠭᠤᠷᠪᠢᠨ ᠲᠣᠭᠲᠠᠭᠠᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠦᠬᠦᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠪᠠᠷ ᠬᠤᠲᠠ ᠶᠢ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃     ︵ᠠᠷᠪᠠᠨ ᠵᠢᠷᠭᠤᠭ᠎ᠠ︶ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠥᠰᠦᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠲᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠶ ᠵᠦᠢᠯ ᠤᠨ ᠪᠡᠯᠡ ᠮᠥᠩᠭᠦ ᠶᠢ ᠬᠠᠮᠢᠶᠠᠷᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠭᠦᠳᠦᠨ ᠪᠦᠲᠦᠭᠡᠵᠦ ᠬᠡᠷᠡᠭᠯᠡᠬᠦ ᠶᠢ ᠠᠬᠢᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠪᠠ ᠮᠡᠳᠡᠭᠡ ᠵᠠᠩᠭᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠬᠠᠮᠢᠶ᠎ᠠ ᠪᠦᠬᠦᠢ ᠠᠵᠢᠯ ᠢ ᠥᠷᠨᠢᠭᠦᠯᠦᠨ᠎ᠡ᠃ ᠲᠠᠸᠠᠷ ᠤᠨ ᠲᠡᠮᠳᠡᠭ ᠤᠨ ᠲᠤᠰᠬᠠᠶ ᠠᠰᠢᠭ ᠤᠨ ᠬᠠᠤᠯᠢ ᠬᠡᠷᠡᠭᠵᠢᠭᠦᠯᠬᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠮᠠᠷᠭᠤᠯᠳᠤᠭᠠᠨ ᠢ ᠰᠢᠢᠳᠪᠦᠷᠢᠯᠡᠬᠦ᠂ ᠡᠷᠬᠡ ᠪᠠᠨ ᠬᠠᠮᠠᠭᠠᠯᠠᠬᠤ ᠳᠤ ᠲᠤᠰᠠᠯᠠᠮᠵᠢ ᠦᠵᠡᠭᠦᠯᠬᠦ ᠪᠠ ᠵᠢᠭᠤᠷᠠᠯᠳᠤᠭᠠᠨ ᠢ ᠵᠣᠬᠢᠴᠠᠭᠤᠯᠬᠤ ᠵᠡᠷᠭᠡ ᠠᠵᠢᠯ ᠢ ᠵᠢᠯᠣᠭᠤᠳᠴᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠰᠡᠷᠡᠮᠵᠢᠯᠡᠭᠦᠯᠬᠦ ᠪᠠ ᠭᠠᠳᠠᠭᠠᠳᠤ ᠳᠤ ᠬᠤᠯᠪᠣᠭᠳᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃     ︵ᠠᠷᠪᠠᠨ ᠳᠣᠯᠤᠭ᠎ᠠ︶ ᠡᠯ᠎ᠡ ᠬᠤᠰᠢᠭᠤ ᠰᠢᠶᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠵᠢᠯᠣᠭᠤᠳᠤᠨ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ᠂ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ᠂ ᠲᠤᠰᠬᠠᠶ ᠵᠠᠬ᠎ᠠ ᠳᠡᠯᠭᠡᠭᠦᠷ ᠤᠨ ᠨᠠᠮ ᠤᠨ ᠪᠠᠶᠢᠭᠤᠯᠤᠯᠲᠠ ᠪᠠ ᠡᠪᠯᠡᠯ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠨ᠎ᠡ᠃     ︵ᠠᠷᠪᠠᠨ ᠨᠠᠢᠮᠠ︶ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠮᠡᠳᠡᠭᠡ ᠵᠠᠩᠬᠢᠴᠢᠯᠠᠯᠲᠠ ᠶᠢᠨ ᠪᠠᠶᠢᠭᠤᠯᠤᠯᠲᠠ᠂ ᠰᠣᠨᠢᠨ ᠮᠡᠳᠡᠭᠡ ᠤᠬᠠᠭᠤᠯᠭ᠎ᠠ ᠵᠡᠷᠭᠡ ᠠᠵᠢᠯ ᠢ ᠬᠠᠷᠢᠭᠤᠴᠠᠨ᠎ᠠ᠃    ︵ᠠᠷᠪᠠ ᠶᠢᠰᠦ︶ ᠡᠮ ᠤᠨ ᠵᠦᠢᠯ ︵ᠮᠣᠩᠭᠤᠯ ᠡᠮ᠂ ᠬᠢᠲᠠᠳ ᠡᠮ ᠵᠡᠷᠭᠡ ᠦᠨᠳᠦᠰᠦᠲᠡᠨ ᠤ ᠡᠮ᠂ ᠳᠣᠷᠣᠭᠰᠢ ᠠᠳᠠᠯᠢ︶᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠵᠠᠰᠠᠯ ᠴᠢᠮᠡᠭᠯᠡᠯ ᠤᠨ ᠡᠳ᠋ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠤᠯᠤᠰ ᠤᠨ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭᠯᠡᠯ ᠤᠨ ᠡᠳ᠋ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠳᠦᠷᠢᠮ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠬᠢᠨᠠᠯᠲᠠ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠲᠥᠯᠥᠪᠵᠢᠭᠦᠯᠭᠡ ᠶᠢ ᠲᠤᠭᠤᠷᠪᠢᠨ ᠲᠣᠭᠲᠠᠭᠠᠵᠤ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠦᠨ᠎ᠡ᠃     ︵ᠬᠤᠷᠢ︶ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠵᠠᠰᠠᠯ ᠴᠢᠮᠡᠭᠯᠡᠯ ᠤᠨ ᠡᠳ᠋ ᠤᠨ ᠶᠠᠰᠤ ᠴᠢᠨᠠᠷ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠡᠵᠡᠩᠨᠡᠯᠲᠡ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠵᠢᠷᠤᠮᠵᠢᠯ ᠪᠣᠯᠤᠨ ᠬᠡᠷᠡᠭᠯᠡᠵᠦ ᠬᠠᠮᠢᠶᠠᠷᠬᠤ ᠬᠠᠮᠢᠶ᠎ᠠ ᠪᠦᠬᠦᠢ ᠲᠣᠭᠲᠠᠭᠠᠯ ᠤᠨ ᠳᠦᠷᠢᠮ ᠵᠢᠴᠢ ᠵᠠᠰᠠᠯ ᠴᠢᠮᠡᠭᠡᠯᠡᠯ ᠤᠨ ᠡᠳ᠋ ᠢ ᠡᠵᠡᠩᠨᠡᠬᠦ᠂ ᠬᠡᠷᠡᠭᠯᠡᠵᠦ ᠬᠠᠮᠢᠶᠠᠷᠬᠤ ᠬᠠᠮᠢᠶ᠎ᠠ ᠪᠦᠬᠦᠢ ᠳᠦᠷᠢᠮ ᠲᠣᠭᠲᠠᠭᠠᠯ ᠢ ᠡᠷᠬᠡ ᠮᠡᠳᠡᠯ ᠤᠨ ᠶᠣᠰᠣᠭᠠᠷ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠮ ᠤᠨ ᠵᠦᠢᠯ ᠢ ᠲᠥᠷᠥᠯ ᠬᠤᠪᠢᠶᠠᠨ ᠬᠠᠮᠢᠶᠠᠷᠬᠤ ᠳᠦᠷᠢᠮ ᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠤᠰᠢᠭᠤ ᠰᠢᠶᠠᠨ ᠲᠣᠭᠤᠷᠢᠭ ᠤᠨ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠵᠠᠰᠠᠯ ᠴᠢᠮᠡᠭᠯᠡᠯ ᠤᠨ ᠡᠳ᠋ ᠤᠨ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠬᠤ ᠪᠠ ᠵᠢᠯᠣᠭᠤᠳᠬᠤ ᠶᠢ ᠬᠠᠷᠢᠭᠤᠴᠠᠨ᠎ᠠ᠃ ᠠᠰᠠᠭᠤᠳᠠᠯ ᠲᠠᠢ ᠪᠦᠲᠦᠬᠡᠭᠳᠡᠬᠦᠨ ᠢ ᠲᠠᠲᠠᠨ ᠪᠤᠴᠠᠭᠠᠬᠤ ᠪᠠ ᠰᠢᠢᠳᠪᠦᠷᠢᠯᠡᠬᠦ ᠳᠦᠷᠢᠮ ᠢ ᠬᠢᠨᠠᠯᠲᠠ ᠲᠠᠯᠪᠢᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠤᠯᠤᠰ ᠤᠨ ᠦᠨᠳᠦᠰᠦᠨ ᠡᠮ ᠤᠨ ᠳᠦᠷᠢᠮ ᠢ ᠬᠡᠷᠡᠭᠵᠢᠭᠦᠯᠦᠨ᠎ᠡ᠃     ︵ᠬᠤᠷᠢᠨ ᠨᠢᠭᠡ︶ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠵᠠᠰᠠᠯ ᠴᠢᠮᠡᠭᠯᠡᠯ ᠤᠨ ᠡᠳ᠋ ᠢ ᠵᠠᠬ᠎ᠠ ᠳᠡᠯᠭᠡᠭᠦᠷ ᠲᠤ ᠭᠠᠷᠭᠠᠭᠰᠠᠨ ᠤ ᠳᠠᠷᠠᠭᠠᠬᠢ ᠲᠦᠭᠰᠢᠭᠦᠷᠢ ᠶᠢᠨ ᠬᠠᠮᠢᠶᠠᠷᠤᠯᠲᠠ ᠶᠢ ᠬᠠᠷᠢᠭᠤᠴᠠᠨ᠎ᠠ᠃ ᠡᠮ ᠤᠨ ᠵᠦᠢᠯ ᠤᠨ ᠮᠠᠭᠤ ᠲᠤᠰᠬᠠᠯ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠮᠠᠭᠤ ᠬᠡᠷᠡᠭ ᠪᠣᠯᠤᠨ ᠵᠠᠰᠠᠯ ᠴᠢᠮᠡᠭᠯᠡᠯ ᠤᠨ ᠡᠳ᠋ ᠤᠨ ᠮᠠᠭᠤ ᠤᠷᠪᠠᠯ ᠢ ᠬᠢᠨᠠᠨ ᠬᠡᠮᠵᠢᠬᠦ᠂ ᠦᠨᠡᠯᠡᠬᠦ ᠪᠠ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ ᠪᠣᠯᠤᠨ ᠵᠠᠰᠠᠯ ᠴᠢᠮᠡᠭᠯᠡᠯ ᠤᠨ ᠡᠳ᠋ ᠤᠨ ᠠᠶᠤᠯ ᠦᠭᠡᠢ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠢ ᠬᠠᠤᠯᠢ ᠶᠣᠰᠣᠭᠠᠷ ᠡᠭᠦᠷᠭᠡᠯᠡᠨ᠎ᠡ᠃     ︵ᠬᠤᠷᠢᠨ ᠬᠤᠶᠠᠷ︶ ᠲᠤᠰ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢᠨ ᠶᠣᠰᠣᠭᠠᠷ ᠬᠠᠮᠢᠶ᠎ᠠ ᠪᠦᠬᠦᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠃ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠶᠤᠯ ᠦᠭᠡᠢ ᠦᠢᠯᠡᠳᠪᠦᠷᠢᠯᠡᠯ᠂ ᠡᠷᠬᠢᠯᠡᠭᠰᠡᠨ ᠠᠵᠢᠯ ᠤᠨ ᠡᠷᠡᠭᠦᠯ ᠮᠡᠨᠳᠦ ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠬᠠᠷᠢᠭᠤᠴᠠᠨ᠎ᠠ᠃     ︵ᠬᠤᠷᠢᠨ ᠭᠤᠷᠪᠠ︶ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠣᠷᠳᠣᠨ