10 ᠰᠠᠷ᠎ᠠ ᠶᠢᠨ 16 ᠤ ᠡᠳᠦᠷ᠂ ᠭᠡᠭᠡᠨ ᠭᠤᠤᠯ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠣᠶ ᠰᠢᠭᠤᠶ ᠶᠢᠨ ᠳᠠᠷᠤᠭ᠎ᠠ ᠶᠢᠨ | ᠲᠦᠷᠢᠮ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃ ᠭᠡᠭᠡᠨ ᠭᠤᠣᠯ ᠬᠤᠳᠠ ᠶᠢᠨ ᠤᠢ ᠰᠢᠭᠤᠢ ᠪᠣᠯᠤᠨ ᠨᠤᠲᠤᠭ ᠪᠡᠯᠴᠢᠭᠡᠷ ᠤᠨ | ᠲᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢ ᠵᠦᠩ ᠬᠤᠸᠠ ᠬᠤᠷᠠᠯ ᠢ ᠡᠷᠬᠢᠯᠡᠨ ᠶᠠᠷᠢᠶ᠎ᠠ ᠲᠠᠯᠪᠢᠵᠤ᠂ | ᠲᠤᠪᠴᠢᠶ᠎ᠠ ᠶᠢᠨ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠪᠣᠯᠤᠨ ᠠᠵᠢᠯᠲᠠᠳ ᠲᠤᠰ ᠤᠳᠠᠭ᠎ᠠ ᠶᠢᠨ ᠬᠤᠷᠠᠯ ᠳᠤ ᠣᠷᠣᠯᠴᠠᠵᠠᠢ᠃ | ᠬᠤᠷᠠᠯᠳᠤᠭᠠᠨ ᠳᠡᠭᠡᠷ᠎ᠡ ᠳᠡᠭᠡᠳᠦ ᠱᠠᠲᠤᠨ ᠤ ᠪᠢᠴᠢᠭ ᠮᠠᠲ᠋ᠧᠷᠢᠶᠠᠯ ᠤᠨ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ | ᠤᠯᠠᠮᠵᠢᠯᠠᠭᠰᠠᠨ ᠪᠥᠭᠡᠳ ᠮᠠᠨ ᠤ ᠲᠣᠪᠴᠢᠶᠠᠨ ᠤ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠵᠢᠴᠢ ᠲᠥᠪ ᠤᠨ ᠲᠥᠰᠦᠪ ᠤᠨ ᠳᠣᠲᠣᠷᠠᠬᠢ ᠪᠡᠯᠡ | ᠣᠷᠣᠭᠤᠯᠤᠯᠲᠠ ᠶᠢᠨ ᠵᠦᠢᠯᠡᠰ ᠪᠣᠯᠤᠨ ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠵᠡᠷᠭᠡ | ᠵᠦᠢᠯᠡᠰ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠬᠢᠬᠦ ᠨᠢ | ᠠᠯᠤᠰ ᠬᠡᠲᠤ ᠶᠢᠨ ᠠᠴᠢ ᠬᠤᠯᠪᠣᠭᠳᠠᠯ ᠲᠠᠢ᠂ ᠡᠭᠦᠷᠭᠡ ᠬᠠᠲᠠᠭᠤ ᠪᠡᠷᠬᠡ ᠶᠤᠮ᠃ ᠡᠯ᠎ᠡ ᠰᠠᠯᠠᠭ᠎ᠠ ᠮᠥᠴᠢᠷ ᠤᠨ ᠬᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠪᠠᠷᠢᠮᠲᠠᠯᠠᠵᠤ᠂ | ᠬᠠᠷᠢᠭᠤᠴᠠᠯᠭ᠎ᠠ ᠪᠠᠨ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠲᠡᠰ | ᠳᠠᠷᠠᠭᠠᠯᠠᠯ ᠤᠨ ᠠᠬᠢᠴᠠ ᠪᠠᠷ ᠤᠷᠤᠭᠰᠢ ᠠᠬᠢᠭᠤᠯᠬᠤ ᠶᠢ ᠪᠠᠲᠤᠯᠠᠵᠤ᠂ ᠭᠡᠭᠡᠨ ᠭᠤᠣᠯ ᠤᠨ ᠤᠢ ᠰᠢᠭᠤᠢ ᠡᠪᠡᠰᠦᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠪᠡᠶᠡᠯᠡᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ |