ᠬᠥᠯᠥᠨ ᠪᠤᠶᠢᠷ ᠤᠨ ᠭᠡᠭᠡᠨ ᠭᠤᠣᠯ ᠬᠤᠲᠠ ᠶᠢᠨ ᠣᠯᠭᠤᠶᠠ ᠡᠸᠡᠩᠬᠢ ᠦᠨᠳᠦᠰᠦᠲᠡᠨ ᠤ ᠰᠢᠶᠠᠩ ᠤᠨ ᠪᠤᠭᠤ ᠶᠢᠨ ᠠᠶᠢᠮᠠᠭ ᠤᠨ ᠦᠵᠡᠮᠵᠢ ᠶᠢᠨ ᠣᠷᠣᠨ ᠳᠤ᠂ | ᠨᠢᠭᠡ ᠬᠤᠶᠠᠷ ᠮᠧᠳ᠋ᠷ ᠥᠨᠳᠥᠷ᠂ ᠶᠠᠩᠵᠤ ᠪᠦᠷᠢ ᠶᠢᠨ ᠭᠡᠯᠪᠡᠷᠢ ᠪᠠᠶᠢᠳᠠᠯ ᠲᠠᠢ ᠠᠷᠬᠠᠶᠢᠭᠰᠠᠨ ᠶᠡᠭᠡ ᠡᠪᠡᠷ ᠲᠠᠢ ᠠᠷᠪᠠ ᠭᠠᠷᠤᠢ ᠴᠠ ᠪᠤᠭᠤ ᠵᠢᠭᠤᠯᠴᠢᠯᠠᠬᠰᠡᠳ ᠤᠨ | ᠳᠤᠮᠳᠠ ᠰᠦᠯᠵᠢᠯᠳᠦᠨ᠂ ᠠᠶᠠᠲᠠᠢ ᠲᠠᠭᠠᠲᠠᠢ᠂ ᠥᠴᠥᠬᠡᠨ ᠴᠦ ᠠᠶᠤᠵᠤ ᠰᠦᠷᠳᠡᠭᠦ ᠦᠭᠡᠢ ᠪᠠᠶᠢᠯ᠎ᠠ᠃ ᠨᠢᠭᠡᠨ ᠵᠢᠭᠤᠯᠴᠢᠨ ᠰᠠᠭᠰᠤᠨ ᠠᠴᠠ ᠬᠥᠪᠳᠥ ᠶᠢ ᠠᠪᠴᠤ | ᠭᠠᠷᠭᠠᠭᠰᠠᠨ ᠳᠤ᠂ ᠠᠷᠪᠠᠨ ᠬᠡᠳᠦᠨ ᠴᠠ ᠪᠤᠭᠤ ᠬᠤᠷᠣᠮᠬᠠᠨ ᠵᠠᠭᠤᠷ᠎ᠠ ᠢᠳᠡᠰᠢ ᠪᠤᠯᠢᠶᠠᠯᠳᠤᠬᠤ ᠪᠠᠷ ᠢᠷᠡᠯ᠎ᠡ᠃ ᠲᠡᠷᠡᠬᠡᠨ ᠵᠠᠭᠤᠷ᠎ᠠ ᠵᠢᠭᠤᠯᠴᠢᠯᠠᠬᠰᠡᠳ ᠤᠨ ᠪᠠᠶᠠᠷ ᠤᠨ | ᠢᠨᠢᠶᠡᠳᠦ᠂ ᠴᠠ ᠪᠤᠭᠤ ᠶᠢᠨ ᠬᠦᠵᠦᠭᠦᠨ ᠳᠠᠬᠢ ᠬᠤᠩᠬᠤᠨ ᠤ ᠲᠠᠭᠤ ᠬᠠᠩᠭᠢᠨᠠᠵᠤ᠂ ᠬᠥᠮᠥᠨ ᠪᠠ ᠡᠬᠡ ᠪᠠᠶᠢᠭᠠᠯᠢ - ᠴᠠ ᠪᠤᠭᠤ ᠶᠢᠨ ᠡᠶ᠎ᠡ ᠨᠠᠶᠢᠷᠲᠠᠢ ᠪᠠᠷ ᠬᠠᠮᠲᠤ | ᠣᠷᠣᠰᠢᠵᠤ ᠪᠠᠶᠢᠬᠤ ᠦᠵᠡᠭᠳᠡᠯ ᠢ ᠵᠢᠷᠤᠭᠯᠠᠵᠠᠢ᠃ | | | | | ︽ᠣᠯᠭᠤᠶᠠ ᠭᠡᠳᠡᠭ ᠨᠢ ᠡᠸᠡᠩᠬᠢ ᠦᠭᠡᠨ ᠳᠤ ︿ᠤᠯᠢᠶᠠᠰᠤᠨ ᠣᠶ ᠢᠭᠴᠤ ᠰᠠᠬᠤᠯᠢᠭ ᠭᠠᠵᠠᠷ﹀ ᠭᠡᠰᠡᠨ ᠤᠳᠬ᠎ᠠ ᠲᠠᠢ᠂ ᠠᠳᠡᠬᠢ ᠡᠸᠡᠩᠬᠢ ᠰᠠᠭᠤᠭᠠᠯᠢ | ᠠᠷᠠᠳ ᠥᠩᠭᠡᠷᠡᠭᠰᠡᠨ ᠳᠤ ᠶᠡᠭᠡ ᠬᠢᠩᠭᠠᠨ ᠳᠠᠪᠠᠭ᠎ᠠ ᠶᠢᠨ ᠪᠠᠯᠠᠷ ᠣᠶ ᠳᠤ ᠣᠷᠳᠣ ᠬᠤᠭᠤᠴᠠᠭ᠎ᠠ ᠪᠠᠷ ᠠᠮᠢᠳᠤᠷᠠᠵᠤ ᠪᠠᠶᠢᠵᠠᠢ᠂ ᠮᠠᠨ ᠤ ᠤᠯᠤᠰ ᠤᠨ ᠴᠣᠷ ᠤᠨ | ᠭᠠᠭᠴᠠ ᠴᠠ ᠪᠤᠭᠤ ᠲᠡᠵᠢᠭᠡᠳᠡᠭ ᠦᠨᠳᠦᠰᠦᠲᠡᠨ ᠪᠣᠯᠬᠤᠷ᠂ ᠠᠳᠡᠬᠢ ᠶᠢ ︿ᠴᠠ ᠪᠤᠭᠤ ᠶᠢᠨ ᠰᠣᠶᠣᠯ ᠤᠨ ᠨᠤᠲᠤᠭ﹀ ᠭᠡᠳᠡᠭ︾ ᠭᠡᠵᠦ ᠣᠯᠭᠤᠶᠠ ᠡᠸᠡᠩᠬᠢ | ᠦᠨᠳᠦᠰᠦᠲᠡᠨ ᠤ ᠰᠢᠶᠠᠩ ᠤᠨ ᠤᠬᠠᠭᠤᠯᠬᠤ ᠭᠡᠰᠢᠭᠦᠨ᠂ ᠡᠸᠡᠩᠬᠢ ᠬᠡᠦᠬᠡᠨ ᠦ᠋ ᠳ᠋ᠠᠨ ᠰᠤᠷᠪᠤᠯᠵᠢᠯᠠᠬᠴᠢ ᠳᠤ ᠬᠡᠯᠡᠪᠡ᠃ | | | | | 2003 ᠣᠨ ᠳᠤ ᠣᠯᠭᠤᠶᠠ ᠡᠸᠡᠩᠬᠢ ᠦᠨᠳᠦᠰᠦᠲᠡᠨ ᠤ ᠰᠢᠶᠠᠩ ᠤᠨ 140 ᠭᠠᠷᠤᠢ ᠡᠷᠦᠭᠡ ᠲᠣᠰᠬᠤᠨ ᠤ ᠠᠷᠠᠳ ᠤᠢ ᠰᠢᠭᠤᠢ ᠶᠢᠨ ᠭᠦᠨ ᠠᠴᠠ ᠪᠦᠬᠦᠯᠢ | ᠴᠣᠭᠴᠠ ᠪᠠᠷ ᠭᠡᠭᠡᠨ ᠭᠤᠣᠯ ᠬᠤᠳᠠ ᠶᠢᠨ ᠪᠠᠷᠠᠭᠤᠨ ᠲᠡᠭᠦᠷᠭᠡ ᠳᠤ ᠨᠡᠭᠦᠵᠦ ᠢᠷᠡᠵᠠᠢ᠃ ᠣᠶᠢᠷ᠎ᠠ ᠶᠢᠨ 20 ᠵᠢᠯ ᠤᠨ ᠲᠤᠷᠰᠢ᠂ ᠲᠣᠰᠬᠤᠨ ᠤ ᠠᠷᠠᠳ ᠴᠠ ᠪᠤᠭᠤ | ᠲᠡᠵᠢᠭᠡᠵᠦ ᠦᠷᠡᠵᠢᠭᠦᠯᠭᠦ ᠠᠴᠠ ᠭᠠᠳᠠᠨ᠎ᠠ ᠪᠠᠰᠠ ᠵᠢᠭᠤᠯᠴᠢᠯᠠᠯ᠂ ᠭᠠᠷ ᠤᠷᠠᠯᠠᠯ ᠤᠨ ᠪᠦᠲᠦᠭᠡᠭᠳᠡᠬᠦᠨ ᠦᠢᠯᠡᠳᠭᠦ ᠵᠡᠷᠭᠡ ᠦᠢᠯᠡᠴᠢᠯᠡᠭᠡᠨ ᠤ ᠠᠵᠢᠯ ᠲᠦᠷᠦᠯ ᠳᠤ | ᠢᠳᠡᠪᠬᠢᠲᠡᠢ ᠣᠷᠣᠯᠴᠠᠪᠠ᠂ ᠡᠸᠡᠩᠬᠢ ᠦᠨᠳᠦᠰᠦᠲᠡᠨ ᠤ ᠪᠤᠭᠤ ᠲᠡᠵᠢᠭᠡᠭᠴᠢ ᠭᠦ᠋ ᠭᠧ ᠵᠢᠶᠦ᠋ᠨ ᠪᠣᠯ ᠳᠠᠷᠤᠢ ᠲᠡᠲᠡᠨ ᠤ ᠳᠣᠲᠣᠷᠠᠬᠢ ᠨᠢᠭᠡ ᠨᠢ ᠪᠣᠯᠣᠨ᠎ᠠ᠃ ︽ᠪᠢ | ᠣᠲᠣ ᠴᠠ ᠪᠤᠭᠤ ᠲᠡᠵᠢᠭᠡᠬᠦ ᠠᠴᠠ ᠭᠠᠳᠠᠨ᠎ᠠ ᠪᠠᠰᠠ ᠦᠵᠡᠮᠵᠢ ᠶᠢᠨ ᠣᠷᠣᠨ ᠳᠤ ᠠᠵᠢᠯᠯᠠᠵᠤ ᠪᠠᠶᠢᠨ᠎ᠠ᠂ ᠦᠵᠡᠮᠵᠢ ᠶᠢᠨ ᠣᠷᠣᠨ ᠳᠤ ᠡᠸᠡᠩᠬᠢ ᠭᠡᠷ ᠪᠦᠯᠢ ᠶᠢᠨ | ᠵᠢᠭᠤᠯᠴᠢᠯᠠᠯ ᠤᠨ ᠡᠷᠦᠭᠡ 62 ᠪᠠᠶᠢᠨ᠎ᠠ︾ ᠭᠡᠵᠦ ᠭᠦ᠋ ᠭᠧ ᠵᠢᠶᠦ᠋ᠨ ᠲᠠᠨᠢᠯᠴᠠᠭᠤᠯᠪᠠ᠃ | | | | | ᠴᠠ ᠪᠤᠭᠤ ᠶᠢᠨ ᠲᠤᠬᠠᠢ ᠭᠦ᠋ ᠭᠧ ᠵᠢᠶᠦ᠋ᠨ᠄ ︽ᠮᠠᠨ ᠤ ᠭᠡᠭᠡᠨ ᠭᠤᠣᠯ ᠳᠤ ᠲᠡᠳᠡᠨ ᠤ ᠦᠰᠦᠨ ᠪᠤᠶᠢᠵᠢᠬᠤ ᠳᠤ ᠱᠠᠭᠠᠷᠳᠠᠭᠳᠠᠬᠤ ᠣᠶ ᠰᠢᠭᠤᠢ᠂ ᠠᠭᠤᠯᠠᠨ | ᠪᠤᠯᠠᠭ ᠪᠠ ᠬᠥᠪᠳᠥ ᠤᠷᠭᠤᠮᠠᠯ ᠲᠠᠢ᠂ ᠵᠢᠯ ᠤᠨ ᠳᠤᠮᠳᠠᠴᠢ ᠠᠭᠠᠷ ᠤᠨ ᠳᠤᠯᠠᠭᠠᠨ ᠨᠢ ᠵᠥᠪᠭᠡᠨ - 5.3°C ᠪᠠᠶᠢᠳᠠᠭ ᠴᠤ ᠠᠭᠤᠷ ᠠᠮᠢᠰᠬᠤᠯ᠂ ᠣᠷᠴᠢᠨ | ᠲᠣᠭᠤᠷᠢᠨ ᠨᠢ ᠴᠥᠮ ᠴᠠ ᠪᠤᠭᠤ ᠦᠷᠡᠵᠢᠭᠦᠯᠭᠦ ᠳᠤ ᠮᠠᠰᠢ ᠲᠣᠬᠢᠷᠠᠮᠵᠢᠲᠠᠢ︾ ᠭᠡᠵᠦ ᠪᠠᠶᠢᠯ᠎ᠠ᠃ ︽ᠤᠯᠤᠰ ᠤᠨ ᠮᠠᠯ ᠵᠢᠭᠦᠷᠲᠡᠨ ᠤ ᠤᠳᠤᠮᠯᠠᠯ ᠤᠨ ᠡᠬᠢ | ᠪᠠᠶᠠᠯᠢᠭ ᠤᠨ ᠭᠠᠷᠴᠠᠭ︾ ᠲᠤ ᠵᠢᠭᠰᠠᠭᠠᠭᠳᠠᠭᠰᠠᠨ ᠣᠨᠴᠠ ᠲᠥᠷᠥᠯ ᠤᠨ ᠮᠠᠯ ᠵᠢᠭᠦᠷᠲᠡᠨ ᠪᠣᠯᠤᠭᠰᠠᠨ ᠤ ᠬᠤᠪᠢ ᠳᠤ᠂ ᠣᠲᠣ ᠣᠯᠭᠤᠶᠠ ᠳᠤ 14 ᠴᠠ ᠪᠤᠭᠤ | ᠲᠡᠵᠢᠭᠡᠬᠦ ᠴᠡᠭ᠂ 1200 ᠣᠷᠴᠢᠮ ᠴᠠ ᠪᠤᠭᠤ ᠦᠷᠡᠵᠢᠭᠦᠯᠦᠨ ᠪᠤᠶᠢᠵᠢᠭᠤᠯᠵᠤ᠂ ᠴᠠ ᠪᠤᠭᠤ ᠶᠢᠨ ᠰᠦᠷᠦᠭ ᠨᠢ ᠡᠯ᠎ᠡ ᠣᠶ ᠰᠢᠭᠤᠢ ᠶᠢᠨ ᠦᠢᠯᠡᠰ ᠤᠨ | ᠲᠣᠭᠤᠷᠢᠭ ᠲᠤ ᠲᠠᠷᠬᠠᠵᠤ᠂ ᠬᠤᠲᠠ ᠠᠴᠠ ᠬᠤᠯᠠ ᠪᠠᠶᠢᠨ᠎ᠠ᠃ | | | | | ︽ᠴᠠ ᠪᠤᠭᠤ ᠶᠢᠨ ᠳᠦᠷᠰᠦ ᠶᠢᠨ ᠰᠦᠷᠦᠭ ᠢ ᠥᠷᠭᠡᠳᠬᠡᠬᠦ ᠶᠢᠨ ᠲᠥᠯᠥᠭᠡ᠂ ᠮᠠᠨ ᠤ ᠨᠤᠲᠤᠭ ᠲᠤ ᠴᠠ ᠪᠤᠭᠤ ᠶᠢᠨ ᠳᠦᠷᠰᠦ ᠶᠢᠨ ᠰᠦᠷᠦᠭ ᠢ | ᠰᠠᠶᠢᠵᠢᠷᠠᠭᠤᠯᠬᠤ ᠥᠷᠲᠡᠭᠡ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠠᠢ ᠬᠠᠮᠲᠤᠷᠠᠨ ᠲᠤᠰᠬᠠᠢ ᠮᠡᠷᠭᠡᠵᠢᠯᠲᠡᠨ ᠤᠷᠢᠵᠤ᠂ ᠴᠠ | ᠪᠤᠭᠤ ᠶᠢᠨ ᠡᠭᠦᠯᠳᠡᠷ ᠢ ᠰᠠᠶᠢᠵᠢᠷᠠᠭᠤᠯᠬᠤ᠂ ᠴᠡᠪᠡᠷᠰᠢᠭᠦᠯᠦᠨ ᠰᠢᠯᠢᠳᠡᠭᠵᠢᠭᠦᠯᠬᠦ ᠶᠢᠨ ᠬᠠᠮᠲᠤ ᠪᠠᠰᠠ ᠵᠣᠷᠢᠭᠵᠢᠭᠤᠯᠬᠤ ᠲᠥᠷᠥ ᠶᠢᠨ ᠪᠣᠳᠣᠯᠭ᠎ᠠ ᠨᠡᠶᠢᠲᠡᠯᠡᠵᠦ᠂ | ᠲᠡᠵᠢᠭᠡᠨ ᠦᠷᠡᠵᠢᠭᠦᠯᠭᠦ ᠡᠷᠦᠭᠡ ᠳᠤ ᠦᠨ᠎ᠡ ᠲᠥᠯᠥᠪᠦᠷᠢ ᠦᠭᠡᠢ ᠪᠠᠷ ᠭᠡᠷ ᠲᠡᠷᠭᠡ᠂ ᠮᠠᠶᠢᠬᠠᠨ᠂ ᠲᠷᠠᠺᠲ᠋ᠣᠷ ᠵᠡᠷᠭᠡ ᠶᠢ ᠬᠠᠩᠭᠠᠵᠤ᠂ ᠲᠡᠲᠡᠨ ᠤ ᠣᠶ ᠰᠢᠭᠤᠢ ᠳᠤ | ᠨᠡᠭᠦᠳᠡᠯᠯᠡᠬᠦ ᠳᠤ ᠲᠥᠭᠦᠮ ᠦᠵᠡᠭᠦᠯᠪᠡ︾ ᠭᠡᠵᠦ ᠦ᠋ ᠳ᠋ᠠᠨ ᠲᠠᠨᠢᠯᠴᠠᠭᠤᠯᠤᠨ᠎ᠠ᠃ | | | | | ᠣᠶᠢᠷ᠎ᠠ ᠶᠢᠨ ᠵᠢᠯ ᠳᠤ ᠲᠤᠬᠠᠢ ᠶᠢᠨ ᠭᠠᠵᠠᠷ ᠤᠨ ᠠᠮᠢ ᠠᠬᠤᠢ ᠲᠠᠰᠤᠷᠠᠯᠲᠠ ᠦᠭᠡᠢ ᠰᠠᠶᠢᠵᠢᠷᠠᠬᠤ ᠶᠢ ᠳᠠᠭᠠᠯᠳᠤᠨ᠂ ᠴᠠ ᠪᠤᠭᠤ ᠶᠢᠨ ᠲᠤᠭ᠎ᠠ ᠶᠡᠭᠡ ᠪᠠᠷ | ᠨᠡᠮᠡᠭᠳᠡᠵᠦ᠂ ᠵᠢᠭᠤᠯᠴᠢᠯᠠᠬᠤ ᠪᠠᠷ ᠢᠷᠡᠬᠦ ᠬᠥᠮᠥᠨ ᠴᠦ ᠤᠯᠠᠮ ᠠᠴᠠ ᠤᠯᠠᠮ ᠣᠯᠠᠰᠢᠷᠠᠵᠠᠢ᠃ ︽ᠦᠵᠡᠮᠵᠢ ᠶᠢᠨ ᠣᠷᠣᠨ ᠤ ᠠᠷᠪᠠᠨ ᠬᠡᠳᠦᠨ ᠴᠠ ᠪᠤᠭᠤ ᠶᠠᠭ ᠯᠠ | ᠵᠢᠵᠢᠭᠦᠷᠯᠡᠵᠦ ᠪᠠᠶᠢᠬᠤ ᠰᠢᠭ᠋ ᠡᠭᠡᠯᠵᠢᠯᠡᠵᠦ ᠢᠷᠡᠳᠡᠭ᠂ ᠡᠨᠡ ᠪᠦᠯᠦᠭ ᠴᠠ ᠪᠤᠭᠤ ᠶᠢ ᠨᠢᠭᠡ ᠰᠠᠷ᠎ᠠ ᠪᠣᠯᠪᠠᠯ ᠠᠭᠤᠯᠠᠨ ᠳᠡᠭᠡᠷ᠎ᠡ ᠲᠠᠯᠪᠢᠵᠤ ᠪᠠᠭᠤᠯᠭᠠᠨ᠎ᠠ᠂ ᠴᠠ | ᠪᠤᠭᠤ ᠶᠢᠨ ᠥᠰᠦᠯᠲᠡ ᠳᠤ ᠶᠠᠮᠠᠷ ᠴᠤ ᠬᠤᠬᠢᠷᠠᠯ ᠪᠤᠯᠬᠤ ᠦᠭᠡᠢ︾ ᠭᠡᠵᠦ ᠭᠦ᠋ ᠭᠧ ᠵᠢᠶᠦ᠋ᠨ ᠬᠡᠯᠡᠵᠦ ᠪᠠᠶᠢᠪᠠ᠃ | ᠨᠢᠳᠤᠨᠤᠨ ᠲᠤᠬᠠᠢ ᠶᠢᠨ ᠭᠠᠵᠠᠷ ᠤᠨ ᠬᠢᠨ ᠪᠠᠰᠠ ︽ᠴᠠ ᠪᠤᠭᠤ ᠶᠢᠨ ᠤᠷᠤᠯᠳᠤᠭᠠᠨ︾ ︽ᠴᠠ ᠪᠤᠭᠤ ᠦᠷᠡᠴᠢᠯᠡᠨ ᠲᠡᠵᠢᠭᠡᠬᠦ︾ ᠵᠡᠷᠭᠡ ᠠᠵᠢᠯᠯᠠᠭ᠎ᠠ | ᠥᠷᠨᠢᠭᠦᠯᠵᠦ᠂ ᠨᠠᠩ ᠣᠯᠠᠨ ᠵᠢᠭᠤᠯᠴᠢᠯᠠᠬᠰᠡᠳ ᠢ ᠲᠠᠳᠠᠨ ᠠᠪᠴᠢᠷᠠᠵᠠᠢ᠃ ︽ᠣᠲᠣ ᠮᠠᠨ ᠤ ︿ᠴᠠ ᠪᠤᠭᠤ ᠶᠢᠨ ᠰᠣᠶᠣᠯ ᠤᠨ ᠨᠤᠲᠤᠭ﹀ ᠰᠢᠨ᠎ᠡ ᠠᠮᠢᠵᠢᠷᠠᠯ ᠤᠨ | ᠬᠦᠴᠦᠨ ᠲᠠᠢ ᠪᠣᠯᠵᠤ᠂ ᠡᠸᠡᠩᠬᠢ ᠶᠢᠨ ᠲᠡᠵᠢᠭᠡᠨ ᠦᠷᠡᠵᠢᠭᠦᠯᠭᠦ ᠡᠷᠦᠭᠡ ᠨᠦᠭᠦᠳ ᠵᠢᠭᠤᠯᠴᠢᠯᠠᠯ᠂ ᠰᠣᠶᠣᠯ ᠤᠨ ᠡᠭᠦᠳᠦᠯᠲᠡ᠂ ᠴᠠ ᠪᠤᠭᠤ ᠶᠢᠨ ᠠᠰᠢᠭ ᠰᠢᠮ᠎ᠡ ᠶᠢ | ᠡᠳ᠋ᠰᠢᠭᠦᠯᠭᠦ ᠵᠡᠷᠭᠡ ᠪᠠᠷ ᠳᠡᠮᠵᠢᠨ᠂ ᠵᠢᠯ ᠤᠨ ᠬᠥᠮᠥᠨ ᠳᠤᠮᠳᠠᠴᠢ ᠶᠢᠨ ᠣᠷᠣᠯᠭ᠎ᠠ ᠨᠢ ᠭᠤᠷᠪᠠ ᠳᠥᠷᠪᠡᠨ ᠲᠦᠮᠡᠨ ᠲᠥᠭᠦᠷᠢᠭ ᠲᠤ ᠬᠦᠷᠴᠦ᠂ ᠴᠠ ᠪᠤᠭᠤ ᠲᠡᠵᠢᠭᠡᠬᠦ | ᠬᠠᠯᠠᠭᠤᠨ ᠰᠡᠳᠬᠢᠯᠭᠡ ᠨᠢ ᠴᠦ ᠤᠯᠠᠮ ᠠᠴᠠ ᠤᠯᠠᠮ ᠥᠨᠳᠥᠷ ᠪᠣᠯᠵᠤ ᠪᠠᠶᠢᠨ᠎ᠠ︾ ᠭᠡᠵᠦ ᠦ᠋ ᠳ᠋ᠠᠨ ᠬᠡᠯᠡᠨ᠎ᠡ᠃ |