ᠣᠶ ᠰᠢᠭᠤᠶ ᠪᠣᠯ ᠤᠰᠤᠨ ᠴᠥᠭᠦᠷᠥᠮ᠂ ᠠᠮᠤ ᠪᠤᠳᠠᠭᠠᠨ ᠤ ᠬᠥᠮᠥᠷᠭᠡ᠂ ᠵᠣᠭᠤᠰ ᠤᠨ ᠬᠥᠮᠥᠷᠭᠡ᠂ ᠨᠡᠭᠦᠷᠡᠰᠦᠲᠥ᠋ᠷᠥᠭᠴᠢ ᠶᠢᠨ ᠬᠥᠮᠥᠷᠭᠡ ᠶᠢ ᠨᠢᠭᠡᠳᠬᠡᠭᠰᠡᠨ | ᠲᠣᠮᠣ ᠡᠷᠳᠡᠨᠢ ᠶᠢᠨ ᠬᠥᠮᠥᠷᠭᠡ ᠪᠠᠶᠢᠵᠤ᠂ ᠣᠶ ᠰᠢᠭᠤᠶ ᠶᠢᠨ ᠡᠬᠢ ᠪᠠᠶᠠᠯᠢᠭ ᠢ ᠤᠯᠠᠮ ᠨᠢᠭᠡ ᠠᠯᠬᠤᠮ ᠬᠠᠮᠠᠭᠠᠯᠠᠨ ᠬᠥᠭᠵᠢᠭᠦᠯᠬᠦ ᠶᠢᠨ ᠲᠥᠯᠥᠭᠡ ᠣᠶᠢᠷ᠎ᠠ ᠳᠤ᠂ | ᠭᠡᠭᠡᠨ ᠭᠤᠤᠯ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ᠂ ᠳᠡᠳ᠋ ᠤᠢ ᠰᠢᠭᠤᠢ ᠶᠢᠨ ᠳᠠᠷᠤᠭ᠎ᠠ ᠲᠠᠩ ᠶᠢᠩ ᠪᠣᠯᠤᠨ ᠭᠡᠭᠡᠨ ᠭᠤᠤᠯ | ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠵᠢᠯᠴᠢᠳ ᠲᠠᠢ ᠬᠠᠮᠲᠤ ᠪᠠᠷ ᠣᠯᠭᠤᠶᠠ ᠶᠢᠨ ᠡᠸᠡᠩᠬᠢ ᠦᠨᠳᠦᠰᠦᠲᠡᠨ ᠤ ᠰᠢᠶᠠᠩ ᠤᠨ | ᠶᠤᠸᠠᠢ ᠯᠢᠶᠠᠩ ᠱᠠᠨ ᠳᠤ ᠭᠦᠨᠵᠡᠭᠡᠶᠢᠷᠡᠨ ᠣᠶ ᠰᠢᠭᠤᠶ ᠶᠢᠨ ᠡᠬᠢ ᠪᠠᠶᠠᠯᠢᠭ ᠤᠨ ᠬᠠᠮᠠᠭᠠᠯᠠᠯᠲᠠ ᠪᠠ ᠬᠥᠭᠵᠢᠯᠲᠡ᠂ ᠡᠪᠡᠳᠴᠢᠨ ᠬᠤᠷᠣᠬᠠᠢ ᠶᠢᠨ ᠬᠥᠨᠥᠭᠡᠯ ᠤᠨ | ᠰᠡᠷᠭᠡᠶᠢᠯᠡᠯᠲᠡ᠂ ᠣᠶ ᠰᠢᠭᠤᠶ ᠶᠢᠨ ᠭᠠᠯ ᠤᠨ ᠠᠶᠤᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠬᠤ ᠵᠡᠷᠭᠡ ᠲᠠᠯ᠎ᠠ ᠪᠠᠷ ᠣᠶ ᠰᠢᠭᠤᠶ ᠶᠢ ᠲᠣᠭᠤᠷᠢᠨ ᠪᠠᠶᠢᠴᠠᠭᠠᠬᠤ | ᠠᠵᠢᠯ ᠥᠷᠨᠢᠭᠦᠯᠪᠡ᠃ | ᠤᠢ ᠰᠢᠭᠤᠢ ᠶᠢᠨ ᠳᠠᠷᠤᠭ᠎ᠠ ᠤᠢ ᠰᠢᠭᠤᠢ ᠶᠢ ᠲᠣᠭᠤᠷᠢᠨ ᠪᠠᠶᠢᠴᠠᠭᠠᠬᠤ ᠳᠠᠭᠠᠨ᠂ ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ᠂ ᠠᠶᠤᠯᠭᠦᠢ ᠦᠢᠯᠡᠳᠪᠦᠷᠢᠯᠡᠯ ᠤᠨ ᠦᠵᠡᠯ ᠰᠠᠨᠠᠭᠠᠨ ᠤ ᠬᠥᠪᠴᠢ ᠶᠢ ᠴᠢᠩᠭᠠᠷᠠᠭᠤᠯᠵᠤ᠂ ᠤᠢ | ᠰᠢᠭᠤᠢ ᠶᠢᠨ ᠲᠦᠢᠮᠡᠷ ᠢ ᠰᠡᠷᠭᠡᠶᠢᠯᠡᠬᠦ ᠠᠮᠤᠷ ᠲᠦᠪᠰᠢᠨ ᠤ ᠬᠡᠷᠡᠮ ᠢ ᠡᠷᠡᠰ ᠪᠠᠲᠤ ᠴᠣᠭᠴᠠᠯᠠᠬᠤ ᠬᠡᠷᠡᠭᠲᠡᠢ︔ ᠬᠤᠶᠠᠷ ᠲᠤ᠂ ᠬᠠᠷᠢᠭᠤᠴᠠᠯᠭ᠎ᠠ ᠡᠭᠦᠷᠭᠡᠯᠡᠯ ᠢᠶᠠᠨ | ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠱᠠᠲᠤᠨ ᠤ ᠤᠢ ᠶᠢᠨ ᠳᠠᠷᠤᠭ᠎ᠠ ᠶᠢᠨ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠵᠤ᠂ ᠵᠢᠵᠢᠭᠦᠷᠯᠡᠨ | ᠰᠠᠬᠢᠬᠤ ᠶᠢ ᠴᠢᠩᠭᠠᠳᠬᠠᠵᠤ᠂ ᠲᠤᠤᠷᠵᠢᠭᠤᠯᠤᠬᠰᠠᠨ ᠬᠠᠮᠢᠶᠠᠷᠤᠯᠳᠠ ᠶᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠡᠮ ᠰᠣᠭᠤᠭ ᠢ ᠳᠠᠷᠠᠭᠠᠯᠠᠨ ᠪᠠᠶᠢᠴᠠᠭᠠᠵᠤ᠂ | ᠠᠮᠤᠷ ᠲᠦᠪᠰᠢᠨ ᠤ ᠬᠤᠷᠢᠭ᠎ᠠ ᠱᠤᠭᠤᠮ ᠢ ᠪᠦᠬᠦ ᠬᠦᠴᠦᠨ ᠢᠶᠠᠷ ᠢᠶᠠᠨ ᠪᠠᠲᠤ ᠰᠠᠬᠢᠬᠤ ᠬᠡᠷᠡᠭᠲᠡᠢ︔ ᠭᠤᠷᠪᠠ ᠳᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ | ᠤᠯᠠᠮ ᠨᠢᠭᠡ ᠠᠯᠬᠤᠮ ᠨᠢᠭᠡᠳᠦᠯᠲᠡᠶ ᠲᠥᠯᠥᠪᠯᠡᠵᠦ᠂ ᠡᠷᠭᠢᠨ ᠲᠣᠭᠤᠷᠢᠨ ᠤ ᠣᠯᠠᠨ ᠲᠦᠮᠡᠨ ᠤ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ | ᠳᠠᠯᠳᠠ ᠭᠡᠮ ᠭᠠᠷᠬᠤ ᠶᠢ ᠲᠠᠰᠤ ᠵᠣᠭᠰᠣᠭᠠᠵᠤ᠂ ᠣᠶ ᠰᠢᠭᠤᠶ ᠡᠪᠡᠰᠦ ᠪᠡᠯᠴᠢᠭᠡᠷ ᠤᠨ ᠡᠬᠢ ᠪᠠᠶᠠᠯᠢᠭ ᠢ ᠡᠪᠳᠡᠬᠦ ᠠᠶᠤᠯ ᠲᠦᠭᠰᠢᠭᠦᠷᠢ ᠶᠢ ᠬᠠᠮᠤᠭ ᠤᠨ ᠶᠡᠭᠡ | ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ ᠲᠦᠷᠪᠡ ᠳᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠬᠠᠭᠤᠯᠭ᠎ᠠ ᠶᠢᠨ ᠠᠵᠢᠯ ᠢ ᠴᠢᠩᠭᠠᠳᠬᠠᠵᠤ᠂ ᠤᠯᠠᠨ ᠲᠦᠮᠡᠨ ᠤ ︽ | ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ︾ ᠭᠡᠬᠦ ᠤᠬᠠᠮᠰᠠᠷ ᠢ ᠴᠢᠩᠭᠠᠳᠬᠠᠵᠤ᠂ ᠬᠠᠮᠲᠤᠪᠠᠷ ᠣᠷᠣᠯᠴᠠᠬᠤ᠂ ᠬᠠᠮᠲᠤᠪᠠᠷ ᠬᠢᠨᠠᠯᠲᠠ | ᠲᠠᠯᠪᠢᠬᠤ᠂ ᠬᠠᠮᠲᠤᠪᠠᠷ ᠬᠠᠮᠠᠭᠠᠯᠠᠬᠤ᠂ ᠬᠠᠮᠲᠤᠪᠠᠷ ᠡᠳ᠋ᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ |