ᠭᠡᠭᠡᠨ ᠭᠤᠤᠯ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠺᠠᠳ᠋ᠷ ᠠᠵᠢᠯᠲᠠᠨ ᠤ ᠶᠡᠭᠡ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/11/19
    ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠵᠣᠷᠢᠭ ᠰᠠᠨᠠᠭ᠎ᠠ ᠶᠢ ᠨᠢ ᠬᠥᠭᠵᠢᠭᠡᠨ᠂ ᠪᠥᠬᠦ ᠺᠠᠳ᠋ᠷ ᠠᠵᠢᠯᠲᠠᠨ ᠤ ᠠᠵᠢᠯ ᠶᠠᠪᠤᠳᠠᠯ ᠬᠢᠵᠦ ᠬᠠᠷᠢᠭᠤᠴᠠᠯᠭ᠎ᠠ  ᠡᠭᠦᠷᠭᠡᠯᠡᠬᠦ ᠶᠢ ᠤᠷᠮᠠᠰᠢᠭᠤᠯᠤᠨ ᠵᠣᠷᠢᠭᠵᠢᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ  ᠠᠬᠢᠭᠤᠯᠤᠨ᠎ᠠ᠃ 10 ᠰᠠᠷ᠎ᠠ ᠶᠢᠨ 23 ᠤ ᠡᠳᠦᠷ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠪᠥᠬᠦ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠤᠨ ᠺᠠᠳ᠋ᠷ ᠠᠵᠢᠯᠲᠠᠨ ᠤ ᠶᠡᠭᠡ ᠬᠤᠷᠠᠯ ᠢ ᠬᠤᠷᠠᠯᠳᠤᠭᠤᠯᠵᠤ᠂ ᠪᠥᠬᠦ ᠬᠤᠲᠠ ᠶᠢᠨ ᠺᠠᠳ᠋ᠷᠴᠤᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠴᠦᠨ ᠯᠸᠢ ᠶᠢᠨ ᠪᠥᠬᠦ ᠬᠤᠲᠠ ᠶᠢᠨ ᠺᠠᠳ᠋ᠷᠴᠤᠳ ᠤᠨ ᠶᠡᠭᠡ ᠬᠤᠷᠠᠯ ᠳᠡᠭᠡᠷᠡᠬᠢ ᠶᠠᠷᠢᠶ᠎ᠠ ᠶᠢ ᠭᠦᠨᠵᠡᠭᠡᠶ ᠰᠤᠷᠤᠯᠴᠠᠵᠤ᠂ ᠪᠣᠳᠠᠲᠠᠶ ᠪᠠᠶᠢᠳᠠᠯ ᠲᠠᠢ ᠪᠠᠨ ᠤᠶᠠᠯᠳᠤᠭᠤᠯᠤᠨ ᠳᠥᠷᠪᠡᠳᠦᠭᠡᠷ ᠤᠯᠠᠷᠢᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠬᠥᠮᠦᠨ ᠤ ᠬᠦᠴᠦᠨ ᠤ ᠡᠬᠢ ᠪᠠᠶᠠᠯᠢᠭ ᠤᠨ ᠠᠵᠢᠯ ᠥᠷᠭᠡᠨ ᠤᠯᠠᠨ ᠠᠷᠠᠳ ᠲᠦᠮᠡᠨ ᠲᠠᠢ ᠬᠤᠯᠪᠣᠭᠳᠠᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠪᠠᠲᠤᠯᠠᠨ᠎ᠠ᠂ ᠲᠤᠰ ᠠᠵᠢᠯ ᠢ ᠬᠠᠷᠢᠭᠤᠴᠠᠬᠤ ᠠᠵᠢᠯᠲᠠᠳ ᠡᠷᠬᠡᠪᠰᠢ ᠬᠥᠮᠦᠨ ᠢᠶᠠᠷ ᠦᠨᠳᠦᠰᠦ ᠪᠣᠯᠭᠠᠬᠤ ᠡᠨᠡᠬᠦ ᠠᠵᠢᠯ ᠤᠨ ᠭᠤᠣᠯ ᠱᠤᠭᠤᠮ ᠢ ᠴᠥᠬᠦᠷᠡᠰᠢ ᠦᠭᠡᠢ ᠪᠠᠷᠢᠮᠲᠠᠯᠠᠵᠤ᠂ ᠠᠵᠢᠯ ᠣᠯᠭᠤᠯᠲᠠ ᠪᠠᠷ ᠠᠷᠠᠳ ᠲᠤ ᠠᠰᠢᠭ ᠬᠦᠷᠲᠡᠭᠡᠬᠦ᠂ ᠨᠡᠶᠢᠭᠡᠮ ᠤᠨ ᠪᠠᠲᠤᠯᠠᠪᠤᠷᠢ ᠪᠠᠷ ᠠᠷᠠᠳ ᠢ ᠠᠮᠤᠷᠵᠢᠭᠤᠯᠬᠤ᠂ ᠤᠷ᠎ᠠ ᠮᠡᠷᠭᠡᠵᠢᠯ ᠢᠶᠠᠷ ᠠᠷᠠᠳ ᠢ ᠬᠦᠴᠦᠷᠬᠡᠭᠵᠢᠭᠦᠯᠬᠦ᠂ ᠦᠢᠯᠡᠴᠢᠯᠡᠭᠡ ᠪᠠᠷ ᠠᠷᠠᠳ ᠲᠤ ᠳᠦᠭᠦᠮ ᠦᠵᠡᠭᠦᠯᠬᠦ ᠵᠡᠷᠭᠡ ᠡᠯ᠎ᠡ ᠵᠦᠢᠯ ᠤᠨ ᠠᠵᠢᠯ ᠢ ᠲᠠᠰᠤᠷᠠᠯᠲᠠ ᠦᠭᠡᠢ ᠠᠬᠢᠭᠤᠯᠵᠤ᠂ ᠴᠠᠭ ᠢᠮᠠᠭᠲᠠ ᠰᠠᠨᠠᠭ᠎ᠠ ᠠᠮᠤᠷ ᠦᠭᠡᠢ ᠬᠠᠷᠢᠭᠤᠴᠠᠯᠭᠠᠲᠤ ᠰᠡᠳᠬᠢᠯᠭᠡ᠂ ᠶᠠᠪᠤᠳᠠᠯ ᠪᠣᠯᠭᠠᠨ ᠳᠤ ᠨᠢᠮᠭᠡᠨ ᠮᠥᠰᠥᠨ ᠳᠡᠭᠡᠷ᠎ᠡ ᠭᠢᠰᠬᠢᠭᠰᠡᠨ ᠮᠡᠲᠦ ᠳᠠᠷᠤᠯᠲᠠ ᠶᠢᠨ ᠰᠡᠳᠬᠢᠯᠭᠡ᠂ ᠶᠠᠪᠤᠳᠠᠯ ᠪᠦᠬᠦᠨ ᠢ ᠪᠣᠳᠠᠲᠠᠢ ᠳᠤ ᠨᠠᠶᠢᠳᠠᠪᠤᠷᠢᠵᠢᠭᠤᠯᠬᠤ ᠭᠦᠢᠴᠡᠳᠬᠡᠬᠦ ᠬᠦᠴᠦᠨ ᠢᠶᠠᠷ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠳᠠᠮᠠᠭᠠᠢ ᠪᠠᠷ ᠠᠵᠢᠯᠯᠠᠵᠤ ᠴᠢᠳᠠᠮᠠᠭᠠᠢ ᠪᠠᠷ ᠪᠦᠲᠦᠭᠡᠵᠦ᠂ ᠮᠠᠨ ᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠣᠯᠤᠨ ᠨᠡᠶᠢᠭᠡᠮ ᠤᠨ ᠪᠠᠲᠤᠯᠠᠪᠤᠷᠢ ᠶᠢᠨ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ᠃
ᠢᠷᠡᠯᠲᠡ᠄ ᠭᠡᠭᠡᠨ ᠭᠤᠤᠯ ᠬᠤᠲᠠ ᠶᠢᠨ ᠠᠷᠠᠳ ᠤᠨ ᠵᠠᠰᠠᠭ ᠤᠨ ᠤᠷᠳᠤᠨ