ᠣᠶᠢᠷ᠎ᠠ ᠳᠤ᠂ ᠴᠠᠰᠤ ᠤᠷᠤᠭᠰᠠᠨ ᠨᠢ ᠮᠠᠨᠬᠥ᠋ᠢ ᠪᠠᠯᠭᠠᠰᠤᠨ ᠤ ᠰᠠᠭᠤᠭᠠᠯᠢ ᠠᠷᠠᠳ ᠤᠨ ᠭᠠᠳᠠᠭᠰᠢ ᠭᠠᠷᠬᠤ ᠳᠤ ᠳᠥᠭᠦᠮ ᠦᠭᠡᠢ ᠪᠣᠯᠵᠠᠶ᠃ ᠪᠠᠯᠭᠠᠰᠤᠨ ᠤ | ᠵᠠᠮ ᠤᠨ ᠰᠠᠭᠠᠳ ᠦᠭᠡᠢ ᠨᠡᠪᠲᠡᠷᠡᠬᠦ ᠪᠠ ᠠᠶᠠᠯᠠᠯ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠮᠠᠨᠬᠥ᠋ᠢ ᠪᠠᠯᠭᠠᠰᠤᠨ ᠤ ᠬᠢᠨ ᠶᠡᠭᠡ ᠬᠡᠪᠴᠢᠶᠡᠨ ᠤ ᠴᠠᠰᠤ | ᠠᠷᠢᠯᠭᠠᠬᠤ ᠠᠵᠢᠯᠯᠠᠭ᠎ᠠ ᠥᠷᠨᠢᠭᠦᠯᠵᠡᠢ᠃ | ᠴᠠᠰᠤ ᠴᠡᠪᠡᠷᠯᠡᠬᠦ ᠠᠵᠢᠯᠯᠠᠭ᠎ᠠ ᠶᠢᠨ ᠳᠤᠮᠳᠠ᠂ ᠮᠠᠨᠬᠥ᠋ᠢ ᠪᠠᠯᠭᠠᠰᠤᠨ ᠤ ᠡᠯ᠎ᠡ ᠨᠢᠭᠡᠴᠢ᠂ ᠠᠵᠤ ᠠᠬᠤᠶᠢᠯᠠᠯ ᠤᠨ ᠠᠵᠢᠯᠲᠠᠳ ᠲᠦᠷᠭᠡᠨ ᠲᠤᠰᠬᠠᠯ ᠭᠠᠷᠭᠠᠵᠤ᠂ | ᠴᠠᠰᠤ ᠴᠡᠪᠡᠷᠯᠡᠬᠦ ᠪᠠᠭᠠᠵᠢ ᠬᠡᠷᠡᠭᠰᠡᠯ ᠢᠶᠠᠨ ᠴᠤᠭᠯᠠᠭᠤᠯᠵᠤ᠂ ᠪᠠᠯᠭᠠᠰᠤᠨ ᠤ ᠭᠤᠣᠯ ᠵᠡᠭᠡᠯᠢ ᠭᠤᠳᠤᠮᠵᠢ᠂ ᠠᠭᠤᠳᠠᠮ ᠲᠠᠯᠠᠪᠠᠢ ᠵᠢᠴᠢ ᠠᠯᠪᠠᠨ ᠭᠠᠵᠠᠷ ᠢ ᠬᠡᠰᠡᠭ | ᠬᠤᠪᠢᠶᠠᠨ ᠴᠡᠪᠡᠷᠯᠡᠪᠡ᠃ ᠵᠠᠮ ᠬᠠᠯᠲᠤᠷᠢᠭᠠᠨ᠂ ᠴᠠᠰᠤ ᠴᠡᠪᠡᠷᠯᠡᠬᠦ ᠳᠤ ᠲᠤᠩ ᠬᠦᠴᠢᠷᠲᠡᠢ ᠪᠠᠶᠢᠭᠰᠠᠨ ᠴᠤ ᠠᠵᠢᠯᠲᠠᠳ ᠣᠷᠭᠢᠯᠤᠮ᠎ᠠ ᠬᠠᠯᠠᠭᠤᠨ ᠰᠡᠳᠬᠢᠯᠭᠡ ᠪᠠᠷ | ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠴᠠᠰᠤ ᠴᠡᠪᠡᠷᠯᠡᠬᠦ ᠠᠵᠢᠯ ᠳᠤ ᠣᠷᠣᠯᠴᠠᠵᠤ ᠪᠠᠶᠢᠯ᠎ᠠ᠃ ᠴᠠᠰᠤ ᠴᠡᠪᠡᠷᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ | ᠲᠥᠯᠥᠭᠡ᠂ ᠭᠡᠭᠡᠨ ᠭᠤᠣᠯ ᠬᠤᠳᠠ ᠶᠢᠨ ᠮᠠᠨᠬᠥ᠋ᠢ ᠳ᠋ᠡ ᠯᠢᠨ ᠤᠯᠠᠨ ᠨᠡᠶᠢᠲᠡ ᠶᠢᠨ ᠠᠵᠢᠯ ᠦᠢᠯᠡᠰ ᠤᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠠᠴᠠ ᠠᠴᠢᠶᠠᠨ ᠤ | ᠮᠠᠰᠢᠨ᠂ ᠵᠥᠭᠡᠭᠡᠪᠦᠷᠢ ᠶᠢᠨ ᠲᠡᠷᠭᠡ ᠶᠢ ᠲᠣᠮᠢᠯᠠᠵᠤ ᠬᠥᠮᠦᠨ ᠤ ᠬᠦᠴᠦ ᠪᠠᠷ ᠴᠡᠪᠡᠷᠯᠡᠬᠦ ᠳᠤ ᠬᠠᠮᠵᠢᠯᠴᠠᠭᠤᠯᠵᠤ᠂ ᠴᠠᠰᠤ ᠴᠡᠪᠡᠷᠯᠡᠬᠦ ᠠᠵᠢᠯ ᠢ ᠪᠦᠬᠦ ᠲᠠᠯ᠎ᠠ ᠪᠠᠷ | ᠪᠦᠷᠬᠦᠬᠦᠯᠬᠦ ᠶᠢ ᠪᠠᠲᠤᠯᠠᠵᠠᠢ᠃ |