ᠶᠢᠰᠦᠨ ᠰᠠᠷ᠎ᠠ ᠶᠢᠨ ᠶᠢᠰᠦᠨ ᠤ ᠪᠠᠶᠠᠷ ᠪᠣᠯ ᠳᠤᠮᠳᠠᠳᠤ ᠶᠢᠨ ᠦᠨᠳᠦᠰᠦᠲᠡᠨ ᠤ ᠨᠢᠭᠡᠨ ᠤᠯᠠᠮᠵᠢᠯᠠᠯᠲᠤ ᠪᠠᠶᠠᠷ ᠤᠨ ᠡᠳᠦᠷ ᠮᠥᠨ᠂ ᠪᠠᠰᠠ ᠴᠤ ᠦᠷ᠎ᠡ | ᠬᠡᠦᠬᠡᠳ ᠢᠶᠠᠷ ᠢᠶᠠᠨ ᠨᠠᠰᠤᠲᠠᠶᠢᠴᠤᠳ ᠲᠤ ᠬᠠᠨᠢ ᠪᠣᠯᠬᠤ ︽ᠨᠠᠰᠤᠲᠠᠶᠢᠴᠤᠳ ᠢ ᠬᠦᠨᠳᠦᠯᠡᠬᠦ ᠪᠠᠶᠠᠷ︾ ᠮᠥᠨ᠃ ᠲᠥᠯᠥᠪᠯᠡᠭᠡᠲᠦ ᠦᠷᠡᠵᠢᠯ ᠤᠨ ᠣᠨᠴᠠᠭᠠᠶ | ᠲᠡᠳᠬᠦᠮᠵᠢ ᠶᠢᠨ ᠬᠡᠷ ᠪᠦᠯᠢ ᠶᠢ ᠬᠠᠯᠠᠮᠵᠢᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠬᠠᠶᠢᠷ᠎ᠠ ᠬᠠᠯᠠᠮᠵᠢ ᠶᠢ | ᠳᠠᠮᠵᠢᠭᠤᠯᠬᠤ ᠶᠢᠨ ᠲᠥᠯᠥᠭᠡ᠂ 10 ᠰᠠᠷ᠎ᠠ ᠶᠢᠨ 9 ᠤ ᠡᠳᠦᠷ᠂ ᠾᠧ ᠳ᠋ᠦᠩ ᠵᠡᠭᠡᠯᠢ ᠭᠤᠳᠤᠮᠵᠢ ᠶᠢᠨ ᠭᠤᠸᠠᠩ ᠮᠢᠩ ᠨᠡᠶᠢᠭᠡᠮ ᠲᠣᠭᠤᠷᠢᠭ ᠤᠨ ᠬᠢᠨ | ᠲᠥᠯᠥᠪᠯᠡᠭᠡᠲᠦ ᠦᠷᠡᠵᠢᠯ ᠤᠨ ᠣᠨᠴᠠᠭᠠᠶ ᠲᠡᠳᠬᠦᠮᠵᠢ ᠶᠢᠨ ᠬᠡᠷ ᠪᠦᠯᠢ ᠶᠢ ᠲᠣᠬᠤᠨᠢᠭᠤᠯᠬᠤ ᠠᠵᠢᠯᠯᠠᠭ᠎ᠠ ᠶᠢ ᠥᠷᠨᠢᠭᠦᠯᠵᠦ᠂ ᠪᠠᠶᠠᠷ ᠤᠨ ᠡᠳᠦᠷ ᠤᠨ ᠵᠥᠩᠨᠡᠯ ᠪᠠ | ᠬᠠᠶᠢᠷ᠎ᠠ ᠬᠠᠯᠠᠮᠵᠢ ᠶᠢ ᠲᠡᠳᠡᠨ ᠤ ᠳᠡᠷᠭᠡᠳᠡ ᠬᠦᠷᠭᠡᠪᠡ᠃ | ᠾᠧ ᠳ᠋ᠦᠩ ᠤᠨ ᠵᠡᠭᠡᠯᠢ ᠭᠤᠲᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ᠴᠠᠩ ᠵᠦᠩ ᠴᠧᠩ ᠨᠡᠶᠢᠭᠡᠮ ᠲᠣᠭᠤᠷᠢᠭ ᠤᠨ ᠠᠵᠢᠯᠲᠠᠳ ᠢ | ᠳᠠᠭᠠᠭᠤᠯᠤᠨ ᠡᠷᠦᠬᠡ ᠳᠤ ᠬᠦᠷᠴᠦ ᠲᠥᠯᠥᠪᠯᠡᠭᠡᠲᠦ ᠦᠷᠡᠵᠢᠯ ᠤᠨ ᠣᠨᠴᠠᠭᠠᠶ ᠲᠡᠳᠬᠦᠮᠵᠢ ᠶᠢᠨ ᠬᠡᠷ ᠪᠦᠯᠢ ᠶᠢ ᠲᠣᠬᠤᠨᠢᠭᠤᠯᠵᠤ᠂ ᠲᠥᠯᠥᠪᠯᠡᠭᠡᠲᠦ ᠦᠷᠡᠵᠢᠯ ᠤᠨ | ᠣᠨᠴᠠᠭᠠᠶ ᠡᠲᠡᠭᠡᠳ ᠪᠣᠯᠬᠤ ᠨᠠᠰᠤᠲᠠᠶᠢᠴᠤᠳ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠪᠡᠶ᠎ᠡ ᠮᠠᠬᠠᠪᠣᠳ ᠪᠠ ᠬᠡᠷ ᠪᠦᠯᠢ ᠶᠢᠨ ᠠᠮᠢᠳᠤᠷᠠᠯ ᠤᠨ ᠪᠠᠶᠢᠳᠠᠯ ᠢ ᠨᠠᠷᠢᠨ | ᠠᠰᠠᠭᠤᠨ᠂ ᠲᠡᠳᠡᠨ ᠤ ᠪᠣᠳᠠᠲᠠᠶ ᠬᠦᠴᠢᠷᠳᠡᠯ ᠢ ᠣᠶᠢᠯᠠᠭᠠᠵᠤ᠂ ᠲᠡᠳᠡᠨ ᠤ ᠰᠡᠳᠬᠢᠯ ᠤᠨ ᠦᠭᠡ ᠶᠢ ︽ᠵᠠᠶ ᠵᠠᠪᠰᠠᠷ ᠥᠬᠡᠶ︾ ᠪᠠᠷ ᠰᠣᠨᠣᠰᠴᠤ᠂ ᠬᠦᠴᠢᠷᠳᠡᠯ ᠲᠠᠢ | ᠪᠣᠯ ᠴᠠᠭ ᠲᠤᠬᠠᠶ ᠳᠤᠨᠢ ᠨᠡᠶᠢᠭᠡᠮ ᠲᠣᠭᠤᠷᠢᠭ ᠪᠤᠶᠤ ᠠᠵᠢᠯᠲᠠᠳ ᠲᠠᠢ ᠬᠠᠷᠢᠯᠴᠠᠬᠤ ᠶᠢ ᠬᠡᠯᠡᠵᠦ ᠥᠭᠴᠡᠶ᠃ ᠲᠡᠳᠡᠨ ᠳᠤ ᠣᠳᠣᠬᠠᠨ ᠤ ᠳᠡᠮᠵᠢᠨ ᠲᠤᠰᠠᠯᠠᠬᠤ | ᠲᠥᠷᠥ ᠶᠢᠨ ᠪᠣᠳᠣᠯᠭ᠎ᠠ ᠶᠢ ᠲᠠᠨᠢᠯᠴᠠᠭᠤᠯᠵᠤ᠂ ᠨᠡᠶᠢᠭᠡᠮ ᠲᠣᠭᠤᠷᠢᠭ ᠤᠨ ᠡᠯ᠎ᠡ ᠵᠦᠢᠯ ᠤᠨ ᠰᠣᠶᠣᠯ ᠲᠠᠮᠢᠷ ᠤᠨ ᠠᠵᠢᠯᠯᠠᠭ᠎ᠠ ᠳᠤ ᠢᠯᠡᠭᠦᠬᠡᠨ ᠣᠷᠣᠯᠴᠠᠬᠤ ᠶᠢ | ᠵᠣᠷᠢᠭᠵᠢᠭᠤᠯᠬᠤ ᠬᠡᠷᠡᠭᠲᠡᠶ᠃ | ᠲᠣᠰ ᠤᠳᠠᠭᠠᠨ ᠤ ᠲᠣᠬᠤᠨᠢᠭᠤᠯᠬᠤ ᠠᠵᠢᠯᠯᠠᠭ᠎ᠠ ᠨᠢ ᠦᠨᠡᠨ ᠰᠡᠳᠬᠢᠯᠭᠡ ᠪᠠ ᠪᠣᠳᠠᠲᠤ ᠠᠵᠢᠯᠯᠠᠭ᠎ᠠ ᠪᠠᠷ ᠢᠶᠠᠨ ᠲᠥᠯᠥᠪᠯᠡᠭᠡᠲᠦ ᠦᠷᠡᠵᠢᠯ ᠤᠨ ᠬᠡᠷ ᠪᠦᠯᠢ ᠶᠢᠨ | ᠨᠠᠰᠤᠲᠠᠶᠢᠴᠤᠳ ᠢ ᠣᠨᠴᠠᠭᠠᠶᠢᠯᠠᠨ ᠲᠡᠳᠬᠦᠬᠦ ᠰᠡᠳᠬᠢᠯ ᠢ ᠳᠤᠯᠠᠭᠠᠴᠠᠭᠤᠯᠤᠭᠰᠠᠨ ᠢᠶᠠᠷ ᠪᠠᠷᠠᠬᠤ ᠥᠬᠡᠶ᠂ ᠨᠡᠶᠢᠭᠡᠮ ᠲᠣᠭᠤᠷᠢᠭ ᠤᠨ ᠭᠦᠨ ᠵᠤᠵᠠᠭᠠᠨ ᠬᠠᠯᠠᠮᠵᠢᠯᠠᠯ ᠢ | ᠲᠡᠳᠡᠨ ᠳᠤ ᠬᠦᠷᠲᠡᠭᠡᠭᠰᠡᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠭᠤᠸᠠᠩ ᠮᠢᠩ ᠨᠡᠶᠢᠭᠡᠮ ᠲᠣᠭᠤᠷᠢᠭ ᠤᠨ ᠬᠢᠨ ᠲᠥᠯᠥᠪᠯᠡᠭᠡᠲᠦ ᠦᠷᠡᠵᠢᠯ ᠢᠶᠠᠷ ᠬᠡᠷ | ᠪᠦᠯᠢ ᠶᠢᠨ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠲᠡᠳᠡᠨ ᠤ ᠬᠡᠷᠡᠭᠴᠡᠭᠡ᠂ ᠪᠣᠳᠣᠯ᠂ ᠰᠡᠳᠬᠢᠯ᠂ ᠬᠠᠶᠢᠷ᠎ᠠ ᠶᠢᠨ | ᠦᠢᠯᠡᠴᠢᠯᠡᠭᠡᠨ ᠤ ᠣᠶᠢᠯᠠᠭᠠᠭᠳᠠᠬᠤᠨ ᠢ ᠣᠶᠢᠯᠠᠭᠠᠵᠤ᠂ ᠲᠡᠳᠡᠨ ᠤ ᠬᠦᠴᠢᠷ ᠵᠣᠪᠠᠭᠤᠷᠢ ᠶᠢ ᠦᠨᠡᠨ ᠬᠦ ᠰᠢᠢᠳᠪᠦᠷᠢᠯᠡᠨ ᠥᠭᠴᠦ᠂ ᠲᠡᠳᠡᠨ ᠳᠤ ᠣᠶᠤᠨ ᠰᠠᠨᠠᠭᠠᠨ ᠤ | ᠲᠠᠶᠢᠳᠬᠤᠷᠠᠭᠤᠯᠤᠯ ᠪᠠ ᠠᠮᠢᠳᠤᠷᠠᠯ ᠤᠨ ᠬᠠᠷᠠᠭᠠᠯᠵᠠᠯ ᠬᠦᠷᠲᠡᠭᠡᠵᠦ᠂ ᠲᠡᠳᠡᠨ ᠤ ᠬᠠᠶᠢᠷ᠎ᠠ ᠬᠠᠯᠠᠮᠵᠢ ᠶᠢ ᠰᠠᠭᠤᠭᠠᠯᠢ ᠠᠷᠠᠳ ᠤᠨ ᠳᠡᠷᠭᠡᠳᠡ ᠦᠨᠡᠨ ᠬᠦ ᠬᠦᠷᠭᠡᠵᠦ | ᠥᠭᠭᠦᠨ᠎ᠡ᠃ | |