ᠬᠤᠲᠠ ᠶᠢᠨ ᠠᠷᠠᠳ ᠨᠢᠭᠡᠪᠦᠷᠢ ᠴᠥᠮ ᠣᠯᠪᠠᠰᠤ ᠵᠣᠬᠢᠬᠤ ᠨᠡᠶᠢᠭᠡᠮ ᠤᠨ ᠪᠠᠲᠤᠯᠠᠭ᠎ᠠ ᠶᠢᠨ ᠠᠰᠠᠷᠠᠮᠵᠢ ᠭᠥᠷᠳᠡᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ | ᠭᠡᠭᠡᠨ ᠭᠤᠤᠯ ᠬᠤᠲᠠ ᠶᠢᠨ ᠨᠡᠶᠢᠭᠡᠮ ᠤᠨ ᠪᠠᠲᠤᠯᠠᠭ᠎ᠠ ᠶᠢᠨ ᠲᠥᠪ ᠠᠴᠠ ᠠᠷᠠᠳ ᠣᠯᠠᠨ ᠤ ᠬᠡᠷᠡᠭᠴᠡᠭᠡ ᠱᠠᠭᠠᠷᠳᠠᠯᠭ᠎ᠠ ᠶᠢ ᠲᠡᠷᠢᠭᠦᠨ ᠪᠠᠶᠢᠷᠢᠨ ᠳᠤ ᠲᠠᠯᠪᠢᠵᠤ᠂ | ᠨᠡᠶᠢᠭᠡᠮ ᠤᠨ ᠪᠠᠲᠤᠯᠠᠭ᠎ᠠ ᠶᠢᠨ ᠬᠠᠮᠤᠷᠬᠤ ᠬᠡᠪᠴᠢᠶ᠎ᠡ ᠶᠢ ᠢᠳᠡᠪᠬᠢᠲᠡᠶ ᠪᠠᠷ ᠥᠷᠭᠡᠳᠬᠡᠨ᠂ ᠪᠥᠬᠦ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠠ | ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠤᠨ ᠠᠵᠢᠯ ᠢ ᠯᠠᠪᠳᠠᠭᠤᠨ ᠢᠶᠠᠷ ᠠᠬᠢᠭᠤᠯᠵᠤ᠂ ᠡᠯ᠎ᠡ ᠵᠦᠢᠯ ᠤᠨ ᠭᠦᠢᠴᠡᠳᠭᠡᠯ ᠲᠤᠭ᠎ᠠ ᠶᠢ ᠨᠡᠯᠢᠶᠡᠳ ᠰᠠᠶᠢᠨ | ᠪᠡᠶᠡᠯᠡᠭᠦᠯᠵᠡᠶ᠃ | 2024 ᠣᠨ ᠳᠤ ᠮᠠᠨ ᠤ ᠬᠤᠲᠠ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 70500 | ᠬᠥᠮᠦᠨ ᠳᠤ ᠬᠦᠷᠴᠦ᠂ 2024 ᠣᠨ ᠤ 9 ᠰᠠᠷ᠎ᠠ ᠪᠣᠯᠲᠠᠯ᠎ᠠ᠂ ᠮᠠᠨ ᠤ ᠬᠤᠲᠠ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ | ᠬᠥᠮᠦᠨ ᠤ ᠪᠥᠬᠦ ᠲᠤᠭ᠎ᠠ 70206 ᠬᠥᠮᠦᠨ ᠳᠤ ᠬᠦᠷᠴᠡᠶ᠃ ᠲᠥᠯᠥᠪᠯᠡᠭᠡ ᠶᠢᠨ ᠢᠶᠠᠨ 99.58% ᠶᠢ ᠪᠡᠶᠡᠯᠡᠭᠦᠯᠪᠡ᠃ | 2024 ᠣᠨ ᠳᠤ ᠮᠠᠨ ᠤ ᠬᠤᠲᠠ ᠶᠢᠨ ᠬᠤᠲᠠ ᠪᠠᠯᠭᠠᠰᠤᠨ ᠤ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠬᠤ | ᠲᠥᠯᠥᠪᠯᠡᠭᠡ ᠶᠢ 59200 ᠬᠥᠮᠦᠨ ᠪᠠᠭᠤᠯᠭᠠᠪᠠ᠃ 2024 ᠣᠨ ᠤ 9 ᠰᠠᠷ᠎ᠠ ᠪᠣᠯᠲᠠᠯ᠎ᠠ᠂ ᠮᠠᠨ ᠤ ᠬᠤᠲᠠ ᠶᠢᠨ ᠬᠤᠲᠠ ᠪᠠᠯᠭᠠᠰᠤᠨ ᠤ ᠠᠵᠢᠯᠴᠢᠨ ᠤ | ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠪᠥᠬᠦ ᠬᠥᠮᠦᠨ ᠤ ᠲᠤᠭ᠎ᠠ 59523 ᠪᠣᠯᠵᠠᠶ᠃ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 10683 ᠪᠠᠶᠢᠵᠤ᠂ ᠬᠠᠷᠠᠭᠠᠯᠵᠠᠯ ᠠᠪᠤᠭᠰᠠᠨ ᠬᠥᠮᠦᠨ ᠤ ᠲᠤᠭ᠎ᠠ | 769 ᠪᠠᠶᠢᠨ᠎ᠠ᠃ | 2024 ᠣᠨ ᠳᠤ ᠮᠠᠨ ᠤ ᠬᠤᠲᠠ ᠶᠢᠨ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠬᠤ ᠪᠦᠬᠦ ᠵᠢᠯ ᠤᠨ ᠲᠥᠯᠥᠪᠯᠡᠭᠡ ᠶᠢ 19600 | ᠬᠥᠮᠦᠨ ᠳᠤ ᠪᠠᠭᠤᠯᠭᠠᠵᠤ᠂ ᠰᠢᠨ᠎ᠡ ᠪᠠᠷ ᠠᠵᠢᠯ ᠡᠬᠢᠯᠡᠭᠦᠯᠦᠭᠰᠡᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠠᠵᠢᠯ ᠠᠴᠠ ᠪᠣᠯᠤᠭᠰᠠᠨ | ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢᠨ 90% ᠳᠤ ᠬᠦᠷᠪᠡ᠃ 2024 ᠣᠨ ᠤ 9 ᠰᠠᠷ᠎ᠠ ᠪᠣᠯᠲᠠᠯ᠎ᠠ᠂ ᠪᠥᠬᠦ ᠬᠤᠲᠠ ᠶᠢᠨ ᠠᠵᠢᠯ ᠠᠴᠠ | ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠨᠢᠭᠡᠴᠢ ᠨᠡᠶᠢᠲᠡ 278 ᠡᠷᠦᠬᠡ ︵ᠡᠭᠦᠨ ᠳᠤ᠄ ᠪᠥᠲᠥᠭᠡᠨ ᠪᠠᠶᠢᠭᠤᠯᠤᠯᠲᠠ ᠶᠢᠨ ᠵᠦᠢᠯᠡᠰ ᠤᠨ | ᠳᠠᠭᠠᠳᠬᠠᠯ ᠳᠤ ᠣᠷᠣᠯᠴᠠᠭᠰᠠᠨ ᠨᠢ 37 ᠡᠷᠦᠬᠡ︶︔ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠳᠤ ᠣᠷᠣᠯᠴᠠᠭᠰᠠᠨ ᠬᠥᠮᠦᠨ ᠤ ᠲᠤᠭ᠎ᠠ 19944 | ᠬᠥᠮᠦᠨ ᠳᠤ ᠬᠦᠷᠴᠦ᠂ ᠬᠠᠷᠠᠯᠲᠠ ᠡᠭᠦᠷᠭᠡ ᠪᠠᠨ 101% ᠪᠠᠷ ᠪᠡᠶᠡᠯᠡᠭᠦᠯᠪᠡ᠃ | ᠬᠤᠶᠢᠰᠢᠳᠠ ᠶᠢᠨ ᠠᠵᠢᠯ ᠤᠨ ᠳᠤᠮᠳᠠ᠂ ᠨᠡᠶᠢᠭᠡᠮ ᠤᠨ ᠪᠠᠲᠤᠯᠠᠭ᠎ᠠ ᠶᠢᠨ ᠲᠥᠪ ᠨᠢ ᠬᠥᠮᠦᠨ ᠢᠶᠠᠷ ᠦᠨᠳᠦᠰᠦ ᠪᠣᠯᠭᠠᠬᠤ ᠣᠶᠢᠯᠠᠭᠠᠭᠳᠠᠬᠤᠨ ᠢ ᠦᠷᠭᠦᠯᠵᠢᠯᠡᠨ | ᠪᠠᠷᠢᠮᠲᠠᠯᠠᠵᠤ᠂ ᠳᠠᠭᠠᠳᠬᠠᠯ ᠳᠤ ᠣᠷᠣᠯᠴᠠᠬᠤ ᠶᠠᠪᠤᠴᠠ ᠶᠢ ᠰᠢᠯᠢᠳᠡᠭᠵᠢᠭᠦᠯᠦᠨ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠲᠠᠰᠤᠷᠠᠯᠲᠠ ᠥᠬᠡᠶ | ᠰᠦᠪᠡᠭᠴᠢᠯᠡᠨ ᠰᠢᠨ᠎ᠡ ᠶᠢ ᠡᠭᠦᠳᠴᠦ᠂ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃ |