— 2023 ᠣᠨ ᠤ 3 ᠰᠠᠷ᠎ᠠ ᠶᠢᠨ 22 ᠤᠨ ᠡᠳᠦᠷ ᠭᠡᠭᠡᠨ ᠭᠤᠣᠯ ᠬᠤᠳᠠ ᠶᠢᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠬᠤᠶᠠᠳᠤᠭᠠᠷ ᠤᠳᠠᠭᠠᠨ ᠤ ᠬᠤᠷᠠᠯ ᠳᠡᠭᠡᠷ᠎ᠡ | ᠭᠡᠭᠡᠨ ᠭᠤᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠰᠦᠨ ᠱᠠᠩ ᠭᠦᠸᠧ | | | | ᠲᠥᠯᠥᠭᠡᠯᠡᠭᠴᠢᠳ ᠡ᠄ | ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠵᠦ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠦᠪᠯᠡᠬᠦ ᠪᠣᠯᠪᠠᠤ᠂ | ᠲᠡᠭᠦᠨᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2022 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠪᠤᠯ ᠭᠡᠭᠡᠨ ᠭᠤᠣᠯ ᠤᠨ ᠡᠷᠡᠮᠡᠬᠡᠶᠢᠯᠡᠨ ᠤᠷᠤᠭᠰᠢᠯᠠᠵᠤ᠂ ᠲᠡᠷᠢᠭᠦᠨ ᠤ ᠪᠣᠯᠬᠤ ᠪᠠᠷ ᠡᠷᠡᠯᠬᠡᠭᠯᠡᠨ ᠲᠡᠮᠡᠴᠡᠭᠰᠡᠨ ᠨᠢᠭᠡ ᠵᠢᠯ ᠪᠣᠯᠤᠨ᠎ᠠ᠃ | ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠪᠦᠬᠦ ᠬᠤᠲᠠ ᠪᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠬᠤᠷᠠᠯᠳᠤᠬᠤ ᠶᠢ ᠤᠭᠲᠤᠬᠤ ᠪᠠ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠᠷ ᠭᠤᠣᠯ ᠰᠢᠵᠢᠮ ᠪᠣᠯᠭᠠᠵᠤ᠂ ︽ᠲᠠᠪᠤᠨ ᠶᠡᠭᠡ ᠡᠭᠦᠷᠭᠡ︾ ᠶᠢ | ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠶ ᠦᠷᠨᠢᠭᠦᠯᠵᠦ᠂ ︽ᠲᠠᠪᠤᠨ ᠶᠡᠭᠡ ᠠᠵᠢᠯᠯᠠᠭᠠᠨ ᠤ | ᠲᠥᠯᠥᠪᠯᠡᠭᠡ︾ ᠶᠢ ᠪᠥᠬᠦ ᠬᠦᠴᠦᠨ ᠢᠶᠠᠷ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠥᠨᠳᠥᠷ | ᠪᠦᠲᠦᠮᠵᠢᠲᠡᠶ ᠪᠠᠷ ᠨᠢᠭᠡᠳᠦᠯᠲᠡᠶ ᠲᠥᠯᠥᠪᠯᠡᠨ᠂ ᠲᠣᠭᠲᠠᠭᠤᠨ ᠤ ᠳᠤᠮᠳᠠ ᠳᠤ ᠤᠷᠤᠭᠰᠢᠯᠠᠵᠤ᠂ ᠬᠦᠴᠢᠷ ᠤᠨ ᠳᠤᠮᠳᠠ ᠠᠮᠵᠢᠯᠲᠠ ᠤᠯᠬᠤ ᠪᠠᠷ ᠴᠢᠷᠮᠠᠶᠢᠵᠤ᠂ ᠭᠡᠭᠡᠨ | ᠭᠤᠤᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ ᠪᠣᠬᠢᠷᠲᠤᠯ ᠥᠬᠡᠶ ᠬᠥᠭᠵᠢᠬᠦ᠂ ᠴᠢᠨᠠᠷ ᠰᠠᠶᠢᠲᠠᠶ ᠬᠥᠭᠵᠢᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃ | — ᠪᠢᠳᠡ ᠬᠦᠴᠦᠨ ᠢᠶᠠᠨ ᠲᠥᠪᠯᠡᠷᠡᠭᠦᠯᠦᠨ ᠲᠥᠷᠥᠯ ᠵᠦᠢᠯ ᠢ᠂ ᠪᠡᠯᠡ ᠣᠷᠣᠭᠤᠯᠤᠯᠲᠠ ᠶᠢ ᠥᠷᠭᠡᠳᠬᠡᠵᠦ᠂ ᠠᠵᠤ ᠠᠬᠤᠶ ᠶᠢᠨ ᠠᠵᠢᠯᠯᠠᠭᠠᠨ ᠢ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠪᠠ᠃ 38 ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 5.9 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠤᠯᠲᠠ ᠶᠢ ᠪᠡᠶᠡᠯᠡᠭᠦᠯᠵᠦ᠂ ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ᠂ ᠪᠠᠯᠠ ᠣᠷᠣᠭᠤᠯᠤᠯᠲᠠ ᠶᠢ ᠪᠡᠶᠡᠯᠡᠭᠦᠯᠦᠭᠰᠡᠨ | ᠨᠣᠷᠮ᠎ᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 6.2 ᠪᠠ 24.1 ᠵᠠᠭᠤᠨ ᠤ ᠨᠢᠭᠡᠴᠢ ᠳᠡᠭᠡᠭᠰᠢᠯᠡᠪᠡ᠃ ᠪᠥᠬᠦ ᠬᠤᠲᠠ ᠶᠢᠨ ᠭᠠᠵᠠᠷ ᠣᠷᠣᠨ ᠤ | ᠦᠢᠯᠡᠳᠪᠦᠷᠢᠯᠡᠯ ᠤᠨ ᠪᠥᠬᠦ ᠥᠷᠲᠡᠭ 36.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.4% ᠨᠡᠮᠡᠭᠳᠡᠪᠡ︔ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 5.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 17.1% ᠪᠠᠷ ᠨᠡᠮᠡᠭᠳᠡᠨ᠂ ᠬᠠᠷᠠᠯᠲᠠ ᠪᠠᠨ ᠪᠡᠶᠡᠯᠡᠭᠦᠯᠦᠭᠰᠡᠨ ᠨᠣᠷᠮ᠎ᠠ ᠬᠥᠯᠥᠨ ᠪᠤᠶᠢᠷ ᠬᠤᠲᠠ ᠳᠤ ᠬᠤᠶᠠᠳᠤᠭᠠᠷ ᠲᠤ ᠣᠷᠣᠪᠠ︔ | ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 7533 ᠲᠦᠮᠡᠨ ᠲᠥᠭᠦᠷᠢᠭ ᠪᠡᠶᠡᠯᠡᠭᠦᠯᠵᠦ᠂ ᠵᠢᠯ ᠤᠨ ᠡᠬᠢᠨ ᠤ ᠲᠥᠰᠦᠪ ᠤᠨ ᠣᠷᠣᠯᠭ᠎ᠠ ᠶᠢᠨ | 106% ᠶᠢ ᠪᠡᠶᠡᠯᠡᠭᠦᠯᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 12.6 ᠳ᠋ᠦᠩᠰᠢᠭᠤᠷ ᠲᠥᠭᠦᠷᠢᠭ ᠲᠤ ᠬᠦᠷᠴᠡᠶ︔ | ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 32356 ᠲᠥᠭᠦᠷᠢᠭ ᠲᠤ ᠬᠦᠷᠴᠦ᠂ | ᠨᠡᠮᠡᠭᠳᠡᠯ ᠤᠨ ᠬᠤᠷᠳᠤᠴᠠ ᠨᠢ ᠬᠥᠯᠥᠨ ᠪᠤᠶᠢᠷ ᠬᠤᠲᠠ ᠶᠢᠨ ᠳᠥᠷᠪᠡᠳᠦᠭᠡᠷ ᠲᠤ ᠣᠷᠣᠪᠠ᠃ ᠪᠣᠬᠢᠷᠲᠤᠯ ᠥᠬᠡᠶ ᠭᠦᠢᠴᠡᠳᠭᠡᠬᠦ ᠲᠤᠭ᠎ᠠ ᠶᠢ ᠪᠥᠬᠦ ᠲᠠᠯ᠎ᠠ ᠪᠠᠷ | ᠪᠡᠶᠡᠯᠡᠭᠦᠯᠪᠡ᠃ | — ᠪᠢᠳᠡ ᠬᠦᠴᠦᠨ ᠢᠶᠠᠨ ᠲᠥᠪᠯᠡᠷᠡᠭᠦᠯᠦᠨ ᠬᠠᠮᠠᠭᠠᠯᠠᠬᠤ ᠶᠢ ᠴᠢᠬᠤᠯᠠᠴᠢᠯᠠᠵᠤ᠂ ᠬᠤᠪᠢᠷᠠᠭᠤᠯᠤᠯᠲᠠ ᠶᠢ ᠠᠬᠢᠭᠤᠯᠵᠤ᠂ ᠠᠮᠢ ᠠᠬᠤᠢ ᠶᠢᠨ ᠳᠠᠪᠠᠭᠤᠯᠢᠭ ᠢ | ᠭᠦᠢᠴᠡᠳ ᠢᠯᠡᠷᠡᠭᠦᠯᠪᠡ᠃ ︽ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ᠂ ︽ᠭᠤᠷᠪᠠᠨ | ᠣᠷᠣᠨ ᠭᠤᠷᠪᠠᠨ ᠱᠤᠭᠤᠮ︾ ᠢ ᠵᠠᠭᠠᠭᠯᠠᠨ ᠲᠣᠭᠲᠠᠭᠠᠭᠰᠠᠨ ᠦᠷ᠎ᠡ ᠪᠦᠲᠦᠭᠡᠯ ᠢ ᠵᠢᠩᠬᠢᠨᠢ ᠪᠠᠷ ᠡᠬᠢᠯᠡᠨ ᠬᠡᠷᠡᠭᠯᠡᠪᠡ᠃ ᠭᠤᠣᠯ ᠮᠥᠷᠡᠨ ᠤ ᠳᠠᠷᠤᠭ᠎ᠠ ᠶᠢᠨ ᠳᠦᠷᠢᠮ ᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯ ᠮᠥᠷᠡᠨ ᠤ ᠵᠠᠮ ᠠᠴᠠ ᠬᠠᠶᠢᠷ ᠮᠠᠯᠲᠠᠬᠤ ᠠᠵᠢᠯᠯᠠᠭ᠎ᠠ ᠶᠢ ᠵᠢᠷᠤᠮᠵᠢᠭᠤᠯᠵᠤ᠂ ᠬᠤᠲᠠ ᠪᠠᠯᠭᠠᠰᠤ ᠬᠤᠶᠠᠷ ᠱᠠᠲᠤᠨ ᠤ | ᠭᠤᠣᠯ ᠮᠥᠷᠡᠨ ᠤ ᠳᠠᠷᠤᠭ᠎ᠠ ᠨᠠᠷ ᠭᠤᠣᠯ ᠮᠥᠷᠡᠨ ᠢ 720 ᠭᠠᠷᠤᠶ ᠤᠳᠠᠭ᠎ᠠ ᠲᠣᠭᠤᠷᠢᠨ ᠪᠠᠶᠢᠴᠠᠭᠠᠪᠠ᠃ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠪᠥᠬᠦ | ᠬᠦᠴᠦᠨ ᠢᠶᠠᠷ ᠠᠬᠢᠭᠤᠯᠵᠤ᠂ ᠬᠤᠶᠠᠳᠤᠭᠠᠷ ᠪᠦᠯᠦᠭ ᠤᠨ ︽ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠬᠤᠲᠠ︾ ᠶᠢ ᠡᠭᠦᠳᠦᠨ ᠪᠠᠶᠢᠭᠤᠯᠬᠤ | ᠨᠢᠭᠡᠴᠢ ᠳᠤ ᠣᠷᠣᠵᠤ᠂ 5000 ᠮᠥ ᠭᠤᠤᠯᠳᠠᠯᠭ᠎ᠠ ᠲᠠᠢ ᠭᠠᠵᠠᠷ ᠤᠨ ᠨᠣᠭᠤᠭᠠᠷᠠᠭᠤᠯᠤᠯᠲᠠ ᠶᠢ ᠪᠡᠶᠡᠯᠡᠭᠦᠯᠵᠦ᠂ 54740 ᠰᠠᠭᠤᠷᠢ ᠠᠯᠪᠠᠨ ᠵᠢᠷᠤᠮ ᠤᠨ ᠮᠣᠳᠣ | ᠲᠠᠷᠢᠵᠠᠢ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠶ ᠰᠠᠶᠢᠲᠤᠷ ᠬᠢᠵᠦ᠂ ᠬᠤᠲᠠ ᠶᠢᠨ ᠲᠣᠭᠤᠷᠢᠭ ᠤᠨ ᠪᠣᠬᠢᠷ | ᠤᠰᠤ ᠶᠢ ᠬᠤᠷᠢᠶᠠᠨ ᠴᠤᠭᠯᠠᠭᠤᠯᠬᠤ ᠨᠣᠷᠮ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠪᠡᠶᠡᠯᠡᠭᠦᠯᠵᠦ᠂ ᠮᠠᠨᠬᠥ᠋ᠢ᠂ ᠶᠢᠨ ᠾᠧ ᠶᠢᠨ ᠬᠤᠭ ᠨᠣᠪᠰᠢ ᠶᠢ | ᠰᠢᠢᠳᠪᠦᠷᠢᠯᠡᠬᠦ ᠦᠢᠯᠡᠳᠪᠦᠷᠢ ᠶᠢᠨ ᠪᠥᠲᠥᠭᠡᠨ ᠪᠠᠶᠢᠭᠤᠯᠤᠯᠲᠠ ᠰᠡᠭᠦᠯ ᠬᠤᠷᠢᠶᠠᠬᠤ ᠱᠠᠲᠤᠨ ᠳᠤ ᠣᠷᠣᠪᠠ᠃ ᠠᠭᠠᠷ ᠤᠨ ᠶᠠᠰᠤ ᠴᠢᠨᠠᠷ ᠰᠢᠯᠢᠳᠡᠭ ᠰᠠᠶᠢᠨ | ᠡᠳᠦᠷ ᠤᠨ ᠲᠤᠭ᠎ᠠ ᠶᠢᠨ ᠬᠠᠷᠢᠴᠠᠯ 100% ᠳᠤ ᠬᠦᠷᠪᠡ᠃ ᠲᠦᠪ ᠤᠨ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠰᠢᠪᠠᠳᠠᠨ | ᠪᠠᠶᠢᠴᠠᠭᠠᠯᠲᠠ ᠶᠢᠨ ᠵᠠᠬᠢᠳᠠᠯ ᠰᠤᠷᠪᠤᠯᠵᠢᠯᠠᠭ᠎ᠠ ᠶᠢ ᠰᠢᠢᠳᠪᠦᠷᠢᠯᠡᠨ ᠳᠤᠭᠤᠰᠬᠠᠪᠠ᠃ ᠦᠪᠡᠷᠲᠡᠭᠡᠨ ᠵᠠᠰᠠᠬᠤ ᠣᠷᠣᠨ ᠤ ᠲᠠᠰ ᠤᠨ ᠳᠤᠤᠷ᠎ᠠ ᠨᠡᠭᠦᠷᠡᠰᠦᠲᠥ᠋ᠷᠥᠭᠴᠢ | ᠬᠤᠰᠢᠭᠤ ᠰᠢᠶᠠᠨ ᠤ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠤᠷᠤᠭᠰᠢᠲᠠᠶ ᠶᠠᠪᠤᠭᠳᠠᠪᠠ᠃ ᠬᠠᠨ ᠮᠠ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠨᠢ ᠳᠡᠯᠡᠬᠡᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠬᠤᠯᠪᠣᠭᠠᠨ ᠤ ᠪᠣᠬᠢᠷᠲᠤᠯ ᠦᠭᠡᠢ ᠨᠡᠷᠡᠰ ᠤᠨ ᠵᠢᠭᠰᠠᠭᠠᠯᠲᠠ ᠳᠤ ᠣᠷᠣᠵᠤ᠂ | ᠠᠯᠦ᠋ᠩᠱᠠᠨ ᠠᠭᠤᠯᠠ ᠶᠢᠨ ᠣᠯᠭᠤᠶᠠ ᠨᠤᠭᠤ ᠭᠠᠵᠠᠷ ᠤᠨ ᠴᠡᠴᠡᠷᠯᠢᠭ ᠨᠢ ᠤᠯᠤᠰ ᠤᠨ ᠲᠡᠰ ᠤᠨ ᠪᠠᠶᠢᠭᠠᠯᠢ ᠶᠢᠨ ᠴᠡᠴᠡᠷᠯᠢᠭ ᠤᠨ ᠰᠢᠯᠭᠠᠷᠠᠭᠤᠯᠤᠯᠲᠠ ᠳᠤ ᠬᠢᠷᠢ | ᠲᠡᠩᠴᠡᠵᠡᠢ᠃ ᠮᠠᠨ ᠤ ᠬᠤᠳᠠ 2022 ᠣᠨ ᠤ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠠᠭᠤᠯᠠ ᠮᠥᠩᠭᠦᠨ ᠠᠭᠤᠯᠠ ᠶᠢᠨ ᠦᠢᠯᠡᠳᠦᠯᠭᠡ ᠶᠢᠨ | ᠰᠢᠯᠢᠳᠡᠭ ᠬᠤᠳᠠ ᠶᠢᠨ ᠴᠣᠯᠠ ᠪᠠᠷ ᠦᠨᠡᠯᠡᠭᠳᠡᠪᠡ᠃ | — ᠪᠢᠳᠠ ᠬᠦᠴᠦᠨ ᠢᠶᠠᠨ ᠲᠥᠪᠯᠡᠷᠡᠭᠦᠯᠦᠨ ᠪᠦᠲᠦᠴᠡ ᠶᠢ ᠰᠢᠯᠢᠳᠡᠭᠵᠢᠭᠦᠯᠵᠦ᠂ ᠲᠡᠰ ᠳᠡᠪᠰᠢᠬᠦ ᠶᠢ ᠠᠬᠢᠭᠤᠯᠵᠤ᠂ ᠳᠠᠪᠠᠭᠤᠯᠢᠭ ᠲᠠᠯ᠎ᠠ ᠢ ᠠᠯᠬᠤᠮ | ᠠᠯᠬᠤᠮ ᠢᠶᠠᠷ ᠢᠯᠡᠷᠡᠭᠦᠯᠪᠡ᠃ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠪᠠᠷ ᠬᠥᠭᠵᠢᠭᠦᠯᠬᠦ ᠶᠢ ᠪᠠᠷᠢᠮᠲᠠᠯᠠᠵᠤ᠂ ︽ᠲᠠᠪᠤᠨ ᠶᠡᠭᠡ | ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠶ ᠬᠡᠷᠡᠭᠵᠢᠭᠦᠯᠦᠨ᠂ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ | ᠠᠵᠤ ᠦᠢᠯᠡᠰ ᠤᠨ ᠠᠭᠤᠰᠤᠯᠴᠠᠨ ᠬᠥᠭᠵᠢᠬᠦ ᠦᠷ᠎ᠡ ᠪᠦᠲᠦᠮᠵᠢ ᠢᠯᠡᠳᠲᠡ ᠪᠣᠯᠪᠠ᠃ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ ᠬᠥᠭᠵᠢᠭᠦᠯᠦᠨ᠎ᠡ᠃ ᠬᠥᠯᠥᠨ ᠪᠤᠶᠢᠷ ᠬᠤᠲᠠ ᠶᠢᠨ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠡᠭᠡ ᠬᠤᠷᠠᠯ ᠤᠨ ᠲᠣᠭᠤᠷᠢᠨ ᠦᠵᠡᠬᠦ ᠠᠵᠢᠯ ᠢ ᠲᠡᠭᠦᠰ | ᠠᠮᠵᠢᠯᠲᠠ ᠲᠠᠢ ᠪᠡᠶᠡᠯᠡᠭᠦᠯᠪᠡ᠃ ᠤᠯᠭᠤᠶᠠ ᠰᠢᠶᠠᠩ ᠤᠨ ᠦᠵᠡᠮᠵᠢ ᠶᠢᠨ ᠣᠷᠣᠨ ᠤ ᠵᠢᠭᠤᠯᠴᠢᠯᠠᠯ ᠤᠨ ᠪᠠᠶᠢᠷᠢᠰᠢᠭᠤᠯᠤᠯᠲᠠ ᠶᠢ ᠨᠠᠷᠢᠨ ᠨᠢᠮᠪᠠᠶ ᠲᠥᠯᠥᠪᠯᠡᠵᠦ᠂ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠲᠤᠰᠬᠠᠶ ᠵᠦᠢᠯ ᠤᠨ ᠵᠢᠭᠡᠯᠡᠯᠭᠡ ᠭᠤᠶᠤᠴᠢᠯᠠᠬᠤ ᠪᠠᠷ ᠳᠡᠮᠵᠢᠨ᠂ 1.6 ᠳ᠋ᠦᠩᠰᠢᠭᠤᠷ ᠲᠥᠭᠦᠷᠢᠭ ᠤᠨ ᠪᠠᠯᠠ | ᠮᠥᠩᠭᠦ ᠣᠷᠣᠭᠤᠯᠵᠤ᠂ ᠤᠯᠭᠤᠶᠠ ᠶᠢᠨ ᠴᠡ ᠪᠤᠭᠤ ᠶᠢᠨ ᠦᠵᠡᠮᠵᠢ ᠶᠢᠨ ᠣᠷᠣᠨ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ | ᠪᠠᠯᠠᠷ ᠡᠷᠲᠡᠨ ᠤ ᠠᠶᠢᠮᠠᠭ᠂ ᠮᠦᠽᠧᠶ᠂ ᠨᠡᠷᠡᠨ ᠬᠤᠲᠠ᠂ ᠤᠯᠭᠤᠶᠠ ᠶᠢᠨ ᠪᠠᠭᠤᠳᠠᠯ ᠢ ᠥᠭᠡᠷᠡᠴᠢᠯᠡᠨ ᠲᠠᠰ ᠳᠡᠪᠰᠢᠭᠦᠯᠵᠦ᠂ ᠵᠢᠭᠤᠯᠴᠢᠯᠠᠭᠴᠢᠳ ᠤᠨ ᠠᠰᠠᠭᠤᠨ | ᠯᠠᠪᠯᠠᠬᠤ ᠦᠢᠯᠡᠴᠢᠯᠡᠭᠡᠨ ᠤ ᠲᠥᠪ᠂ ᠪᠠᠷᠠᠭᠤᠨ ᠦᠵᠦᠭᠦᠷᠯᠢᠭ ᠤᠨ ᠬᠤᠸᠠᠷᠠᠨ ᠢ ᠪᠥᠲᠥᠭᠡᠨ ᠪᠠᠶᠢᠭᠤᠯᠵᠤ᠂ ᠦᠵᠡᠮᠵᠢ ᠶᠢᠨ ᠣᠷᠣᠨ ᠤ ᠵᠠᠮ ᠤᠨ ᠲᠡᠮᠳᠡᠭ᠂ | ᠣᠶᠤᠨᠴᠢᠯᠠᠭᠰᠠᠨ ᠵᠢᠭᠤᠯᠴᠢᠯᠠᠯ ᠤᠨ ᠰᠢᠰᠲ᠋ᠧᠮ ᠢ ᠲᠡᠭᠦᠯᠳᠡᠷᠵᠢᠭᠦᠯᠪᠡ᠃ ᠨᠢᠭᠡ ᠵᠢᠯ ᠤᠨ ᠲᠡᠮᠴᠡᠯᠲᠡ ᠪᠠᠷ ᠳᠡᠮᠵᠢᠨ᠂ ᠣᠯᠭᠤᠶᠠ ᠴᠡ ᠪᠤᠭᠤ ᠶᠢᠨ ᠠᠶᠢᠮᠠᠭ ᠢ | ᠤᠯᠤᠰ ᠤᠨ 4A ᠲᠠᠰ ᠤᠨ ᠦᠵᠡᠮᠵᠢ ᠶᠢᠨ ᠣᠷᠣᠨ ᠳᠤ ᠳᠡᠪᠰᠢᠭᠦᠯᠵᠦ᠂ ᠣᠯᠠᠨ ᠵᠢᠯ ᠤᠨ ᠴᠢᠷᠮᠠᠶᠢᠯᠭ᠎ᠠ ᠶᠢᠨ ᠬᠠᠷᠠᠯᠲᠠ ᠪᠠᠨ ᠪᠡᠶᠡᠯᠡᠭᠦᠯᠵᠡᠶ᠃ ᠬᠦᠢᠲᠡᠨ | ᠲᠦᠢᠯ ᠤᠨ ᠮᠥᠰᠥ ᠴᠠᠰᠤᠨ ᠤ ᠤᠯᠠᠷᠢᠯ᠂ ᠴᠠ ᠪᠤᠭᠤ ᠸᠠᠩ ᠤᠨ ᠤᠷᠤᠯᠳᠤᠭᠠᠨ ᠵᠡᠷᠭᠡ ᠰᠢᠷᠢᠰ ᠵᠢᠭᠤᠯᠴᠢᠯᠠᠯ ᠤᠨ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ ︽ | ᠮᠠᠨ ᠤ ᠣᠯᠭᠤᠶᠠ︾ ᠶᠢᠨ ᠬᠤᠳᠠᠯᠳᠤᠭᠠᠴᠢᠯᠠᠭᠰᠠᠨ ᠲᠣᠭᠯᠠᠯᠲᠠ ᠶᠢ ᠪᠡᠶᠡᠯᠡᠭᠦᠯᠵᠦ᠂ ︽ᠠᠶᠠᠨᠳᠠᠭᠠᠨ ᠦᠨᠦᠷ ᠠᠮᠲᠠ ᠲᠠᠢ︾ ᠠᠮᠲᠠᠲᠤ ᠢᠳᠡᠭᠡᠨ ᠫᠷᠤᠭ᠍ᠷᠠᠮ ᠢᠶᠠᠷ | ᠳᠠᠮᠵᠢᠨ ᠬᠤᠲᠠ ᠶᠢᠨ ︽ᠰᠥᠨᠢ ᠶᠢᠨ ᠠᠵᠤ ᠠᠬᠤᠶ︾ ᠶᠢ ᠭᠡᠷᠡᠯᠲᠦᠭᠦᠯᠪᠡ᠃ ︽ᠭᠡᠭᠡᠨ ᠭᠤᠣᠯ ᠤᠨ ᠠᠮᠲᠠᠲᠤ ᠢᠳᠡᠭᠡᠨ ᠤ ᠭᠠᠵᠠᠷ ᠤᠨ ᠵᠢᠷᠤᠭ︾ ᠰᠣᠶᠣᠯ | ᠵᠤᠭᠠᠴᠠᠯ ᠤᠨ ᠠᠷᠠᠳ ᠲᠤ ᠲᠦᠬᠦᠮ ᠦᠵᠡᠭᠦᠯᠬᠦ ᠦᠢᠯᠡᠴᠢᠯᠡᠭᠡᠨ ᠤ ᠫᠷᠤᠭ᠍ᠷᠠᠮ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠪᠠ᠃ ︽ᠤᠢ ᠰᠢᠭᠤᠢ ᠶᠢᠨ ᠦᠨᠦᠷ | ᠠᠮᠲᠠ︾ ᠭᠠᠯ ᠲᠣᠭᠤᠭᠠᠨ ᠤ ᠮᠡᠷᠭᠡᠵᠢᠯ ᠤᠨ ᠤᠷᠤᠯᠳᠤᠭᠠᠨ ᠳᠤ᠂ ᠭᠡᠭᠡᠨ ᠭᠤᠣᠯ ᠤᠨ ᠠᠮᠲᠠᠲᠤ ᠢᠳᠡᠭᠡᠨ ᠢ ᠠᠮᠲᠠᠯᠠᠪᠠ᠃ ︽ᠬᠠᠯᠠᠭᠤᠨ ᠰᠡᠳᠬᠢᠯᠭᠡ ᠶᠢᠨ | ᠤᠷᠢᠯᠭ᠎ᠠ︾ ᠵᠡᠷᠭᠡ ᠭᠡᠭᠡᠨ ᠭᠤᠣᠯ ᠬᠤᠳᠠ ᠶᠢᠨ ᠤᠬᠠᠭᠤᠯᠭ᠎ᠠ ᠶᠢᠨ ᠹᠢᠯᠢᠮ ᠨᠢ ᠭᠡᠭᠡᠨ ᠭᠤᠣᠯ ᠤᠨ ᠭᠤᠶᠤ ᠦᠵᠡᠮᠵᠢ ᠶᠢ ᠭᠦᠢᠴᠡᠳ ᠳᠡᠯᠭᠡᠨ ᠦᠵᠡᠭᠦᠯᠵᠡᠢ᠃ | ᠲᠤᠮᠤ ᠬᠡᠯᠪᠡᠷᠢ ᠶᠢᠨ ᠰᠣᠶᠣᠯ ᠵᠤᠭᠠᠴᠠᠯ ᠤᠨ ᠰᠤᠷᠪᠤᠯᠵᠢᠯᠠᠭ᠎ᠠ ᠶᠢᠨ ᠫᠷᠤᠭ᠍ᠷᠠᠮ ︽ᠠᠭᠤᠯᠠ ᠤᠰᠤᠨ ᠤ ᠳᠤᠮᠳᠠᠬᠢ ᠬᠡᠷ︾ ᠢ ᠲᠥᠪ ᠤᠨ ᠲᠧᠯᠧᠢᠰ ᠬᠤᠷᠢᠶ᠎ᠠ ᠳᠡᠭᠡᠷ᠎ᠡ | ᠨᠡᠪᠲᠡᠷᠡᠭᠦᠯᠵᠦ᠂ ᠦᠵᠡᠭᠴᠢᠳ ᠤᠨ ᠬᠡᠪᠴᠢᠶ᠎ᠡ 2 ᠳ᠋ᠦᠩᠰᠢᠭᠤᠷ ᠬᠥᠮᠦᠨ ᠤᠳᠠᠭ᠎ᠠ ᠳᠤ ᠬᠦᠷᠴᠦ᠂ ᠰᠢᠨ᠎ᠡ ᠵᠠᠭᠤᠴᠢᠯᠠᠭᠤᠷ ᠤᠨ ᠬᠢᠨ 4 ᠳ᠋ᠦᠩᠰᠢᠭᠤᠷ ᠬᠥᠮᠦᠨ | ᠤᠳᠠᠭ᠎ᠠ ᠶᠢ ᠪᠦᠷᠬᠦᠵᠦ᠂ ᠤᠯᠭᠤᠶᠠ ᠶᠢᠨ ᠨᠡᠷ᠎ᠡ ᠠᠯᠳᠠᠷ ᠶᠡᠬᠡᠪᠡᠷ ᠳᠡᠭᠡᠭᠰᠢᠯᠡᠵᠡᠢ᠃ ᠪᠥᠬᠦ ᠵᠢᠯ ᠳᠤ 101 ᠲᠦᠮᠡᠨ ᠵᠤᠭᠠᠴᠠᠭᠰᠠᠳ ᠢ ᠭᠥᠯᠢᠶᠡᠨ ᠠᠪᠴᠤ᠂ | ᠵᠢᠭᠤᠯᠴᠢᠯᠠᠯ ᠤᠨ ᠣᠷᠣᠯᠭ᠎ᠠ 12.16 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 5.7% ᠪᠠ 5.5% ᠪᠠᠷ | ᠨᠡᠮᠡᠭᠳᠡᠪᠡ᠃ ᠲᠠᠷᠢᠶᠠᠯᠠᠩ ᠮᠠᠯ ᠠᠵᠤ ᠠᠬᠤᠶ ᠶᠢᠨ ᠨᠡᠮᠡᠭᠳᠡᠯ ᠤᠨ ᠬᠡᠮᠵᠢᠶ᠎ᠡ ᠪᠠ ᠦᠷ᠎ᠡ ᠪᠦᠳᠦᠮᠵᠢ ᠶᠢ ᠳᠡᠭᠡᠭᠰᠢᠯᠡᠭᠦᠯᠪᠡ᠃ ᠠᠮᠤ ᠪᠤᠳᠠᠭᠠᠨ ᠤ ᠠᠮᠤᠷ | ᠲᠦᠪᠰᠢᠨ ᠢ ᠪᠠᠲᠤᠯᠠᠬᠤ ᠶᠢ ᠲᠣᠪᠤᠶᠢᠮ᠎ᠠ ᠪᠠᠶᠢᠷᠢᠨ ᠳᠤ ᠲᠠᠯᠪᠢᠵᠤ᠂ 1.43 ᠲᠦᠮᠡᠨ ᠮᠥ ᠠᠮᠤ ᠪᠤᠳᠠᠭ᠎ᠠ ᠲᠠᠷᠢᠵᠠᠢ᠃ ᠬᠦᠢᠲᠡᠨ ᠲᠦᠢᠯ ᠤᠨ ᠪᠢᠯᠢᠭᠲᠦ ᠳᠠᠯᠳᠦ | ᠡᠯᠪᠡᠭ ᠬᠤᠷᠢᠶᠠᠯᠲᠠ ᠣᠯᠵᠤ᠂ ︽ᠬᠢᠩᠭᠠᠨ ᠨᠢᠭᠡᠳᠦᠭᠡᠷ︾ ᠬᠥᠬᠡ ᠬᠦᠵᠡᠶᠢᠵᠠᠭᠡᠨᠡ ᠶᠢᠨ ᠳᠡᠯᠭᠡᠷᠡᠭᠦᠯᠦᠯᠲᠡ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠥᠪᠡᠷᠲᠡᠭᠡᠨ | ᠵᠠᠰᠠᠬᠤ ᠣᠷᠣᠨ ᠤ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠪᠡ᠃ ᠣᠯᠭᠤᠶᠠ ᠶᠢᠨ ᠴᠠ ᠪᠤᠭᠤ ᠶᠢ ᠤᠯᠤᠰ ᠤᠨ ᠭᠤᠤᠯᠳᠠᠯᠭ᠎ᠠ ᠲᠠᠢ ᠨᠡᠶᠢᠳᠡᠮ ᠪᠠᠶᠢᠴᠠᠭᠠᠬᠤ | ᠡᠲᠡᠭᠡᠳ ᠢᠶᠠᠷ ᠵᠢᠭᠰᠠᠭᠠᠵᠤ᠂ ᠴᠠ ᠪᠤᠭᠤ ᠶᠢᠨ ᠡᠭᠦᠯᠳᠡᠷ ᠬᠠᠮᠠᠭᠠᠯᠠᠬᠤ ᠲᠠᠯᠠᠪᠠᠶ ᠨᠢ ᠤᠯᠤᠰ ᠤᠨ ᠮᠠᠯ ᠠᠵᠤ ᠠᠬᠤᠶ ᠶᠢᠨ ᠶᠡᠷᠦᠩᠬᠡᠶ ᠥᠷᠲᠡᠭᠡ ᠶᠢᠨ ᠰᠢᠯᠭᠠᠨ | ᠪᠠᠶᠢᠴᠠᠭᠠᠯᠲᠠ ᠳᠤ ᠬᠢᠷᠢ ᠲᠡᠩᠴᠡᠵᠦ᠂ ᠴᠠ ᠪᠤᠭᠤ ᠶᠢᠨ ᠳᠦᠷᠰᠦ ᠶᠢᠨ ᠰᠦᠷᠦᠭ ᠤᠨ ᠶᠠᠰᠤ ᠴᠢᠨᠠᠷ ᠲᠣᠭᠲᠠᠭᠤᠨ ᠢᠶᠠᠷ ᠨᠡᠮᠡᠭᠳᠡᠪᠡ᠃ ᠮᠠᠯ ᠤᠨ ᠲᠤᠭ᠎ᠠ ᠲᠣᠯᠣᠭᠠᠶ 2 | ᠲᠦᠮᠡ ᠳᠤ ᠬᠥᠷᠪᠡ᠃ ᠰᠢᠨ᠎ᠡ ᠪᠠᠷ ᠬᠥᠭᠵᠢᠭᠰᠡᠨ ᠠᠵᠤ ᠦᠢᠯᠡᠰ ᠲᠥᠪᠯᠡᠷᠡᠨ ᠬᠥᠭᠵᠢᠪᠡ᠃ ᠬᠦᠢᠳᠡᠨ ᠡᠬᠢ ᠪᠠᠶᠠᠯᠢᠭ᠂ ᠠᠭᠠᠷ ᠤᠨ ᠣᠷᠣᠨ ᠤ ᠡᠬᠢ ᠪᠠᠶᠠᠯᠢᠭ ᠤᠨ | ᠳᠠᠪᠠᠭᠤᠯᠢᠭ ᠢ ᠭᠦᠨ ᠠᠭᠤᠳᠠᠯᠵᠤ᠂ ︽ᠳᠤᠮᠳᠠᠳᠤ ᠤᠯᠤᠰ ᠤᠨ ᠬᠦᠢᠳᠡᠨ ᠲᠦᠢᠯ︾ ᠤᠨ ᠬᠦᠢᠳᠡᠨ ᠡᠬᠢ ᠪᠠᠶᠠᠯᠢᠭ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ | ᠠᠮᠵᠢᠯᠲᠠ ᠲᠠᠢ ᠪᠠᠷ ᠪᠠᠶᠢᠭᠤᠯᠵᠤ᠂ 200 ᠭᠠᠷᠤᠶ ᠲᠤᠰᠬᠠᠶ ᠮᠡᠷᠭᠡᠵᠢᠯᠲᠡᠨ ᠬᠦᠢᠳᠡᠨ ᠡᠬᠢ ᠪᠠᠶᠠᠯᠢᠭ ᠤᠨ ᠲᠦᠷᠦᠯ ᠵᠦᠢᠯ ᠤᠨ ᠰᠤᠳᠤᠯᠭᠠᠨ ᠢ ᠥᠷᠨᠢᠭᠦᠯᠪᠡ᠃ | ᠳᠤᠮᠳᠠᠳᠤ ᠤᠯᠤᠰ ᠤᠨ ᠡᠭᠴᠡ ᠨᠢᠰᠬᠡᠯ ᠤᠨ ᠵᠢᠷᠤᠭ ᠲᠥᠯᠥᠪᠯᠡᠭᠡᠨ ᠤ ᠰᠤᠳᠤᠯᠭᠠᠨ ᠤ ᠭᠠᠵᠠᠷ᠂ ᠰᠢ ᠠᠨ ᠤ ᠲᠤᠷᠰᠢᠨ ᠨᠢᠰᠬᠦ ᠬᠦᠷᠢᠶᠡᠯᠡᠩ ᠥᠨᠳᠥᠷ ᠬᠦᠢᠳᠡᠨ ᠳᠤ | ᠨᠢᠰᠬᠦ ᠪᠠᠭᠠᠵᠢ ᠶᠢᠨ ᠲᠤᠷᠰᠢᠨ ᠨᠢᠰᠬᠦ ᠪᠠ ᠵᠤᠨ ᠤ ᠤᠯᠠᠷᠢᠯ ᠤᠨ ᠠᠴᠢᠶᠠᠨ ᠤ ᠨᠢᠰᠦᠯᠲᠡ ᠶᠢᠨ ᠰᠢᠯᠭᠠᠯᠲᠠ ᠶᠢ ᠪᠡᠶᠡᠯᠡᠭᠦᠯᠪᠡ᠃ ᠴᠠᠩ ᠴᠧᠩ ᠺᠣᠮᠫᠠᠨᠢ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠡᠪᠦᠯ ᠤᠨ ᠤᠯᠠᠷᠢᠯ ᠤᠨ ᠰᠢᠯᠭᠠᠯᠲᠠ ᠶᠢ ᠪᠡᠶᠡᠯᠡᠭᠦᠯᠵᠦ᠂ ᠳ᠋ᠦᠩ ᠴᠧ ᠳ᠋ᠢ ᠺᠣᠮᠫᠠᠨᠢ 34 ᠨᠠᠷᠠᠲᠤ ᠲᠡᠮᠳᠡᠭ ᠤᠨ 60 ᠭᠠᠷᠤᠶ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠥᠨᠳᠥᠷ ᠬᠦᠢᠲᠡᠨ ᠳᠤ ᠬᠡᠮᠵᠢᠨ ᠲᠣᠭᠲᠠᠭᠠᠯᠲᠠ ᠬᠢᠬᠦ ᠶᠢ ᠪᠡᠶᠡᠯᠡᠭᠦᠯᠵᠦ᠂ ᠬᠦᠢᠲᠡᠨ ᠡᠬᠢ ᠪᠠᠶᠠᠯᠢᠭ ᠤᠨ ᠥᠷᠲᠡᠭ ᠤᠨ | ᠬᠤᠪᠢᠷᠠᠭᠤᠯᠤᠯᠲᠠ ᠶᠢᠨ ᠰᠢᠨ᠎ᠡ ᠰᠢᠪᠲᠤᠯᠤᠯᠲᠠ ᠶᠢ ᠪᠡᠶᠡᠯᠡᠭᠦᠯᠪᠡ᠃ ᠠᠮᠢ ᠠᠬᠤᠶ ᠶᠢᠨ ᠠᠵᠤ ᠦᠢᠯᠡᠰ ᠴᠠᠭ ᠤᠨ ᠪᠠᠶᠢᠳᠠᠯ ᠢ ᠠᠮᠵᠢᠨ ᠬᠥᠭᠵᠢᠪᠡ᠃ ᠬᠥᠬᠡ | ᠬᠦᠵᠡᠯᠵᠡᠭᠡᠨ᠎ᠡ᠂ ᠪᠢᠯᠢᠭᠲᠦ ᠳᠡᠯᠳᠡᠦ᠂ ᠠᠭᠤᠷᠬᠠᠶ ︵ᠠᠭᠤᠯᠠ︶ ᠶᠢᠨ ᠪᠤᠯᠠᠭ ᠤᠨ ᠤᠰᠤ ᠪᠠᠷ ᠭᠤᠤᠯ ᠪᠣᠯᠭᠠᠭᠰᠠᠨ ᠪᠣᠬᠢᠷᠲᠤᠯ ᠥᠬᠡᠶ ᠢᠳᠡᠭᠡᠨ ᠡᠳ᠋ᠰᠢᠭᠦᠯᠬᠦ ᠶᠢ | ᠠᠬᠢᠭᠤᠯᠵᠤ᠂ 12 ᠡᠷᠦᠬᠡ ᠶᠢᠨ ᠣᠶ ᠶᠢᠨ ᠬᠤᠷᠮᠣᠶ ᠶᠢᠨ ᠪᠦᠲᠦᠭᠡᠭᠳᠡᠬᠦᠨ ᠡᠳ᠋ᠰᠢᠭᠦᠯᠬᠦ ᠠᠵᠤ ᠠᠬᠤᠶᠢᠯᠠᠯ ᠤᠨ ᠵᠢᠯ ᠤᠨ ᠦᠢᠯᠡᠳᠭᠦᠨ ᠤ ᠥᠷᠲᠡᠭ 1700 ᠲᠦᠮᠡᠨ | ᠲᠥᠭᠦᠷᠢᠭ ᠲᠤ ᠬᠥᠷᠪᠡ᠃ ᠬᠤᠩ ᠶᠤᠸᠠᠨ ᠺᠣᠮᠫᠠᠨᠢ ᠬᠥᠯᠥᠨ ᠪᠤᠶᠢᠷ ᠬᠤᠲᠠ ᠶᠢᠨ ᠲᠠᠰ ᠤᠨ ︽ᠲᠤᠰᠬᠠᠶ ᠨᠠᠷᠢᠯᠢᠭ ᠣᠨᠴᠠ ᠰᠢᠨ᠎ᠡ︾ ᠪᠤᠶᠢᠵᠢᠭᠤᠯᠤᠯᠲᠠ ᠶᠢᠨ | ᠬᠥᠮᠥᠷᠭᠡ ᠳᠤ ᠰᠣᠩᠭᠤᠭᠳᠠᠨ ᠭᠤᠤᠯᠳᠠᠯᠭ᠎ᠠ ᠲᠠᠢ ᠬᠦᠮᠦᠵᠢᠭᠦᠯᠪᠡ᠃ ᠵᠢᠶ ᠯᠦ ᠺᠣᠮᠫᠠᠨᠢ ᠶᠢᠨ ᠣᠶ ᠶᠢᠨ ᠬᠤᠷᠮᠣᠶ ᠶᠢᠨ ᠦᠢᠯᠡᠳᠭᠦᠨ ᠨᠢ CCTV ᠶᠢᠨ ᠳᠤᠮᠳᠠ | ᠬᠠᠷᠠᠭᠠᠲᠤ ᠪᠠᠷᠠᠭ᠎ᠠ ᠬᠤᠳᠠᠯᠳᠤᠨ ᠠᠪᠬᠤ ᠪᠠᠷ ᠰᠣᠩᠭᠤᠭᠳᠠᠵᠤ᠂ ︽ᠳᠠᠯᠳᠠ ᠬᠦᠴᠦᠨ ᠲᠠᠢ ᠰᠢᠨ᠎ᠡ ᠤᠯᠤᠰ ᠤᠨ ᠪᠠᠷᠠᠭ᠎ᠠ︾ ᠶᠢᠨ ᠨᠠᠷᠠᠲᠤ ᠲᠡᠮᠳᠡᠭ ᠢᠶᠠᠷ | ᠦᠨᠡᠯᠡᠭᠳᠡᠪᠡ᠃ ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠢ ᠡᠭᠦᠳᠦᠨ ᠰᠢᠯᠢᠳᠡᠭ ᠢ ᠡᠭᠦᠳᠴᠦ ᠬᠥᠭᠵᠢᠭᠦᠯᠦᠨ᠎ᠡ᠃ ᠮᠣᠳᠣᠨ ᠮᠠᠲ᠋ᠧᠷᠢᠶᠠᠯ ᠡᠳ᠋ᠰᠢᠭᠦᠯᠬᠦ ᠦᠢᠯᠡᠰ ᠢ | ᠨᠠᠷᠢᠯᠢᠬᠵᠢᠭᠤᠯᠬᠤ ᠴᠢᠭᠯᠡᠯ ᠢᠶᠠᠷ ᠤᠷᠤᠭᠰᠢᠯᠠᠭᠤᠯᠵᠤ᠂ ᠭᠧᠨ ᠯᠢᠨ ᠮᠣᠳᠣᠨ ᠤ ᠦᠢᠯᠡᠰ ᠤᠨ ᠺᠣᠮᠫᠠᠨᠢ ᠶᠢ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ | ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠠᠴᠠ ᠤᠭᠰᠠᠷᠠᠮᠠᠯ ᠮᠠᠶ᠋ᠢᠭ ᠤᠨ ᠮᠣᠳᠣᠨ ᠪᠦᠲᠦᠴᠡ ᠲᠠᠢ ᠪᠠᠷᠢᠯᠭ᠎ᠠ ᠶᠢᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠢᠶᠠᠷ ᠮᠠᠭᠠᠳᠯᠠᠨ ᠲᠣᠭᠲᠠᠭᠠᠪᠠ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠵᠤ᠂ ᠱᠠᠨᠵᠢᠨ᠂ ᠰᠧᠨ | ᠰᠢᠨ ᠠᠭᠤᠷᠬᠠᠶ ᠶᠢᠨ ᠦᠢᠯᠡᠰ ᠪᠣᠬᠢᠷᠲᠤᠯ ᠥᠬᠡᠶ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠪᠡᠶᠡᠯᠡᠭᠦᠯᠵᠦ᠂ ᠠᠭᠤᠷᠬᠠᠶ ᠶᠢᠨ ᠠᠵᠤ ᠠᠬᠤᠶᠢᠯᠠᠯ ᠤᠳ ᠡᠬᠢ | ᠪᠠᠶᠠᠯᠢᠭ ᠤᠨ ᠬᠤᠷᠣᠭᠳᠠᠯ ᠢᠶᠠᠷ ᠪᠠᠭ᠎ᠠ᠂ ᠣᠷᠴᠢᠨ ᠲᠣᠭᠤᠷᠢᠨ ᠤ ᠪᠣᠬᠢᠷᠲᠤᠯ ᠢᠶᠠᠷ ᠪᠠᠭ᠎ᠠ᠂ ᠠᠵᠤ ᠠᠬᠤᠶ ᠶᠢᠨ ᠦᠷ᠎ᠡ ᠠᠰᠢᠭ ᠢᠶᠠᠷ ᠰᠠᠶᠢᠨ ᠪᠠᠶᠢᠬᠤ ᠴᠢᠭᠯᠡᠯ ᠲᠡᠰᠢ | ᠬᠥᠭᠵᠢᠪᠡ᠃ | — ᠪᠢᠳᠡ ᠬᠦᠴᠦᠨ ᠢᠶᠠᠨ ᠲᠥᠪᠯᠡᠷᠡᠭᠦᠯᠦᠨ ᠪᠦᠬᠦ ᠣᠷᠣᠨ ᠪᠦᠰᠡ ᠶᠢ ᠪᠣᠳᠣᠯᠬᠢᠯᠠᠵᠤ᠂ ᠰᠠᠭᠤᠷᠢ ᠪᠠᠨ ᠪᠠᠲᠤᠳᠬᠠᠵᠤ᠂ ᠬᠤᠳᠠ ᠬᠥᠳᠡᠭᠡ ᠶᠢᠨ ᠳᠦᠷᠰᠦ | ᠪᠠᠶᠢᠳᠠᠯ ᠢ ᠢᠯᠡᠳᠲᠡ ᠰᠠᠶᠢᠵᠢᠷᠠᠭᠤᠯᠪᠠ᠃ ᠭᠧᠨ ᠮᠠᠨᠵᠤ ᠶᠢᠨ ᠵᠠᠰᠠᠮᠠᠯ ᠵᠠᠮ ᠤᠨ ᠥᠭᠡᠷᠡᠴᠢᠯᠡᠯᠲᠡ ᠶᠢᠨ ᠢᠨᠵᠧᠨᠧᠷᠢᠩ ᠢ ᠴᠢᠨᠠᠷ ᠰᠠᠶᠢᠲᠠᠢ ᠥᠨᠳᠥᠷ ᠪᠦᠲᠦᠮᠵᠢᠲᠡᠢ | ᠠᠬᠢᠭᠤᠯᠵᠤ᠂ ᠤᠯᠠᠨ ᠵᠢᠯ ᠤᠨ ᠬᠦᠰᠡᠭᠰᠡᠭᠡᠷ ᠢᠷᠡᠭᠰᠡᠨ ᠠᠷᠠᠳ ᠤᠨ ᠠᠮᠢᠳᠤᠷᠠᠯ ᠤᠨ ᠵᠠᠮ᠂ ᠪᠠᠶᠠᠵᠢᠯ ᠤᠨ ᠵᠠᠮ ᠢ ᠲᠣᠭᠲᠠᠭᠰᠠᠨ ᠬᠤᠭᠤᠴᠠᠭᠠᠨ ᠳᠤ ᠲᠡᠷᠭᠡ | ᠨᠡᠪᠲᠡᠷᠡᠭᠦᠯᠵᠦ᠂ ᠵᠠᠮ ᠳᠠᠭᠤ ᠶᠢᠨ ᠠᠷᠠᠳ ᠤᠯᠠᠨ ᠤ ᠶᠠᠪᠤᠵᠤ ᠰᠠᠭᠤᠬᠤ ᠪᠠ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠶᠡᠬᠡᠪᠡᠷ ᠰᠠᠶᠢᠵᠢᠷᠠᠭᠤᠯᠪᠠ᠃ 30 | ᠰᠠᠭᠤᠷᠢ ᠬᠥᠳᠡᠭᠡ ᠲᠣᠰᠬᠤᠨ ᠤ ᠵᠠᠰᠠᠮᠠᠯ ᠵᠠᠮ ᠤᠨ ᠨᠤᠷᠠᠬᠤ ᠠᠶᠤᠯᠲᠠᠶ ᠬᠥᠭᠦᠷᠭᠡ ᠶᠢ ᠥᠭᠡᠷᠡᠴᠢᠯᠡᠨ ᠵᠠᠰᠠᠵᠤ᠂ ᠥᠯᠢᠺᠦ᠋ᠮᠠ ᠠᠴᠠ ᠶᠠᠩ ᠭᠧ ᠴᠢ ᠬᠥᠷᠬᠦ᠂ | ᠧᠯᠪᠦᠷ ᠠᠴᠠ ᠮᠥ ᠷᠦᠢ ᠬᠥᠷᠬᠦ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢ ᠤᠷᠤᠭᠰᠢᠲᠠᠶ ᠠᠬᠢᠭᠤᠯᠪᠠ᠃ ᠯᠢᠶᠠᠨ ᠰᠢᠨ ᠴᠢᠶᠣᠤ ᠬᠥᠭᠦᠷᠭᠡ ᠶᠢ | ᠬᠡᠷᠡᠭᠯᠡᠯᠲᠡ ᠳᠤ ᠣᠷᠣᠭᠤᠯᠵᠤ᠂ ᠬᠤᠲᠠ ᠶᠢᠨ ᠤᠳᠠᠭᠠᠨ ᠶᠠᠪᠤᠬᠤ ᠰᠢᠰᠲ᠋ᠧᠮ ᠢ ᠨᠡᠪᠲᠡᠷᠡᠭᠦᠯᠦᠨ᠎ᠡ᠃ 5460 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠵᠤ᠂ | ᠨᠢᠩ ᠼᠦᠢ ᠵᠠᠮ᠂ ᠡᠤ ᠹᠧᠩ ᠵᠠᠮ᠂ ᠠᠶ ᠮᠢᠨ ᠵᠠᠮ᠂ ᠰᠢᠶᠠᠩ ᠶᠠᠩ ᠵᠠᠮ᠂ ᠭᠤᠸᠠᠩ ᠯᠢᠨ ᠵᠠᠮ ᠵᠡᠷᠭᠡ 5 ᠵᠤᠷᠪᠤᠰ ᠵᠠᠮ ᠢ ᠲᠠᠰ ᠳᠡᠪᠰᠢᠭᠦᠯᠦᠨ ᠥᠭᠡᠷᠡᠴᠢᠯᠡᠵᠦ᠂ | ᠭᠤᠷᠪᠠᠨ ᠬᠥᠨᠳᠡᠯᠡᠨ ᠲᠠᠪᠤᠨ ᠭᠤᠯᠳᠤ ᠵᠠᠮ ᠤᠨ ᠲᠣᠤᠷ ᠢ ᠦᠨᠳᠦᠰᠦᠨ ᠳᠡᠭᠡᠨ ᠪᠠᠶᠢᠭᠤᠯᠤᠨ ᠳᠠᠭᠤᠰᠬᠠᠵᠤ᠂ ᠠᠷᠠᠳ ᠣᠯᠠᠨ ᠤ ᠶᠠᠪᠤᠵᠤ ᠰᠠᠭᠤᠬᠤ ᠶᠢ ᠨᠠᠩ | ᠲᠥᠬᠦᠮ ᠪᠣᠯᠭᠠᠪᠠ᠃ 6200 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠵᠤ᠂ 14 ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ | ᠪᠠᠶᠢᠭᠤᠯᠵᠤ᠂ 1408 ᠡᠷᠦᠬᠡ ᠳᠤ ᠠᠰᠢᠭ ᠬᠦᠷᠲᠡᠭᠡᠪᠡ᠃ 5G ᠶᠢᠨ ᠰᠠᠭᠤᠷᠢ ᠥᠷᠲᠡᠭᠡ ᠶᠢ 19 ᠪᠠᠶᠢᠭᠤᠯᠵᠤ᠂ ᠬᠤᠲᠠ ᠶᠢᠨ ᠲᠣᠭᠤᠷᠢᠭ ᠤᠨ 5G ᠶᠢᠨ | ᠰᠦᠯᠵᠢᠶ᠎ᠡ ᠶᠢ ᠪᠦᠬᠦᠨ ᠢ ᠬᠠᠮᠤᠷᠬᠤ ᠶᠢ ᠪᠡᠶᠡᠯᠡᠭᠦᠯᠪᠡ᠃ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠠᠳᠠᠯ ᠠᠬᠤᠶ ᠶᠢᠨ ᠲᠤᠰᠬᠠᠶ | ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠬᠤᠳᠠ ᠶᠢᠨ ᠳᠦᠷᠰᠦ ᠪᠠᠶᠢᠳᠠᠯ ᠡᠮᠬᠢ ᠵᠠᠮᠪᠠᠷᠠᠭ᠎ᠠ ᠦᠭᠡᠢ ᠪᠠᠶᠢᠳᠠᠯ ᠢ ᠪᠦᠲᠦᠮᠵᠢᠲᠡᠶ ᠪᠠᠷ ᠵᠠᠰᠠᠪᠠ᠃ | — ᠪᠢᠳᠠ ᠬᠦᠴᠦᠨ ᠢᠶᠠᠨ ᠲᠥᠪᠯᠡᠷᠡᠭᠦᠯᠦᠨ ᠥᠭᠡᠷᠡᠴᠢᠯᠡᠯᠲᠡ ᠶᠢ ᠴᠢᠬᠤᠯᠠᠴᠢᠯᠡᠵᠦ᠂ ᠨᠡᠬᠡᠬᠡᠯᠳᠡ ᠶᠢ ᠠᠬᠢᠭᠤᠯᠵᠤ᠂ ᠬᠥᠳᠡᠯᠭᠡᠬᠦ ᠬᠦᠴᠦᠨ ᠠᠮᠢᠵᠢᠷᠠᠯ ᠤᠨ | ᠬᠦᠴᠦᠨ ᠢ ᠲᠦᠷᠭᠡᠨ ᠪᠠᠳᠠᠷᠠᠭᠤᠯᠪᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠳᠠᠭᠤᠰᠪᠠ᠃ | ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠭᠠᠶᠢᠯᠢ ᠶᠢᠨ ᠰᠦᠢᠳᠬᠡᠯ ᠢ ᠬᠥᠩᠭᠡᠯᠡᠵᠦ ᠭᠠᠶᠢᠯᠢ ᠠᠴᠠ | ᠬᠡᠯᠲᠦᠷᠢᠭᠦᠯᠦᠭᠰᠡᠨ 4796 ᠲᠦᠮᠡᠨ ᠲᠥᠭᠦᠷᠢᠭ ᠲᠤ ᠬᠦᠷᠴᠦ᠂ 1920 ᠲᠦᠮᠡᠨ ᠲᠥᠭᠦᠷᠢᠭ ᠤᠨ ᠭᠠᠶᠢᠯᠢ ᠶᠢ ᠦᠯᠡᠳᠡᠭᠡᠨ ᠠᠪᠬᠤ ᠪᠠ ᠲᠤᠯᠭᠠᠨ ᠪᠤᠴᠠᠭᠠᠬᠤ | ᠠᠵᠢᠯ ᠢ ᠪᠡᠶᠡᠯᠡᠭᠦᠯᠪᠡ᠃ ︽ᠪᠠᠭᠤᠯᠭᠠᠬᠤ᠂ ᠬᠠᠮᠢᠶᠠᠷᠬᠤ᠂ ᠦᠢᠯᠡᠴᠢᠯᠠᠬᠦ︾ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠵᠠᠬ᠎ᠠ ᠳᠡᠯᠭᠡᠭᠦᠷ ᠤᠨ | ᠭᠤᠤᠯ ᠴᠣᠭᠴᠠ ᠶᠢᠨ ᠵᠥᠪᠰᠢᠶᠡᠷᠡᠨ ᠣᠷᠣᠭᠤᠯᠬᠤ ᠶᠢ ᠪᠦᠷᠢᠳᠬᠡᠨ ᠳᠠᠩᠰᠠᠯᠠᠬᠤ ᠶᠢ ᠨᠢᠭᠡ ᠡᠳᠦᠷ ᠤᠨ ᠳᠣᠲᠣᠷ᠎ᠠ ᠳᠠᠭᠤᠰᠬᠠᠨ᠂ ᠢᠨᠵᠧᠨᠧᠷᠢᠩ ᠤᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠪᠥᠬᠦ ᠶᠠᠪᠤᠴᠠ ᠳᠤ ᠭᠦᠢᠴᠡᠳᠭᠡᠬᠦ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠢ ᠰᠦᠯᠵᠢᠶ᠎ᠡ ᠪᠠᠷ ᠭᠦᠢᠴᠡᠳᠭᠡᠭᠰᠡᠨ ᠨᠣᠷᠮ᠎ᠠ 98.88% ᠳᠤ ᠬᠥᠷᠪᠡ᠃ ᠠᠷᠠᠯᠵᠢᠶᠠᠴᠢᠨ ᠤᠷᠢᠬᠤ ᠳᠤᠭᠤᠶᠢᠯᠠᠩ ᠱᠠᠨᠳᠦ᠋ᠩ᠂ | ᠱᠠᠨᠰᠢ᠂ ᠴᠠᠩᠴᠦ᠋ᠨ᠂ ᠬᠠᠷᠠᠮᠥ᠋ᠷᠡᠨ ᠵᠡᠷᠭᠡ ᠭᠠᠵᠠᠷ ᠲᠤ ᠬᠦᠷᠴᠦ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠶᠢ 12 ᠤᠳᠠᠭ᠎ᠠ ᠥᠷᠨᠢᠭᠦᠯᠵᠦ᠂ | ᠱᠠᠨᠳᠦ᠋ᠩ ᠤᠨ ᠬᠤᠸᠠᠩ ᠶᠢᠨ ᠪᠦᠯᠦᠭᠯᠡᠯ ᠵᠡᠷᠭᠡ ᠠᠵᠤ ᠠᠬᠤᠶᠢᠯᠠᠯ ᠲᠠᠢ ᠬᠠᠮᠲᠤᠷᠠᠯᠴᠠᠭ᠎ᠠ ᠲᠤᠬᠢᠷᠠᠯᠴᠠᠵᠤ᠂ 39 ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠲᠦᠷᠦᠯ ᠵᠦᠢᠯ ᠲᠠᠢ ᠭᠡᠷ᠎ᠡ ᠲᠣᠭᠲᠠᠵᠤ᠂ 1.39 ᠳ᠋ᠦᠩᠰᠢᠭᠤᠷ ᠲᠥᠭᠦᠷᠢᠭ ᠤᠨ ᠬᠤᠳᠠ ᠶᠢᠨ ᠭᠠᠳᠠᠨᠠᠬᠢ ᠪᠡᠯᠡ ᠮᠥᠩᠭᠦ ᠶᠢ ᠣᠷᠣᠭᠤᠯᠵᠠᠢ᠃ | — ᠪᠢᠳᠠ ᠬᠦᠴᠦᠨ ᠢᠶᠠᠨ ᠲᠥᠪᠯᠡᠷᠡᠭᠦᠯᠦᠨ ᠪᠤᠶᠠᠨ ᠵᠢᠷᠭᠠᠯ ᠢ ᠨᠡᠮᠡᠭᠳᠡᠭᠦᠯᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠨᠡᠶᠢᠭᠡᠮ ᠤᠨ ᠦᠢᠯᠡᠰ ᠢ | ᠪᠦᠬᠦ ᠲᠠᠯ᠎ᠠ ᠪᠠᠷ ᠳᠠᠪᠰᠢᠭᠤᠯᠪᠠ᠃ ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠷᠠᠳ ᠲᠤ ᠠᠰᠢᠭ ᠬᠦᠷᠲᠡᠭᠡᠬᠦ ᠡᠯ᠎ᠡ ᠵᠦᠢᠯ ᠤᠨ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ 10.12 ᠳ᠋ᠦᠩᠰᠢᠭᠤᠷ ᠲᠥᠭᠦᠷᠢᠭ ᠲᠤ ᠬᠦᠷᠴᠦ᠂ | ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 70% ᠢ ᠡᠵᠡᠯᠡᠪᠡ᠃ ᠭᠤᠯᠳᠠᠯᠭ᠎ᠠ ᠲᠠᠢ ᠬᠠᠮᠲᠤᠯᠢᠭ ᠤᠨ ᠠᠳᠠᠯ ᠦᠢᠯᠡᠰ ᠴᠣᠭᠴᠠᠯᠠᠵᠤ ᠠᠵᠢᠯ | ᠣᠯᠭᠤᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ᠂ ᠬᠤᠳᠠ ᠪᠠᠯᠭᠠᠰᠤᠨ ᠤ 410 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4% ᠶᠢᠨ ᠳᠣᠲᠣᠷ᠎ᠠ ᠬᠢᠵᠠᠭᠠᠷᠯᠠᠪᠠ᠃ ᠨᠡᠶᠢᠭᠡᠮ ᠤᠨ ᠪᠠᠲᠤᠯᠠᠭ᠎ᠠ ᠶᠢᠨ ᠲᠣᠣᠷ ᠢ ᠤᠯᠠᠮ ᠨᠢᠭᠡ ᠠᠯᠬᠤᠮ | ᠪᠠᠬᠢᠵᠢᠭᠦᠯᠵᠦ᠂ ᠬᠤᠳᠠ ᠪᠠᠯᠭᠠᠰᠤᠨ ᠤ ᠠᠵᠢᠯᠳᠠᠨ ᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 5.9 | ᠲᠦᠮᠡ ᠳᠤ ᠬᠦᠷᠴᠦ᠂ ᠬᠤᠳᠠ ᠪᠠᠯᠭᠠᠰᠤᠨ ᠤ ᠠᠵᠢᠯᠳᠠᠨ ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ | ᠬᠥᠮᠦᠨ ᠤ ᠲᠤᠭ᠎ᠠ ᠨᠡᠶᠢᠳᠡ 10 ᠲᠦᠮᠡ ᠶᠢ ᠳᠠᠪᠠᠪᠠ᠃ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ ᠶᠢ ᠳᠡᠭᠡᠭᠰᠢᠯᠡᠭᠦᠯᠦᠭᠡᠳ ᠰᠠᠷ᠎ᠠ ᠪᠦᠷᠢ 775 ᠲᠥᠭᠦᠷᠢᠭ ᠪᠤᠯᠭᠠᠵᠠᠢ᠃ ᠬᠦᠴᠢᠷᠳᠡᠯ ᠳᠤ ᠲᠤᠯᠭᠠᠷᠠᠭᠰᠠᠨ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ | ᠦᠢᠯᠡᠴᠢᠯᠡᠭᠡ ᠨᠢ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠠᠵᠢᠯ ᠤᠨ ᠰᠢᠯᠢᠳᠡᠭ ᠲᠥᠷᠥᠯ ᠵᠦᠢᠯ ᠤᠨ ᠱᠠᠩᠨᠠᠯ ᠢ ᠭᠥᠷᠳᠡᠪᠡ᠃ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠦᠢᠯᠡᠰ ᠢ ᠲᠡᠩᠴᠡᠭᠦᠷᠢᠲᠡᠶ ᠬᠥᠭᠵᠢᠭᠦᠯᠵᠦ᠂ ︽ᠬᠤᠶᠠᠷ ᠢ ᠬᠠᠰᠤᠬᠤ︾ ᠲᠥᠷᠥ ᠶᠢᠨ ᠪᠣᠳᠣᠯᠭ᠎ᠠ ᠶᠢ ᠥᠨᠳᠥᠷ ᠪᠦᠲᠦᠮᠵᠢᠲᠡᠶ ᠪᠠᠷ | ᠨᠠᠶᠢᠳᠠᠪᠤᠷᠢᠵᠢᠭᠤᠯᠤᠨ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ︽5+2︾ ᠤᠨ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠳᠤᠮᠳᠠᠳᠤ ᠰᠤᠷᠭᠠᠭᠤᠯᠢ ᠪᠠ | ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠬᠢᠷᠢ ᠪᠦᠲᠦᠮᠵᠢ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ ᠳᠡᠭᠡᠳᠦ ᠰᠤᠷᠭᠠᠭᠤᠯᠢ ᠳᠤ | ᠰᠣᠷᠣᠭᠴᠢ ᠡᠯᠰᠡᠬᠦ ᠰᠢᠯᠭᠠᠯᠲᠠ ᠶᠢᠨ ᠵᠢᠩᠬᠢᠨᠢ ᠠᠩᠭᠢ ᠶᠢᠨ ᠡᠯᠰᠡᠬᠦ ᠨᠣᠷᠮ᠎ᠠ 97% ᠳᠤ ᠬᠥᠷᠪᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠢ | ᠯᠠᠪᠳᠠᠭᠤᠨ ᠢᠶᠠᠷ ᠲᠦᠯᠬᠢᠨ ᠠᠬᠢᠭᠤᠯᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠪᠠ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠬᠦᠭᠡᠷᠦᠮᠵᠢ ᠶᠢ | ᠲᠠᠰᠤᠷᠠᠯᠳᠠ ᠦᠭᠡᠢ ᠰᠠᠶᠢᠵᠢᠷᠠᠭᠤᠯᠵᠤ᠂ ᠳᠥᠷᠪᠡᠯᠵᠢᠨ ᠦᠷᠦᠭᠡ ᠶᠢᠨ ᠡᠮᠨᠡᠯᠭᠡ ᠶᠢᠨ ᠬᠤᠷᠢᠶᠠᠨ ᠤ ᠪᠦᠳᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠡᠭᠡ ᠨᠢᠯᠬᠠᠰ ᠤᠨ | ᠪᠠ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠢ ᠬᠡᠷᠡᠭᠯᠡᠯᠲᠡ ᠳᠤ ᠣᠷᠣᠭᠤᠯᠪᠠ᠃ | ᠰᠣᠶᠣᠯ ᠤᠨ ᠦᠢᠯᠡᠰ ᠰᠢᠨ᠎ᠡ ᠰᠢᠪᠲᠤᠯᠤᠯᠲᠠ ᠲᠠᠢ ᠪᠣᠯᠵᠣ᠂ ᠤᠯᠠᠭᠠᠨᠮᠥ᠋ᠴᠢᠷ ᠤᠨ ᠪᠠᠷᠢᠮᠵᠢᠶᠠᠵᠢᠭᠤᠯᠤᠭᠰᠠᠨ ᠬᠡᠷ ᠪᠠᠶᠢᠰᠢᠩ ᠢ ᠪᠠᠷᠢᠵᠤ ᠳᠠᠭᠤᠰᠬᠠᠨ ᠬᠡᠷᠡᠭᠯᠡᠵᠦ᠂ | ᠦᠨᠳᠦᠰᠦᠲᠡᠨ ᠤ ᠲᠠᠯᠠᠪᠠᠶ ᠶᠢᠨ ᠪᠥᠵᠢᠭ ᠤᠨ ︽ᠣᠶ ᠰᠢᠭᠤᠶ ᠳᠠᠬᠢ ᠰᠢᠯᠭᠠᠯᠲᠠ ᠶᠢᠨ ᠬᠥᠭᠵᠢᠮ︾ ᠨᠢ ᠪᠥᠬᠦ ᠤᠯᠤᠰ ᠤᠨ ᠣᠯᠠᠨ ᠲᠦᠮᠡᠨ ᠤ ᠤᠳᠬ᠎ᠠ | ᠤᠷᠠᠯᠢᠭ ᠤᠨ ᠬᠠᠮᠤᠭ ᠤᠨ ᠳᠡᠭᠡᠳᠦ ᠱᠠᠩᠨᠠᠯ ︽ᠣᠯᠠᠨ ᠣᠳᠣᠨ ᠱᠠᠩᠨᠠᠯ︾ ᠢ ᠭᠥᠷᠳᠡᠵᠦ᠂ ︽ᠪᠤᠭᠤ ᠶᠢᠨ ᠠᠶᠢᠮᠠᠭ · ᠢᠺᠠᠨ︾ ᠳᠤ ᠪᠥᠬᠦ ᠣᠷᠣᠨ ᠤ ᠣᠶᠤᠨ ᠤ | ᠪᠣᠯᠪᠠᠰᠤᠨ ᠤ ᠪᠠᠶᠢᠭᠤᠯᠤᠯᠲᠠ ᠶᠢᠨ ︽ᠲᠠᠪᠤᠨ ᠨᠢᠭᠡ ᠢᠨᠵᠧᠨᠧᠷᠢᠩ ᠤᠨ ᠱᠠᠩᠨᠠᠯ︾ ᠢ ᠬᠦᠷᠲᠡᠭᠡᠪᠡ᠃ ᠬᠦᠢᠲᠡᠨ ᠲᠦᠢᠯ ᠤᠨ ᠮᠠᠷᠠᠰᠤᠨ ᠠᠩᠭᠢ᠂ ᠣᠶᠢᠷ᠎ᠠ ᠵᠠᠮ ᠤᠨ | ᠲᠦᠷᠭᠡᠨ ᠲᠡᠰᠢᠯᠲᠡ ᠶᠢᠨ ᠠᠩᠭᠢ ᠤᠯᠤᠰ ᠤᠨ ᠳᠣᠲᠣᠭᠠᠳᠤ ᠶᠢᠨ ᠤᠷᠤᠯᠳᠤᠭᠠᠨ ᠳᠤ ᠤᠳᠠᠭ᠎ᠠ ᠳᠠᠷᠠᠭᠠᠯᠠᠨ ᠰᠢᠯᠢᠳᠡᠭ ᠬᠢᠷᠢ ᠪᠦᠲᠦᠮᠵᠢ ᠤᠯᠪᠠ᠃ | — ᠪᠢᠳᠡ ᠬᠦᠴᠦᠨ ᠢᠶᠠᠨ ᠲᠥᠪᠯᠡᠷᠡᠭᠦᠯᠦᠨ ᠠᠮᠤᠷ ᠲᠦᠪᠰᠢᠨ ᠢ ᠴᠢᠬᠤᠯᠠᠴᠢᠯᠡᠵᠦ ᠂ ᠠᠮᠤᠷ ᠲᠦᠪᠰᠢᠨ ᠢ ᠪᠠᠲᠤᠯᠠᠵᠤ᠂ ᠨᠡᠶᠢᠭᠡᠮ ᠤᠨ ᠶᠡᠭᠡ ᠲᠠᠯ᠎ᠠ ᠶᠢ ᠡᠶ᠎ᠡ | ᠵᠣᠬᠢᠴᠠᠯ ᠲᠠᠢ ᠲᠣᠭᠲᠠᠭᠤᠨ ᠪᠠᠶᠢᠯᠭᠠᠪᠠ᠃ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠪᠠᠶᠢᠵᠤ᠂ ᠰᠢᠶᠠᠩ ᠪᠠᠯᠭᠠᠰᠤᠨ ᠤ ᠭᠠᠯ ᠤᠨᠲᠠᠷᠠᠭᠠᠬᠤ | ᠬᠤᠸᠠᠷᠠᠨ ᠤ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠲᠠᠪᠴᠠᠩ ᠢ ᠬᠡᠷᠡᠭᠯᠡᠯᠲᠡ ᠳᠤ ᠣᠷᠣᠭᠤᠯᠤᠨ᠂ ᠪᠠᠴᠢᠮ | ᠪᠠᠶᠢᠳᠠᠯ ᠢ ᠠᠷᠭᠠᠴᠠᠬᠤ ᠭᠡᠨᠡᠳᠲᠡ ᠶᠢᠨ ᠠᠳᠡᠯ ᠢ ᠰᠢᠢᠳᠪᠦᠷᠢᠯᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠦᠷᠭᠦᠯᠵᠢᠯᠡᠨ ᠪᠠᠬᠢᠵᠢᠪᠡ᠃ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ | ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ ᠰᠣᠶᠣᠯ ᠤᠨ ᠭᠤᠣᠯ ᠰᠡᠳᠦᠪᠲᠦ ᠲᠠᠯᠠᠪᠠᠢ ᠶᠢ | ᠬᠡᠷᠡᠭᠯᠡᠯᠲᠡᠡ ᠳᠤ ᠣᠷᠣᠭᠤᠯᠪᠠ᠃ ᠬᠤᠳᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢ ᠭᠦᠨᠵᠡᠭᠡᠶ ᠥᠷᠨᠢᠭᠦᠯᠵᠦ᠂ | ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠵᠦ᠂ ︽ᠭᠡᠭᠡᠨ ᠰᠠᠷᠠᠭᠤᠯ ᠢᠨᠵᠧᠨᠧᠷᠢᠩ︾ ᠤᠨ ᠪᠦᠳᠦᠭᠡᠨ | ᠪᠠᠶᠢᠭᠤᠯᠤᠯᠲᠠ ᠶᠢ ᠪᠡᠶᠡᠯᠡᠭᠦᠯᠵᠦ᠂ ︽5 · 11︾ ᠤ ᠠᠯᠲᠠᠨ ᠤ ᠳᠡᠯᠭᠡᠭᠦᠷ ᠤᠨ ᠳᠡᠭᠡᠷᠡᠮᠳᠡᠭᠰᠡᠨ ᠬᠡᠷᠡᠭ ᠢ ᠠᠮᠵᠢᠯᠲᠠ ᠲᠠᠢ ᠪᠠᠷ ᠲᠠᠩᠨᠠᠨ ᠢᠯᠡᠷᠡᠭᠦᠯᠵᠦ᠂ ︽ | ᠬᠠᠤᠯᠢ ᠪᠠᠷ ᠵᠠᠰᠠᠬᠤ ᠭᠡᠭᠡᠨ ᠭᠤᠣᠯ ︾᠂ ︽ᠠᠮᠤᠷ ᠠᠮᠤᠭᠤᠯᠠᠩ ᠭᠡᠭᠡᠨ ᠭᠤᠣᠯ ︾ ᠤᠨ ᠪᠦᠳᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠤᠯᠪᠠ᠃ | — ᠪᠢᠳᠡ ᠬᠦᠴᠦᠨ ᠢᠶᠠᠨ ᠲᠥᠪᠯᠡᠷᠡᠭᠦᠯᠦᠨ ᠰᠤᠷᠲᠠᠯ ᠢᠶᠠᠨ ᠬᠤᠪᠢᠷᠠᠭᠤᠯᠵᠤ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ | ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠢᠮᠠᠭᠲᠠ ᠲᠤᠭ ᠲᠡᠮᠳᠡᠭ ᠲᠣᠳᠣᠷᠬᠠᠶ ᠪᠠᠷ ᠤᠯᠤᠰ ᠲᠦᠷᠦ ᠶᠢ ᠡᠷᠬᠢᠮᠯᠡᠬᠦ ᠶᠢ ᠵᠠᠰᠠᠭ ᠤᠨ ᠣᠷᠳᠣᠨ ᠤ | ᠠᠵᠢᠯ ᠤᠨ ᠡᠯ᠎ᠡ ᠲᠠᠯ᠎ᠠ ᠶᠢᠨ ᠪᠦᠬᠦ ᠶᠠᠪᠤᠴᠠ ᠳᠤ ᠲᠤᠭᠤᠰᠢᠯᠠᠭᠤᠯᠵᠦ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ | ᠡᠷᠡᠰ ᠪᠡᠶᠡᠯᠡᠭᠦᠯᠦᠨ᠎ᠡ᠃ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ 34 ᠬᠤᠪᠢ ᠰᠠᠨᠠᠭᠤᠯᠭ᠎ᠠ ᠪᠠ 74 ᠬᠤᠪᠢ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ ᠰᠢᠢᠳᠪᠦᠷᠢᠯᠡᠵᠦ᠂ | ᠡᠩ ᠤᠨ ᠴᠢᠨᠠᠷᠲᠠᠶ ᠵᠠᠷᠤᠯᠭ᠎ᠠ ᠶᠢ ᠶᠡᠭᠡ ᠪᠠᠷ ᠪᠠᠭᠠᠰᠬᠠᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠢ ᠪᠦᠲᠦᠮᠵᠢᠲᠡᠶ ᠪᠠᠷ ᠬᠢᠵᠠᠭᠠᠷᠯᠠᠪᠠ᠃ ᠲᠥᠪ | ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠵᠦ᠂ ︽ᠭᠤᠷᠪᠠᠨ | ᠤᠯᠠᠨ ᠭᠤᠷᠪᠠᠨ ᠴᠥᠭᠡᠨ ᠭᠤᠷᠪᠠᠨ ᠤᠳᠠᠭᠠᠨ︾ ᠤ ᠠᠰᠠᠭᠤᠳᠠᠯ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠪᠣᠳᠠᠲᠠᠶ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠬᠦ᠂ | ᠠᠵᠢᠯ ᠬᠢᠵᠦ ᠠᠳᠠᠯ ᠦᠢᠯᠡᠰ ᠴᠣᠭᠴᠠᠯᠠᠬᠤ ᠠᠭᠤᠷ ᠠᠮᠢᠰᠬᠤᠯ ᠢ ᠨᠡᠩ ᠭᠦᠨ ᠵᠤᠵᠠᠭᠠᠨ ᠪᠣᠯᠭᠠᠪᠠ᠃ | ᠡᠭᠦᠨ ᠤ ᠬᠠᠮᠲᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠠᠷᠠᠳ ᠤᠨ ᠠᠭᠠᠷ ᠤᠨ | ᠰᠡᠷᠭᠡᠶᠢᠯᠡᠯᠲᠡ᠂ ᠴᠠᠭ ᠠᠭᠤᠷ᠂ ᠪᠠᠶᠢᠭᠤᠯᠭ᠎ᠠ ᠶᠢᠨ ᠬᠡᠷᠡᠭ ᠶᠠᠪᠤᠳᠠᠯ᠂ ᠤᠯᠠᠭᠠᠨ ᠵᠠᠭᠠᠯᠮᠠᠶᠢᠳᠠᠨ᠂ ᠵᠡᠮᠳᠡᠭᠴᠦᠳ ᠤᠨ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ ᠡᠮᠡᠭᠲᠡᠶᠢᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ | ᠨᠠᠰᠤᠲᠠᠶᠢᠴᠤᠳ᠂ ᠬᠤᠶᠢᠴᠢ ᠦᠶ᠎ᠡ ᠶᠢᠨ ᠬᠢᠨ ᠢᠶᠠᠨ ᠬᠠᠯᠠᠮᠵᠢᠯᠠᠬᠤ ᠵᠡᠷᠭᠡ ᠠᠵᠢᠯ ᠴᠥᠮ ᠰᠢᠨ᠎ᠡ ᠲᠠᠪᠰᠢᠯᠳᠠ ᠲᠠᠢ ᠪᠣᠯᠵᠠᠶ᠃ | ᠲᠥᠯᠥᠭᠡᠯᠡᠭᠴᠢᠳ ᠡ︕ 2022 ᠣᠨ ᠪᠣᠯ ᠮᠠᠨ ᠤ ᠬᠤᠳᠠ ᠶᠢᠨ ᠬᠥᠭᠡᠭᠡᠵᠦ ᠭᠦᠢᠴᠡᠬᠦ ᠪᠠ ᠳᠠᠪᠠᠵᠤ ᠭᠠᠷᠬᠤ ᠬᠥᠭᠵᠢᠯᠲᠡ ᠶᠢᠨ ᠶᠠᠪᠤᠴᠠ ᠳᠠᠬᠢ ᠲᠦᠢᠯ ᠤᠨ | ᠶᠡᠷᠦ ᠪᠤᠰᠤ ᠶᠢᠨ ᠨᠢᠭᠡ ᠵᠢᠯ ᠪᠣᠯᠤᠨ᠎ᠠ᠂ ᠪᠦᠬᠦ ᠬᠤᠳᠠ ᠪᠠᠷ ᠢᠶᠠᠨ ᠪᠦᠯᠬᠦᠮᠳᠡᠨ ᠲᠡᠮᠡᠴᠡᠵᠦ᠂ ᠪᠡᠷᠬᠡ ᠶᠢ ᠬᠠᠮᠲᠤᠪᠠᠷ ᠲᠤᠭᠤᠯᠤᠭᠰᠠᠨ ᠨᠢᠭᠡ ᠵᠢᠯ ᠪᠣᠯᠤᠨ᠎ᠠ᠃ ᠭᠤᠷᠪᠠᠨ | ᠵᠢᠯ ᠤᠨ ᠲᠤᠷᠰᠢᠬᠢ ᠬᠠᠮᠤᠭ ᠤᠨ ᠬᠦᠨᠳᠦ ᠨᠣᠴᠢᠲᠠᠶ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠶᠡᠭᠡ ᠰᠢᠯᠭᠠᠯᠲᠠ ᠶᠢᠨ ᠡᠮᠦᠨ᠎ᠡ᠂ ᠪᠢᠳᠡ ᠪᠥᠬᠦ ᠬᠤᠲᠠ ᠶᠢᠨ | ᠠᠷᠠᠳ ᠣᠯᠠᠨ ᠢ ᠴᠢᠩᠭ᠎ᠠ ᠲᠦᠰᠢᠭᠯᠡᠨ᠂ ᠨᠠᠷᠢᠨ ᠨᠢᠮᠪᠠᠶ ᠪᠠᠶᠢᠷᠢᠯᠠᠭᠤᠯᠵᠤ᠂ ᠰᠢᠨᠵᠢᠯᠡᠬᠦ ᠤᠬᠠᠭᠠᠨᠴᠢ ᠪᠠᠷ ᠳᠣᠭᠢᠷᠠᠭᠤᠯᠤᠨ᠂ ᠬᠦᠴᠦᠨ ᠢᠶᠠᠨ ᠲᠥᠪᠯᠡᠷᠡᠭᠦᠯᠦᠨ ᠪᠡᠷᠬᠡ | ᠠᠰᠠᠭᠤᠳᠠᠯ ᠢ ᠰᠢᠢᠳᠪᠦᠷᠢᠯᠡᠵᠦ᠂ 433 ᠨᠡᠷᠡᠰ ᠳᠡᠭᠡᠳᠦ ᠰᠤᠷᠭᠠᠭᠤᠯᠢ ᠶᠢᠨ ᠰᠣᠷᠣᠭᠴᠢ ᠶᠢ ᠨᠤᠲᠤᠭ ᠲᠤᠨᠢ ᠪᠤᠴᠠᠭᠠᠵᠤ ᠰᠢᠯᠵᠢᠭᠦᠯᠦᠨ ᠵᠥᠭᠡᠭᠡᠪᠦᠷᠢᠯᠡᠬᠦ ᠠᠵᠢᠯ ᠢ | ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ | ᠬᠡᠮᠵᠢᠶ᠎ᠡ ᠪᠠᠷ ᠰᠠᠬᠢᠨ ᠬᠠᠮᠠᠭᠠᠯᠠᠵᠤ᠂ ᠬᠢᠵᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ | ᠪᠠᠭᠠᠰᠬᠠᠪᠠ᠃ ᠥᠷᠭᠡᠨ ᠤᠯᠠᠨ ᠡᠮ ᠡᠮᠨᠡᠯᠭᠡ ᠶᠢᠨ ᠠᠵᠢᠯᠳᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠨᠡᠶᠢᠭᠡᠮ ᠲᠣᠭᠤᠷᠢᠭ ᠤᠨ ᠠᠵᠢᠯᠳᠠᠨ᠂ ᠡᠮᠦᠨ᠎ᠡ | ᠹᠷᠣᠨᠲ ᠤᠨ ᠨᠠᠮ ᠤᠨ ᠭᠡᠰᠢᠭᠦᠨ ᠺᠠᠳ᠋ᠷ ᠪᠣᠯᠤᠨ ᠰᠠᠶᠢᠨ ᠳᠤᠷ᠎ᠠ ᠶᠢᠨ ᠠᠵᠢᠯᠯᠠᠭᠴᠢ ᠪᠠᠭ᠎ᠠ ᠭᠡᠷ ᠢᠶᠠᠨ ᠬᠠᠶᠠᠵᠤ ᠤᠯᠠᠨ ᠢ ᠬᠠᠷᠠᠭᠠᠯᠵᠠᠵᠤ᠂ ᠬᠦᠴᠢᠷ ᠪᠡᠷᠬᠡᠰᠢᠶᠡᠯ ᠠᠴᠠ | ᠠᠶᠤᠬᠤ ᠦᠭᠡᠢ ᠪᠠᠷ ᠤᠷᠤᠭᠰᠢᠯᠠᠵᠤ᠂ ᠪᠦᠬᠦ ᠭᠡᠭᠡᠨ ᠭᠤᠣᠯ ᠤᠨ ᠬᠥᠪᠡᠭᠦᠳ ᠥᠬᠢᠳ ᠬᠦᠴᠢᠷ ᠪᠡᠷᠬᠡᠰᠢᠶᠡᠯ ᠢ ᠬᠠᠮᠲᠤᠪᠠᠷ ᠲᠤᠭᠤᠯᠵᠤ᠂ ᠰᠠᠬᠢᠨ ᠪᠠᠷᠠᠯᠠᠵᠦ | ᠬᠠᠷᠢᠯᠴᠠᠨ ᠬᠠᠪᠰᠤᠷᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠡᠭᠡᠨ ᠭᠤᠣᠯ ᠤᠨ ᠬᠤᠷᠳᠤᠴᠠ ᠪᠣᠯᠤᠨ ᠭᠡᠭᠡᠨ ᠭᠤᠣᠯ ᠤᠨ ᠳᠤᠯᠠᠭᠠᠨ ᠤ | ᠬᠡᠮᠵᠢᠶ᠎ᠡ ᠶᠢ ᠬᠠᠷᠠᠭᠤᠯᠵᠠᠢ︕ | ᠨᠢᠭᠡ ᠵᠢᠯ ᠤᠨ ᠲᠤᠷᠰᠢ᠂ ᠬᠦᠴᠢᠷᠳᠡᠯ ᠨᠢ ᠵᠢᠱᠢᠯᠲᠡ ᠠᠴᠠ ᠶᠡᠭᠡ ᠪᠠᠶᠢᠵᠤ᠂ ᠦᠷ᠎ᠡ ᠳ᠋ᠦᠩ ᠨᠢ ᠵᠢᠱᠢᠭᠰᠡᠨ ᠠᠴᠠ ᠰᠠᠶᠢᠨ ᠪᠣᠯᠪᠠ᠃ ᠪᠢᠳᠡ ᠥᠪᠡᠷᠲᠡᠭᠡᠨ | ᠵᠠᠰᠠᠬᠤ ᠣᠷᠣᠨ ᠤ ︽ᠳᠣᠯᠣᠭᠠᠨ ᠵᠦᠢᠯ ᠢ ᠲᠠᠶᠠᠭᠳᠠᠬᠤ︾ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠦᠷ᠎ᠡ ᠳ᠋ᠦᠩ ᠤᠨ ᠤᠳᠤᠷᠢᠳᠤᠮᠵᠢ᠂ ᠦᠷ᠎ᠡ | ᠪᠦᠲᠦᠭᠡᠯ ᠤᠨ ᠤᠬᠠᠮᠰᠠᠷ ᠢ ᠪᠠᠲᠤ ᠪᠤᠶ ᠪᠣᠯᠭᠠᠵᠤ᠂ ᠪᠣᠳᠠᠲᠠᠶ ᠶᠢ ᠲᠡᠷᠢᠭᠦᠨ ᠳᠤ ᠲᠠᠯᠪᠢᠵᠤ᠂ ᠠᠵᠢᠯᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ | ᠵᠣᠷᠢᠭᠲᠠᠶ ᠪᠠᠷ ᠬᠢᠵᠦ ᠂ ᠬᠥᠭᠵᠢᠯᠲᠡ ᠶᠢᠨ ᠬᠦᠴᠢᠷ ᠠᠰᠠᠭᠤᠳᠠᠯ ᠢ ᠭᠦᠨᠵᠡᠭᠡᠶ ᠰᠢᠢᠳᠪᠦᠷᠢᠯᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ | ᠲᠠᠯ᠎ᠠ ᠪᠠᠷ ᠬᠦᠴᠦᠯᠡᠵᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠠᠯᠬᠤᠴᠠ ᠪᠠᠨ ᠲᠦᠷᠭᠡᠳᠴᠦ᠂ ᠠᠵᠤ ᠠᠬᠤᠢ ᠲᠣᠭᠲᠠᠭᠤᠨ ᠢᠶᠠᠷ ᠰᠡᠷᠭᠦᠵᠦ᠂ | ᠥᠷᠭᠡᠨ ᠤᠯᠠᠨ ᠺᠠᠳ᠋ᠷ ᠠᠵᠢᠯᠳᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠠᠯᠤᠰ ᠬᠡᠳᠤ ᠳᠤ ᠬᠤᠯᠪᠣᠭᠳᠠᠬᠤ ᠨᠢᠭᠡ ᠪᠦᠯᠦᠭ ᠶᠠᠪᠤᠳᠠᠯ ᠢ | ᠪᠦᠲᠦᠭᠡᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠬᠤᠯᠪᠣᠭᠳᠠᠬᠤ ᠮᠠᠰᠢ ᠤᠯᠠᠨ ᠪᠣᠳᠠᠲᠤ ᠶᠠᠪᠤᠳᠠᠯ ᠢ ᠰᠠᠶᠢᠲᠤᠷ ᠬᠢᠵᠦ᠂ ︽ᠠᠵᠢᠯ ᠬᠢᠶ᠎ᠠ ᠭᠡᠪᠡᠯ ᠯᠠᠪᠲᠠᠢ | ᠬᠢᠵᠦ ᠳᠡᠶᠢᠯᠬᠦ︾ ᠪᠠᠲᠤ ᠴᠢᠩᠭ᠎ᠠ ᠢᠲᠡᠭᠡᠯ ᠵᠣᠷᠢᠭ ᠢ ᠬᠥᠪᠴᠢᠯᠡᠵᠦ᠂ ᠬᠡᠪ ᠳᠠᠭᠤᠷᠢᠶᠠᠯ ᠢ ᠥᠨᠳᠥᠷ ᠪᠣᠯᠭᠠᠵᠤ᠂ ᠵᠣᠷᠢᠭᠲᠠᠢ ᠪᠠᠷ ᠳᠠᠪᠠᠭ᠋ᠤ᠂ ᠲᠡᠷᠢᠭᠦᠨ ᠤ ᠬᠢ ᠶᠢ | ᠲᠡᠮᠡᠴᠡᠨ ᠰᠢᠯᠢᠳᠡᠭ ᠢ ᠡᠭᠦᠳᠬᠦ ᠰᠢᠨ᠎ᠡ ᠳᠦᠷᠰᠦ ᠪᠠᠶᠢᠳᠠᠯ ᠢ ᠪᠤᠢ ᠪᠣᠯᠭᠠᠵᠠᠢ︕ | ᠲᠥᠯᠥᠭᠡᠯᠡᠭᠴᠢᠳ ᠡ︕ ᠡᠳᠡᠭᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠪᠤᠯᠭᠠᠭᠰᠠᠨ ᠤ ᠦᠷ᠎ᠡ ᠳ᠋ᠦᠩ ᠮᠥᠨ᠂ ᠬᠥᠯᠥᠨ ᠪᠤᠶᠢᠷ ᠬᠤᠳᠠ ᠶᠢᠨ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠬᠤᠳᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ | ᠳᠡᠮᠵᠢᠯᠭᠡ ᠶᠢᠨ ᠦᠷ᠎ᠡ ᠳ᠋ᠦᠩ ᠮᠥᠨ᠂ ᠪᠦᠬᠦ ᠬᠤᠳᠠ ᠶᠢᠨ ᠠᠷᠠᠳ ᠲᠦᠮᠡᠨ ᠤ ᠪᠦᠯᠬᠦᠮᠳᠡᠨ ᠲᠡᠮᠡᠴᠡᠵᠦ᠂ ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠮᠥᠨ︕ | ᠠᠳᠡ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠪᠦᠬᠦ ᠬᠤᠳᠠ ᠶᠢᠨ ᠠᠷᠠᠳ ᠲᠦᠮᠡᠨ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠲᠤ᠂ ᠭᠡᠭᠡᠨ ᠭᠤᠣᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ | ᠨᠡᠶᠢᠭᠡᠮ ᠤᠨ ᠡᠯ᠎ᠡ ᠡᠲᠡᠭᠡᠳ ᠤᠨ ᠬᠥᠮᠦᠰ ᠪᠠ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠲᠥᠯᠥᠭᠡᠯᠡᠭᠴᠢᠳ ᠡ︕ ᠬᠡᠷᠡᠭ ᠶᠠᠪᠤᠳᠠᠯ ᠢ ᠥᠩᠭᠡᠷᠡᠭᠡᠬᠦ ᠦᠭᠡᠢ ᠪᠣᠯ ᠬᠦᠴᠢᠷ ᠪᠡᠷᠬᠡ ᠶᠢ ᠮᠡᠳᠡᠬᠦ ᠦᠭᠡᠢ᠂ ᠪᠦᠲᠦᠭᠡᠬᠦ ᠳᠤ ᠬᠢᠯᠪᠡᠷ ᠪᠣᠯᠪᠠᠴᠤ ᠬᠦᠴᠢᠷ | ᠪᠡᠷᠬᠡᠰᠢᠶᠡᠯ ᠲᠠᠢ ᠪᠠᠶᠢᠳᠠᠭ᠃ ᠠᠮᠵᠢᠯᠲᠠ ᠪᠠᠨ ᠣᠯᠵᠤ ᠬᠠᠷᠠᠬᠤ ᠶᠢᠨ ᠬᠠᠮᠲᠤ᠂ ᠪᠢᠳᠡ ᠠᠵᠢᠯ ᠤᠨ ᠳᠤᠮᠳᠠ ᠪᠠᠰᠠ ᠵᠠᠷᠢᠮ ᠠᠰᠠᠭᠤᠳᠠᠯ ᠪᠠ ᠬᠦᠷᠦᠯᠴᠡᠬᠦ ᠦᠭᠡᠢ | ᠲᠠᠯ᠎ᠠ ᠣᠷᠣᠰᠢᠵᠤ ᠪᠠᠶᠢᠬᠤ ᠶᠢ ᠰᠡᠷᠭᠡᠭ ᠢᠶᠠᠷ ᠲᠠᠨᠢᠵᠤ ᠣᠯᠪᠠ᠄ ᠮᠠᠨ ᠤ ᠬᠤᠲᠠ ᠶᠢᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠠᠵᠤ ᠦᠢᠯᠡᠰ ᠤᠨ | ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠡᠭᠦᠷᠭᠡ ᠮᠥᠨ ᠬᠦ ᠬᠠᠲᠠᠭᠤ ᠪᠡᠷᠬᠡ ᠪᠠᠶᠢᠭᠰᠠᠭᠠᠷ︔ ᠨᠡᠮᠡᠭᠳᠡᠯ ᠢ ᠲᠤᠯᠭᠠᠭᠤᠷᠢᠯᠠᠬᠤ ᠲᠤᠮᠤ ᠲᠦᠷᠦᠯ ᠵᠦᠢᠯ ᠤᠨ | ᠨᠥᠭᠡᠴᠡ ᠬᠦᠷᠦᠯᠴᠡᠬᠦ ᠦᠭᠡᠢ ᠪᠠᠶᠢᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠠᠰᠠ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠶ ᠪᠠᠶᠢᠨ᠎ᠠ︔ | ᠡᠳ᠋ ᠤᠨ ᠵᠠᠰᠠᠭ ᠤᠨ ᠥᠷᠢ ᠥᠭᠴᠡᠭᠡᠨ ᠤ ᠳᠠᠷᠤᠯᠲᠠ ᠨᠡᠯᠢᠶᠡᠳ ᠶᠡᠭᠡ ᠪᠠᠶᠢᠵᠤ᠂ ᠣᠷᠣᠯᠭ᠎ᠠ ᠵᠠᠷᠤᠯᠭ᠎ᠠ ᠶᠢᠨ ᠵᠥᠷᠢᠴᠡᠯ ᠨᠡᠯᠢᠶᠡᠳ ᠲᠤᠪᠤᠶᠢᠮ᠎ᠠ ᠪᠠᠶᠢᠨ᠎ᠠ︔ ᠬᠤᠲᠠ | ᠪᠠᠯᠭᠠᠰᠤᠨ ᠤ ᠪᠥᠲᠥᠭᠡᠨ ᠪᠠᠶᠢᠭᠤᠯᠤᠯᠲᠠ ᠨᠢ ᠵᠢᠭᠤᠯᠴᠢᠯᠠᠯ ᠤᠨ ᠬᠤᠲᠠ ᠶᠢᠨ ᠱᠠᠭᠠᠷᠳᠠᠯᠭ᠎ᠠ ᠯᠤᠭ᠎ᠠ ᠪᠠᠰᠠ ᠮᠠᠰᠢ ᠶᠡᠭᠡ ᠵᠥᠷᠢᠶ᠎ᠡ ᠲᠠᠢ ᠪᠠᠶᠢᠵᠤ᠂ ᠢᠯᠠᠩᠭᠤᠶ᠎ᠠ ᠵᠡᠭᠡᠯᠢ | ᠳᠠᠭᠤ ᠰᠢᠪᠠᠷ ᠬᠠᠪᠴᠢᠭᠤᠯᠤᠭᠰᠠᠨ ᠬᠡᠷ ᠪᠠᠶᠢᠰᠢᠩ ᠨᠢ ᠬᠤᠲᠠ ᠶᠢᠨ ᠦᠵᠡᠮᠵᠢ ᠶᠢᠨ ᠣᠷᠴᠢᠨ ᠲᠣᠭᠤᠷᠢᠨ ᠢ ᠬᠦᠨᠳᠦ ᠨᠣᠴᠢᠲᠠᠶ ᠨᠥᠯᠥᠭᠡᠯᠡᠵᠦ ᠪᠠᠶᠢᠨ᠎ᠠ︔ | ᠠᠷᠠᠳ ᠤᠨ ᠠᠮᠢᠳᠤᠷᠠᠯ ᠤᠨ ᠬᠦᠷᠢᠶᠡᠨ ᠳᠤ ᠮᠥᠨ ᠴᠥᠭᠡᠨ ᠪᠤᠰᠤ ᠳᠤᠲᠠᠭᠳᠠᠯ ᠣᠷᠣᠰᠢᠵᠤ᠂ ᠤᠯᠠᠨ ᠲᠦᠮᠡᠨ ᠤ ᠬᠦᠰᠡᠯ ᠡᠷᠡᠮᠡᠯᠵᠡᠯ ᠲᠠᠢ ᠪᠠᠰᠠ ᠬᠠᠷᠢᠴᠠᠩᠭᠤᠢ | ᠵᠦᠷᠢᠶ᠎ᠡ ᠲᠠᠢ ᠪᠠᠶᠢᠨ᠎ᠠ︔ ᠬᠡᠰᠡᠭ ᠺᠠᠳ᠋ᠷ ᠠᠵᠢᠯᠳᠠᠨ ᠤ ᠲᠡᠮᠡᠴᠡᠯ ᠤᠨ ᠵᠣᠷᠢᠭ ᠰᠠᠨᠠᠭ᠎ᠠ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ᠂ ᠶᠣᠰᠣ ᠲᠦᠷᠢᠮ ᠤᠨ | ᠤᠬᠠᠮᠰᠠᠷ ᠢ ᠴᠢᠩᠭᠠᠳᠬᠠᠬᠤ ᠴᠢᠬᠤᠯᠠᠲᠠᠢ ᠵᠡᠷᠭᠡ ᠪᠣᠯᠤᠨ᠎ᠠ᠃ ᠡᠳᠡᠭᠡᠷ ᠠᠰᠠᠭᠤᠳᠠᠯ ᠢ ᠪᠢᠳᠡ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ | ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠴᠢᠷᠮᠠᠶᠢᠨ ᠰᠢᠢᠳᠪᠦᠷᠢᠯᠡᠵᠦ᠂ ᠠᠷᠠᠳ ᠲᠦᠮᠡᠨ ᠤ ᠢᠲᠡᠭᠡᠯ ᠪᠠ ᠬᠦᠰᠡᠯ ᠡᠷᠡᠮᠡᠯᠵᠡᠯ ᠢ ᠶᠠᠭᠠᠬᠢᠭᠰᠠᠨ ᠴᠤ ᠬᠥᠰᠡᠷᠳᠡᠭᠦᠯᠬᠦ | ᠦᠭᠡᠢ᠃ | ᠬᠤᠶᠠᠷ᠂ 2023 ᠣᠨ ᠤ ᠠᠵᠢᠯ ᠤᠨ ᠲᠣᠬᠢᠷᠠᠭᠤᠯᠤᠯᠲᠠ | ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠮᠠᠨ ᠤ | ᠬᠤᠳᠠ ᠶᠢᠨ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠨ ᠭᠡᠭᠡᠨ ᠭᠤᠣᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠵᠢᠯ ᠮᠥᠨ᠂ | ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠪᠦᠭᠡᠳ ᠬᠠᠷᠢᠭᠤᠴᠠᠯᠭ᠎ᠠ ᠲᠠᠢ ᠶᠤᠮ᠃ ᠪᠢᠳᠡ ᠬᠥᠭᠵᠢᠯᠲᠡ ᠶᠢᠨ ᠢᠲᠡᠭᠡᠯ | ᠵᠣᠷᠢᠭ ᠢᠶᠠᠨ ᠪᠠᠲᠤᠳᠬᠠᠵᠤ᠂ ᠪᠠᠶᠢᠯᠳᠤᠬᠤ ᠪᠣᠳᠣᠯᠭ᠎ᠠ ᠶᠢᠨ ᠬᠦᠴᠦᠨ ᠢᠶᠠᠨ ᠪᠠᠲᠤᠯᠠᠵᠤ᠂ ᠭᠡᠭᠡᠨ ᠭᠤᠣᠯ ᠤᠨ ᠬᠥᠭᠵᠢᠯᠲᠡ ᠶᠢᠨ ᠳᠠᠪᠠᠭᠤᠯᠢᠭ ᠲᠠᠯ᠎ᠠ᠂ ᠱᠠᠳᠤ | ᠦᠶ᠎ᠡ ᠶᠢᠨ ᠣᠨᠴᠠᠯᠢᠭ ᠪᠣᠯᠤᠨ ᠳᠤᠲᠠᠭᠤᠳᠠᠯ ᠶᠢ ᠣᠨᠣᠪᠴᠢᠲᠠᠢ ᠡᠵᠡᠮᠳᠡᠵᠦ᠂ ᠪᠠᠶᠢᠳᠠᠯ ᠢ ᠲᠠᠭᠠᠨ ᠠᠷᠭ᠎ᠠ ᠰᠦᠪᠡᠭᠴᠢᠯᠡᠵᠦ᠂ ᠪᠠᠶᠢᠳᠠᠯ ᠢ ᠠᠮᠵᠢᠨ ᠤᠷᠤᠭᠰᠢᠯᠠᠵᠤ᠂ | ᠬᠢᠮᠤᠷᠠᠯ ᠤᠨ ᠳᠤᠮᠳᠠ ᠠᠵᠠ ᠲᠣᠬᠢᠶᠠᠯ ᠢ ᠠᠮᠵᠢᠵᠤ᠂ ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠨᠡᠭᠡᠭᠡᠵᠦ᠂ ᠲᠡᠮᠡᠴᠡᠯ ᠤᠨ ᠲᠦᠷᠢ ᠪᠠᠶᠢᠳᠠᠯ ᠢᠶᠠᠷ ᠡᠷᠡᠯᠬᠡᠭᠯᠡᠨ | ᠤᠷᠤᠭᠰᠢᠯᠠᠵᠤ᠂ ᠲᠡᠮᠡᠴᠡᠯ ᠤᠨ ᠵᠣᠷᠢᠭ ᠢᠶᠠᠷ ᠤᠷᠤᠭᠰᠢᠯᠠᠨ ᠳᠠᠪᠰᠢᠵᠤ᠂ ᠰᠢᠨ᠎ᠡ ᠰᠢᠯᠭᠠᠯᠲᠠ ᠶᠢᠨ ᠵᠠᠮ ᠢᠶᠠᠷ ᠲᠡᠦᠬᠡ ᠪᠣᠯᠤᠨ ᠠᠷᠠᠳ ᠲᠦᠮᠡᠨ ᠳᠤ ᠰᠢᠯᠢᠳᠡᠭ | ᠰᠢᠯᠭᠠᠯᠲᠠ ᠶᠢᠨ ᠬᠠᠭᠤᠳᠠᠰᠤ ᠶᠢ ᠲᠤᠰᠢᠶᠠᠬᠤ ᠬᠡᠷᠡᠭᠲᠡᠢ᠃ | ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠦ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠦ᠂ ︽ᠲᠠᠪᠤᠨ ᠶᠡᠭᠡ ᠡᠭᠦᠷᠭᠡ︾ ᠶᠢ ᠴᠢᠨᠠᠷ | ᠰᠠᠶᠢᠲᠠᠶ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ | ᠰᠢᠨ᠎ᠡ ᠵᠠᠮ ᠢᠶᠠᠷ ᠭᠤᠶᠢᠪᠢᠰᠢ ᠦᠭᠡᠶ ᠵᠠᠮᠨᠠᠵᠤ᠂ ᠬᠥᠭᠵᠢᠯᠲᠡ ᠪᠣᠯᠤᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ︽ᠲᠠᠪᠤᠨ ᠶᠡᠭᠡ | ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠢ ᠪᠣᠳᠠᠲᠠᠶᠢᠵᠢᠭᠤᠯᠵᠤ᠂ ᠪᠦᠬᠦ ᠬᠦᠴᠦᠨ ᠢᠶᠠᠷ ᠢᠶᠠᠨ ᠲᠦᠷᠦᠯ ᠵᠦᠢᠯ ᠢ ᠠᠳᠬᠤᠵᠤ᠂ ᠠᠵᠤ ᠦᠢᠯᠡᠰ ᠢ ᠬᠥᠭᠵᠢᠭᠦᠯᠵᠦ᠂ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠬᠥᠭᠵᠢᠯᠲᠡ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ | ᠪᠣᠬᠢᠷᠲᠤᠯ ᠦᠭᠡᠢ ᠬᠥᠭᠵᠢᠬᠦ᠂ ᠴᠢᠨᠠᠷ ᠰᠠᠶᠢᠲᠠᠢ ᠬᠥᠭᠵᠢᠬᠦ ᠶᠢ ᠲᠦᠷᠭᠡᠳᠬᠡᠨ ᠠᠬᠢᠭᠤᠯᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ | ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠪᠡᠶᠡᠯᠡᠭᠦᠯᠵᠦ᠂ ᠰᠢᠨ᠎ᠡ ᠴᠠᠭ ᠦᠶ᠎ᠡ ᠶᠢᠨ ᠭᠡᠭᠡᠨ ᠭᠤᠣᠯ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠨ᠎ᠡ᠃ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠪᠦᠬᠦ ᠦᠷᠲᠡᠭ ᠢ 6% | ᠣᠷᠴᠢᠮ ᠢᠶᠠᠷ ᠨᠡᠮᠡᠭᠳᠡᠭᠦᠯᠦᠨ᠎ᠡ︔ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠶᠢ 10% ᠠᠴᠠ ᠳᠡᠭᠡᠭᠰᠢ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ | ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 5% ᠠᠴᠠ ᠳᠡᠭᠡᠭᠰᠢ ᠨᠡᠮᠡᠭᠳᠡᠭᠦᠯᠦᠨ᠎ᠡ︔ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ | ᠬᠠᠷᠢᠴᠠᠭᠤᠯᠵᠤ ᠪᠣᠯᠬᠤ ᠪᠠᠷᠢᠮᠵᠢᠶ᠎ᠠ ᠪᠠᠷ 10%ᠣᠷᠴᠢᠮ ᠢᠶᠠᠷ ᠨᠡᠮᠡᠭᠳᠡᠭᠦᠯᠦᠨ᠎ᠡ︔ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠠᠵᠤ | ᠠᠬᠤᠶ ᠶᠢᠨ ᠨᠡᠮᠡᠭᠳᠡᠯ ᠤᠨ ᠬᠤᠷᠳᠤᠴᠠ ᠠᠴᠠ ᠦᠨᠳᠦᠷ︔ ᠪᠠᠲᠤᠯᠠᠭ᠎ᠠ ᠶᠢᠨ ᠴᠢᠨᠠᠷᠲᠠᠶ ᠠᠷᠠᠳ ᠤᠨ ᠠᠮᠢᠳᠤᠷᠠᠯ ᠤᠨ ᠵᠠᠷᠤᠯᠭ᠎ᠠ ᠲᠣᠭᠲᠠᠭᠤᠨ ᠢᠶᠠᠷ ᠨᠡᠮᠡᠭᠳᠡᠨ᠎ᠡ︔ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠡᠭᠦᠷᠭᠡ᠂ ᠪᠣᠬᠢᠷᠲᠤᠯ ᠥᠬᠡᠶ ᠬᠥᠭᠵᠢᠯᠲᠡ ᠶᠢᠨ ᠭᠦᠢᠴᠡᠳᠭᠡᠯ ᠲᠤᠭ᠎ᠠ ᠶᠢ ᠪᠥᠬᠦ ᠲᠠᠯ᠎ᠠ ᠪᠠᠷ ᠪᠡᠶᠡᠯᠡᠭᠦᠯᠵᠦ᠂ | ᠡᠨᠧᠷᠭᠢ ᠶᠢᠨ ᠬᠤᠷᠣᠭᠳᠠᠯ ᠤᠨ ᠬᠦᠴᠦᠯᠡᠴᠡ ᠪᠠ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠭᠦᠢᠴᠡᠳᠭᠡᠯ ᠲᠤᠭ᠎ᠠ ᠶᠢ ᠬᠥᠯᠥᠨ ᠪᠤᠶᠢᠷ | ᠬᠤᠲᠠ ᠶᠢᠨ ᠪᠠᠭᠤᠯᠭᠠᠭᠰᠠᠨ ᠡᠭᠦᠷᠭᠡ ᠶᠢ ᠪᠡᠶᠡᠯᠡᠭᠦᠯᠵᠦ᠂ ᠪᠣᠳᠠᠲᠠᠶ ᠠᠵᠢᠯ ᠤᠨ ᠳᠤᠮᠳᠠ ᠪᠠᠨ ᠨᠠᠩ ᠰᠠᠶᠢᠨ ᠬᠢᠷᠢ ᠪᠦᠲᠦᠮᠵᠢ ᠤᠯᠬᠤ ᠪᠠᠷ ᠴᠢᠷᠮᠠᠶᠢᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠲᠠᠢ ᠤᠶᠠᠯᠳᠤᠭᠤᠯᠤᠨ᠂ ᠪᠢᠳᠡ ᠳᠣᠣᠷᠠᠬᠢ ᠲᠤᠯᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ | ᠪᠡᠶᠡᠯᠡᠭᠦᠯᠦᠨ᠎ᠡ᠄ | ︵ᠨᠢᠭᠡ︶ ᠠᠮᠢ ᠠᠬᠤᠶ ᠶᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠠᠮᠢ ᠠᠬᠤᠶ ᠶᠢᠨ ᠥᠷᠲᠡᠭ ᠤᠨ ᠬᠤᠪᠢᠷᠠᠭᠤᠯᠤᠯᠲᠠ ᠶᠢᠨ ᠲᠠᠯ᠎ᠠ ᠪᠠᠷ ᠰᠢᠨ᠎ᠡ | ᠰᠢᠪᠲᠤᠯᠤᠯᠲᠠ ᠲᠠᠢ ᠪᠣᠯᠭᠠᠨ᠎ᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠡᠨᠡᠬᠦ ᠨᠣᠮᠢᠨ | ᠨᠣᠭᠤᠭᠠᠨ ᠤᠢ ᠰᠢᠭᠤᠢ ᠶᠢ ᠰᠠᠶᠢᠲᠤᠷ ᠰᠠᠬᠢᠨ ᠬᠠᠮᠠᠭᠠᠯᠠᠵᠤ᠂ ᠠᠮᠢ ᠠᠬᠤᠢ ᠶᠢᠨ ᠦᠷᠳᠡᠭ ᠢ ᠠᠵᠤ ᠠᠬᠤᠢ ᠶᠢᠨ ᠦᠷᠳᠡᠭ ᠪᠣᠯᠭᠠᠨ ᠬᠤᠪᠢᠷᠠᠭᠤᠯᠵᠤ᠂ ᠬᠥᠮᠦᠨ | ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠵᠢᠱᠢᠶ᠎ᠡ ᠦᠵᠡᠭᠦᠯᠬᠦ ᠣᠷᠣᠨ ᠢ ᠴᠣᠭᠴᠠᠯᠠᠨ ᠪᠠᠶᠢᠭᠤᠯᠤᠨ᠎ᠠ᠃ | ᠠᠮᠢ ᠠᠬᠤᠶ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠠᠭᠤᠯᠠ ᠤᠰᠤ ᠤᠢ ᠰᠢᠭᠤᠶ ᠲᠠᠷᠢᠶᠠᠨ ᠭᠠᠵᠠᠷ ᠨᠠᠭᠤᠷ ᠪᠦᠷᠢᠳᠦ | ᠡᠪᠡᠰᠦ ᠡᠯᠡᠰᠦ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠠᠮᠢ ᠠᠬᠤᠶ ᠶᠢᠨ ᠰᠢᠰᠲ᠋ᠧᠮ ᠤᠨ ᠲᠣᠭᠲᠠᠪᠤᠷᠢᠲᠤ | ᠴᠢᠨᠠᠷ ᠢ ᠳᠡᠭᠡᠭᠰᠢᠯᠡᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠬᠤᠪᠢ ᠨᠡᠮᠡᠷᠢ ᠶᠢᠨ ᠬᠡᠮᠵᠢᠶ᠎ᠡ ᠶᠢ ᠥᠷᠭᠡᠳᠬᠡᠨ᠎ᠡ᠃ ᠲᠥᠪ ᠤᠨ ᠠᠮᠢ ᠠᠬᠤᠶ ᠶᠢᠨ ᠣᠷᠴᠢᠨ | ᠨᠥᠬᠦᠴᠡᠯ ᠤᠨ ᠬᠠᠮᠠᠭᠠᠯᠠᠯᠲᠠ ᠶᠢ ᠰᠢᠪᠠᠳᠠᠨ ᠪᠠᠶᠢᠴᠠᠭᠠᠬᠤ ᠪᠠ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠠᠵᠢᠯ ᠢ ᠰᠠᠶᠢᠳᠤᠷ ᠬᠢᠨ᠎ᠡ᠃ ᠬᠦᠬᠡ ᠣᠭᠲᠠᠷᠭᠤᠢ | ᠂ ᠴᠡᠩᠬᠡᠷ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠵᠦ᠂ ᠣᠷᠴᠢᠨ ᠲᠣᠭᠤᠷᠢᠨ ᠤ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠡᠷᠴᠢᠮ ᠢ | ᠴᠢᠩᠭᠠᠷᠠᠭᠤᠯᠵᠤ᠂ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠠᠮᠢ ᠠᠬᠤᠢ ᠶᠢᠨ ᠣᠷᠴᠢᠨ ᠲᠣᠭᠤᠷᠢᠨ ᠤ ᠠᠮᠤᠷ | ᠲᠦᠪᠰᠢᠨ ᠢ ᠦᠨᠡᠨᠬᠦ ᠪᠠᠲᠤᠯᠠᠨ᠎ᠠ᠃ ᠭᠤᠣᠯ ᠮᠦᠷᠡᠨ ᠤ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ︽ᠲᠦᠷᠪᠡᠨ ᠰᠠᠮᠠᠭᠤᠷᠠᠯ ᠢ ᠠᠷᠢᠯᠭᠠᠬᠤ︾ | ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠭᠤᠣᠯ ᠮᠥᠷᠡᠨ᠂ ᠰᠢᠷᠦᠭᠦᠨ ᠤᠷᠤᠰᠬᠠᠯᠲᠤ ᠭᠤᠣᠯ ᠵᠡᠷᠭᠡ ᠭᠤᠣᠯᠳᠠᠯᠭ᠎ᠠ ᠲᠠᠢ ᠰᠠᠪᠠ ᠭᠠᠵᠠᠷ ᠢ ᠬᠠᠮᠠᠭᠠᠯᠠᠨ ᠵᠠᠰᠠᠬᠤ | ᠠᠵᠢᠯ ᠢ ᠴᠢᠩᠭᠠᠳᠬᠠᠵᠤ᠂ ᠡᠦ ᠹᠧᠩ ᠱᠠᠨ ᠠᠭᠤᠯᠠᠨ ᠤ ᠦᠶᠡᠷ ᠢ ᠲᠠᠰᠤᠯᠬᠤ ᠭᠤᠤ ᠶᠢᠨ ᠢᠨᠵᠧᠨᠧᠷᠢᠩ ᠤᠨ ᠠᠵᠢᠯ ᠢ ᠡᠬᠢᠯᠡᠭᠦᠯᠦᠨ ᠪᠦᠳᠦᠭᠡᠨ ᠪᠠᠶᠢᠭᠤᠯᠤᠨ᠎ᠠ᠃ | ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ᠶᠡᠭᠡ ᠬᠢᠩᠭᠠᠨ ᠳᠠᠪᠠᠭ᠎ᠠ ᠶᠢᠨ ᠣᠶ ᠰᠢᠭᠤᠶ ᠶᠢᠨ ᠠᠮᠢ ᠠᠬᠤᠶ ᠶᠢᠨ ᠬᠤᠩᠭᠢᠯ ᠤᠨ | ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠤᠯᠤᠰ ᠤᠨ ᠭᠠᠵᠠᠷ ᠰᠢᠷᠣᠶ ᠶᠢ ᠨᠣᠭᠤᠭᠠᠷᠠᠭᠤᠯᠬᠤ᠂ ᠣᠶ ᠰᠢᠭᠤᠶ ᠶᠢ ᠠᠷᠠᠴᠢᠯᠠᠨ ᠪᠤᠶᠢᠵᠢᠭᠤᠯᠬᠤ᠂ ᠪᠠᠶᠢᠭᠠᠯᠢ ᠶᠢᠨ | ᠣᠶ ᠶᠢ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ᠴᠢᠭᠢᠭᠯᠢᠭ ᠭᠠᠵᠠᠷ ᠤᠨ ᠴᠡᠴᠡᠷᠯᠢᠭ ᠪᠠ ᠣᠶ ᠰᠢᠭᠤᠶ ᠶᠢᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠤᠨ᠂ ᠤᠯᠤᠰ ᠤᠨ ᠠᠮᠢ ᠠᠬᠤᠶ ᠶᠢᠨ ᠬᠠᠮᠠᠭᠠᠯᠠᠯᠲᠠ ᠶᠢᠨ ᠵᠢᠱᠢᠶᠡᠴᠢ ᠬᠤᠲᠠ᠂ ᠥᠪᠡᠷᠲᠡᠭᠡᠨ ᠵᠠᠰᠠᠬᠤ ᠣᠷᠣᠨ ᠤ ᠲᠠᠰ ᠤᠨ ᠣᠶ ᠰᠢᠭᠤᠶ ᠶᠢᠨ ᠬᠤᠲᠠ ᠶᠢ | ᠴᠢᠷᠮᠠᠶᠢᠨ ᠪᠠᠶᠢᠭᠤᠯᠤᠨ᠎ᠠ᠃ | ᠡᠷᠴᠢᠮᠵᠢᠭᠦᠯᠦᠨ ᠠᠷᠪᠢᠯᠠᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ ᠪᠦᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠶ | ᠬᠡᠷᠡᠭᠵᠢᠭᠦᠯᠵᠦ᠂ ︽ᠲᠠᠪᠤ ᠶᠢ ᠲᠤᠶᠢᠯᠪᠤᠷᠢᠲᠠᠢ ᠪᠠᠶᠢᠯᠭᠠᠬᠤ︾ ᠠᠵᠢᠯᠯᠠᠭ᠎ᠠ ᠶᠢᠨ ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠬᠡᠨ᠎ᠡ᠃ ᠤᠯᠤᠰ ᠤᠨ ᠭᠠᠵᠠᠷ | ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠴᠢᠩᠭ᠎ᠠ ᠬᠡᠷᠡᠭᠵᠢᠭᠦᠯᠵᠦ᠂ ︽ᠰᠢᠶᠠᠩ ᠪᠠᠯᠭᠠᠰᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ︽ᠭᠤᠷᠪᠠᠨ ᠣᠷᠣᠨ ᠭᠤᠷᠪᠠᠨ ᠱᠤᠭᠤᠮ︾ ︽ᠭᠤᠷᠪᠠᠨ ᠱᠤᠭᠤᠮ ᠨᠢᠭᠡ ᠬᠠᠭᠤᠳᠠᠰᠤ︾ | ᠶᠢᠨ ᠦᠷ᠎ᠡ ᠪᠦᠲᠦᠭᠡᠯ ᠢ ᠪᠣᠳᠠᠲᠠᠶᠢᠵᠢᠭᠤᠯᠤᠨ ᠬᠡᠷᠡᠭᠯᠡᠬᠦ ᠶᠢ ᠲᠦᠷᠭᠡᠳᠬᠡᠵᠦ᠂ ᠤᠰᠤ᠂ ᠭᠠᠵᠠᠷ ᠰᠢᠷᠣᠶ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ | ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠬᠤ ᠠᠵᠢᠯ ᠢ ᠥᠷᠨᠢᠭᠦᠯᠵᠦ᠂ ︽ᠬᠠᠶᠠᠭᠳᠠᠮᠠᠯ ᠪᠣᠳᠠᠰ | ᠦᠭᠡᠢ ᠬᠤᠳᠠ︾ ᠶᠢᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ | ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠠᠰᠬᠠᠬᠤ ᠶᠢ ᠦᠷᠭᠦᠯᠵᠢᠯᠡᠨ ᠠᠬᠢᠭᠤᠯᠵᠤ᠂ ᠠᠵᠤ ᠠᠬᠤᠢ ᠨᠡᠶᠢᠭᠡᠮ ᠤᠨ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠵᠤ᠂ ᠬᠦᠬᠡ ᠲᠩᠷᠢ ᠴᠠᠭᠠᠨ ᠡᠭᠦᠯᠡ᠂ ᠬᠥᠬᠡᠮᠳᠦᠭ ᠨᠣᠭᠤᠭᠠᠨ | ᠠᠭᠤᠯᠠ ᠤᠰᠤ ᠶᠢ ᠭᠡᠭᠡᠨ ᠭᠤᠣᠯ ᠳᠤ ᠥᠨᠢᠳᠡ ᠰᠠᠭᠤᠯᠭᠠᠨ᠎ᠠ᠃ | ᠠᠮᠢ ᠠᠬᠤᠶ ᠶᠢᠨ ᠥᠷᠲᠡᠭ ᠤᠨ ᠬᠤᠪᠢᠷᠠᠭᠤᠯᠤᠯᠲᠠ ᠶᠢ ᠲᠦᠷᠭᠡᠳᠭᠡᠨ᠎ᠡ᠃ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠤ ᠣᠷᠣᠨ ᠪᠠ ᠡᠬᠢ ᠪᠠᠶᠠᠯᠢᠭ ᠰᠢᠪᠬᠠᠷᠤᠭᠰᠠᠨ ᠬᠤᠲᠠ ᠳᠤ ᠰᠢᠯᠵᠢᠭᠦᠯᠦᠨ ᠥᠭᠬᠦ ᠪᠠᠷ ᠯᠠᠪᠯᠠᠯᠲᠠ | ᠪᠣᠯᠭᠠᠬᠤ ᠡᠷᠴᠢᠮ ᠢ ᠴᠢᠩᠭᠠᠷᠠᠭᠤᠯᠤᠨ᠎ᠠ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠠᠭᠤᠯᠠ ᠮᠥᠩᠭᠦᠨ ᠠᠭᠤᠯᠠ ᠮᠥᠨ︾ ᠭᠡᠬᠦ | ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠭᠠᠵᠠᠷ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠲᠦᠷᠭᠡᠳᠬᠡᠵᠦ᠂ ᠠᠮᠢ ᠠᠬᠤᠶ ᠶᠢᠨ ᠪᠣᠯᠪᠠᠰᠤᠨ ᠤ | ᠪᠦᠲᠦᠭᠡᠨ ᠪᠠᠶᠢᠭᠤᠯᠤᠯᠲᠠ᠂ ᠠᠮᠢ ᠠᠬᠤᠶ ᠶᠢᠨ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠤᠷᠢᠳᠠᠪᠠᠷ ᠵᠢᠱᠢᠶ᠎ᠡ ᠦᠵᠡᠭᠦᠯᠵᠦ᠂ ᠲᠡᠷᠢᠭᠦᠨ ᠤ ᠬᠢ ᠶᠢ | ᠡᠭᠦᠳᠬᠦ ᠪᠠᠷ ᠴᠢᠷᠮᠠᠶᠢᠵᠤ᠂ ᠣᠶ ᠶᠢᠨ ᠬᠤᠷᠮᠣᠶ ᠶᠢᠨ ᠠᠵᠤ ᠠᠬᠤᠶ᠂ ᠨᠡᠭᠦᠷᠡᠰᠦᠲᠥ᠋ᠷᠥᠭᠴᠢ ᠶᠢ ᠬᠤᠷᠠᠭᠤᠯᠬᠤ ᠠᠵᠤ ᠠᠬᠤᠶ᠂ ᠠᠮᠢ ᠠᠬᠤᠶ ᠶᠢᠨ ᠵᠢᠭᠤᠯᠴᠢᠯᠠᠯ᠂ ᠣᠶ | ᠰᠢᠭᠤᠶ ᠶᠢᠨ ᠡᠷᠡᠭᠦᠯᠵᠢᠯ ᠰᠤᠪᠢᠯᠠᠯᠲᠠ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠮᠢ ᠠᠬᠤᠶ ᠶᠢᠨ ᠠᠵᠤ ᠦᠶᠢᠯᠡᠰᠵᠢᠯᠲᠡ᠂ ᠠᠵᠤ ᠦᠢᠯᠡᠰ ᠤᠨ ᠠᠮᠢ | ᠠᠬᠤᠶᠢᠵᠢᠯᠲᠠ ᠶᠢ ᠠᠬᠢᠭᠤᠯᠤᠨ᠂ ᠤᠯᠤᠰ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠤᠭᠰᠠᠨ | ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠭᠡᠭᠡᠨ ᠭᠤᠤᠯ ᠤᠨ ᠥᠯᠢᠭᠡᠷ ᠳᠠᠭᠤᠷᠢᠶᠠᠯ ᠢ ᠪᠥᠬᠦ | ᠬᠦᠴᠦᠨ ᠢᠶᠠᠷ ᠢᠶᠠᠨ ᠪᠣᠶ ᠪᠣᠯᠭᠠᠨ᠎ᠠ᠃ | ︵ᠬᠤᠶᠠᠷ︶ ᠲᠦᠷᠦᠯ ᠵᠦᠢᠯ ᠢ ᠴᠢᠬᠤᠯᠠᠴᠢᠯᠠᠨ ᠪᠡᠯᠡ ᠣᠷᠣᠭᠤᠯᠤᠯᠲᠠ ᠶᠢ ᠥᠷᠭᠡᠳᠬᠡᠵᠦ᠂ ᠠᠵᠤ ᠠᠬᠤᠶ ᠶᠢᠨ ᠨᠡᠮᠡᠭᠳᠡᠯ ᠢ ᠲᠦᠯᠬᠢᠨ ᠠᠬᠢᠭᠤᠯᠬᠤ | ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠨ᠎ᠠ᠃ ︽ᠬᠤᠳᠠᠯᠳᠤᠭᠠᠴᠢᠨ ᠤᠷᠢᠵᠤ ᠪᠠᠯᠠ ᠣᠷᠣᠭᠤᠯᠤᠨ ᠠᠪᠴᠢᠷᠠᠬᠤ᠂ ᠭᠤᠤᠯᠳᠠᠯᠭ᠎ᠠ ᠲᠠᠢ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢᠨ ᠬᠦᠴᠢᠷ ᠢ ᠲᠤᠭᠤᠯᠬᠤ ᠣᠨ︾ ᠤ ᠠᠵᠢᠯᠯᠠᠭ᠎ᠠ ᠶᠢ ᠥᠷᠨᠢᠭᠦᠯᠵᠦ᠂ ᠲᠥᠷᠥᠯ ᠵᠦᠢᠯ ᠢ ᠪᠥᠬᠦ ᠬᠦᠴᠦᠨ ᠢᠶᠠᠷ ᠢᠶᠠᠨ ᠠᠳᠬᠤᠵᠤ᠂ | ᠬᠤᠳᠠᠯᠳᠤᠭᠠᠴᠢᠨ ᠤᠷᠢᠬᠤ ᠶᠢ ᠪᠥᠬᠦ ᠬᠦᠴᠦᠨ ᠢᠶᠠᠷ ᠢᠶᠠᠨ ᠠᠳᠬᠤᠵᠤ᠂ ᠡᠭᠦᠳᠡ ᠪᠠᠨ ᠯᠠᠪᠳᠠᠭᠤᠨ ᠨᠡᠭᠡᠭᠡᠵᠦ᠂ ᠠᠮᠵᠢᠯᠲᠠ ᠤᠯᠬᠤ ᠶᠢ ᠴᠢᠷᠮᠠᠶᠢᠨ ᠪᠡᠶᠡᠯᠡᠭᠦᠯᠵᠦ᠂ | ᠪᠥᠬᠦ ᠵᠢᠯ ᠳᠤ ᠲᠣᠭᠲᠠᠭᠤᠨ᠂ ᠪᠥᠬᠦ ᠵᠢᠯ ᠳᠤ ᠤᠷᠤᠭᠰᠢᠯᠠᠬᠤ ᠶᠢ ᠦᠨᠡᠨᠬᠦ ᠪᠠᠲᠤᠯᠠᠨ᠎ᠠ᠃ | ᠪᠦᠬᠦ ᠬᠦᠴᠦ ᠪᠠᠨ ᠲᠦᠪᠯᠡᠷᠡᠭᠦᠯᠦᠨ ᠲᠥᠷᠥᠯ ᠵᠦᠢᠯ ᠢ ᠴᠢᠬᠤᠯᠠᠴᠢᠯᠠᠨ ᠠᠳᠬᠤᠨ᠎ᠠ᠃ ︽ᠲᠠᠪᠤᠨ ᠨᠢᠭᠡ ᠪᠦᠯᠦᠭ︾ ᠤᠨ ᠠᠵᠢᠯᠯᠠᠭ᠎ᠠ ᠶᠢ ᠯᠠᠪᠳᠠᠭᠤᠨ | ᠪᠠᠲᠤᠲᠠᠶ ᠥᠷᠨᠢᠭᠦᠯᠵᠦ᠂ ᠲᠥᠷᠥᠯ ᠵᠦᠢᠯ ᠢ ᠶᠡᠬᠡᠪᠡᠷ ᠠᠳᠬᠤᠬᠤ᠂ ᠲᠣᠮᠣ ᠲᠥᠷᠥᠯ ᠵᠦᠢᠯ ᠢ ᠠᠳᠬᠤᠬᠤ᠂ ᠴᠢᠨᠠᠷ ᠰᠠᠶᠢᠲᠠᠶ ᠲᠥᠷᠥᠯ ᠵᠦᠢᠯ ᠢ ᠠᠳᠬᠤᠬᠤ ᠪᠠᠷ | ᠭᠡᠭᠡᠨ ᠭᠤᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠶᠡᠭᠡ ᠬᠡᠪᠴᠢᠶ᠎ᠡ ᠪᠠᠷ ᠪᠦᠲᠦᠴᠡ ᠶᠢ ᠰᠢᠯᠢᠳᠡᠭᠵᠢᠭᠦᠯᠬᠦ ᠶᠢ ᠪᠣᠳᠣᠯᠬᠢᠯᠠᠨ᠂ ᠴᠢᠬᠤᠯᠠ ᠶᠡᠭᠡ | ᠲᠥᠷᠥᠯ ᠵᠦᠢᠯ ᠢ ᠲᠥᠯᠥᠪᠵᠢᠭᠦᠯᠦᠨ ᠬᠦᠭᠵᠢᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠤᠯᠤᠰ᠂ ᠥᠪᠡᠷᠲᠡᠭᠡᠨ ᠵᠠᠰᠠᠬᠤ ᠣᠷᠣᠨ ᠤ ᠪᠠᠯᠠ | ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠶᠢ ᠣᠨᠣᠪᠴᠢᠲᠠᠶ ᠡᠵᠡᠮᠳᠡᠨ᠂ ᠠᠵᠤ ᠦᠢᠯᠡᠰ ᠤᠨᠲ᠋ᠥ᠋ᠷᠥᠯ ᠵᠦᠢᠯ᠂ ᠰᠠᠭᠤᠷᠢ ᠪᠡᠯᠡᠳᠬᠡᠮᠵᠢ ᠶᠢᠨ ᠲᠥᠷᠥᠯ ᠵᠦᠢᠯ᠂ | ᠦᠢᠯᠡᠴᠢᠯᠡᠭᠡᠨ ᠤ ᠦᠢᠯᠡᠰ ᠤᠨ ᠲᠥᠷᠥᠯ ᠵᠦᠢᠯ᠂ ᠠᠵᠢᠯ ᠲᠥᠷᠥᠯ ᠤᠨ ᠪᠠᠯᠠ ᠣᠷᠣᠭᠤᠯᠤᠯᠲᠠ ᠶᠢᠨ ᠲᠥᠷᠥᠯ ᠵᠦᠢᠯ ᠵᠡᠷᠭᠡ ᠴᠢᠬᠤᠯᠠ ᠶᠡᠭᠡ ᠲᠥᠷᠥᠯ ᠵᠦᠢᠯ ᠢ | ᠲᠥᠯᠥᠪᠵᠢᠭᠦᠯᠦᠨ ᠲᠡᠭᠦᠯᠳᠡᠷᠵᠢᠭᠦᠯᠦᠨ᠎ᠡ᠃ ︽ᠵᠢᠷᠭᠤᠭᠠᠨ ᠨᠢᠭᠡ︾ ᠶᠢᠨ ᠠᠵᠢᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠬᠢ ᠪᠠᠶᠠᠯᠢᠭ ᠢ ᠥᠨᠳᠥᠷ | ᠪᠦᠲᠦᠮᠵᠢᠲᠡᠶ ᠪᠠᠷ ᠲᠣᠬᠢᠷᠠᠭᠤᠯᠬᠤ᠂ ᠡᠯᠧᠮᠧᠨ᠋ᠲ ᠢ ᠥᠨᠳᠥᠷ ᠪᠦᠲᠦᠮᠵᠢᠲᠡᠶ ᠪᠠᠷ ᠡᠨᠧᠷᠭᠢ ᠣᠯᠭᠤᠬᠤ᠂ ᠵᠦᠢᠯᠡᠰ ᠢ ᠥᠨᠳᠥᠷ ᠪᠦᠲᠦᠮᠵᠢᠲᠡᠶ ᠪᠠᠷ ᠲᠦᠯᠬᠢᠨ | ᠠᠬᠢᠭᠤᠯᠬᠤ ᠶᠢ ᠪᠡᠶᠡᠯᠡᠭᠦᠯᠦᠨ᠎ᠡ᠃ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ᠂ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ᠂ ᠨᠡᠶᠢᠭᠡᠮ ᠤᠨ ᠬᠥᠷᠥᠩᠭᠡ᠂ | ᠮᠥᠩᠭᠦᠨ ᠭᠦᠢᠯᠭᠡᠭᠡᠨ ᠤ ᠬᠥᠷᠥᠩᠭᠡ ᠶᠢᠨ ︽ᠬᠠᠮ ᠠᠷᠭ᠎ᠠ︾ ᠶᠢ ᠰᠠᠶᠢᠲᠤᠷ ᠬᠡᠷᠡᠭᠵᠢᠭᠦᠯᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠯᠠ | ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠰᠢᠳᠪᠦᠷᠢᠯᠠᠨᠡ᠃ ᠡᠬᠢᠨ ᠤ ᠬᠤᠭᠤᠴᠠᠭᠠᠨ ᠤ ᠬᠤᠭᠤᠴᠠᠭ᠎ᠠ ᠶᠢ ᠵᠠᠪᠳᠤᠨ᠂ ᠠᠬᠢᠴᠠ ᠶᠢ ᠵᠠᠪᠳᠤᠵᠤ᠂ | ᠨᠡᠶᠢᠯᠡᠭᠦᠯᠦᠨ ᠬᠢᠨᠠᠨ ᠵᠥᠪᠰᠢᠶᠡᠷᠡᠬᠦ ᠶᠢ ᠬᠡᠷᠡᠭᠵᠢᠭᠦᠯᠦᠨ᠂ ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠨᠣᠷᠮ᠎ᠠ᠂ ᠪᠠᠯᠠ ᠮᠥᠩᠭᠦ ᠶᠢᠨ ᠬᠦᠷᠦᠯᠴᠡᠭᠰᠡᠨ ᠨᠣᠷᠮ᠎ᠠ᠂ | ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠤᠭᠰᠠᠨ ᠨᠣᠷᠮ᠎ᠠ ᠶᠢ ᠳᠡᠭᠡᠭᠰᠢᠯᠡᠭᠦᠯᠵᠦ᠂ ᠣᠨ ᠳᠤ 32 ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ | ᠨᠡᠶᠢᠲᠡ 16.2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 6 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠠᠯᠠ ᠣᠷᠣᠭᠤᠯᠤᠯᠲᠠ ᠶᠢ ᠪᠡᠶᠡᠯᠡᠭᠦᠯᠦᠨ᠎ᠡ᠃ | ᠠᠷᠠᠯᠵᠢᠶᠠᠴᠢᠨ ᠤᠷᠢᠬᠤ ᠠᠵᠢᠯ ᠢ ᠪᠥᠬᠦ ᠬᠦᠴᠦ ᠪᠠᠨ ᠲᠦᠪᠯᠡᠷᠡᠭᠦᠯᠦᠦᠨ ᠬᠢᠨ᠎ᠡ᠃ ᠪᠥᠬᠦ ᠠᠷᠠᠳ ᠢᠶᠠᠷ ᠢᠶᠠᠨ ᠬᠤᠳᠠᠯᠳᠤᠭᠠᠴᠢᠨ ᠤᠷᠢᠬᠤ ᠣᠶᠢᠯᠠᠭᠠᠭᠳᠠᠬᠤᠨ ᠢ | ᠪᠣᠶ ᠪᠣᠯᠭᠠᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ︽ᠨᠢᠭᠡᠳᠦᠭᠡᠷ ᠨᠣᠮᠧᠷᠲᠤ ᠢᠨᠵᠧᠨᠧᠷᠢᠩ︾ ᠢ ᠬᠡᠷᠡᠭᠵᠢᠭᠦᠯᠦᠨ᠂ ᠠᠮᠢ ᠠᠬᠤᠶ ᠶᠢᠨ ᠣᠷᠴᠢᠨ | ᠲᠣᠭᠤᠷᠢᠨ ᠤ ᠬᠠᠮᠠᠭᠠᠯᠠᠯᠲᠠ᠂ ᠰᠣᠶᠣᠯ ᠤᠨ ᠵᠢᠭᠤᠯᠴᠢᠯᠠᠯ᠂ ᠣᠶ ᠶᠢᠨ ᠬᠤᠷᠮᠣᠶ ᠶᠢᠨ ᠡᠬᠢ ᠪᠠᠶᠠᠯᠢᠭ ᠵᠡᠷᠭᠡ ᠭᠤᠤᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ | ᠲᠥᠪᠯᠡᠷᠡᠭᠦᠯᠵᠦ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ ᠲᠥᠷᠥᠯ ᠵᠦᠢᠯ ᠢ ᠲᠥᠰᠦᠪᠯᠡᠬᠦ᠂ | ᠲᠥᠯᠥᠪᠯᠡᠬᠦ ᠪᠠ ᠨᠤᠲᠠᠯᠠᠬᠤ ᠠᠵᠢᠯ ᠢ ᠦᠨᠡᠨ ᠬᠦ ᠰᠠᠶᠢᠲᠤᠷ ᠬᠢᠵᠦ᠂ ᠠᠵᠤ ᠠᠬᠤᠶᠢᠯᠠᠯᠲᠠᠨ ᠳᠤ ︽ᠠᠰᠢᠭ ᠤᠯᠬᠤ︾ ᠪᠠᠶᠢᠳᠠᠯ ᠢ ᠮᠡᠳᠡᠭᠦᠯᠦᠨ᠎ᠡ᠃ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠴᠢᠬᠤᠯᠠ ᠶᠡᠭᠡ ᠲᠥᠷᠥᠯ ᠵᠦᠢᠯ ᠢ ᠤᠳᠤᠷᠢᠳᠤᠯᠭ᠎ᠠ ᠠᠴᠠ ᠳᠠᠭᠠᠭᠠᠨ ᠠᠳᠬᠤᠬᠤ᠂ ᠬᠠᠮᠵᠢᠯᠴᠠᠨ ᠠᠬᠢᠭᠤᠯᠬᠤ᠂ | ᠲᠤᠰᠬᠠᠶ ᠬᠥᠮᠦᠨ ᠲᠤᠰᠬᠠᠶ ᠠᠩᠭᠢ ᠪᠠᠶᠢᠭᠤᠯᠬᠤ᠂ ᠮᠥᠷᠳᠡᠨ ᠦᠢᠯᠡᠴᠢᠯᠡᠬᠦ ᠲᠣᠭᠲᠠᠴᠠ ᠶᠢ ᠪᠦᠷᠢᠨᠰᠢᠭᠦᠯᠦᠨ᠎ᠡ᠃ ᠠᠵᠤ ᠦᠢᠯᠡᠰ ᠤᠨ ᠬᠡᠯᠬᠢᠶ᠎ᠡ ᠪᠠᠷ | ᠬᠤᠳᠠᠯᠳᠤᠭᠠᠴᠢᠨ ᠤᠷᠢᠬᠤ᠂ ᠲᠠᠪᠴᠠᠩ ᠢᠶᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠰᠢᠶᠠᠩ ᠢᠶᠠᠷ ᠬᠤᠳᠠᠯᠳᠤᠭᠠᠴᠢᠨ | ᠤᠷᠢᠬᠤ ᠶᠢ ᠨᠠᠷᠢᠯᠢᠭ ᠣᠨᠣᠴᠠᠲᠠᠶ ᠪᠠᠷ ᠥᠷᠨᠢᠭᠦᠯᠵᠦ᠂ ᠭᠡᠭᠡᠨ ᠭᠤᠤᠯ ᠤᠨ ᠬᠥᠮᠦᠰ ᠤᠨ ᠨᠤᠲᠤᠭ ᠲᠠᠭᠠᠨ ᠪᠤᠴᠠᠵᠤ ᠪᠠᠯᠠ ᠣᠷᠣᠭᠤᠯᠤᠨ ᠦᠢᠯᠡᠰ ᠬᠥᠭᠵᠢᠭᠦᠯᠬᠦ ᠶᠢ | ᠳᠡᠮᠵᠢᠨ᠎ᠡ᠃ ᠭᠤᠤᠯᠳᠠᠯᠭ᠎ᠠ ᠲᠠᠢ ᠣᠷᠣᠨ ᠪᠦᠰᠡ ᠪᠠ ᠠᠵᠤ ᠠᠬᠤᠶᠢᠯᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠨᠳᠤᠯᠭ᠎ᠠ ᠲᠠᠢ ᠪᠠᠷ ᠬᠤᠳᠠᠯᠳᠤᠭᠠᠴᠢᠨ ᠤᠷᠢᠵᠤ᠂ | ᠲᠤᠰᠬᠠᠶ ᠠᠩᠭᠢ ᠪᠠᠷ ᠳᠥᠯᠭᠢᠨ ᠠᠬᠢᠭᠤᠯᠵᠤ᠂ ᠲᠥᠷᠥᠯ ᠵᠦᠢᠯ ᠤᠨ ᠪᠠᠶᠢᠷᠢᠰᠢᠭᠤᠯᠤᠯᠲᠠ᠂ ᠠᠵᠤ ᠦᠢᠯᠡᠰ ᠤᠨ ᠢᠵᠢ ᠪᠥᠷᠢᠳᠦᠭᠦᠯᠦᠯᠲᠡ᠂ ᠬᠦᠴᠦᠨ | ᠵᠦᠢᠯ ᠤᠨ ᠪᠠᠲᠤᠯᠠᠭ᠎ᠠ ᠶᠢ ᠪᠥᠬᠦ ᠲᠠᠯ᠎ᠠ ᠪᠠᠷ ᠰᠠᠶᠢᠲᠤᠷ ᠬᠢᠵᠦ᠂ ᠨᠠᠩ ᠣᠯᠠᠨ ᠴᠢᠨᠠᠷ ᠰᠠᠶᠢᠲᠠᠶ ᠠᠵᠤ ᠠᠬᠤᠶᠢᠯᠠᠯ ᠢ ᠲᠠᠲᠡᠨ ᠠᠪᠴᠢᠷᠠᠨ᠂ ᠥᠨᠳᠥᠷ ᠪᠦᠲᠦᠮᠵᠢᠲᠡᠶ | ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠪᠡᠶᠡᠯᠡᠭᠦᠯᠦᠨ᠎ᠡ᠃ | ︵ᠭᠤᠷᠪᠠ︶ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ᠂ ᠭᠤᠤᠯᠳᠠᠯᠭ᠎ᠠ ᠲᠠᠢ ᠠᠵᠤ ᠦᠢᠯᠡᠰ ᠢ ᠪᠤᠶᠢᠵᠢᠭᠤᠯᠬᠤ ᠲᠠᠯ᠎ᠠ ᠪᠠᠷ ᠰᠢᠨ᠎ᠡ | ᠰᠢᠪᠲᠤᠯᠤᠯᠲᠠ ᠲᠠᠢ ᠪᠣᠯᠭᠠᠨ᠎ᠠ᠃ ᠵᠥᠷᠢᠶ᠎ᠡ ᠲᠠᠢ ᠪᠠᠷ ᠬᠥᠭᠵᠢᠭᠦᠯᠬᠦ᠂ ᠰᠢᠯᠢᠳᠡᠭ ᠢ ᠪᠤᠶᠢᠵᠢᠭᠤᠯᠤᠨ ᠦᠷ᠎ᠡ ᠠᠰᠢᠭ ᠢ ᠨᠡᠮᠡᠭᠳᠡᠭᠦᠯᠬᠦ ᠵᠠᠷᠴᠢᠮ ᠢ ᠪᠠᠷᠢᠮᠲᠠᠯᠠᠵᠤ᠂ ︽ | ᠲᠠᠪᠤᠨ ᠶᠡᠭᠡ ᠠᠵᠢᠯᠯᠠᠭᠠᠨ ᠤ ᠲᠥᠯᠥᠪᠯᠡᠭᠡ︾ ᠶᠢ ᠭᠦᠨᠵᠡᠭᠡᠢ ᠪᠣᠳᠠᠲᠠᠶᠢᠵᠢᠭᠤᠯᠵᠤ᠂ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮ ᠶᠢ ᠪᠥᠬᠦ | ᠬᠦᠴᠦᠨ ᠢᠶᠠᠷ ᠢᠶᠠᠨ ᠪᠠᠶᠢᠭᠤᠯᠤᠨ᠎ᠠ᠃ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠪᠠᠷᠢᠮᠵᠢᠶ᠎ᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠵᠦ ᠬᠦᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ | ᠰᠣᠶᠣᠯ ᠵᠤᠭᠠᠴᠠᠯ ᠤᠨ ᠠᠵᠤ ᠦᠢᠯᠡᠰ ᠪᠣᠯ ᠭᠡᠭᠡᠨ ᠭᠤᠤᠯ ᠬᠤᠳᠠ ᠶᠢ ᠪᠠᠶᠢᠭᠤᠯᠬᠤ ᠠᠵᠤ ᠦᠢᠯᠡᠰ ᠪᠣᠯᠤᠨ᠎ᠠ᠂ ᠭᠤᠤᠯᠳᠠᠭᠤ ︽ᠤᠢ ᠰᠢᠭᠤᠢ ᠶᠢᠨ ᠬᠤᠳᠠ᠂ | ᠴᠠ ᠪᠤᠭᠤ ᠶᠢᠨ ᠨᠤᠲᠤᠭ᠂ ᠪᠡᠶ᠎ᠡ ᠰᠤᠪᠢᠯᠠᠯᠲᠠ ᠶᠢᠨ ᠦᠵᠡᠮᠵᠢᠲᠦ ᠣᠷᠣᠨ᠂ ᠳᠤᠮᠳᠠᠳᠤ ᠤᠯᠤᠰ ᠤᠨ ᠬᠦᠢᠳᠡᠨ ᠲᠦᠢᠯ︾ ᠤᠨ ᠶᠡᠷᠦᠩᠬᠡᠢ ᠪᠠᠶᠢᠷᠢ | ᠲᠣᠭᠲᠠᠭᠠᠯᠲᠠ ᠶᠢᠨ ᠲᠣᠭᠤᠷᠢᠨ ᠳᠤ᠂ ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠵᠠᠬ᠎ᠠ ᠳᠡᠯᠭᠡᠭᠦᠷ ᠢᠶᠠᠷ ᠭᠤᠣᠯ ᠴᠣᠭᠴᠠ ᠪᠣᠯᠭᠠᠬᠤ᠂ ᠵᠤᠭᠠᠴᠠᠭᠰᠠᠳ ᠢᠶᠠᠷ | ᠭᠤᠣᠯ ᠪᠣᠯᠭᠠᠬᠤ ᠶᠢ ᠪᠠᠷᠢᠮᠲᠠᠯᠠᠵᠤ᠂ ᠪᠦᠬᠦ ᠣᠷᠣᠨ ᠪᠦᠰᠡ᠂ ᠪᠦᠬᠦ ᠤᠯᠠᠷᠢᠯ᠂ ᠪᠦᠬᠦ ᠦᠢᠯᠡᠰ ᠤᠨ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ | ᠨᠠᠷᠠᠲᠤ ᠲᠡᠮᠳᠡᠭᠲᠦ ᠶᠢᠨ ᠰᠣᠶᠣᠯ ᠪᠠ ᠨᠠᠷᠠᠲᠤ ᠲᠡᠮᠳᠡᠭᠲᠦ ᠶᠢᠨ ᠬᠠᠮᠲᠤ ᠶᠢᠨ ᠲᠠᠨᠢᠯᠲᠠ ᠶᠢ ᠪᠤᠢ ᠪᠤᠯᠭᠠᠵᠦ᠂ ︽ᠳᠤᠮᠳᠠᠳᠤ ᠤᠯᠤᠰ ᠤᠨ ᠬᠦᠢᠲᠡᠨ ᠲᠦᠢᠯ︾ ︽ | ᠣᠯᠭᠤᠶᠠ︾ ᠭᠡᠬᠦ ᠬᠤᠶᠠᠷ ᠠᠯᠲᠠᠨ ᠦᠰᠦᠭᠲᠦ ᠫᠠᠶᠢᠰᠠ ᠶᠢ ᠰᠠᠶᠢᠲᠤᠷ ᠠᠰᠢᠭᠯᠠᠨ᠎ᠠ᠃ ᠪᠠᠷᠢᠮᠵᠢᠶ᠎ᠠ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠵᠡᠷᠭᠡᠪᠡᠷ | ᠬᠦᠴᠦᠯᠡᠬᠦ ᠶᠢ ᠪᠠᠷᠢᠮᠲᠠᠯᠠᠵᠤ᠂ ᠣᠯᠭᠤᠶᠠ ᠶᠢ ᠡᠷᠢᠵᠦ ᠰᠤᠷᠪᠤᠯᠵᠢᠯᠠᠬᠤ᠂ ᠶᠡᠭᠡ ᠬᠢᠩᠭᠠᠨ ᠳᠠᠪᠠᠭ᠎ᠠ ᠶᠢ ᠲᠤᠭᠤᠯᠬᠤ ᠵᠡᠷᠭᠡ ᠵᠢᠭᠤᠯᠴᠢᠯᠠᠯ ᠤᠨ ᠵᠠᠮ ᠱᠤᠭᠤᠮ ᠤᠨ ᠶᠠᠰᠤ | ᠴᠢᠨᠠᠷ ᠢ ᠳᠡᠭᠡᠭᠰᠢᠯᠡᠭᠦᠯᠦᠨ ᠲᠠᠰ ᠳᠡᠪᠰᠢᠬᠦ ᠶᠢ ᠠᠬᠢᠭᠤᠯᠤᠨ᠎ᠠ᠃ ᠤᠯᠭᠤᠶᠠ ᠶᠢᠨ ᠴᠡ ᠪᠤᠭᠤ ᠠᠶᠢᠮᠠᠭ ᠤᠨ ᠦᠵᠡᠮᠵᠢ ᠶᠢᠨ ᠣᠷᠣᠨ᠂ ᠬᠡᠭᠡᠨ ᠭᠤᠤᠯ ᠤᠨ ᠡᠬᠢ ᠶᠢᠨ | ᠤᠯᠤᠰ ᠤᠨ ᠨᠤᠭᠤ ᠭᠠᠵᠠᠷ ᠤᠨ ᠴᠡᠴᠡᠷᠯᠢᠭ᠂ ᠬᠦᠢᠲᠡᠨ ᠲᠦᠢᠯ ᠲᠣᠰᠬᠤᠨ ᠵᠡᠷᠭᠡ ᠦᠵᠡᠮᠵᠢ ᠶᠢᠨ ᠣᠷᠣᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ | ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠵᠤ᠂ ᠤᠯᠭᠤᠶᠠ ᠰᠢᠶᠠᠩ ᠤᠨ ᠦᠵᠡᠮᠵᠢ ᠶᠢᠨ ᠣᠷᠣᠨ ᠤ ᠰᠠᠭᠤᠷᠢ ᠪᠡᠯᠡᠳᠬᠡᠮᠵᠢ ᠶᠢ ᠳᠡᠭᠡᠭᠰᠢᠯᠡᠭᠦᠯᠬᠦ ᠢᠨᠵᠧᠨᠧᠷᠢᠩ ᠢ | ᠬᠡᠷᠡᠭᠵᠢᠭᠦᠯᠦᠨ᠂ ᠬᠠᠯᠠᠭᠤᠨ ᠷᠠᠰᠢᠶᠠᠨ ᠪᠠᠭᠤᠳᠠᠯ᠂ ᠳᠡᠭᠡᠳᠦ ᠲᠠᠰ ᠤᠨ ᠬᠡᠭᠡᠷ᠎ᠡ ᠪᠠᠭᠤᠳᠠᠯᠯᠠᠬᠤ ᠭᠠᠵᠠᠷ ᠵᠡᠷᠭᠡ ᠲᠥᠷᠥᠯ ᠵᠦᠢᠯ ᠤᠨ ᠠᠵᠢᠯ ᠢ ᠡᠬᠢᠯᠡᠭᠦᠯᠦᠨ | ᠪᠥᠲᠥᠭᠡᠨ ᠪᠠᠶᠢᠭᠤᠯᠤᠨ᠎ᠠ᠃ ᠭᠡᠭᠡᠨ ᠮᠠᠨᠵᠤ ᠶᠢᠨ ᠵᠠᠰᠠᠮᠠᠯ ᠵᠠᠮ ᠳᠠᠭᠠᠤ ᠶᠢᠨ ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ | ᠤᠯᠭᠤᠶᠠ ᠶᠢᠨ ᠵᠢᠭᠤᠯᠴᠢᠯᠠᠯ ᠤᠨ ᠺᠣᠮᠫᠠᠨᠢ᠂ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠪᠠ ᠣᠶ | ᠰᠢᠭᠤᠶ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠤᠪᠢ ᠣᠷᠣᠭᠤᠯᠬᠤ ᠲᠦᠷᠢᠮ ᠤᠨ ᠬᠠᠮᠲᠤᠷᠠᠯᠴᠠᠭ᠎ᠠ ᠶᠢ ᠥᠷᠨᠢᠭᠦᠯᠵᠦ᠂ ᠬᠦᠢᠲᠡᠨ ᠲᠦᠢᠯ ᠤᠨ | ᠲᠣᠰᠬᠤᠨ ᠢ ᠬᠠᠮᠲᠤᠪᠠᠷ ᠨᠡᠭᠡᠭᠡᠨ ᠬᠥᠭᠵᠢᠭᠦᠯᠵᠦ᠂ ᠭᠠᠵᠠᠷ ᠤᠨ ᠲᠡᠮᠳᠡᠭ ᠤᠨ ᠴᠢᠨᠠᠷᠲᠠᠶ ᠦᠵᠡᠮᠵᠢ ᠶᠢᠨ ᠣᠷᠣᠨ ᠢ ᠪᠥᠲᠥᠭᠡᠨ ᠪᠠᠶᠢᠭᠤᠯᠤᠨ᠎ᠠ᠃ ᠬᠦᠢᠳᠡᠨ | ᠲᠦᠢᠯ ᠤᠨ ᠮᠥᠰᠥ ᠴᠠᠰᠤᠨ ᠤ ᠤᠯᠠᠷᠢᠯ ᠤᠨ ᠰᠢᠷᠢᠰ ᠠᠵᠢᠯᠯᠠᠭ᠎ᠠ ᠶᠢ ᠥᠨᠳᠥᠷ ᠪᠠᠷᠢᠮᠵᠢᠶ᠎ᠠ ᠪᠠᠷ ᠲᠦᠯᠦᠪᠯᠡᠵᠦ᠂ ︽ᠬᠦᠢᠳᠡᠨ ᠲᠦᠢᠯ︾ ᠤᠨ ᠮᠥᠰᠥ ᠴᠠᠰᠤᠨ ᠤ | ᠦᠢᠯᠡᠳᠬᠦᠨ ᠢ ᠨᠡᠭᠡᠭᠡᠨ ᠬᠥᠭᠵᠢᠭᠦᠯᠵᠦ᠂ ᠡᠪᠦᠯ ᠤᠨ ᠤᠯᠠᠷᠢᠯ ᠤᠨ ᠵᠢᠭᠤᠯᠴᠢᠯᠠᠯ ᠤᠨ ᠠᠵᠢᠯ ᠢ ᠰᠠᠶᠢᠲᠤᠷ ᠬᠢᠨ᠎ᠠ᠃ ᠭᠡᠭᠡᠨ ᠭᠤᠣᠯ ᠤᠨ ᠦᠯᠢᠭᠡᠷ ᠢ ᠦᠷᠭᠦᠯᠵᠢᠯᠡᠨ | ᠰᠠᠶᠢᠲᠤᠷ ᠶᠠᠷᠢᠵᠤ᠂ ᠰᠣᠶᠣᠯ ᠢᠶᠠᠷ ᠵᠤᠭᠠᠴᠡᠯ ᠢ ᠱᠤᠭᠤᠵᠤ᠂ ᠵᠤᠭᠠᠴᠡᠯ ᠢᠶᠠᠷ ᠰᠣᠶᠣᠯ ᠢ ᠲᠤᠪᠤᠶᠢᠯᠭᠠᠵᠤ᠂ ᠬᠠᠮᠤᠭ ᠤᠨ ᠦᠵᠡᠰᠬᠦᠯᠡᠩᠲᠦ ᠰᠠᠶᠢᠬᠠᠨ ᠨᠣᠭᠤᠭᠠᠨ ᠤᠢ | ᠰᠢᠭᠤᠢ᠂ ᠴᠠᠰᠤ ᠮᠥᠰᠥᠲᠦ ᠭᠠᠵᠠᠷ ᠢ ᠴᠥᠮ ᠪᠦᠲᠦᠭᠡᠭᠳᠡᠬᠦᠨ ᠪᠣᠯᠭᠠᠵᠤ᠂ ᠰᠣᠳᠣᠨ ᠪᠦᠲᠦᠭᠡᠯ ᠪᠣᠯᠭᠠᠵᠤ᠂ ᠨᠡᠩ ᠤᠯᠠᠨ ᠰᠣᠶᠣᠯ ᠬᠢᠭᠡᠳ ᠵᠤᠭᠠᠴᠡᠯ ᠢ | ᠠᠭᠤᠰᠤᠯᠴᠠᠭᠤᠯᠬᠤ ᠭᠢᠯᠠᠰ ᠴᠡᠭ ᠪᠠ ᠬᠤᠳᠠᠯᠳᠤᠭᠠᠨ ᠤ ᠴᠡᠭ ᠢ ᠡᠭᠦᠳᠴᠦ᠂ ᠵᠤᠭᠠᠴᠠᠭᠰᠠᠳ ᠢ ᠢᠷᠡᠪᠡᠯ ᠬᠢᠬᠦ ᠠᠵᠢᠯ ᠲᠠᠢ᠂ ᠶᠠᠪᠤᠬᠤ ᠳᠤᠷ᠎ᠠ ᠦᠭᠡᠢ᠂ ᠰᠠᠶᠢᠬᠠᠨ | ᠨᠠᠭᠠᠳᠤᠭᠤᠯᠤᠶ᠎ᠠ᠃ ᠪᠥᠬᠦ ᠵᠢᠯ ᠤᠨ ᠵᠢᠭᠤᠯᠴᠢᠯᠠᠯ ᠤᠨ ᠬᠥᠮᠦᠨ ᠤᠳᠠᠭ᠎ᠠ ᠪᠠ ᠣᠷᠣᠯᠭ᠎ᠠ ᠶᠢ ᠴᠥᠮ 10% ᠠᠴᠠ ᠳᠡᠭᠡᠭᠰᠢ ᠨᠡᠮᠡᠭᠳᠡᠭᠦᠯᠦᠨ᠎ᠡ᠃ | ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠥᠪᠯᠡᠷᠡᠨ ᠬᠥᠭᠵᠢᠬᠦ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠬᠦᠢᠲᠡᠨ ᠡᠬᠢ ᠪᠠᠶᠠᠯᠢᠭ᠂ ᠬᠦᠢᠲᠡᠨ | ᠣᠷᠴᠢᠨ ᠲᠣᠭᠤᠷᠢᠨ ᠢ ᠭᠦᠢᠴᠡᠳ ᠠᠰᠢᠭᠯᠠᠨ᠂ ᠮᠥᠰᠥ ᠴᠠᠰᠤᠨ ᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ︽ᠬᠦᠢᠲᠡᠨ ᠲᠦᠢᠯ︾ ᠤᠨ ᠨᠠᠷᠠᠲᠤ | ᠲᠡᠮᠳᠡᠭᠲᠦ ᠶᠢᠨ ᠰᠢᠨ᠎ᠡ ᠶᠢ ᠡᠭᠦᠳᠴᠦ᠂ ᠬᠦᠢᠢᠲᠡᠨ ᠲᠦᠢᠯ ᠤᠨ ᠮᠥᠰᠥ ᠴᠠᠰᠤᠨ ᠤ ᠰᠠᠭᠤᠷᠢᠨ ᠭᠠᠵᠠᠷ ᠢ ᠪᠣᠶ ᠪᠣᠯᠭᠠᠨ᠎ᠠ᠃ ᠰᠢ ᠠᠨ ᠤ ᠲᠤᠷᠰᠢᠨ ᠨᠢᠰᠬᠦ | ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠲᠦᠢᠯ ᠤᠨ ᠬᠦᠢᠳᠡᠨ ᠣᠷᠴᠢᠨ | ᠨᠥᠬᠦᠴᠡᠯ ᠳᠣᠣᠷᠠᠬᠢ ᠨᠢᠰᠦᠭᠦᠷ᠂ ᠮᠠᠰᠢᠨ ᠲᠡᠷᠭᠡ ᠵᠡᠷᠭᠡ ᠠᠵᠤ ᠦᠢᠯᠡᠳᠪᠦᠷᠢ ᠶᠢᠨ ᠦᠢᠯᠡᠳᠬᠦᠨ ᠤ ᠬᠦᠢᠳᠡᠨ ᠢ ᠳᠠᠭᠠᠭᠠᠬᠤ ᠴᠢᠨᠠᠷ ᠤᠨ ᠰᠢᠯᠭᠠᠯᠲᠠ ᠪᠠ ᠰᠢᠨᠵᠢᠯᠡᠬᠦ | ᠤᠬᠠᠭᠠᠨ ᠤ ᠰᠤᠳᠤᠯᠭᠠᠨ ᠢ ᠪᠠᠬᠢᠵᠢᠭᠦᠯᠦᠨ ᠥᠷᠭᠡᠳᠬᠡᠨ᠎ᠡ᠃ ᠳ᠋ᠣᠫᠯᠧᠷ ᠤᠨ ᠷᠠᠳᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ | ᠲᠦᠢᠯ ᠤᠨ ᠬᠦᠢᠲᠡᠨ ᠮᠥᠰᠥ ᠴᠠᠰᠤᠨ ᠤ ᠰᠣᠷᠢᠯᠲᠠ ᠶᠢᠨ ᠲᠣᠭᠤᠷᠢᠨ ᠳᠤ ᠦᠢᠯᠡᠴᠢᠯᠡᠭᠡᠨ ᠤ ᠪᠠᠲᠤᠯᠠᠭ᠎ᠠ ᠶᠢ ᠰᠠᠶᠢᠳᠤᠷ ᠬᠢᠨ᠎ᠡ᠃ ᠠᠭᠠᠷ ᠤᠨ ᠠᠶᠠᠯᠠᠯ ᠤᠨ ᠠᠵᠤ | ᠦᠢᠯᠡᠰ ᠢ ᠶᠡᠬᠡᠪᠡᠷ ᠬᠥᠭᠵᠢᠭᠦᠯᠵᠦ᠂ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠭᠦᠨ ᠠᠭᠤᠳᠠᠯᠵᠤ᠂ ᠣᠶᠢᠷ᠎ᠠ ᠵᠠᠮ ᠤᠨ | ᠲᠡᠭᠡᠭᠡᠪᠦᠷᠢ ᠶᠢ ᠲᠦᠷᠭᠡᠳᠬᠡᠨ ᠰᠡᠷᠭᠦᠭᠡᠵᠦ᠂ ᠣᠯᠭᠤᠶᠠ ᠨᠢᠰᠬᠡᠯ ᠤᠨ ᠪᠠᠭᠤᠳᠠᠯ ᠢ ᠲᠠᠰ ᠳᠡᠪᠰᠢᠭᠦᠯᠦᠨ ᠥᠭᠡᠷᠡᠴᠢᠯᠡᠵᠦ᠂ ᠲᠡᠭᠡᠭᠡᠪᠦᠷᠢ᠂ ᠠᠶᠠᠯᠡᠯ ᠵᠢᠭᠤᠯᠴᠢᠯᠠᠯ᠂ | ᠬᠦᠢᠲᠡᠨ ᠳᠤ ᠲᠡᠰᠪᠦᠷᠢᠲᠡᠶ ᠰᠣᠷᠢᠯᠲᠠ ᠶᠢ ᠨᠢᠭᠡ ᠴᠤᠭᠴᠠᠵᠢᠭᠤᠯᠤᠭᠰᠠᠨ ᠠᠶᠠᠯᠠᠯ ᠨᠡᠪᠲᠡᠷᠡᠬᠦ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠢᠦᠢ | ᠶᠤᠸᠠᠢ ᠪᠠᠷᠠᠭᠠᠨ ᠤ ᠭᠦᠢᠯᠭᠡᠭᠡᠨ ᠤ ᠲᠥᠪ ᠢ ᠡᠬᠢᠯᠡᠨ ᠪᠠᠶᠢᠭᠤᠯᠵᠤ᠂ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠲᠥᠪᠯᠡᠷᠡᠨ ᠬᠥᠭᠵᠢᠬᠦ ᠶᠢ ᠲᠦᠯᠬᠢᠨ | ᠠᠬᠢᠭᠤᠯᠤᠨ᠎ᠠ᠃ ︽ᠠᠷᠪᠠᠨ ᠲᠦᠷᠪᠡᠨ ᠡᠪᠦᠯ︾ ᠤᠨ ᠪᠠᠶᠢᠳᠠᠯ ᠢ ᠠᠰᠢᠭᠯᠠᠨ᠂ ︽ᠳᠤᠮᠳᠠᠳᠤ ᠤᠯᠤᠰ ᠤᠨ ᠬᠦᠢᠳᠡᠨ ᠲᠦᠢᠯ ᠤᠨ ᠮᠠᠷᠠᠰᠤ︾ ᠵᠡᠷᠭᠡ | ᠤᠷᠤᠯᠳᠤᠭᠠᠨ ᠤ ᠵᠦᠢᠯ ᠢ ᠡᠷᠬᠢᠯᠡᠵᠦ᠂ ᠲᠦᠷᠭᠡᠨ ᠲᠡᠰᠢᠯᠲᠡ᠂ ᠬᠡᠭᠡᠷ᠎ᠡ ᠶᠢᠨ ᠴᠠᠰᠤᠨ ᠳᠤ ᠭᠤᠯᠭᠤᠬᠤ ᠵᠡᠷᠭᠡ ᠮᠥᠰᠥ ᠴᠠᠰᠤᠨ ᠤ ᠵᠦᠢᠯᠡᠰ ᠢ ᠥᠷᠨᠢᠭᠦᠯᠵᠦ᠂ | ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠡᠪᠴᠢᠶᠡᠲᠦ ᠬᠥᠭᠵᠢᠯᠲᠡ ᠶᠢ ᠲᠦᠯᠬᠢᠨ ᠠᠬᠢᠭᠤᠯᠵᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠤᠳᠠ ᠪᠠ | ᠴᠠᠭ ᠦᠶ᠎ᠡ ᠶᠢ ᠳᠠᠭᠠᠭᠰᠠᠨ ᠮᠥᠰᠥ ᠴᠠᠰᠤᠨ ᠤ ᠵᠢᠭᠤᠯᠴᠢᠯᠠᠯ ᠤᠨ ᠦᠵᠡᠮᠵᠢᠲᠦ ᠣᠷᠣᠨ ᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ᠃ | ᠲᠠᠷᠢᠶᠠᠯᠠᠩ ᠮᠠᠯ ᠠᠵᠤ ᠠᠬᠤᠶ ᠶᠢᠨ ᠨᠡᠮᠡᠭᠳᠡᠯ ᠤᠨ ᠬᠡᠮᠵᠢᠶ᠎ᠡ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠤᠢ ᠶᠢᠨ ᠬᠤᠷᠮᠣᠶ ᠶᠢᠨ ᠡᠬᠢ ᠪᠠᠶᠠᠯᠢᠭ ᠤᠨ | ᠳᠠᠪᠠᠭᠤᠯᠢᠭ ᠢ ᠭᠦᠢᠴᠡᠳ ᠠᠭᠤᠳᠠᠯᠵᠤ᠂ ᠵᠢᠮᠢᠰ᠂ ᠨᠣᠭᠤᠭ᠎ᠠ᠂ ᠪᠠᠺᠲ᠋ᠧᠷᠢ᠂ ᠡᠮ ᠵᠡᠷᠭᠡ ᠤᠨᠴᠠᠯᠢᠭᠳᠤ ᠲᠠᠷᠢᠮᠠᠯ ᠤᠨ ᠦᠢᠯᠡᠰ ᠢ ᠶᠡᠬᠡᠪᠡᠷ ᠬᠥᠭᠵᠢᠭᠦᠯᠵᠦ᠂ | ᠪᠣᠬᠢᠷᠲᠤᠯ ᠥᠬᠡᠶ ᠣᠶ ᠰᠢᠭᠤᠶ ᠶᠢ ᠠᠷᠠᠳ ᠣᠯᠠᠨ ᠤ ᠪᠠᠶᠠᠵᠢᠨ ᠴᠢᠨᠡᠭᠡᠯᠢᠭᠵᠢᠬᠦ ᠠᠯᠲᠠᠨ ᠠᠭᠤᠯᠠ ᠮᠥᠩᠭᠦᠨ ᠠᠭᠤᠯᠠ ᠪᠣᠯᠭᠠᠨ᠎ᠠ᠃ ᠬᠦᠢᠳᠡᠨ ᠲᠦᠢᠯ ᠤᠨ ᠪᠢᠯᠢᠭᠲᠦ | ᠳᠡᠯᠳᠡᠦ᠂ ᠳᠡᠯᠳᠡᠦ᠂ ᠴᠠᠨ᠎ᠠ ᠴᠡᠴᠡᠭ᠂ ᠬᠦᠬᠡ ᠬᠦᠵᠡᠯᠵᠡᠭᠡᠨ᠎ᠡ ᠲᠠᠷᠢᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠃ ᠠᠮᠢᠲᠠᠨ ᠤ ᠬᠢᠵᠢᠭ ᠡᠪᠡᠳᠴᠢᠨ ᠤ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠤᠯᠤᠰ ᠤᠨ ᠣᠯᠭᠤᠶᠠ ᠶᠢᠨ ᠴᠠ ᠪᠤᠭᠤ ᠶᠢᠨ ᠡᠭᠦᠯᠳᠡᠷ ᠬᠠᠮᠠᠭᠠᠯᠠᠬᠤ ᠲᠠᠯᠠᠪᠠᠶ ᠶᠢᠨ ᠪᠥᠲᠥᠭᠡᠨ | ᠪᠠᠶᠢᠭᠤᠯᠤᠯᠲᠠ ᠶᠢ ᠰᠠᠶᠢᠲᠤᠷ ᠬᠢᠵᠦ᠂ ᠴᠠ ᠪᠤᠭᠤ ᠶᠢᠨ ᠳᠦᠷᠰᠦ ᠶᠢᠨ ᠰᠦᠷᠦᠭ ᠢ ᠰᠠᠶᠢᠵᠢᠷᠠᠭᠤᠯᠬᠤ ᠪᠠ ᠴᠡᠪᠡᠷᠰᠢᠭᠦᠯᠦᠨ ᠪᠤᠶᠢᠵᠢᠭᠤᠯᠬᠤ ᠢᠨᠵᠧᠨᠧᠷᠢᠩ ᠢ | ᠬᠡᠷᠡᠭᠵᠢᠭᠦᠯᠦᠨ᠂ ᠴᠠ ᠪᠤᠭᠤ ᠶᠢᠨ ᠬᠠᠰᠢᠶᠠᠯᠠᠨ ᠲᠡᠵᠢᠭᠡᠬᠦ ᠠᠵᠢᠯ ᠢ ᠰᠦᠪᠡᠭᠴᠢᠯᠡᠨ ᠥᠷᠨᠢᠭᠦᠯᠵᠦ᠂ ᠴᠠ ᠪᠤᠭᠤ ᠶᠢᠨ ᠳᠦᠷᠰᠦ ᠶᠢᠨ ᠰᠦᠷᠦᠭ ᠤᠨ ᠲᠤᠭ᠎ᠠ | ᠬᠡᠮᠵᠢᠶ᠎ᠡ ᠶᠢ ᠦᠷᠭᠦᠯᠵᠢᠯᠡᠨ ᠪᠤᠵᠠᠭᠠᠶᠢᠷᠠᠭᠤᠯᠤᠨ᠎ᠠ᠃ | ᠠᠮᠢ ᠠᠬᠤᠶ ᠶᠢᠨ ᠠᠵᠤ ᠦᠢᠯᠡᠰ ᠤᠨ ᠴᠠᠭ ᠤᠨ ᠪᠠᠶᠢᠳᠠᠯ ᠢ ᠠᠮᠵᠢᠨ ᠬᠥᠭᠵᠢᠬᠦ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠬᠥᠬᠡᠮᠳᠦᠭ ᠨᠣᠭᠤᠭᠠᠨ ᠠᠭᠤᠯᠠ | ᠤᠰᠤᠨ ᠤ ᠳᠠᠯᠳᠠ ᠥᠷᠲᠡᠭ ᠢ ᠭᠦᠨ ᠠᠭᠤᠳᠠᠯᠵᠤ᠂ ᠪᠣᠬᠢᠷᠲᠤᠯ ᠥᠬᠡᠶ ᠬᠥᠭᠵᠢᠯᠲᠡ ᠶᠢᠨ ᠳᠠᠪᠠᠭᠤᠯᠢᠭ ᠢ ᠪᠤᠶᠢᠵᠢᠭᠤᠯᠤᠨ᠂ ᠠᠮᠢ ᠠᠬᠤᠶ ᠶᠢᠨ ᠥᠷᠲᠡᠭ ᠤᠨ | ᠬᠤᠪᠢᠷᠠᠭᠤᠯᠤᠯᠲᠠ ᠶᠢ ᠠᠬᠢᠭᠤᠯᠤᠨ᠎ᠠ᠃ ᠣᠶ ᠶᠢᠨ ᠬᠤᠷᠮᠣᠶ ᠶᠢᠨ ᠠᠵᠤ ᠠᠬᠤᠶ ᠶᠢᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠦᠨ᠂ ᠬᠢᠲᠠᠳ ᠡᠪᠡᠰᠦᠨ | ᠡᠮ ᠤᠨ ᠮᠠᠲ᠋ᠧᠷᠢᠶᠠᠯ᠂ ᠬᠤᠪᠣᠷ ᠢᠳᠡᠭᠡᠨ᠂ ᠰᠢᠭᠦᠰᠦᠯᠢᠭ ᠵᠢᠮᠢᠰ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠲᠦᠷᠭᠡᠳᠬᠡᠵᠦ᠂ ᠪᠢᠯᠢᠭᠲᠦ ᠳᠡᠯᠳᠡᠦ᠂ ᠬᠠᠷ᠎ᠠ | ᠳᠡᠯᠳᠡᠦ᠂ ᠬᠥᠬᠡ ᠬᠦᠵᠡᠯᠵᠡᠭᠡᠨ᠎ᠡ᠂ ᠠᠭᠤᠷᠬᠠᠶ ︵ᠠᠭᠤᠯᠠ︶ ᠶᠢᠨ ᠪᠤᠯᠠᠭ ᠤᠨ ᠤᠰᠤ ᠵᠡᠷᠭᠡ ᠤᠨᠴᠠᠯᠢᠭᠳᠤ ᠦᠢᠯᠡᠳᠭᠦᠨ ᠤ ᠲᠣᠭᠤᠷᠢᠨ ᠳᠤ ᠨᠠᠷᠢᠯᠢᠭ ᠭᠦᠨᠵᠡᠭᠡᠶ | ᠡᠳ᠋ᠰᠢᠭᠦᠯᠬᠦ ᠶᠢ ᠶᠡᠬᠡᠪᠡᠷ ᠬᠥᠭᠵᠢᠭᠦᠯᠵᠦ᠂ ᠦᠢᠯᠡᠳᠭᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃ ᠬᠤᠩ ᠶᠤᠸᠠᠨ᠂ ᠰᠧᠨ ᡁᠢ ᠪᠦᠦ᠂ ᠯᠢᠨ ᠬᠠᠶ ᠶᠤᠸᠠᠨ᠂ | ᠬᠠᠩᠭᠠᠨ ᠪᠣᠷᠣᠯᠠᠭᠤᠯᠬᠤ ᠺᠣᠮᠫᠠᠨᠢ ᠵᠡᠷᠭᠡ ᠲᠤᠯᠤᠭᠠᠶᠢᠯᠠᠭᠴᠢ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠶᠢ ᠳᠡᠮᠵᠢᠵᠦ᠂ ᠷᠠᠰᠢᠶᠠᠨ ᠤᠰᠤ᠂ ᠬᠥᠬᠡ | ᠬᠦᠵᠡᠯᠵᠡᠭᠡᠨ᠎ᠡ ᠤᠯᠠᠭᠠᠨ ᠪᠤᠷᠴᠠᠭ ᠵᠢᠮᠢᠰ ᠤᠨ ᠰᠢᠭᠦᠰᠦ᠂ ᠠᠷᠢᠬᠢᠨ ᠤ ᠵᠦᠢᠯ ᠵᠡᠷᠭᠡ ᠦᠢᠯᠡᠳᠪᠦᠷᠢᠯᠡᠯ ᠤᠨ ᠲᠥᠷᠥᠯ ᠵᠦᠢᠯ ᠢ ᠬᠡᠷᠡᠭᠵᠢᠭᠦᠯᠵᠦ᠂ ᠬᠡᠭᠡᠷ᠎ᠡ ᠶᠢᠨ | ᠰᠢᠭᠦᠰᠦᠯᠢᠭ ᠵᠢᠮᠢᠰ ᠦᠢᠯᠡᠳᠬᠦ ᠳᠡᠭᠡᠳᠦ ᠲᠠᠰ ᠤᠨ ᠠᠷᠢᠬᠢᠨ ᠤ ᠵᠦᠢᠯ ᠤᠨ ᠬᠡᠪᠴᠢᠶᠡᠵᠢᠭᠦᠯᠦᠨ ᠦᠢᠯᠡᠳᠪᠦᠷᠢᠯᠡᠬᠦ ᠶᠢ ᠠᠬᠢᠭᠤᠯᠤᠨ᠎ᠠ᠃ ᠣᠷᠣᠨ ᠪᠦᠰᠡ ᠶᠢᠨ | ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠳᠬᠠᠵᠦ᠂ ᠣᠶ ᠶᠢᠨ ᠬᠤᠷᠮᠣᠶ ᠶᠢᠨ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢᠨ | ᠨᠥᠯᠥᠭᠡᠯᠡᠬᠦ ᠬᠦᠴᠦᠨ ᠪᠠ ᠦᠷᠢᠰᠦᠯᠳᠡᠬᠦ ᠬᠦᠴᠦᠨ ᠢ ᠳᠡᠭᠡᠭᠰᠢᠯᠡᠭᠦᠯᠦᠨ᠎ᠡ᠃ | ᠤᠯᠠᠮᠵᠢᠯᠠᠯᠲᠤ ᠠᠵᠤ ᠦᠢᠯᠡᠰ ᠤᠨ ᠰᠢᠨ᠎ᠡ ᠶᠢ ᠡᠭᠦᠳᠴᠦ ᠰᠢᠯᠢᠳᠡᠭ ᠢ ᠡᠭᠦᠳᠬᠦ ᠬᠥᠭᠵᠢᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠪᠦᠬᠦ | ᠤᠯᠤᠰ ᠤᠨ ᠤᠢ ᠰᠢᠭᠤᠢ ᠶᠢᠨ ᠦᠷᠭᠦᠯᠵᠢᠯᠡᠭᠦᠶᠢᠴᠡ ᠡᠵᠡᠩᠨᠡᠯᠲᠡ ᠶᠢᠨ ᠲᠤᠷᠰᠢᠯᠲᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠡᠬᠢ ᠪᠠᠶᠠᠯᠢᠭ ᠢ | ᠣᠨᠳᠣᠣᠰᠢᠭᠤᠯᠤᠨ ᠦᠷᠳᠡᠭ ᠨᠡᠮᠡᠭᠳᠡᠭᠦᠯᠬᠦ ᠶᠢᠨ ᠲᠣᠭᠤᠷᠢᠨ ᠳᠤ᠂ ᠤᠢ ᠰᠢᠭᠤᠢ ᠶᠢᠨ ᠭᠠᠷᠤᠯᠲᠠ ᠶᠢᠨ ᠠᠵᠤ ᠦᠢᠯᠡᠳᠪᠦᠷᠢ ᠶᠢᠨ ᠲᠡᠰ ᠳᠡᠪᠰᠢᠬᠦ ᠶᠢ ᠠᠬᠢᠭᠤᠯᠵᠤ᠂ | ᠭᠧᠨ ᠯᠢᠨ ᠤᠢ ᠮᠣᠳᠣᠨ ᠤ ᠦᠢᠯᠡᠰ ᠵᠡᠷᠭᠡ ᠮᠣᠳᠣᠨ ᠮᠠᠲ᠋ᠧᠷᠢᠶᠠᠯ ᠡᠳ᠋ᠰᠢᠭᠦᠯᠬᠦ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠪᠣᠯᠤᠨ ᠲᠥᠬᠦᠭᠡᠷᠦᠮᠵᠢ ᠶᠢᠨ | ᠰᠢᠨᠡᠴᠢᠯᠡᠯᠲᠡ ᠶᠢ ᠳᠡᠮᠵᠢᠵᠦ᠂ ᠦᠢᠯᠡᠳᠬᠦᠨ ᠤ ᠳᠤᠮᠳᠠ ᠳᠡᠭᠡᠳᠦ ᠲᠦᠪᠰᠢᠨ ᠲᠡᠰᠢ ᠲᠠᠪᠰᠢᠬᠤ ᠶᠢ ᠠᠬᠢᠭᠤᠯᠤᠨ᠎ᠠ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠶᠢ ᠥᠷᠨᠢᠭᠦᠯᠵᠦ᠂ ᠠᠭᠤᠷᠬᠠᠶ ᠶᠢᠨ ᠠᠵᠤ ᠠᠬᠤᠶᠢᠯᠠᠯ ᠤᠨ ᠨᠡᠭᠡᠭᠡᠨ ᠠᠰᠢᠭᠯᠠᠬᠤ ᠠᠷᠭ᠎ᠠ ᠮᠠᠶ᠋ᠢᠭ ᠢᠶᠠᠨ ᠰᠠᠶᠢᠵᠢᠷᠠᠭᠤᠯᠬᠤ ᠶᠢ ᠬᠥᠲᠥᠯᠦᠨ | ᠵᠢᠯᠣᠭᠤᠳᠴᠤ᠂ ᠡᠬᠢ ᠪᠠᠶᠠᠯᠢᠭ ᠤᠨ ᠶᠡᠷᠦᠩᠬᠡᠶᠢᠯᠡᠨ ᠠᠰᠢᠭᠯᠠᠬᠤ ᠨᠣᠷᠮ᠎ᠠ ᠪᠠ ᠪᠦᠲᠦᠭᠡᠭᠳᠡᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠦᠨ᠂ ᠱᠠᠨ ᠶᠢᠨ | ᠠᠭᠤᠷᠬᠠᠶ ᠶᠢᠨ ᠦᠢᠯᠡᠰ ᠤᠨ ᠦᠢᠯᠡᠳᠪᠦᠷᠢ ᠰᠣᠩᠭᠤᠬᠤ ᠶᠢᠨ ᠠᠦ᠋ᠲ᠋ᠣᠴᠢᠯᠠᠭᠰᠠᠨ ᠰᠢᠰᠲ᠋ᠧᠮ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠬᠡᠷᠡᠭᠵᠢᠭᠦᠯᠵᠦ᠂ | ᠠᠭᠤᠷᠬᠠᠶ ᠶᠢᠨ ᠠᠵᠤ ᠠᠬᠤᠶᠢᠯᠠᠯ ᠤᠨ ᠳᠦᠭᠦᠷᠡᠩ ᠳᠠᠭᠠᠭᠠᠴᠠ ᠲᠠᠢ ᠦᠢᠯᠡᠳᠪᠦᠷᠢᠯᠡᠯ ᠢ ᠪᠥᠬᠦ ᠬᠦᠴᠦᠨ ᠢᠶᠠᠷ ᠢᠶᠠᠨ ᠠᠬᠢᠭᠤᠯᠤᠨ᠂ ᠡᠳᠦᠷ ᠲᠤ 8000 ᠲᠣᠨ | ᠬᠦᠳᠡᠷ ᠰᠢᠢᠳᠪᠦᠷᠢᠯᠡᠬᠦ ᠶᠢ ᠪᠡᠶᠡᠯᠡᠭᠦᠯᠦᠨ᠎ᠡ᠃ | ︵ᠳᠥᠷᠪᠡ︶ ᠨᠡᠭᠡᠭᠡᠯᠲᠡ ᠬᠢᠵᠦ ᠬᠠᠮᠲᠤᠷᠠᠯᠴᠠᠬᠤ ᠶᠢ ᠥᠷᠭᠡᠳᠬᠡᠵᠦ᠂ ᠣᠷᠣᠨ ᠪᠦᠰᠡ ᠶᠢᠨ ᠬᠤᠯᠪᠣᠭᠠᠯᠠᠨ ᠬᠥᠳᠡᠯᠦᠯᠴᠡᠬᠦ ᠬᠥᠭᠵᠢᠯᠲᠡ ᠶᠢᠨ ᠲᠠᠯ᠎ᠠ ᠪᠠᠷ ᠰᠢᠨ᠎ᠡ | ᠰᠢᠪᠲᠤᠯᠤᠯᠲᠠ ᠲᠠᠢ ᠪᠣᠯᠭᠠᠨ᠎ᠠ᠃ ᠨᠡᠭᠡᠭᠡᠯᠳᠡ ᠶᠢ ᠴᠢᠬᠤᠯᠠᠴᠢᠯᠠᠬᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠬᠡᠯᠪᠡᠷᠢ ᠪᠠᠨ | ᠬᠤᠪᠢᠷᠠᠭᠤᠯᠬᠤ ᠶᠢ ᠠᠬᠢᠭᠤᠯᠬᠤ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠳᠠᠬᠢ ᠲᠤᠰ ᠪᠡᠶ᠎ᠡ ᠶᠢᠨ | ᠬᠠᠷᠢᠴᠠᠭᠤᠯᠤᠭᠰᠠᠨ ᠳᠠᠪᠠᠭᠤᠯᠢᠭ ᠢᠶᠠᠨ ᠣᠨᠣᠪᠴᠢᠲᠠᠶ ᠣᠯᠵᠤ᠂ ᠪᠦᠬᠦ ᠣᠷᠣᠨ ᠪᠦᠰᠡ ᠶᠢᠨ ᠨᠡᠭᠡᠭᠡᠯᠳᠡ ᠶᠢᠨ ᠰᠢᠨ᠎ᠡ ᠪᠠᠶᠢᠷᠢᠰᠢᠯ ᠢ ᠪᠤᠢ ᠪᠣᠯᠭᠠᠨ᠎ᠠ᠃ | ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ | ᠠᠬᠢᠭᠤᠯᠵᠤ᠂ ︽ ᠳᠤᠲᠠᠭᠳᠠᠯ ᠢ ᠪᠠᠭᠲᠠᠭᠠᠬᠤ ᠬᠢᠨᠠᠨ ᠵᠥᠪᠰᠢᠶᠡᠷᠡᠬᠦ︾ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠪᠥᠬᠦ ᠶᠠᠪᠤᠴᠠ ᠳᠤ ︽ᠬᠠᠪᠰᠤᠷᠤᠨ ᠣᠷᠣᠯᠠᠨ | ᠭᠦᠢᠴᠡᠳᠭᠡᠬᠦ᠂ ᠰᠦᠯᠵᠢᠶᠡᠨ ᠳᠡᠭᠡᠷ᠎ᠡ ᠭᠦᠢᠴᠡᠳᠭᠡᠬᠦ︾ ᠶᠢ ᠠᠬᠢᠭᠤᠯᠵᠤ᠂ ᠠᠵᠤ ᠠᠬᠤᠶᠢᠯᠠᠯ ᠤᠨ ᠨᠡᠭᠡᠭᠡᠨ ᠡᠷᠭᠢᠯᠡᠬᠦ᠂ ᠬᠦᠴᠦᠨ ᠥᠬᠡᠶ ᠪᠣᠯᠭᠠᠬᠤ ᠵᠡᠷᠭᠡ ᠥᠨᠳᠥᠷ | ᠲᠠᠪᠳᠠᠮᠵᠢᠳᠤ ᠵᠦᠢᠯᠡᠰ ᠢ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠭᠡᠬᠦ︾ ᠶᠢ ᠪᠡᠶᠡᠯᠡᠭᠦᠯᠦᠨ᠎ᠡ᠃ ᠪᠣᠳᠠᠲᠤ ᠴᠣᠭᠴᠠ ᠶᠢᠨ ᠶᠡᠭᠡ ᠲᠢᠩᠬᠢᠮ ᠬᠢᠭᠡᠳ | ᠰᠦᠯᠵᠢᠶᠡᠨ ᠳᠡᠭᠡᠷᠡᠬᠢ ᠶᠡᠭᠡ ᠲᠢᠩᠬᠢᠮ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ︽ᠮᠣᠩᠭᠤᠯ ᠠᠵᠤ ᠠᠬᠤᠶᠢᠯᠠᠯ ᠳᠤ ᠨᠡᠪᠲᠡᠷᠡᠬᠦ︾ ᠲᠠᠪᠴᠠᠩ ᠤᠨ | ᠦᠢᠯᠡᠴᠢᠯᠡᠭᠡᠨ ᠤ ᠴᠢᠳᠠᠮᠵᠢ ᠶᠢ ᠥᠷᠭᠡᠳᠬᠡᠨ᠂ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠪᠡᠶᠡᠯᠡᠭᠦᠯᠬᠦ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ | ᠠᠵᠤ ᠠᠬᠤᠶᠢᠯᠠᠯ ᠳᠤ ᠠᠰᠢᠭ ᠣᠯᠭᠤᠵᠤ ᠠᠷᠠᠳ ᠲᠤ ᠲᠥᠬᠦᠮ ᠦᠵᠡᠭᠦᠯᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠡᠶᠡᠯᠡᠭᠦᠯᠦᠨ᠎ᠡ᠃ ᠠᠷᠠᠳ ᠲᠤ ᠲᠥᠬᠦᠮ | ᠦᠵᠡᠭᠦᠯᠬᠦ 12345 ᠬᠠᠯᠠᠭᠤᠨ ᠤᠲᠠᠰᠤᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠬᠠᠨᠤᠮᠵᠢ ᠶᠢᠨ | ᠬᠡᠮᠵᠢᠶ᠎ᠡ ᠶᠢ ᠦᠨᠡᠨᠬᠦ ᠳᠡᠭᠡᠭᠰᠢᠯᠡᠭᠦᠯᠦᠨ᠎ᠡ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠨᠠᠷᠢᠨ ᠨᠢᠮᠪᠠᠶ | ᠵᠣᠬᠢᠶᠠᠨ ᠪᠠᠶᠢᠭᠤᠯᠤᠨ᠎ᠠ᠃ | ᠣᠷᠣᠨ ᠨᠤᠲᠤᠭ ᠪᠠ ᠠᠵᠤ ᠠᠬᠤᠶᠢᠯᠠᠯ ᠤᠨ ᠬᠠᠮᠵᠢᠯᠴᠠᠭ᠎ᠠ ᠶᠢ ᠭᠦᠨᠵᠡᠭᠡᠶᠢᠷᠡᠭᠦᠯᠦᠨ᠎ᠡ ᠃ ︽ᠬᠤᠶᠠᠷ ᠥᠴᠦᠬᠡᠨ ᠭᠤᠶᠢᠪᠢᠰᠢ ᠥᠬᠡᠶ︾ ᠶᠢ ᠦᠨᠡᠨᠬᠦ | ᠨᠠᠶᠢᠳᠠᠪᠤᠷᠢᠵᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ ᠨᠢᠭᠡ ᠯᠡ ᠠᠳᠠᠯᠢ ᠪᠠᠷ ᠬᠠᠨᠳᠤᠵᠤ᠂ | ᠬᠤᠳᠠᠯᠳᠤᠭ᠎ᠠ ᠶᠢ ᠠᠮᠤᠷᠵᠢᠭᠤᠯᠤᠨ ᠬᠤᠳᠠᠯᠳᠤᠭ᠎ᠠ ᠳᠤ ᠦᠢᠯᠡᠴᠢᠯᠡᠬᠦ ᠶᠢ ᠴᠢᠬᠤᠯᠠᠴᠢᠯᠠᠨ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠎ᠠ᠃ | ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠤᠨ᠂ | ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠬᠤᠲᠡ ᠳᠤ | ᠰᠠᠭᠤᠭ᠎ᠠ ᠠᠵᠤ ᠠᠬᠤᠶᠢᠯᠠᠯ ᠯᠤᠭ᠎ᠠ ᠶᠢᠨ ᠬᠠᠮᠵᠢᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠦᠢᠯᠡᠰ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ | ᠵᠤᠭᠠᠴᠠᠯ᠂ ᠴᠢᠳᠠᠪᠤᠷᠢᠲᠠᠨ ᠵᠡᠷᠭᠡ ᠶᠢᠨ ᠭᠦᠨ ᠳᠠᠪᠬᠤᠷᠭ᠎ᠠ ᠶᠢᠨ᠂ ᠪᠦᠬᠦ ᠲᠠᠯ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠨᠢᠭᠡ ᠭᠡᠷ ᠤᠨ ᠬᠥᠮᠦᠰ᠂ ᠰᠡᠳᠬᠢᠯ | ᠨᠢᠭᠡᠳᠦᠭᠰᠡᠨ᠂ ᠨᠢᠭᠡ ᠴᠤᠬᠴᠠᠵᠢᠭᠰᠠᠠ ᠬᠠᠮᠲᠤᠷᠠᠯᠴᠠᠭᠠᠨ ᠤ ᠣᠶᠢᠯᠠᠭᠠᠭᠳᠠᠬᠤᠨ ᠢᠶᠠᠷ ᠭᠡᠭᠡᠨ ᠭᠤᠤᠯ ᠤᠨ ᠬᠥᠭᠵᠢᠯᠲᠡ ᠶᠢ ᠠᠬᠢᠭᠤᠯᠤᠨ᠎ᠠ᠃ | ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠨ᠎ᠠ᠃ ᠴᠢᠳᠠᠪᠤᠷᠢᠲᠠᠨ ᠢ ᠬᠥᠮᠦᠵᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠲᠣᠰ ᠭᠠᠵᠠᠷ ᠣᠷᠣᠨ ᠤ | ᠴᠢᠳᠠᠪᠤᠷᠢᠲᠠᠨ ᠤ ᠬᠥᠲᠥᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠤᠨ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠯᠥᠪᠯᠡᠭᠡ ᠶᠢ ᠢᠳᠡᠪᠬᠢᠲᠡᠶ | ᠥᠷᠨᠢᠭᠦᠯᠵᠦ᠂ ᠨᠠᠩ ᠰᠠᠶᠢᠨ᠂ ᠨᠠᠩ ᠰᠢᠯᠢᠳᠡᠭ᠂ ᠨᠠᠩ ᠰᠡᠳᠬᠢᠯ ᠳᠤᠯᠠᠭᠠᠬᠠᠨ ᠠᠷᠭ᠎ᠠ ᠬᠡᠮᠵᠢᠶ᠎ᠡ ᠪᠠᠷ ︽ᠤᠷᠤᠭᠤᠯᠬᠤ᠂ ᠬᠦᠮᠦᠵᠢᠭᠦᠯᠬᠦ᠂ ᠦᠯᠡᠳᠡᠭᠡᠬᠦ︾ ᠠᠵᠢᠯ ᠢ | ᠰᠠᠶᠢᠲᠤᠷ ᠬᠢᠨ᠎ᠠ᠃ ᠣᠷᠣᠨ ᠲᠤᠭ᠎ᠠ ᠶᠢᠨ ᠡᠬᠢ ᠪᠠᠶᠠᠯᠢᠭ ᠢ ᠵᠦᠢ ᠵᠣᠬᠢᠰᠲᠠᠶ ᠰᠢᠯᠢᠳᠡᠭᠵᠢᠭᠦᠯᠵᠦ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠢᠯᠡ ᠪᠠᠷ ᠤᠷᠢᠬᠤ | ᠡᠷᠴᠢᠮ ᠢ ᠴᠢᠩᠭᠠᠷᠠᠭᠤᠯᠵᠤ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠵᠡᠷᠭᠡ ᠠᠵᠢᠯ ᠲᠦᠷᠦᠯ ᠤᠨ ᠬᠦᠷᠢᠶᠡᠨ ᠳᠠᠬᠢ ᠴᠢᠳᠠᠪᠤᠷᠢᠲᠠᠨ ᠤ ᠡᠩᠨᠡᠭᠡ ᠶᠢ ᠠᠯᠬᠤᠮ | ᠠᠯᠬᠤᠮ ᠢᠶᠠᠷ ᠲᠡᠭᠦᠯᠳᠡᠷᠵᠢᠭᠦᠯᠦᠨ᠂ ᠨᠡᠩ ᠤᠯᠠᠨ ᠴᠢᠳᠠᠪᠤᠷᠢᠲᠠᠨ ᠢ ᠭᠡᠭᠡᠨ ᠭᠤᠣᠯ ᠳᠤ ᠨᠤᠲᠤᠭᠰᠢᠭᠤᠯᠵᠤ᠂ ᠭᠡᠭᠡᠨ ᠭᠤᠣᠯ ᠳᠤ ᠦᠨᠳᠦᠰᠦᠯᠡᠭᠦᠯᠵᠦ᠂ ᠭᠡᠭᠡᠨ | ᠭᠤᠣᠯ ᠢ ᠪᠦᠳᠦᠭᠡᠨ ᠪᠠᠶᠢᠭᠤᠯᠤᠨ᠎ᠠ᠃ | ︵ᠲᠠᠪᠤ︶ ᠬᠤᠲᠠ ᠬᠥᠳᠡᠭᠡ ᠶᠢᠨ ᠠᠭᠤᠰᠤᠯᠴᠠᠯ ᠢ ᠠᠬᠢᠭᠤᠯᠵᠤ᠂ ᠬᠤᠲᠠ ᠪᠠᠯᠭᠠᠰᠤ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ | ᠰᠢᠪᠲᠤᠯᠤᠯᠲᠠ ᠲᠠᠢ ᠪᠣᠯᠭᠠᠨ᠎ᠠ᠃ ᠣᠨᠴᠠᠯᠢᠭ ᠲᠤ ᠰᠠᠭᠤᠷᠢᠯᠠᠬᠤ ᠶᠢ ᠪᠠᠷᠢᠮᠲᠠᠯᠠᠨ᠂ ᠬᠥᠭᠵᠢᠯᠲᠡ ᠶᠢᠨ ᠰᠠᠭᠤᠷᠢ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ | ᠰᠢᠶᠠᠨ ᠤ ᠬᠤᠳᠠ ᠪᠠᠷ ᠴᠢᠬᠤᠯᠠ ᠠᠴᠢᠶᠠᠯᠠᠪᠤᠷᠢ ᠪᠣᠯᠭᠠᠭᠰᠠᠨ ᠬᠤᠳᠠ ᠪᠠᠯᠭᠠᠰᠤᠵᠢᠯᠳᠠ ᠶᠢᠨ ᠪᠦᠳᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠳᠠ | ᠬᠥᠳᠡᠭᠡ ᠶᠢ ᠨᠢᠭᠡ ᠴᠤᠭᠴᠠᠵᠢᠭᠤᠯᠤᠨ ᠬᠥᠭᠵᠢᠭᠦᠯᠬᠦ ᠪᠠᠶᠢᠷᠢᠰᠢᠯ ᠢ ᠪᠤᠢ ᠪᠣᠯᠭᠠᠨ᠎ᠠ᠃ | ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠳᠠ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠭᠡᠨ᠎ᠡ ᠃ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ | ᠭᠦᠨᠵᠡᠭᠡᠶ ᠥᠷᠨᠢᠭᠦᠯᠵᠦ᠂ 7ᠬᠠᠭᠤᠴᠢᠨ ᠵᠢᠵᠢᠭ ᠲᠣᠭᠤᠷᠢᠭ᠂ 502 ᠡᠷᠤᠭᠡ ᠢ ᠥᠭᠡᠷᠡᠴᠢᠯᠡᠨ ᠪᠠᠶᠢᠭᠤᠯᠵᠤ᠂ ᠬᠤᠳᠠ ᠶᠢᠨ ᠲᠣᠭᠤᠷᠢᠭ ᠳᠠᠭᠠᠤ ᠵᠡᠭᠡᠯᠢ ᠳᠠᠭᠠᠤ | ᠪᠠᠶᠢᠰᠢᠩ ᠭᠡᠷ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠪᠡ᠃ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠵᠦ᠂ ᠰᠢᠨ ᠺᠠᠶ ᠵᠡᠭᠡᠯᠢ᠂ ᠮᠢᠶᠤᠤ ᠫᠦ᠋ ᠬᠤᠶᠢᠲᠤ ᠵᠠᠮ ᠢ ᠲᠠᠰ ᠳᠡᠪᠰᠢᠭᠦᠯᠦᠨ ᠥᠭᠡᠷᠡᠴᠢᠯᠡᠵᠦ᠂ ᠬᠤᠭ ᠨᠣᠪᠰᠢ ᠪᠣᠬᠢᠷ ᠤᠰᠤ ᠶᠢ | ᠰᠢᠳᠪᠦᠷᠢᠯᠷᠬᠦ ᠪᠡᠯᠡᠳᠬᠡᠮᠵᠢ ᠶᠢ ᠲᠡᠭᠦᠯᠳᠡᠷᠵᠢᠭᠦᠯᠦᠨ᠂ ᠪᠣᠬᠢᠷ ᠤᠰᠤᠨ ᠤ ᠬᠤᠭᠤᠯᠠᠶ ᠶᠢᠨ ᠲᠣᠤᠷ ᠶᠢ ᠳᠡᠭᠡᠭᠰᠢᠯᠡᠭᠦᠯᠬᠦ ᠥᠭᠡᠷᠡᠴᠢᠯᠡᠯᠲᠡ᠂ ᠤᠰᠤ ᠢᠯᠴᠢ ᠬᠠᠩᠭᠠᠬᠤ | ᠬᠤᠭᠤᠯᠠᠶ ᠶᠢᠨ ᠲᠣᠤᠷ ᠤᠨ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠶᠢᠨ ᠥᠭᠡᠷᠡᠴᠢᠯᠡᠯᠲᠡ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃ ᠤᠯᠠᠨ | ᠨᠡᠶᠢᠲᠡ ᠶᠢᠨ ᠪᠣᠬᠢᠷᠲᠤᠯ ᠦᠭᠡᠢ ᠣᠷᠣᠨ ᠵᠠᠶ᠂ ᠪᠢᠴᠢᠯ ᠬᠡᠯᠪᠡᠷᠢ ᠶᠢᠨ ᠲᠠᠯᠠᠪᠠᠢ ᠶᠢ ᠨᠠᠷᠢᠯᠢᠭ ᠪᠠᠶᠢᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ | ᠦᠷᠭᠦᠯᠵᠢᠯᠡᠨ ᠰᠠᠶᠢᠵᠢᠷᠠᠭᠤᠯᠤᠨ᠎ᠠ᠃ ᠥᠯᠢᠺᠦ᠋ᠮᠠ ᠠᠴᠠ ᠶᠠᠩ ᠭᠧ ᠴᠢ ᠬᠥᠷᠬᠦ᠂ ᠧᠯᠪᠦᠷ ᠠᠴᠠ ᠮᠥ ᠷᠦᠢ ᠬᠥᠷᠬᠦ ᠵᠠᠰᠠᠮᠠᠯ ᠵᠠᠮ ᠢ ᠪᠦᠬᠦ ᠬᠦᠴᠦᠨ ᠢᠶᠠᠷ | ᠪᠦᠲᠦᠭᠡᠨ ᠪᠠᠶᠢᠭᠤᠯᠵᠦ᠂ ᠵᠢᠭᠤᠯᠴᠢᠯᠠᠯ ᠤᠨ ᠦᠵᠡᠮᠵᠢ ᠶᠢᠨ ᠣᠷᠣᠨ ᠢ ᠬᠤᠯᠪᠣᠭᠰᠠᠨ ᠵᠠᠮ ᠢ ᠨᠡᠪᠲᠡᠷᠡᠭᠦᠯᠦᠨ᠎ᠡ᠃ ᠬᠥᠳᠡᠭᠡ ᠲᠣᠰᠬᠤᠨ ᠤ ᠵᠠᠰᠠᠮᠠᠯ ᠵᠠᠮ ᠤᠨ | ᠪᠥᠲᠥᠭᠡᠨ ᠪᠠᠶᠢᠭᠤᠯᠤᠯᠲᠠ ᠪᠠ ᠨᠤᠷᠠᠬᠤ ᠠᠶᠤᠯᠲᠠᠶ ᠬᠥᠭᠦᠷᠭᠡ ᠶᠢ ᠥᠭᠡᠷᠡᠴᠢᠯᠡᠨ ᠵᠠᠰᠠᠬᠤ ᠢᠨᠵᠧᠨᠧᠷᠢᠩ ᠢ ᠰᠠᠶᠢᠲᠤᠷ ᠬᠢᠵᠦ᠂ ᠭᠡᠭᠡᠨ ᠭᠤᠤᠯ ᠠᠴᠠ ᠶᠠᠭᠰᠢ ᠬᠥᠷᠬᠦ᠂ | ᠶᠢᠨ ᠾᠧ ᠠᠴᠠ ᠮᠣᠷᠳᠤᠭᠠ ᠬᠥᠷᠬᠦ ᠵᠠᠰᠠᠮᠠᠯ ᠵᠠᠮ ᠤᠨ ᠲᠥᠷᠥᠯ ᠵᠦᠢᠯ ᠤᠨ ᠪᠠᠷᠢᠯᠭ᠎ᠠ ᠡᠬᠢᠯᠡᠨ ᠪᠥᠲᠥᠭᠡᠨ ᠪᠠᠶᠢᠭᠤᠯᠬᠤ ᠶᠢ ᠠᠬᠢᠭᠤᠯᠤᠨ᠎ᠠ᠃ | ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ᠬᠤᠲᠠ ᠪᠠᠯᠭᠠᠰᠤ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ | ᠭᠦᠨᠵᠡᠭᠡᠶ ᠠᠬᠢᠭᠤᠯᠵᠤ᠂ ᠪᠥᠬᠦ ᠠᠷᠠᠳ ᠢᠶᠠᠷ ᠢᠶᠠᠨ ᠳᠠᠶᠢᠴᠢᠯᠠᠬᠤ᠂ ᠪᠥᠬᠦ ᠠᠵᠢᠯᠲᠠᠨ ᠢᠶᠠᠷ ᠢᠶᠠᠨ ᠣᠷᠣᠯᠴᠠᠬᠤ᠂ ᠪᠥᠬᠦ ᠬᠦᠷᠢᠶ᠎ᠡ ᠴᠠᠷᠠᠭ᠎ᠠ ᠪᠠᠷ ᠢᠶᠠᠨ ᠵᠠᠰᠠᠬᠤ᠂ ᠪᠥᠬᠦ | ᠴᠠᠭ ᠢᠶᠠᠷ ᠢᠶᠠᠨ ᠠᠷᠢᠭᠤᠨ ᠴᠡᠪᠡᠷ ᠪᠠᠶᠢᠯᠭᠠᠬᠤ᠂ ᠪᠥᠬᠦ ᠶᠠᠪᠤᠴᠠ ᠪᠠᠷ ᠬᠢᠨᠠᠨ ᠬᠠᠮᠢᠶᠠᠷᠬᠤ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠠᠳᠠᠯ ᠠᠬᠤᠶ ᠶᠢᠨ ᠲᠤᠰᠬᠠᠶ | ᠵᠦᠢᠯ ᠢᠶᠠᠷ ᠴᠡᠭᠴᠡᠯᠡᠨ ᠵᠠᠰᠠᠬᠤ ᠶᠢ ᠦᠷᠭᠦᠯᠵᠢᠯᠡᠨ ᠥᠷᠨᠢᠭᠦᠯᠵᠦ᠂ ᠠᠳᠠᠯ ᠠᠬᠤᠶ ᠶᠢᠨ ᠠᠵᠤ ᠠᠬᠤᠶᠢᠯᠠᠯ ᠤᠨ ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠤᠨ᠂ | ᠠᠳᠠᠯ ᠠᠬᠤᠶ ᠶᠢᠨ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃ ᠳᠤᠷ᠎ᠠ ᠪᠠᠷ ᠢᠶᠠᠨ ᠪᠠᠶᠢᠭᠤᠯᠵᠤ᠂ ᠳᠤᠷ᠎ᠠ ᠪᠠᠷ ᠢᠶᠠᠨ ᠣᠪᠣᠭᠠᠯᠠᠵᠤ | ᠳᠤᠷ᠎ᠠ ᠪᠠᠷ ᠢᠶᠠᠨ ᠲᠠᠯᠪᠢᠬᠤ᠂ ᠬᠤᠭᠤᠰᠣᠨ ᠬᠤᠭᠤᠯᠠᠶ ᠤᠲᠠᠰᠤ ᠲᠠᠲᠠᠬᠤ ᠵᠡᠷᠭᠡ ᠡᠷᠦᠶ ᠬᠤᠷᠤᠶ ᠦᠭᠡᠢ ᠦᠵᠡᠭᠳᠡᠯ ᠢ ᠵᠠᠰᠠᠵᠤ᠂ ᠬᠤᠲᠠ ᠪᠠᠯᠭᠠᠰᠤ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠴᠢᠳᠠᠪᠤᠷᠢ ᠶᠢᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠦᠨ᠎ᠡ᠃ | ︵ᠵᠢᠷᠭᠤᠭ᠎ᠠ︶ ᠬᠠᠮᠲᠤ ᠪᠠᠷ ᠴᠢᠨᠡᠭᠡᠯᠢᠭᠵᠢᠬᠦ ᠶᠢ ᠲᠦᠯᠬᠢᠨ ᠠᠬᠢᠭᠤᠯᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠲᠠᠯ᠎ᠠ ᠪᠠᠷ ᠰᠢᠨ᠎ᠡ | ᠰᠢᠪᠲᠤᠯᠤᠯᠲᠠ ᠲᠠᠢ ᠪᠣᠯᠭᠠᠨ᠎ᠠ᠃ ᠬᠥᠭᠵᠢᠯᠲᠡ ᠶᠢᠨ ᠳᠤᠮᠳᠠ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠳᠤ | ᠬᠡᠷᠡᠭᠯᠡᠬᠦ ᠵᠠᠷᠤᠯᠭ᠎ᠠ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ᠂ ᠤᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ ᠵᠠᠷᠤᠯᠭ᠎ᠠ ᠶᠢ | ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ ᠪᠠᠶᠢᠵᠤ᠂ ᠠᠷᠠᠳ ᠤᠯᠠᠨ ᠤ ᠠᠮᠢᠳᠤᠷᠠᠯ ᠢ ᠨᠡᠩ ᠵᠣᠯ ᠵᠢᠷᠭᠠᠯ ᠲᠠᠢ ᠪᠣᠯᠭᠠᠨ᠎ᠠ᠃ | ᠠᠵᠢᠯ ᠣᠯᠭᠤᠵᠤ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠵᠢᠯ | ᠣᠯᠭᠤᠯᠲᠠ ᠶᠢ ᠠᠬᠢᠭᠤᠯᠬᠤ ᠲᠣᠭᠲᠠᠴᠠ ᠶᠢ ᠪᠦᠷᠢᠨᠰᠢᠬᠦᠯᠦᠨ᠂ ᠡᠯ᠎ᠡ ᠲᠦᠷᠦᠯ ᠤᠨ ᠬᠠᠮᠲᠤᠯᠢᠭ ᠤᠨ ᠤᠯᠠᠨ ᠠᠷᠭ᠎ᠠ ᠵᠠᠮ ᠢᠶᠠᠷ ᠠᠵᠢᠯ ᠤᠯᠬᠤ ᠶᠢ ᠲᠦᠯᠬᠢᠨ | ᠠᠬᠢᠭᠤᠯᠵᠤ᠂ ᠬᠤᠳᠠ ᠪᠠᠯᠭᠠᠰᠤᠨ ᠤ ᠠᠵᠢᠯ ᠣᠯᠤᠭᠰᠠᠨ ᠦᠭᠡᠢ ᠭᠡᠷ ᠪᠦᠯᠢ ᠶᠢ ᠬᠥᠳᠡᠯᠦᠩᠭᠦᠶ ᠪᠠᠷ ︽ᠲᠡᠭ ᠪᠣᠯᠭᠠᠬᠤ︾ ᠶᠢ ᠪᠡᠶᠡᠯᠡᠭᠦᠯᠦᠨ᠎ᠡ᠃ ᠳᠡᠭᠡᠳᠦ | ᠰᠤᠷᠭᠠᠭᠤᠯᠢ ᠲᠡᠭᠦᠰᠦᠭᠰᠡᠳ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠨᠤᠲᠤᠭ ᠲᠠᠭᠠᠨ ᠪᠤᠴᠠᠵᠤ ᠠᠵᠢᠯ ᠣᠯᠵᠤ ᠠᠳᠠᠯ ᠦᠢᠯᠡᠰ ᠴᠣᠭᠴᠠᠯᠠᠬᠤ | ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠠᠵᠢᠯ ᠣᠯᠭᠤᠬᠤ ᠠᠵᠢᠯ ᠤᠨ ᠪᠠᠶᠢᠷᠢ ᠶᠢ ᠠᠭᠤᠳᠠᠯᠤᠨ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠭᠦᠢᠴᠡᠳ | ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠤᠨ᠎ᠠ᠃ ᠪᠦᠬᠦ ᠵᠢᠯ ᠳᠤ ᠬᠤᠳᠠ ᠪᠠᠯᠭᠠᠰᠤᠨ ᠤ 500 ᠣᠷᠴᠢᠮ ᠬᠥᠮᠦᠨ ᠳᠤ ᠰᠢᠨ᠎ᠡ ᠪᠠᠷ ᠠᠵᠢᠯ | ᠣᠯᠭᠤᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.5% ᠶᠢᠨ ᠳᠣᠲᠣᠷ᠎ᠠ ᠬᠢᠵᠠᠭᠠᠷᠯᠠᠨ᠎ᠠ᠃ | ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ | ᠬᠡᠷᠡᠭᠵᠢᠭᠦᠯᠵᠦ᠂ ᠬᠤᠳᠠᠯᠳᠤᠭᠠᠨ ᠤ ᠡᠮ ᠡᠮᠨᠡᠯᠭᠡ ᠶᠢᠨ ᠳᠠᠭᠠᠳᠬᠠᠯ ᠢ ᠢᠳᠡᠪᠬᠢᠲᠡᠶ ᠬᠥᠭᠵᠢᠭᠦᠯᠦᠨ᠎ᠡ᠃ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ᠂ ᠣᠨᠴᠠ ᠬᠦᠴᠢᠷᠳᠡᠯ ᠲᠠᠢ ᠠᠰᠠᠷᠠᠨ ᠲᠡᠵᠢᠭᠡᠬᠦ ᠡᠲᠡᠭᠡᠳ᠂ ᠵᠡᠮᠳᠡᠭᠴᠦᠳ᠂ ᠥᠨᠥᠴᠢᠨ ᠬᠡᠦᠬᠡᠳ ᠤᠨ ᠪᠠᠲᠤᠯᠠᠭ᠎ᠠ ᠶᠢᠨ ᠲᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠪᠠ ᠣᠨᠴᠠ ᠬᠦᠴᠢᠷᠳᠡᠯ ᠲᠠᠢ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ | ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠᠲᠤᠯᠠᠭ᠎ᠠ ᠶᠢᠨ ᠦᠨ᠎ᠡ ᠬᠠᠩᠰᠢ ᠶᠢᠨ ᠨᠥᠬᠦᠪᠥᠷᠢ ᠶᠢᠨ ᠬᠠᠮᠲᠤᠷᠠᠨ ᠬᠥᠳᠡᠯᠦᠯᠴᠡᠬᠦ | ᠲᠣᠭᠲᠠᠴᠠ ᠶᠢ ᠴᠢᠩᠭ᠎ᠠ ᠬᠡᠷᠡᠭᠵᠢᠭᠦᠯᠵᠦ᠂ ᠦᠨ᠎ᠡ ᠬᠠᠩᠰᠢ ᠶᠢᠨ ᠲᠦᠷ ᠴᠠᠭ ᠤᠨ ᠨᠥᠬᠦᠪᠥᠷᠢ ᠶᠢ ᠴᠠᠭ ᠲᠤᠬᠠᠢ ᠳᠤ ᠨᠢ ᠲᠠᠯᠪᠢᠨ᠎ᠠ᠃ ᠵᠠᠯᠠᠭᠤᠴᠤᠳ ᠤᠨ | ᠬᠥᠭᠵᠢᠯᠲᠡ ᠶᠢᠨ ᠲᠥᠯᠥᠪᠵᠢᠭᠦᠯᠭᠡ ᠶᠢ ᠬᠡᠷᠡᠭᠵᠢᠭᠦᠯᠵᠦ᠂ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠨᠡᠶᠢᠭᠡᠮᠴᠢᠯᠡᠭᠰᠡᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠦᠷᠢᠨᠰᠢᠬᠦᠯᠵᠦ᠂ ᠵᠡᠮᠳᠡᠭᠴᠦᠳ ᠤᠨ ᠦᠢᠯᠡᠰ ᠤᠨ ᠪᠦᠬᠦ ᠲᠠᠯ᠎ᠠ ᠶᠢᠨ ᠬᠦᠭᠵᠢᠯᠲᠡ ᠶᠢ | ᠲᠦᠯᠬᠢᠨ ᠠᠬᠢᠭᠤᠯᠤᠨ᠎ᠠ᠃ | ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠦᠨ᠎ᠡ᠃ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠵᠤ᠂ | ᠰᠤᠷᠭᠠᠨ ᠬᠥᠮᠦᠵᠢᠯ ᠤᠨ ᠪᠦᠲᠦᠴᠡ ᠶᠢ ᠰᠢᠯᠢᠳᠡᠭᠵᠢᠭᠦᠯᠬᠦ ᠪᠠ ᠪᠠᠶᠢᠷᠢᠰᠢᠯ ᠢ ᠲᠣᠬᠢᠷᠠᠭᠤᠯᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠰᠤᠷᠭᠠᠭᠤᠯᠢ ᠡᠷᠭᠢᠯᠡᠬᠦ | ᠨᠥᠬᠦᠴᠡᠯ ᠢ ᠰᠠᠶᠢᠵᠢᠷᠠᠭᠤᠯᠤᠨ᠂ ᠨᠢᠭᠡᠳᠦᠭᠡᠷ ᠬᠡᠤᠬᠡᠳ ᠤᠨ ᠴᠡᠴᠡᠷᠯᠢᠭ ᠢ ᠨᠡᠭᠦᠯᠭᠡᠬᠦ ᠢᠨᠵᠧᠨᠧᠷᠢᠩ ᠢ ᠡᠬᠢᠯᠡᠭᠦᠯᠵᠦ᠂ ᠣᠯᠭᠤᠶᠠ ᠡᠸᠡᠩᠬᠢ ᠦᠨᠳᠦᠰᠦᠲᠡᠨ ᠤ ᠪᠠᠭ᠎ᠠ | ᠰᠤᠷᠭᠠᠭᠤᠯᠢ ᠶᠢᠨ ᠬᠡᠷ ᠪᠠᠶᠢᠰᠢᠩ ᠢ ᠰᠡᠯᠪᠢᠨ ᠵᠠᠰᠠᠵᠤ ᠥᠭᠡᠷᠡᠴᠢᠯᠡᠬᠦ᠂ ᠰᠢᠶᠠᠩ ᠪᠠᠯᠭᠠᠰᠤᠨ ᠤ ᠳᠤᠮᠳᠠᠳᠤ ᠰᠤᠷᠭᠠᠭᠤᠯᠢ ᠶᠢᠨ ᠰᠦᠯᠢᠶᠣᠣ ᠴᠠᠪᠠᠤ ᠶᠢᠨ ᠲᠠᠮᠢᠷ ᠤᠨ | ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ ᠤᠶᠤᠨᠲᠤ ᠰᠤᠷᠭᠠᠭᠤᠯᠢ ᠶᠢᠨ ᠬᠦᠷᠢᠶ᠎ᠡ᠂ ᠤᠶᠤᠨᠲᠤ ᠬᠢᠴᠢᠶᠡᠯ ᠤᠨ ᠭᠡᠷ ᠤᠨ | ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ | ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠪᠠᠭᠰᠢ ᠶᠢᠨ ᠶᠣᠰᠣ ᠮᠣᠷᠠᠯ ᠤᠨ ᠨᠠᠵᠠᠭᠠᠢ ᠲᠠᠯ᠎ᠠ ᠶᠢᠨ ᠬᠢᠨᠠᠨ ᠰᠢᠯᠭᠠᠯᠲᠠ ᠶᠢᠨ ᠳᠦᠷᠢᠮ ᠢ | ᠲᠤᠭᠲᠠᠭᠠᠨ᠎ᠠ᠃ ︽ᠬᠤᠶᠠᠷ ᠢ ᠬᠠᠰᠤᠬᠤ︾ ᠠᠵᠢᠯ ᠤᠨ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ | ᠶᠠᠰᠤ ᠴᠢᠨᠠᠷ ᠢ ᠳᠡᠭᠡᠭᠰᠢᠯᠡᠭᠦᠯᠦᠨ᠎ᠡ᠃ ᠰᠢᠨ᠎ᠡ ᠮᠠᠶ᠋ᠢᠭ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠳᠥᠯᠭᠢᠨ ᠠᠬᠢᠭᠤᠯᠵᠤ᠂ ᠭᠡᠭᠡᠨ ᠭᠤᠤᠯ ᠤᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠴᠢᠨᠠᠷ | ᠰᠠᠶᠢᠲᠠᠢ ᠬᠦᠭᠵᠢᠯᠲᠡ ᠶᠢ ᠠᠬᠢᠭᠤᠯᠤᠨ᠎ᠠ᠃ ᠠᠷᠠᠳ ᠲᠦᠮᠡᠨ ᠤ ᠡᠷᠡᠭᠦᠯ ᠮᠡᠨᠳᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠱᠠᠳᠤ | ᠬᠤᠪᠢᠶᠠᠨ ᠣᠨᠣᠰᠢᠯᠠᠨ ᠡᠮᠨᠡᠬᠦ ᠶᠢ ᠲᠦᠯᠬᠢᠨ ᠠᠬᠢᠭᠤᠯᠵᠤ᠂ ᠤᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠦᠨ᠎ᠡ᠃ ᠡᠮᠴᠢᠯᠡᠭᠡᠨ ᠤ ᠡᠬᠢ | ᠪᠠᠶᠠᠯᠢᠭ ᠤᠨ ᠪᠡᠯᠡᠳᠬᠡᠯ ᠪᠠ ᠠᠪᠤᠷᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠂ ᠭᠤᠤᠯ ᠴᠢᠰᠤᠨ ᠬᠥᠮᠥᠷᠭᠡ ᠶᠢᠨ ᠠᠵᠢᠯ ᠢ ᠡᠬᠢᠯᠡᠭᠦᠯᠦᠨ ᠪᠥᠲᠥᠭᠡᠨ | ᠪᠠᠶᠢᠭᠤᠯᠬᠤ ᠪᠠᠷ ᠴᠢᠷᠮᠠᠶᠢᠨ᠎ᠠ᠃ ᠲᠣᠭᠲᠠᠭᠠᠯ ᠠᠴᠠ ᠵᠥᠷᠢᠴᠡᠨ ᠪᠤᠩᠬᠤᠨ ᠤ ᠭᠠᠵᠠᠷ ᠪᠠᠶᠢᠭᠤᠯᠬᠤ ᠶᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ | ᠰᠢᠨ᠎ᠡ ᠪᠠᠷ ᠪᠠᠶᠢᠭᠤᠯᠬᠤ ᠣᠷᠣᠰᠢᠭᠤᠯᠭ᠎ᠠ ᠶᠢᠨ ᠭᠠᠵᠠᠷ ᠤᠨ ᠢᠨᠵᠧᠨᠧᠷᠢᠩ ᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠲᠡᠦᠬᠡ ᠰᠣᠶᠣᠯ᠂ ᠠᠷᠠᠳ ᠤᠨ ᠵᠠᠩ | ᠦᠢᠯᠡ ᠶᠢᠨ ᠰᠣᠶᠣᠯ ᠢ ᠭᠦᠨᠵᠡᠭᠡᠶ ᠠᠭᠤᠳᠠᠯᠵᠤ᠂ ᠰᠣᠶᠣᠯ ᠤᠨ ᠥᠪ ᠤᠨ ᠬᠠᠮᠠᠭᠠᠯᠠᠯᠲᠠ ᠪᠠ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠢ ᠤᠯᠠᠮᠵᠢᠯᠠᠨ | ᠬᠥᠭᠵᠢᠭᠦᠯᠬᠦ ᠶᠢ ᠴᠢᠩᠭᠠᠳᠬᠠᠨ᠎ᠠ᠃ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ | ᠢᠨᠵᠧᠨᠧᠷᠢᠩ ᠢ ᠬᠡᠷᠡᠭᠵᠢᠭᠦᠯᠦᠨ᠂ ᠡᠯᠪᠡᠭ ᠪᠠᠶᠠᠯᠢᠭ ᠣᠯᠠᠨ ᠲᠦᠮᠡᠨ ᠤ ᠰᠣᠶᠣᠯ ᠤᠨ ᠠᠵᠢᠯᠯᠠᠭ᠎ᠠ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠠᠵᠢᠯᠯᠠᠭ᠎ᠠ ᠶᠢ | ᠥᠷᠨᠢᠭᠦᠯᠵᠦ᠂ ᠨᠢᠭᠡ ᠪᠦᠯᠦᠭ ᠰᠣᠶᠣᠯ ᠤᠨ ᠰᠤᠳᠤᠯᠭᠠᠨ ᠤ ᠦᠷ᠎ᠡ ᠪᠦᠲᠦᠭᠡᠯ ᠪᠠ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠡᠭᠦᠳᠦᠨ ᠪᠦᠲᠦᠭᠡᠨ᠎ᠡ᠃ | ︵ᠳᠣᠯᠤᠭ᠎ᠠ︶ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠠᠮᠤᠷ ᠲᠦᠪᠰᠢᠨ ᠭᠡᠭᠡᠨ ᠭᠤᠤᠯ ᠤᠨ ᠪᠥᠲᠥᠭᠡᠨ ᠪᠠᠶᠢᠭᠤᠯᠤᠯᠲᠠ ᠶᠢᠨ | ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠨ᠎ᠠ᠃ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠡᠷᠡᠰ ᠭᠤᠶᠢᠪᠢᠰᠢ ᠦᠭᠡᠢ | ᠲᠤᠭᠤᠰᠢᠯᠠᠭᠤᠯᠵᠦ᠂ ᠰᠡᠷᠭᠡᠶᠢᠯᠡᠯᠲᠡ ᠶᠢᠨ ᠱᠤᠭᠤᠮ ᠢ ᠪᠠᠲᠤ ᠪᠠᠶᠢᠭᠤᠯᠵᠤ᠂ ᠬᠤᠷᠢᠭ᠎ᠠ ᠱᠤᠭᠤᠮ ᠢ ᠪᠠᠲᠤ ᠰᠠᠬᠢᠵᠤ᠂ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ | ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠨᠦᠭᠦᠴᠡᠯ ᠢ ᠪᠡᠶᠡᠯᠡᠭᠦᠯᠦᠨ᠎ᠡ᠃ | ᠠᠮᠤᠷ ᠲᠦᠪᠰᠢᠨ ᠲᠣᠭᠲᠠᠭᠤᠨ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠤᠨ᠎ᠠ᠃ ᠵᠠᠰᠠᠭ ᠤᠨ ᠣᠷᠳᠣᠨ ᠤ ᠴᠢᠨᠠᠷᠲᠠᠶ ᠥᠷᠢ ᠥᠭᠴᠡᠭᠡ ᠶᠢᠨ ᠬᠠᠮᠢᠶᠠᠷᠤᠯᠲᠠ ᠶᠢ | ᠴᠢᠩᠭᠠᠳᠬᠠᠵᠤ᠂ ᠵᠠᠰᠠᠭ ᠤᠨ ᠣᠷᠳᠣᠨ ᠤ ᠥᠷᠢ ᠥᠭᠴᠡᠭᠡ ᠠᠪᠬᠤ ᠠᠵᠢᠯᠯᠠᠭ᠎ᠠ ᠶᠢ ᠵᠢᠷᠤᠮᠵᠢᠭᠤᠯᠤᠨ᠂ ᠦᠯᠡᠳᠡᠵᠦ ᠪᠠᠶᠢᠭ᠎ᠠ ᠥᠷᠢ ᠥᠭᠴᠡᠭᠡ ᠶᠢ ᠲᠣᠬᠢᠲᠠᠶ | ᠰᠢᠢᠳᠪᠦᠷᠢᠯᠡᠨ ᠠᠷᠢᠯᠭᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢ ᠦᠨᠡᠨ ᠬᠦ ᠰᠡᠷᠭᠡᠶᠢᠯᠡᠨ᠎ᠡ᠃ ᠠᠶᠤᠯ ᠲᠦᠭᠰᠢᠭᠦᠷᠢ ᠶᠡᠬᠡᠲᠡᠶ | ᠪᠠᠶᠢᠭᠤᠯᠤᠮᠵᠢ ᠶᠢᠨ ᠴᠢᠨᠠᠷᠲᠠᠶ ᠳᠠᠭᠠᠳᠬᠠᠯ ᠤᠨ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ | ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠠᠮᠤᠷ ᠲᠦᠪᠰᠢᠨ ᠢ ᠲᠡᠷᠢᠭᠦᠨ ᠳᠤ | ᠲᠠᠯᠪᠢᠬᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠱᠠᠳᠤ ᠬᠤᠪᠢᠶᠠᠨ ᠠᠷᠭᠠᠴᠠᠬᠤ ᠬᠠᠷᠢᠭᠤᠴᠠᠯᠭ᠎ᠠ ᠶᠢ ᠴᠢᠩᠭ᠎ᠠ ᠳᠠᠷᠤᠵᠤ᠂ | ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠴᠡᠭᠴᠡᠯᠡᠬᠦ ᠶᠢ ᠭᠦᠨᠵᠡᠭᠡᠶᠢᠷᠡᠭᠦᠯᠵᠦ᠂ ᠠᠶᠤᠯᠭᠦᠢ ᠦᠢᠯᠡᠳᠪᠦᠷᠢᠯᠡᠯ ᠤᠨ ᠲᠤᠰᠬᠠᠢ | ᠵᠠᠰᠠᠯᠲᠠ ᠶᠢᠨ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ | ᠬᠤᠷᠢᠭᠯᠠᠨ᠎ᠠ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤ ᠠᠮᠤᠷ ᠲᠦᠪᠰᠢᠨ ᠤ | ᠪᠠᠲᠤᠯᠠᠭ᠎ᠠ ᠶᠢ ᠳᠠᠭᠠᠭᠠᠴᠢᠯᠠᠬᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠨ᠂ ᠡᠮ ᠤᠨ ᠵᠦᠢᠯ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ | ᠠᠵᠢᠯᠯᠠᠭ᠎ᠠ ᠶᠢ ᠥᠷᠨᠢᠭᠦᠯᠵᠦ᠂ ᠠᠷᠠᠳ ᠣᠯᠠᠨ ᠤ ᠢᠳᠡᠭᠡᠨ ᠤᠮᠳᠠᠭᠠᠨ ᠳᠤ ᠪᠠᠲᠤᠯᠠᠭ᠎ᠠ ᠬᠠᠩᠭᠠᠨ᠎ᠠ᠃ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ | ᠨᠥᠭᠡᠴᠡᠯᠡᠯᠲᠡ ᠶᠢ ᠪᠠᠲᠤᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠪᠠᠶᠢᠯᠳᠤᠬᠤ ᠪᠤᠳᠤᠯᠭ᠎ᠠ ᠪᠠ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠠᠶᠤᠯᠭᠦᠶ ᠶᠢᠨ | ᠬᠠᠮᠢᠶᠠᠷᠤᠯᠲᠠ ᠶᠢ ᠴᠢᠩᠭᠠᠳᠬᠠᠨ᠎ᠠ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠢᠯᠣᠭᠤᠳᠬᠤ ᠰᠢᠰᠲ᠋ᠧᠮ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠲᠥᠬᠦᠭᠡᠷᠦᠮᠵᠢ ᠪᠠ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠤᠢ ᠰᠢᠭᠤᠶ ᠶᠢᠨ ᠭᠠᠯ ᠤᠨ ᠭᠠᠮᠰᠢᠭ᠂ ᠤᠰᠤ ᠭᠠᠩ ᠤᠨ | ᠭᠠᠮᠰᠢᠭ᠂ ᠲᠦᠢᠯ ᠤᠨ ᠬᠦᠨᠳᠦ ᠶᠡᠭᠡ ᠴᠠᠭ ᠠᠭᠤᠷ ᠵᠡᠷᠭᠡ ᠬᠦᠨᠳᠦ ᠶᠡᠭᠡ ᠭᠠᠮᠰᠢᠭ ᠢ ᠠᠷᠭᠠᠴᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ | ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠪᠥᠬᠦ ᠤᠯᠤᠰ ᠤᠨ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ | ᠣᠳᠣᠬᠢᠴᠢᠯᠠᠯᠲᠠ ᠶᠢᠨ ᠲᠤᠷᠰᠢᠯᠲᠠ ᠶᠢᠨ ᠬᠢᠷᠢ ᠲᠡᠩᠴᠡᠭᠰᠡᠨ ᠬᠤᠲᠠ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ | ᠵᠠᠰᠠᠵᠤ ᠬᠠᠮᠲᠤ ᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠲᠦᠷᠢᠮ ᠢ ᠪᠦᠷᠢᠨᠰᠢᠬᠦᠯᠤᠨ᠂ ᠲᠣᠤᠷᠵᠢᠭᠤᠯᠤᠭᠰᠠᠨ ᠬᠠᠮᠢᠶᠠᠷᠤᠯᠲᠠ᠂ ᠨᠠᠷᠢᠯᠢᠬᠵᠢᠭᠤᠯᠤᠭᠰᠠᠨ | ᠦᠢᠯᠡᠴᠢᠯᠡᠭᠡ᠂ ᠮᠡᠳᠡᠭᠡ ᠵᠠᠩᠭᠢᠵᠢᠯᠲᠠ ᠶᠢᠨ ᠲᠤᠯᠭᠠᠭᠤᠷᠢᠯᠠᠯ ᠢ ᠴᠢᠩᠭᠠᠳᠬᠠᠵᠤ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨ᠎ᠡ ᠴᠠᠭ | ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ᠂ ᠠᠷᠠᠳ ᠤᠨ ᠡᠶᠡᠳᠡᠭᠦᠯᠭᠡ ᠪᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠴᠢᠩᠭᠠᠳᠬᠠᠨ | ᠰᠠᠶᠢᠵᠢᠷᠠᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠯᠭᠠᠵᠤ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠬᠥᠮᠦᠵᠢᠯ ᠢ ᠤᠬᠠᠭᠤᠯᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ︽ | ᠠᠮᠤᠷ ᠲᠦᠪᠰᠢᠨ ᠭᠡᠭᠡᠨ ᠭᠤᠤᠯ︾ ᠤᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ | ᠪᠠᠶᠢᠩᠭᠤᠵᠢᠭᠤᠯᠤᠨ ᠥᠷᠨᠢᠭᠦᠯᠵᠦ ᠂ ᠡᠯ᠎ᠡ ᠲᠦᠷᠦᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠶᠢᠭᠡᠮ ᠠᠮᠤᠷ | ᠲᠣᠭᠲᠠᠭᠤᠨ ᠡᠮᠬᠢ ᠳᠢᠭᠯᠢᠮ ᠲᠠᠢ ᠵᠣᠯ ᠵᠢᠷᠭᠠᠯᠲᠤ ᠭᠡᠷ ᠣᠷᠣᠨ ᠢ ᠰᠠᠶᠢᠲᠤᠷ ᠰᠠᠬᠢᠨ ᠬᠠᠮᠠᠭᠠᠯᠠᠨ᠎ᠠ᠃ | ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠨ᠎ᠠ | ᠲᠥᠯᠥᠭᠡᠯᠡᠭᠴᠢᠳ ᠡ᠂ ᠰᠢᠨ᠎ᠡ ᠠᠶᠠᠨ᠂ ᠰᠢᠨ᠎ᠡ ᠡᠭᠦᠷᠭᠡ ᠨᠢ ᠵᠠᠰᠠᠭ ᠤᠨ ᠣᠷᠳᠣᠨ ᠤ ᠠᠵᠢᠯ ᠳᠤ ᠨᠠᠩ ᠥᠨᠳᠥᠷ ᠰᠢᠨ᠎ᠡ ᠱᠠᠭᠠᠷᠳᠠᠯᠭ᠎ᠠ ᠳᠤᠷᠠᠳᠤᠭᠰᠠᠨ | ᠪᠠᠶᠢᠨ᠎ᠠ᠃ ᠪᠢᠳᠡ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠵᠣᠷᠢᠭ ᠰᠠᠨᠠᠭ᠎ᠠ ᠪᠠ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠡᠯ᠎ᠡ ᠵᠦᠢᠯ ᠤᠨ ᠠᠵᠢᠯ ᠢᠶᠠᠨ ᠪᠦᠬᠦ | ᠬᠦᠴᠦᠨ ᠢᠶᠠᠷ ᠰᠠᠶᠢᠲᠤᠷ ᠬᠢᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ | ︵ᠨᠢᠭᠡ︶ ᠲᠤᠭ ᠲᠡᠮᠳᠡᠭ ᠲᠣᠳᠣᠷᠬᠠᠶ ᠪᠠᠷ ᠤᠯᠤᠰ ᠲᠦᠷᠦ ᠶᠢ ᠡᠷᠬᠢᠮᠯᠡᠨ᠎ᠡ᠃ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ | ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠯᠠᠪᠳᠠᠭᠤᠨ ᠪᠠᠲᠤᠲᠠᠢ ᠬᠡᠷᠡᠭᠵᠢᠭᠦᠯᠵᠦ᠂ ︽ | ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ | ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ | ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠴᠠᠭ ᠢᠮᠠᠭᠲᠠ | ᠬᠡᠬᠦᠳᠡᠭ ᠴᠡᠭᠡᠵᠢᠨ ᠳᠡᠭᠡᠨ ︽ᠬᠤᠶᠠᠷ ᠪᠦᠬᠦ ᠲᠠᠯ᠎ᠠ︾ ᠶᠢ ᠪᠠᠭᠲᠠᠭᠠᠵᠤ᠂ ︽ᠤᠯᠤᠰ ᠤᠨ ᠶᠡᠭᠡ ᠲᠠᠯ᠎ᠠ︾ ᠶᠢ ᠪᠠᠲᠤ ᠡᠵᠡᠮᠳᠡᠨ᠂ ︽ᠳᠣᠯᠤᠭ᠎ᠠ ᠶᠢ ᠲᠠᠶᠠᠭᠳᠠᠬᠤ︾ | ᠶᠢ ᠡᠷᠡᠰ ᠪᠡᠶᠡᠯᠡᠭᠦᠯᠵᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠡᠯ᠎ᠡ | ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠵᠤᠷᠪᠤᠰ ᠵᠤᠷᠪᠤᠰ ᠢᠶᠠᠷ ᠨᠠᠶᠢᠳᠠᠪᠤᠷᠢᠵᠢᠭᠤᠯᠵᠤ᠂ ᠶᠠᠪᠤᠳᠠᠯ ᠪᠣᠯᠭᠠᠨ ᠢ ᠨᠠᠶᠢᠳᠠᠪᠤᠷᠢᠵᠢᠭᠤᠯᠤᠨ᠂ | ᠶᠠᠪᠤᠳᠠᠯ ᠪᠣᠯᠭᠠᠨ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠬᠤᠶᠠᠷ︶ ᠬᠠᠤᠯᠢ ᠶᠣᠰᠣᠭᠠᠷ ᠵᠠᠰᠠᠭ ᠶᠠᠪᠤᠭᠤᠯᠵᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠎ᠡ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ | ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠦ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠤᠬᠠᠮᠰᠠᠷ ᠠᠴᠠ ᠪᠠᠨ ᠬᠡᠷᠡᠭᠯᠡᠨ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ | ᠴᠢᠩᠭᠠᠳᠬᠠᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠢᠷᠤᠮ ᠪᠠ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ | ᠵᠥᠪᠯᠡᠭᠴᠢ ᠶᠢᠨ ᠳᠦᠷᠢᠮ ᠲᠤᠭᠲᠠᠭᠠᠯ ᠢ ᠨᠠᠶᠢᠲᠠᠪᠤᠷᠢᠵᠢᠭᠤᠯᠤᠨ᠎ᠠ᠃ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ | ᠲᠦᠭᠡᠮᠡᠯᠵᠢᠭᠦᠯᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠪᠦᠬᠦ | ᠶᠠᠪᠤᠴᠠ ᠳᠤ ᠠᠷᠠᠳ ᠤᠨ ᠠᠷᠠᠳᠴᠢᠯᠠᠯ ᠢ ᠢᠳᠡᠪᠬᠢᠲᠡᠢ ᠦᠢᠯᠡᠳᠦᠯᠭᠡᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ | ᠬᠢᠨᠠᠯᠲᠠ᠂ ᠠᠵᠢᠯ ᠤᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠤᠨ | ᠬᠢᠨᠠᠯᠲᠠ᠂ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠢ ᠬᠦᠯᠢᠶᠡᠨ ᠠᠪᠴᠤ ᠰᠠᠶᠢᠳᠤᠷ ᠦᠢᠯᠡᠳᠦᠯᠭᠡᠵᠢᠭᠦᠯᠦᠨ᠎ᠡ᠃ | ︵ᠭᠤᠷᠪᠠ︶ ᠠᠷᠠᠳ ᠤᠨ ᠲᠥᠯᠥᠭᠡ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠵᠤ ᠤᠬ ᠰᠠᠨᠠᠭ᠎ᠠ ᠪᠠᠨ ᠦᠢᠯᠡᠳᠦᠯᠭᠡᠵᠢᠭᠦᠯᠦᠨ᠎ᠡ᠃ ᠠᠷᠠᠳ ᠲᠦᠮᠡᠨ ᠢ | ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠤᠨ ᠲᠥᠯᠥᠭᠡ ᠭᠡᠬᠦ ᠬᠠᠶᠢᠷ᠎ᠠ ᠰᠡᠳᠬᠢᠯᠭᠡ ᠶᠢ ᠪᠠᠷᠢᠮᠳᠠᠯᠠᠵᠦ᠂ ᠢᠮᠠᠭᠲᠠ ᠤᠯᠠᠨ ᠲᠦᠮᠡᠨ ᠤ ᠵᠣᠭᠰᠣᠯᠲᠠ ᠳᠡᠭᠡᠷ᠎ᠡ ᠵᠣᠭᠰᠣᠨ | ᠠᠰᠠᠭᠤᠳᠠᠯ ᠢ ᠪᠣᠳᠣᠯᠬᠢᠯᠠᠨ᠂ ᠤᠴᠢᠷ ᠶᠠᠪᠤᠳᠠᠯ ᠢ ᠬᠢᠵᠦ᠂ ᠠᠷᠠᠳ ᠲᠦᠮᠡᠨ ᠤ ᠪᠤᠳᠤᠵᠤ ᠪᠠᠶᠢᠭ᠎ᠠ ᠵᠦᠢᠯ ᠢ ᠪᠣᠳᠣᠯᠬᠢᠯᠠᠨ᠂ ᠠᠷᠠᠳ ᠲᠦᠮᠡᠨ ᠤ ᠰᠠᠨᠠᠭᠤᠯᠭ᠎ᠠ ᠶᠢ | ᠭᠦᠢᠴᠡᠳᠬᠡᠵᠦ᠂ ᠠᠷᠠᠳ ᠲᠦᠮᠡᠨ ᠬᠦᠰᠡᠯ ᠱᠠᠭᠠᠷᠳᠠᠯᠭ᠎ᠠ ᠲᠠᠢ ᠪᠠᠶᠢᠪᠠᠯ ᠵᠠᠰᠠᠭ ᠤᠨ ᠶᠠᠪᠤᠳᠠᠯ ᠳᠤ ᠬᠠᠷᠢᠭᠤ ᠲᠤᠰᠬᠠᠯ ᠲᠠᠢ ᠪᠠᠶᠢᠬᠤ ᠶᠢ ᠦᠨᠡᠨ ᠬᠦ ᠪᠡᠶᠡᠯᠡᠭᠦᠯᠬᠦ | ᠬᠡᠷᠡᠭᠲᠡᠶ᠃ ᠤᠯᠠᠨ ᠲᠦᠮᠡᠨ ᠤ ᠠᠮᠤᠷ ᠲᠦᠪᠰᠢᠨ ᠠᠶᠤᠯ ᠲᠦᠭᠰᠢᠭᠦᠷᠢ ᠬᠦᠴᠢᠷ ᠵᠣᠪᠠᠭᠤᠷᠢ ᠶᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠤᠯᠠᠨ ᠲᠦᠮᠡᠨ ᠤ ︽ | ᠪᠠᠴᠢᠮ᠂ ᠬᠦᠴᠢᠷ᠂ ᠵᠣᠪᠠᠨᠢᠯ︾ ᠤᠨ ᠠᠰᠠᠭᠤᠳᠠᠯ ᠢ ᠰᠡᠳᠬᠢᠯ ᠲᠠᠯᠪᠢᠨ ᠰᠢᠢᠳᠪᠦᠷᠢᠯᠡᠵᠦ᠂ ᠤᠯᠠᠨ ᠲᠦᠮᠡᠨ ᠤ ᠰᠡᠳᠬᠢᠯ ᠵᠢᠷᠦᠬᠡ ᠲᠠᠢ ᠬᠤᠯᠪᠤᠭᠳᠠᠭᠰᠠᠨ | ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠢ ᠰᠠᠶᠢᠲᠤᠷ ᠬᠢᠵᠦ᠂ ᠵᠠᠰᠠᠭ ᠤᠨ ᠣᠷᠳᠣᠨ ᠤ ᠬᠠᠷᠢᠭᠤᠴᠠᠯᠭ᠎ᠠ ᠪᠠᠷ ᠲᠦᠭ ᠲᠦᠮᠡᠨ ᠠᠶᠢᠯ ᠡᠷᠦᠬᠡ ᠶᠢᠨ ᠵᠣᠯ | ᠵᠢᠷᠭᠠᠯ ᠲᠠᠢ ᠠᠮᠢᠳᠤᠷᠠᠯ ᠢ ᠪᠠᠲᠤᠯᠠᠨ᠎ᠠ᠃ | ︵ᠳᠥᠷᠪᠡ︶ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠶ᠃ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ | ᠢᠮᠠᠭᠲᠠ ᠵᠠᠰᠠᠭ ᠤᠨ ᠣᠷᠳᠣᠨ ᠤ ᠠᠵᠢᠯ ᠤᠨ ᠠᠮᠢᠨ ᠰᠤᠳᠠᠰᠤ ᠪᠣᠯᠭᠠᠵᠤ᠂ ᠭᠤᠤᠯᠳᠠᠯᠭ᠎ᠠ ᠲᠠᠢ ᠠᠵᠢᠯ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠪᠠ | ᠬᠠᠷᠢᠭᠤᠴᠠᠯᠭ᠎ᠠ ᠶᠢ ᠵᠠᠳᠠᠯᠬᠤ ᠲᠣᠭᠲᠠᠴᠠ ᠶᠢ ᠪᠦᠷᠢᠨᠰᠢᠬᠦᠯᠦᠨ᠂ ᠵᠣᠬᠢᠴᠠᠭᠤᠯᠤᠨ ᠠᠬᠢᠭᠤᠯᠬᠤ ᠪᠠ ᠮᠥᠷᠳᠡᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ | ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠰᠠᠨᠠᠭᠠᠴᠢᠯᠠᠭ᠎ᠠ ᠠᠴᠠ ᠪᠠᠨ | ᠲᠡᠷᠢᠭᠦᠨ ᠤ ᠬᠢ ᠲᠠᠢ ᠠᠳᠠᠯᠢᠳᠬᠠᠵᠤ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠵᠣᠷᠢᠭᠲᠠᠢ ᠪᠠᠷ ᠳᠡᠭᠡᠳᠦ ᠵᠡᠷᠭᠡ ᠶᠢᠨ ᠬᠢ ᠲᠠᠢ ᠠᠳᠠᠯᠢᠳᠬᠠᠵᠤ᠂ ᠡᠯ᠎ᠡ | ᠵᠦᠢᠯ ᠤᠨ ᠠᠵᠢᠯ ᠤᠨ ᠲᠡᠷᠢᠭᠦᠨ ᠤ ᠬᠢ ᠶᠢ ᠲᠡᠮᠡᠴᠡᠨ᠂ ᠲᠡᠷᠢᠭᠦᠨ ᠤ ᠬᠢ ᠶᠢ ᠡᠭᠦᠳᠬᠦ ᠪᠠᠷ ᠴᠢᠷᠮᠠᠶᠢᠬᠤ ᠶᠢ ᠠᠬᠢᠭᠤᠯᠬᠤ ᠬᠡᠷᠡᠭᠲᠡᠢ᠃ ︽ᠥᠨᠥᠳᠦᠷ ᠬᠡᠳᠦᠢ ᠤᠷᠤᠢ | ᠪᠣᠯᠤᠭᠰᠠᠨ ᠴᠤ ᠡᠷᠲᠡ᠂ ᠮᠠᠷᠭᠠᠰᠢ ᠬᠡᠳᠦᠢ ᠡᠷᠲᠡ ᠪᠣᠯᠤᠭᠰᠠᠨ ᠴᠤ ᠣᠷᠦ᠋ᠢᠲᠠᠬᠤ︾ ᠦᠷ᠎ᠡ ᠪᠦᠲᠦᠮᠵᠢ ᠶᠢᠨ ᠤᠬᠠᠮᠰᠠᠷ ᠢ ᠪᠤᠢ ᠪᠣᠯᠭᠠᠵᠤ᠂ ᠢᠮᠠᠭᠲᠠ ᠡᠷᠲᠡ ᠠᠴᠠ | ᠬᠥᠭᠡᠭᠡᠴᠡᠯᠳᠦᠬᠦ ᠰᠡᠳᠬᠢᠯᠭᠡ᠂ ᠬᠤᠷᠳᠤᠴᠠ ᠪᠠᠨ ᠲᠦᠷᠭᠡᠳᠬᠡᠬᠦ ᠣᠪᠣᠷ ᠪᠠᠶᠢᠳᠠᠯ᠂ ᠬᠥᠭᠡᠭᠡᠴᠡᠯᠳᠦᠬᠦ ᠪᠠᠶᠢᠳᠠᠯ ᠢᠶᠠᠷ ᠶᠠᠰᠤ ᠴᠢᠨᠠᠷ ᠪᠠ ᠦᠷ᠎ᠡ ᠠᠰᠢᠭ ᠢ | ᠳᠡᠭᠡᠭᠰᠢᠯᠡᠭᠦᠯᠵᠦ ᠠᠵᠢᠯ ᠬᠢᠵᠦ ᠦᠢᠯᠡᠰ ᠪᠤᠰᠬᠠᠨ᠎ᠠ᠃ | ︵ᠲᠠᠪᠤ︶ ᠠᠷᠢᠭᠤᠨ ᠴᠢᠬᠡᠴᠢ ᠪᠠᠷ ᠵᠠᠰᠠᠭ ᠪᠠᠷᠢᠬᠤ ᠲᠦᠷᠢ ᠲᠥᠷᠬᠦ ᠶᠢ ᠪᠤᠢ ᠪᠣᠯᠭᠠᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ | ᠬᠠᠷᠢᠭᠤᠴᠠᠯᠭ᠎ᠠ ᠶᠢ ᠬᠢᠨᠠᠮᠠᠭᠠᠶ ᠭᠦᠢᠴᠡᠳᠬᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ | ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠳᠠᠬᠢ ᠠᠷᠢᠭᠤᠨ ᠴᠢᠬᠡᠴᠢ ᠪᠠᠷ ᠵᠠᠰᠠᠭ | ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠢᠨᠠᠨ ᠪᠤᠳᠤᠯᠳᠠ ᠶᠢᠨ ᠬᠢᠨᠠᠯᠲᠠ᠂ ᠪᠦᠷᠢᠳᠬᠡᠯ ᠤᠨ ᠬᠢᠨᠠᠯᠲᠠ ᠶᠢ ᠴᠢᠩᠭᠠᠳᠬᠠᠵᠤ᠂ | ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠠᠰᠠᠭᠤᠳᠠᠯ ᠢ ᠴᠢᠩᠭ᠎ᠠ ᠪᠠᠶᠢᠴᠠᠭᠠᠨ ᠰᠢᠳᠪᠦᠷᠢᠯᠠᠨᠡ᠃ ︽ᠠᠷᠪᠢᠯᠠᠨ ᠭᠠᠮᠨᠠᠵᠤ ᠠᠮᠢᠳᠤᠷᠠᠬᠤ︾ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠪᠠ ᠡᠩ ᠤᠨ ᠴᠢᠨᠠᠷᠲᠠᠶ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ | ᠵᠣᠭᠤᠰ ᠶᠢ ᠴᠥᠮ ︽ᠵᠠᠩᠭᠢᠯᠠᠭ᠎ᠠ ᠶᠢᠨ ᠭᠠᠵᠠᠷ︾ ᠲᠤ ᠬᠡᠷᠡᠭᠯᠡᠨ᠎ᠡ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ | ᠵᠢᠷᠤᠮᠯᠠᠨ ᠰᠠᠬᠢᠵᠤ᠂ ︽ᠲᠦᠷᠪᠡᠨ ᠰᠤᠷᠲᠠᠯ︾ ᠤᠨ ᠠᠰᠠᠭᠤᠳᠠᠯ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ᠂ | ᠠᠷᠢᠭᠤᠨ ᠴᠢᠬᠡᠴᠢ ᠪᠠᠷ ᠠᠵᠢᠯ ᠬᠢᠬᠦ ᠶᠢ ᠡᠷᠡᠰ ᠪᠡᠶᠡᠯᠡᠭᠦᠯᠦᠨ᠎ᠡ᠃ | ᠲᠥᠯᠥᠭᠡᠯᠡᠭᠴᠢᠳ ᠡ︕ ᠭᠡᠭᠡᠨ ᠭᠤᠤᠯ ᠤᠨ ᠢᠷᠡᠭᠡᠳᠦᠢ ᠭᠡᠭᠡᠨ ᠰᠠᠷᠠᠭᠤᠯ᠂ ᠮᠠᠰᠢ ᠶᠡᠭᠡ ᠡᠷᠡᠮᠡᠯᠵᠡᠯ ᠲᠠᠢ ᠪᠠᠶᠢᠨ᠎ᠠ᠃ ᠭᠠᠭᠴᠠᠬᠦ ᠬᠦᠴᠢᠷ ᠪᠡᠷᠬᠡᠰᠢᠶᠡᠯ ᠢ | ᠢᠯᠠᠨ ᠳᠠᠪᠠᠵᠤ ᠡᠷᠡᠯᠬᠡᠭᠯᠡᠨ ᠤᠷᠤᠭᠰᠢᠯᠠᠪᠠᠯ ᠰᠠᠶ᠋ᠢ ᠰᠠᠶᠢᠨ ᠰᠠᠶᠢᠬᠠᠨ ᠵᠢᠷᠤᠭ ᠲᠥᠰᠦᠪ ᠢ ᠡᠷᠲᠡᠬᠡᠨ ᠪᠡᠶᠡᠯᠡᠭᠦᠯᠵᠦ ᠴᠢᠳᠠᠨ᠎ᠠ᠂ ᠭᠠᠭᠴᠠᠬᠦ ᠬᠠᠲᠠᠭᠤᠵᠢᠯᠲᠠᠢ | ᠠᠵᠢᠯᠯᠠᠵᠤ ᠰᠠᠶ᠋ᠢ ᠠᠯᠤᠰ ᠬᠡᠳᠤ ᠶᠢᠨ ᠬᠠᠷᠠᠯᠲᠠ ᠶᠢ ᠡᠷᠲᠡᠬᠡᠨ ᠪᠡᠶᠡᠯᠡᠭᠦᠯᠵᠦ ᠴᠢᠳᠠᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠵᠢᠴᠢ ᠬᠤᠳᠠ ᠶᠢᠨ | ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠷᠡᠯᠬᠡᠭᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠠᠴᠠ ᠵᠢᠷᠤᠭᠯᠠᠭᠰᠠᠨ ᠠᠤᠭ᠎ᠠ ᠵᠢᠷᠤᠭ ᠲᠥᠯᠥᠪᠯᠡᠭᠡ ᠶᠢ ᠠᠷᠠᠳ ᠢ ᠪᠠᠶᠠᠵᠢᠭᠤᠯᠤᠨ ᠬᠤᠳᠠ ᠶᠢ ᠬᠦᠴᠦᠷᠬᠡᠭᠵᠢᠭᠦᠯᠬᠦ ᠠᠮᠢᠳᠤᠯᠢᠭ ᠦᠢᠯᠡᠳᠦᠯᠭᠡ ᠪᠣᠯᠭᠠᠨ | ᠬᠤᠪᠢᠷᠠᠭᠤᠯᠬᠤ ᠪᠠᠷ ᠴᠢᠷᠮᠠᠶᠢᠵᠤ᠂ ᠴᠠᠭ ᠮᠥᠴᠡ ᠪᠢᠳᠡᠨ ᠢ ᠬᠦᠯᠢᠶᠡᠬᠦ ᠦᠭᠡᠢ᠂ ᠴᠠᠭ ᠢ ᠨᠠᠨᠳᠢᠩᠨᠠᠬᠤ ᠵᠣᠷᠢᠭ ᠰᠠᠨᠠᠭ᠎ᠠ ᠪᠠᠷ᠂ ᠭᠡᠭᠡᠨ ᠭᠤᠣᠯ ᠤᠨ ᠴᠢᠨᠠᠷ ᠰᠠᠶᠢᠲᠠᠢ | ᠳᠠᠪᠠᠯᠲᠠ ᠶᠢᠨ ᠮᠠᠶ᠋ᠢᠭ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕ | | |