ᠭᠡᠭᠡᠨ ᠭᠤᠣᠯ ᠬᠤᠳᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠠᠮᠲᠤᠷᠠᠭᠰᠠᠨ ᠬᠤᠷᠰᠢᠶ᠎ᠠ ︽ᠭᠤᠷᠪᠠ ᠶᠢ ᠨᠢᠭᠡ ᠴᠤᠬᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/10/30
    ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠬᠥᠳᠡᠭᠡ ᠲᠣᠰᠬᠤᠨ ᠤ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ︽ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠦᠢᠯᠡᠳᠪᠦᠷᠢᠯᠡᠯ᠂ ᠬᠠᠩᠭᠠᠨ ᠪᠣᠷᠣᠯᠠᠭᠤᠯᠭ᠎ᠠ᠂ ᠢᠲᠡᠭᠡᠮᠵᠢ ᠶᠢᠨ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠥᠷᠨᠢᠭᠦᠯᠬᠦ ᠲᠤᠬᠠᠢ ᠬᠡᠷᠡᠭᠵᠢᠭᠦᠯᠬᠦ ᠰᠠᠨᠠᠯ︾ ᠢ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 10 ᠰᠠᠷ᠎ᠠ ᠶᠢᠨ 17 ᠤ ᠡᠳᠦᠷ᠂ ᠭᠡᠭᠡᠨ ᠭᠤᠣᠯ ᠬᠤᠳᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠠᠮᠲᠤᠷᠠᠭᠰᠠᠨ ᠬᠤᠷᠰᠢᠶ᠎ᠠ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠪᠣᠯᠪᠠᠰᠤᠷᠠᠯ ᠤᠨ ᠬᠤᠷᠠᠯ ᠢ ᠬᠤᠷᠠᠯᠳᠤᠭᠤᠯᠵᠤ᠂ ᠬᠤᠳᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠤᠳᠤᠷᠢᠳᠬᠤ ᠪᠠᠭ ᠤᠨ ᠪᠦᠷᠢᠯᠳᠦᠬᠦᠨ ᠵᠢᠴᠢ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠰᠠᠯᠠᠭ᠎ᠠ ᠲᠠᠰᠤᠭ ᠤᠨ ᠬᠠᠷᠢᠭᠤᠴᠠᠯᠭᠠᠲᠠᠨ ᠪᠣᠯᠪᠠᠰᠤᠷᠠᠯ ᠤᠨ ᠬᠤᠷᠠᠯ ᠳᠤ ᠣᠷᠣᠯᠴᠠᠪᠠ᠃    ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠡᠷᠬᠢᠯᠡᠭᠴᠢ ᠵᠢᠶ ᠴᠢᠩ ᠭᠦᠸᠧ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠠᠷᠢᠶᠠᠴᠢᠨ ᠲᠠᠢ ᠬᠤᠯᠪᠣᠭᠠᠯᠠᠨ ᠲᠠᠷᠢᠶᠠᠯᠠᠩ ᠳᠤ ᠦᠢᠯᠡᠴᠢᠯᠡᠬᠦ ᠶᠢ ᠪᠠᠷᠢᠮᠲᠠᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠰᠢᠨ᠎ᠡ ᠶᠢ ᠡᠭᠦᠳᠬᠦ ᠬᠥᠭᠵᠢᠯᠲᠡ ᠶᠢ ᠳᠡᠮᠵᠢᠵᠦ᠂ ᠦᠢᠯᠡᠳᠦᠯ ᠢᠶᠠᠨ ᠪᠠᠳᠠᠷᠠᠭᠤᠯᠤᠨ ᠠᠵᠢᠯ ᠢᠶᠠᠨ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠳᠥᠷᠪᠡᠨ ᠲᠠᠯ᠎ᠠ  ᠶᠢᠨ ᠬᠦᠰᠡᠯ ᠱᠠᠭᠠᠷᠳᠠᠯᠭ᠎ᠠ ᠳᠤᠷᠠᠳᠴᠤ᠂ ᠲᠣᠰ ᠤᠳᠠᠭᠠᠨ ᠤ ᠳᠠᠶᠢᠴᠢᠯᠠᠯᠲᠠ ᠪᠣᠯᠪᠠᠰᠤᠷᠠᠭᠤᠯᠤᠯ ᠢᠶᠠᠷ ᠲᠣᠬᠢᠶᠠᠯ ᠪᠣᠯᠭᠠᠨ᠂ ᠨᠠᠷᠢᠨ ᠬᠢᠨᠠᠮᠠᠭᠠᠶ ᠤᠶᠢᠯᠠᠭᠠᠨ᠂ ᠴᠢᠳᠠᠪᠤᠷᠢ ᠪᠠᠨ ᠳᠡᠭᠡᠭᠰᠢᠯᠡᠭᠦᠯᠵᠦ᠂ ᠠᠵᠢᠯ ᠦᠢᠯᠡᠰ ᠤᠨ ᠬᠥᠭᠵᠢᠯᠲᠡ ᠶᠢ ᠳᠥᠯᠭᠢᠨ ᠠᠬᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠲᠤᠷᠰᠢᠯᠲᠠ ᠶᠢᠨ ᠴᠡᠭ ᠤᠨ ᠠᠵᠢᠯ ᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠪᠣᠳᠠᠲᠠᠶ ᠠᠳᠬᠤᠵᠤ ᠨᠠᠷᠢᠯᠢᠭ ᠠᠳᠬᠤᠨ᠎ᠠ᠃    ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠵᠢᠶ ᠴᠢᠩ ᠭᠦᠸᠧ ᠡᠷᠬᠢᠯᠡᠭᠴᠢ ︽ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠦᠢᠯᠡᠳᠪᠦᠷᠢᠯᠡᠯ᠂ ᠬᠠᠩᠭᠠᠨ ᠪᠣᠷᠣᠯᠠᠭᠤᠯᠤᠯᠲᠠ᠂ ᠢᠲᠡᠭᠡᠮᠵᠢ ︿ᠭᠤᠷᠪᠠ ᠶᠢ ᠨᠢᠭᠡ ᠴᠤᠭᠴᠠᠵᠢᠭᠤᠯᠬᠤ﹀ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠥᠷᠨᠢᠭᠦᠯᠬᠦ ᠲᠤᠬᠠᠶ ᠬᠡᠷᠡᠭᠵᠢᠭᠦᠯᠬᠦ ᠰᠠᠨᠠᠯ︾ ᠢ ᠤᠯᠠᠮ ᠨᠢᠭᠡ ᠠᠯᠬᠤᠮ ᠲᠠᠶᠢᠯᠪᠤᠷᠢᠯᠠᠬᠤ ᠶᠢᠨ ᠬᠠᠮᠲᠤ ᠮᠠᠨ ᠤ ᠬᠤᠲᠠ ᠶᠢᠨ ᠣᠶ ᠶᠢᠨ ᠬᠤᠷᠮᠣᠶ ᠶᠢᠨ ᠠᠵᠤ ᠠᠬᠤᠶ᠂ ᠤᠨᠴᠠᠯᠢᠭᠳᠤ ᠠᠵᠢᠯ ᠦᠢᠯᠡᠰ ᠤᠨ ᠲᠣᠭᠤᠷᠢᠨ ᠳᠤ ᠭᠤᠤᠯᠳᠠᠯᠭ᠎ᠠ ᠲᠠᠢ ᠪᠠᠶᠢᠷᠢᠯᠠᠭᠤᠯᠤᠯᠲᠠ ᠬᠢᠪᠠ᠃    ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠢᠶᠠᠷ ᠳᠡᠮᠵᠢᠨ᠂ ᠣᠯᠠᠨ ᠢᠶᠠᠷ ᠢᠶᠠᠨ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠲᠤᠬᠠᠶ ᠨᠠᠩ ᠭᠦᠨᠵᠡᠭᠡᠶ ᠣᠶᠢᠯᠠᠭᠠᠯᠲᠠ ᠪᠠ ᠲᠠᠨᠢᠯᠲᠠ ᠲᠠᠢ ᠪᠣᠯᠵᠣ᠂ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠳᠤ ᠦᠢᠯᠡᠴᠢᠯᠡᠬᠦ ᠶᠡᠷᠦᠩᠬᠡᠶᠢᠯᠡᠭᠰᠡᠨ ᠲᠠᠪᠴᠠᠩ ᠪᠣᠯᠭᠠᠨ ᠨᠠᠩ ᠰᠠᠶᠢᠨ ᠪᠠᠶᠢᠭᠤᠯᠵᠤ᠂ ᠵᠠᠰᠠᠭ ᠤᠨ ᠣᠷᠳᠣᠨ ᠤ ᠲᠠᠷᠢᠶᠠᠴᠢᠨ ᠲᠦᠮᠡᠨ ᠲᠠᠢ ᠨᠢᠭᠲᠠ ᠬᠠᠷᠢᠯᠴᠠᠬᠤ ᠬᠥᠭᠦᠷᠭᠡ ᠬᠤᠯᠪᠣᠭᠠᠰᠤ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ