10 ᠰᠠᠷ᠎ᠠ ᠶᠢᠨ 16 ᠤ ᠡᠳᠦᠷ᠂ ᠬᠤᠲᠠ ᠶᠢᠨ ᠵᠠᠰᠠᠭ ᠤᠨ ᠣᠷᠳᠣᠨ 2024 ᠣᠨ ᠤ ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠤ | ᠣᠷᠣᠨ ᠤ ᠰᠢᠶᠠᠨ ᠤ ᠬᠡᠪᠴᠢᠶᠡᠨ ᠤ ᠠᠮᠢ ᠠᠬᠤᠶ ᠶᠢᠨ ᠣᠷᠴᠢᠨ ᠨᠥᠬᠦᠴᠡᠯ ᠤᠨ ᠶᠠᠰᠤ ᠴᠢᠨᠠᠷ ᠢ ᠬᠢᠨᠠᠨ ᠬᠡᠮᠵᠢᠵᠦ ᠦᠨᠡᠯᠡᠬᠦ ᠪᠠ ᠬᠢᠨᠠᠨ ᠰᠢᠯᠭᠠᠬᠤ ᠠᠵᠢᠯ ᠤᠨ | ᠳᠠᠶᠢᠴᠢᠯᠠᠯᠲᠠ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠂ ᠬᠤᠷᠠᠯ ᠢ ᠬᠤᠲᠠ ᠶᠢᠨ ᠳᠡᠳ᠋ ᠳᠠᠷᠤᠭ᠎ᠠ ᠸᠧᠨ ᠴᠤᠸᠠᠩ ᠡᠷᠭᠢᠯᠡᠵᠦ᠂ ᠬᠤᠲᠠ ᠶᠢᠨ | ᠨᠠᠮ ᠤᠨ ᠬᠤᠷᠢᠶᠠᠨ ᠤ ᠠᠯᠪᠠᠨ ᠬᠡᠷ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ᠂ ᠠᠮᠢ ᠠᠬᠤᠶ ᠶᠢᠨ | ᠣᠷᠴᠢᠨ ᠨᠥᠬᠦᠴᠡᠯ ᠤᠨ ᠭᠡᠭᠡᠨ ᠭᠤᠤᠯ ᠬᠤᠲᠠ ᠶᠢᠨ ᠬᠤᠪᠢᠶᠠᠷᠢ ᠲᠣᠪᠴᠢᠶ᠎ᠠ ᠵᠡᠷᠭᠡ ᠨᠡᠶᠢᠲᠡ 17 ᠰᠠᠯᠠᠭ᠎ᠠ ᠮᠥᠴᠢᠷ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ ᠠᠮᠢ ᠠᠬᠤᠶ ᠶᠢᠨ ᠣᠷᠴᠢᠨ ᠨᠥᠬᠦᠴᠡᠯ ᠤᠨ ᠲᠣᠪᠴᠢᠶ᠎ᠠ ᠶᠢᠨ ᠭᠡᠭᠡᠨ ᠭᠤᠤᠯ ᠬᠤᠲᠠ ᠶᠢᠨ ᠬᠤᠪᠢᠶᠠᠷᠢ ᠲᠣᠪᠴᠢᠶ᠎ᠠ ᠠᠴᠠ ᠰᠢᠶᠠᠨ ᠤ | ᠬᠡᠪᠴᠢᠶᠡᠨ ᠤ ᠠᠮᠢ ᠠᠬᠤᠶ ᠶᠢᠨ ᠬᠢᠨᠠᠨ ᠰᠢᠯᠭᠠᠯᠲᠠ ᠶᠢᠨ ᠭᠦᠢᠴᠡᠳᠭᠡᠯ ᠲᠣᠭᠠᠨ ᠤ ᠰᠢᠰᠲ᠋ᠧᠮ ᠵᠢᠴᠢ ᠬᠤᠪᠢ ᠦᠭᠬᠦ ᠨᠠᠷᠢᠨ ᠲᠦᠷᠢᠮ ᠢ ᠲᠠᠶᠢᠯᠪᠤᠷᠢᠯᠠᠨ ᠶᠠᠷᠢᠵᠤ᠂ | ᠲᠤᠭ᠎ᠠ ᠪᠠᠷᠢᠮᠲᠠ ᠶᠢ ᠲᠠᠭᠯᠠᠨ ᠮᠡᠳᠡᠭᠦᠯᠦᠭᠰᠡᠨ ᠠᠭᠤᠯᠭ᠎ᠠ ᠪᠠ ᠱᠠᠭᠠᠷᠳᠠᠯᠭ᠎ᠠ ᠳᠤ ᠲᠣᠳᠣᠷᠬᠠᠶᠢᠯᠠᠯᠲᠠ ᠬᠢᠬᠦ ᠶᠢᠨ ᠬᠠᠮᠲᠤ ᠮᠠᠳᠠᠭ ᠲᠠᠢ ᠠᠰᠠᠭᠤᠳᠠᠯ ᠢ ᠬᠠᠷᠢᠭᠤᠯᠵᠠᠶ᠃ | ᠸᠧᠨ ᠴᠤᠸᠠᠩ ᠴᠢᠬᠤᠯᠠᠴᠢᠯᠠᠭᠰᠠᠨ ᠨᠢ᠄ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠰᠢᠶᠠᠨ ᠤ ᠬᠡᠪᠴᠢᠶᠡᠨ ᠤ ᠠᠮᠢ ᠠᠬᠤᠶ ᠶᠢᠨ ᠣᠷᠴᠢᠨ | ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠵᠦ ᠦᠨᠡᠯᠡᠬᠦ ᠪᠠ ᠬᠢᠨᠠᠨ ᠰᠢᠯᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠠᠮᠢ ᠠᠬᠤᠶ ᠶᠢᠨ ᠣᠷᠴᠢᠨ | ᠲᠣᠭᠤᠷᠢᠨ ᠢ ᠬᠠᠮᠠᠭᠠᠯᠠᠨ ᠰᠠᠶᠢᠵᠢᠷᠠᠭᠤᠯᠬᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠵᠦ᠂ ᠬᠢᠨᠠᠮᠠᠭᠠᠶ ᠬᠠᠷᠢᠭᠤᠴᠠᠬᠤ ᠣᠪᠣᠷ ᠪᠠ ᠯᠠᠪᠳᠠᠭᠤᠨ ᠪᠠᠲᠤᠲᠠᠶ | ᠪᠦᠲᠦᠮᠵᠢᠲᠡᠶ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠭᠦᠢᠴᠡᠳᠭᠡᠯ ᠲᠤᠭ᠎ᠠ ᠶᠢ ᠬᠢᠨᠠᠨ ᠰᠢᠯᠭᠠᠬᠤ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ᠃ | ᠬᠤᠶᠠᠷ ᠲᠤ᠂ ᠵᠦᠷᠢᠶ᠎ᠡ ᠪᠠᠨ ᠭᠦᠢᠴᠡᠳ ᠦᠭᠡᠢ ᠪᠠᠶᠢᠬᠤ ᠳᠤ ᠵᠥᠪ ᠢᠶᠠᠷ ᠬᠠᠨᠳᠤᠵᠤ᠂ ᠥᠪᠡᠷ ᠢ ᠪᠠᠨ ᠲᠤᠩᠭᠠᠨ ᠪᠣᠳᠣᠯᠬᠢᠯᠠᠬᠤ ᠳᠤᠮᠳᠠ ᠪᠠᠨ ᠠᠰᠠᠭᠤᠳᠠᠯ ᠤᠨ | ᠵᠠᠩᠭᠢᠯᠠᠭ᠎ᠠ ᠶᠢ ᠣᠨᠣᠪᠴᠢᠲᠠᠢ ᠡᠷᠢᠵᠦ ᠤᠯᠬᠤ ᠬᠡᠷᠡᠭᠲᠡᠢ᠃ ᠬᠤᠪᠢ ᠠᠯᠳᠠᠭᠰᠠᠨ ᠪᠠ ᠬᠤᠪᠢ ᠬᠠᠰᠤᠭᠤᠯᠤᠭᠰᠠᠨ ᠵᠦᠢᠯ ᠢ ᠡᠯ᠎ᠡ ᠰᠠᠯᠠᠭ᠎ᠠ ᠮᠥᠴᠢᠷ ᠤᠨ ᠬᠢᠨ | ᠡᠷᠬᠡᠪᠰᠢ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ | ᠬᠡᠷᠡᠭᠲᠡᠢ᠃ ᠬᠠᠩᠭᠠᠭᠰᠠᠨ ᠬᠠᠮᠢᠶ᠎ᠠ ᠪᠥᠬᠦᠶ ᠮᠠᠲ᠋ᠧᠷᠢᠶᠠᠯ ᠳᠤ ᠡᠷᠬᠡᠪᠰᠢ ᠪᠣᠭᠤᠮᠲᠠ ᠶᠢ ᠴᠢᠩᠭ᠎ᠠ ᠠᠳᠬᠤᠵᠤ᠂ ᠬᠠᠩᠭᠠᠭᠰᠠᠨ ᠮᠠᠲ᠋ᠧᠷᠢᠶᠠᠯ ᠤᠨ ᠲᠤᠭ᠎ᠠ ᠪᠠᠷᠢᠮᠲᠠ ᠶᠢᠨ | ᠦᠨᠡᠨ ᠪᠣᠳᠠᠲᠠᠶ᠂ ᠣᠨᠣᠪᠴᠢᠲᠠᠶ ᠪᠠ ᠪᠦᠷᠢᠨ ᠪᠦᠲᠦᠨ ᠪᠠᠶᠢᠬᠤ ᠶᠢ ᠪᠠᠲᠤᠯᠠᠨ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠣᠰ ᠤᠳᠠᠭᠠᠨ ᠤ ᠰᠢᠯᠭᠠᠨ ᠬᠢᠨᠠᠬᠤ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠡᠭᠡᠭᠰᠢ ᠮᠡᠳᠡᠭᠦᠯᠬᠦ ᠡᠭᠦᠷᠭᠡ ᠪᠠᠨ ᠴᠠᠭ ᠲᠤᠬᠠᠶ ᠳᠤᠨᠢ ᠴᠢᠨᠠᠷ ᠲᠤᠭ᠎ᠠ ᠬᠡᠮᠵᠢᠶ᠎ᠡ ᠶᠢ ᠪᠡᠶᠡᠯᠡᠭᠦᠯᠬᠦ ᠶᠢ ᠦᠨᠡᠨᠬᠦ | ᠪᠠᠲᠤᠯᠠᠬᠤ ᠬᠡᠷᠡᠭᠲᠡᠶ᠃ ᠭᠤᠷᠪᠠ ᠳᠤ᠂ ᠨᠠᠷᠢᠨ ᠬᠢᠨᠠᠮᠠᠭᠠᠢ ᠬᠢᠨᠠᠨ ᠬᠠᠷᠭᠤᠭᠤᠯᠵᠤ᠂ ᠲᠤᠭ᠎ᠠ ᠪᠠᠷᠢᠮᠲᠠ ᠶᠢᠨ ᠮᠠᠲ᠋ᠧᠷᠢᠶᠠᠯ ᠤᠨ ᠡᠯᠪᠡᠭ ᠪᠠᠶᠠᠯᠢᠭ ᠨᠠᠷᠢᠨ ᠪᠣᠳᠠᠲᠠᠢ᠂ | ᠪᠦᠷᠢᠨ ᠪᠦᠲᠦᠨ᠂ ᠯᠣᠭᠢᠭᠴᠢ ᠴᠢᠨᠠᠷ ᠢᠶᠠᠷ ᠴᠢᠩᠭ᠎ᠠ ᠪᠠᠶᠢᠬᠤ ᠶᠢ ᠪᠠᠲᠤᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠭᠡᠭᠡᠨ ᠭᠤᠣᠯ | ᠬᠤᠳᠠ ᠶᠢᠨ ᠬᠤᠪᠢᠶᠠᠷᠢ ᠲᠣᠪᠴᠢᠶ᠎ᠠ ᠠᠴᠠ ᠡᠯ᠎ᠡ ᠵᠦᠢᠯ ᠤᠨ ᠲᠠᠭᠯᠠᠨ ᠮᠡᠳᠡᠭᠦᠯᠦᠭᠰᠡᠨ ᠲᠤᠭ᠎ᠠ ᠪᠠᠷᠢᠮᠲᠠ ᠪᠣᠯᠤᠨ ᠭᠡᠷᠡᠴᠢᠯᠡᠬᠦ ᠮᠠᠲ᠋ᠧᠷᠢᠶᠠᠯ ᠢ ᠬᠢᠨᠠᠨ ᠰᠢᠯᠭᠠᠬᠤ | ᠱᠠᠭᠠᠷᠳᠠᠯᠭ᠎ᠠ ᠶᠣᠰᠣᠭᠠᠷ ᠤᠯᠠᠮ ᠨᠠᠷᠢᠨ ᠬᠢᠨᠠᠮᠠᠭᠠᠢ ᠬᠢᠨᠠᠨ ᠬᠠᠷᠭᠤᠭᠤᠯᠵᠤ᠂ ᠴᠠᠭ ᠲᠤᠬᠠᠢ ᠳᠤᠨᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠵᠣᠯᠭᠠᠭᠤᠯᠵᠤ᠂ | ᠢᠳᠡᠪᠬᠢᠲᠡᠢ ᠪᠠᠷ ᠤᠯᠤᠯᠴᠠᠨ ᠬᠠᠷᠢᠭᠤ ᠮᠡᠳᠡᠭᠦᠯᠵᠦ᠂ ᠪᠦᠬᠦ ᠲᠠᠯ᠎ᠠ ᠪᠠᠷ ᠵᠣᠬᠢᠴᠠᠭᠤᠯᠤᠨ ᠠᠬᠢᠭᠤᠯᠵᠤ᠂ ᠳᠡᠭᠡᠭᠰᠢ ᠮᠡᠳᠡᠭᠦᠯᠦᠭᠰᠡᠨ ᠲᠤᠭ᠎ᠠ ᠪᠠᠷᠢᠮᠲᠠ ᠶᠢᠨ | ᠮᠠᠲ᠋ᠧᠷᠢᠶᠠᠯ ᠤᠨ ᠣᠨᠣᠪᠴᠢᠲᠤ ᠴᠢᠨᠠᠷ ᠪᠣᠯᠤᠨ ᠪᠦᠷᠢᠨ ᠪᠦᠲᠦᠨ ᠴᠢᠨᠠᠷ ᠢ ᠪᠠᠲᠤᠯᠠᠵᠤ᠂ ᠡᠭᠦᠨ ᠤ ᠤᠯᠠᠮ ᠠᠴᠠ ᠭᠡᠭᠡᠨ ᠭᠤᠣᠯ ᠬᠤᠳᠠ ᠶᠢᠨ 2024 ᠣᠨ ᠤ | ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠳᠤ ᠲᠣᠭᠤᠷᠢᠭ ᠰᠢᠶᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠰᠢᠯᠭᠠᠬᠤ | ᠠᠵᠢᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ |