ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ | ᠬᠦᠴᠦᠨ ᠢ ᠬᠦᠭᠵᠢᠭᠡᠵᠦ᠂ ᠬᠤᠲᠠ ᠶᠢᠨ ᠬᠡᠪᠴᠢᠶᠡᠨ ᠳᠠᠬᠢ ᠬᠤᠳᠠᠯᠳᠤᠭᠠᠨ ᠤ ᠡᠷᠦᠬᠡ ᠶᠢᠨ ᠬᠠᠮᠲᠤᠯᠢᠭ ᠤᠨ ᠲᠤᠰᠢᠶᠠᠬᠤ ᠨᠢᠭᠡᠳᠬᠡᠬᠦ ᠶᠢ ᠬᠢᠵᠠᠭᠠᠷᠯᠠᠬᠤ ᠳᠠᠯᠳᠠ | ᠬᠦᠴᠦᠨ ᠢ ᠭᠦᠨᠵᠡᠭᠡᠶ ᠠᠭᠤᠳᠠᠯᠵᠤ᠂ ᠠᠵᠤ ᠠᠬᠤᠶ ᠶᠢᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ ᠶᠢᠨ ᠲᠦᠯᠦᠭᠡ ᠭᠡᠭᠡᠨ ᠭᠤᠤᠯ ᠬᠤᠲᠠ ᠶᠢᠨ ᠠᠵᠤ ᠦᠢᠯᠡᠳᠪᠦᠷᠢ | ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ ᠮᠠᠨ ᠤ ᠬᠤᠲᠠ ᠶᠢᠨ ᠭᠤᠤᠯᠳᠠᠯᠭ᠎ᠠ ᠲᠠᠢ ᠢᠳᠡᠭᠡᠨ ᠤᠮᠳᠠᠭᠠᠨ᠂ ᠬᠤᠨᠤᠭ | ᠪᠠᠭᠤᠳᠠᠯ ᠪᠠ ᠬᠤᠳᠠᠯᠳᠤᠭᠠᠨ ᠤ ᠬᠡᠲᠦ ᠳᠡᠯᠭᠡᠭᠦᠷ ᠤᠨ ᠠᠵᠤ ᠠᠬᠤᠶᠢᠯᠠᠯ ᠳᠤ ᠭᠦᠨᠵᠡᠭᠡᠶᠢᠷᠡᠨ ᠲᠣᠭᠲᠠᠭᠠᠯ ᠲᠦᠷᠢᠮ ᠢ ᠳᠡᠪᠰᠢᠭᠦᠯᠵᠦ ᠨᠢᠭᠡᠳᠦᠯᠲᠡᠶ ᠪᠠᠷ ᠬᠤᠷᠢᠶᠠᠬᠤ | ᠠᠵᠢᠯ ᠢ ᠥᠷᠨᠢᠭᠦᠯᠪᠡ᠃ ᠰᠤᠷᠪᠤᠯᠵᠢᠯᠠᠬᠤ ᠶᠠᠪᠤᠴᠠ ᠳᠤ᠂ ᠠᠵᠢᠯᠲᠠᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠢᠳᠡᠪᠬᠢᠲᠡᠶ ᠪᠠᠷ ᠨᠡᠪᠲᠡᠷᠡᠯᠴᠡᠵᠦ᠂ | ᠬᠤᠳᠠᠯᠳᠤᠭᠠᠨ ᠤ ᠡᠷᠦᠬᠡ ᠶᠢᠨ ᠬᠡᠪᠴᠢᠶ᠎ᠡ ᠪᠠ ᠡᠵᠡᠩᠨᠡᠯᠲᠡ ᠶᠢᠨ ᠪᠠᠶᠢᠳᠠᠯ ᠢ ᠣᠶᠢᠯᠠᠭᠠᠪᠠ᠃ ᠪᠥᠬᠦᠳᠡ ᠶᠢ ᠨᠢᠭᠡᠳᠬᠡᠬᠦ ᠨᠥᠬᠦᠴᠡᠯ᠂ ᠪᠥᠬᠦᠳᠡ ᠶᠢ ᠨᠢᠭᠡᠳᠬᠡᠬᠦ | ᠶᠠᠪᠤᠴᠠ ᠪᠠ ᠪᠥᠬᠦᠳᠡ ᠶᠢ ᠨᠢᠭᠡᠳᠬᠡᠬᠦ ᠱᠠᠩᠨᠠᠯ ᠤᠨ ᠲᠤᠬᠠᠶ ᠲᠠᠶᠢᠯᠤᠮᠵᠢ ᠬᠢᠨ᠎ᠠ᠃ ᠠᠵᠤ ᠠᠬᠤᠶᠢᠯᠠᠯ ᠤᠨ ᠳᠤᠷᠠᠳᠤᠭᠰᠠᠨ ᠬᠤᠯᠪᠣᠭᠳᠠᠯ ᠪᠥᠬᠦᠶ ᠠᠰᠠᠭᠤᠳᠠᠯ ᠳᠤ | ᠲᠤᠬᠠᠶ ᠶᠢᠨ ᠲᠠᠯᠠᠪᠤᠷ ᠳᠤ ᠨᠢ ᠬᠠᠷᠢᠭᠤᠯᠲᠠ ᠥᠭᠬᠦ ᠬᠡᠷᠡᠭᠲᠡᠶ᠃ ᠲᠣᠰ ᠤᠳᠠᠭᠠᠨ ᠤ ︽ᠨᠢᠭᠡ ᠬᠠᠷᠢᠴᠠᠬᠤ ᠨᠢᠭᠡ︾ ᠶᠢᠨ ᠬᠡᠷ ᠲᠤᠨᠢ ᠬᠦᠷᠴᠦ ᠰᠤᠷᠪᠤᠯᠵᠢᠯᠠᠬᠤ | ᠠᠵᠢᠯ ᠢᠶᠠᠷ ᠳᠠᠮᠵᠢᠨ᠂ ᠬᠤᠳᠠᠯᠳᠤᠭᠠᠴᠢᠳ ᠤᠨ ᠨᠢᠭᠡᠳᠦᠯᠲᠡᠶ ᠬᠠᠮᠢᠶᠠᠷᠬᠤ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠵᠢᠴᠢ ᠬᠤᠳᠠᠯᠳᠤᠭᠠᠨ ᠤ ᠶᠠᠪᠤᠳᠠᠯ ᠤᠨ | ᠠᠵᠢᠯ ᠤᠨ ᠲᠠᠨᠢᠨ ᠮᠡᠳᠡᠬᠦ ᠬᠡᠮᠵᠢᠶ᠎ᠡ ᠪᠠ ᠬᠠᠮᠵᠢᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠨᠢᠭᠡᠳᠦᠯᠲᠡᠶ ᠬᠠᠮᠢᠶᠠᠷᠬᠤ ᠠᠵᠢᠯ ᠳᠤ ᠣᠷᠣᠯᠴᠠᠬᠤ | ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠪᠡ᠃ | ᠲᠠᠷᠠᠭᠠᠴᠢ ᠶᠢᠨ ᠠᠯᠬᠤᠮ ᠳᠤ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ | ᠶᠢᠨ ᠬᠢᠨ ᠪᠠᠷᠢᠮᠵᠢᠶ᠎ᠠ ᠳᠤ ᠨᠡᠶᠢᠴᠡᠭᠰᠡᠨ ᠬᠤᠳᠠᠯᠳᠤᠭᠠᠴᠢᠨ ᠢ ᠦᠷᠭᠦᠯᠵᠢᠯᠡᠨ ᠮᠥᠷᠳᠡᠨ ᠵᠢᠯᠣᠭᠤᠳᠴᠤ᠂ ᠲᠦᠷᠢᠮ ᠲᠣᠭᠲᠠᠭᠠᠯ ᠢ ᠳᠡᠭᠡᠭᠰᠢᠯᠡᠭᠦᠯᠦᠨ ᠨᠢᠭᠡᠳᠦᠯᠲᠡᠶ | ᠲᠤᠰᠢᠶᠠᠬᠤ ᠠᠵᠢᠯ ᠢ ᠠᠯᠢ ᠲᠦᠷᠭᠡᠨ ᠢᠶᠠᠷ ᠪᠡᠶᠡᠯᠡᠭᠦᠯᠬᠦ ᠪᠠᠷ ᠴᠢᠷᠮᠠᠶᠢᠬᠤ ᠶᠢᠨ ᠬᠠᠮᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠦᠷᠭᠦᠯᠵᠢᠯᠡᠨ | ᠬᠤᠯᠪᠣᠭᠠᠯᠠᠨ ᠬᠥᠳᠡᠯᠦᠯᠴᠡᠵᠦ᠂ ᠠᠵᠢᠯ ᠤᠨ ᠡᠭᠦᠷᠭᠡ ᠬᠠᠷᠠᠯᠲᠠ ᠪᠠᠨ ᠨᠠᠷᠢᠨ ᠨᠢᠮᠪᠠᠶ ᠨᠠᠶᠢᠳᠠᠪᠤᠷᠢᠵᠢᠭᠤᠯᠤᠨ᠂ ᠠᠷᠭ᠎ᠠ ᠵᠠᠮ ᠢ ᠰᠦᠪᠡᠭᠴᠢᠯᠡᠵᠦ᠂ ᠪᠥᠬᠦ ᠬᠤᠲᠠ ᠶᠢᠨ | ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠵᠦ᠂ ᠮᠠᠨ ᠤ ᠬᠤᠲᠠ ᠶᠢᠨ ᠪᠥᠬᠦ ᠵᠢᠯ ᠤᠨ ᠠᠵᠤ ᠠᠬᠤᠶ ᠶᠢᠨ ᠠᠵᠢᠯ ᠤᠨ ᠬᠠᠷᠠᠯᠲᠠ ᠶᠢ ᠪᠥᠬᠦ ᠲᠠᠯ᠎ᠠ ᠪᠠᠷ | ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ᠃ |